ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠳᠥᠷᠪᠡᠨ ᠲᠤᠶᠢᠯ ᠤᠨ︾ ᠳᠤ ᠬᠦᠴᠦ ᠪᠠᠨ ᠲᠥᠪᠯᠡᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠳᠠᠬᠢᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/8/11

    ᠡᠨᠡ ᠵᠢᠯ ᠠᠴᠠ ᠨᠠᠭᠠᠰᠢ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠤ ᠨᠥᠬᠦᠴᠡᠯ ᠢ ᠰᠢᠯᠢᠳᠡᠭᠵᠢᠭᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠲᠤᠯᠠᠬᠤ᠂ ᠶᠠᠰᠤ ᠴᠢᠨᠠᠷ ᠢ ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠥᠬᠦ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠳᠠᠬᠢᠨ ᠰᠢᠯᠢᠳᠡᠭᠵᠢᠭᠦᠯᠦᠨ ᠳᠠᠬᠢᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠪᠡ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠪᠣᠳᠠᠲᠠᠶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ 30.44 ᠲᠦᠮᠡᠨ ᠡᠷᠦᠬᠡ ᠪᠠᠶᠢᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠵᠤ᠂ ᠳᠠᠪᠰᠢᠯᠲᠠ ᠶᠢᠨ ᠳᠤᠮᠳᠠ ᠰᠠᠶᠢᠵᠢᠷᠠᠬᠤ ᠰᠠᠶᠢᠨ ᠪᠠᠶᠢᠳᠠᠯ ᠢ ᠪᠠᠲᠤᠯᠠᠪᠠ᠃

    ᠨᠢᠭᠡ ᠳᠤ᠂ ︽ᠲᠦᠢᠯ ᠤᠨ ᠳᠥᠭᠦᠮ︾ ᠬᠢᠨᠠᠨ ᠵᠥᠪᠰᠢᠶᠡᠷᠡᠯ ᠢ ᠬᠡᠷᠡᠭᠵᠢᠭᠦᠯᠦᠨ᠎ᠡ᠃ ︽ᠠᠵᠤ ᠠᠬᠤᠶᠢᠯᠠᠯ ᠨᠡᠭᠡᠭᠡᠨ ᠡᠵᠡᠩᠨᠡᠬᠦ ᠪᠥᠬᠦ ᠶᠠᠪᠤᠴᠠ ᠶᠢ ᠵᠢᠷᠤᠮᠵᠢᠭᠤᠯᠬᠤ ᠵᠢᠯᠣᠭᠤᠳᠬᠤ ᠰᠠᠨᠠᠯ︾ ᠢ ᠲᠣᠭᠲᠠᠭᠠᠨ ᠨᠡᠶᠢᠲᠡᠯᠡᠵᠦ᠂ ᠠᠵᠤ ᠠᠬᠤᠶᠢᠯᠠᠯ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠴᠥᠮ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠬᠦᠰᠦᠨᠦᠭᠲᠦ ᠪᠠᠷ ᠲᠠᠭᠯᠠᠨ ᠮᠡᠳᠡᠭᠦᠯᠬᠦ᠂ ᠵᠡᠷᠭᠡ ᠪᠠᠷ ᠭᠦᠢᠴᠡᠳᠭᠡᠬᠦ︾ ᠶᠢ ᠪᠡᠶᠡᠯᠡᠭᠦᠯᠪᠡ᠃ ᠪᠥᠬᠦ ᠣᠷᠣᠨ ᠳᠤ ︽ᠰᠠᠯᠪᠤᠷᠢ ᠪᠠᠶᠢᠭᠤᠯᠤᠮᠵᠢ ᠶᠢ ᠲᠥᠪᠯᠡᠷᠡᠭᠦᠯᠦᠨ ᠳᠡᠩᠰᠡᠯᠡᠨ ᠬᠢᠨᠠᠨ ᠵᠥᠪᠰᠢᠶᠡᠷᠡᠬᠦ︾ ᠵᠠᠭᠪᠤᠷ ᠢ ᠤᠷᠢᠳ ᠢᠶᠠᠷ ᠬᠡᠷᠡᠭᠵᠢᠭᠦᠯᠵᠦ᠂ ᠠᠵᠤ ᠠᠬᠤᠶᠢᠯᠠᠯ ᠤᠨ ︽ᠣᠯᠠᠨ ᠭᠠᠵᠠᠷ ᠲᠤ ᠭᠦᠶᠦᠬᠦ︾᠂ ︽ᠪᠤᠴᠠᠵᠤ ᠭᠦᠶᠦᠬᠦ︾ ᠠᠰᠠᠭᠤᠳᠠᠯ ᠢ ᠰᠢᠢᠳᠪᠦᠷᠢᠯᠡᠪᠡ᠃ ᠠᠵᠤ ᠠᠬᠤᠶᠢᠯᠠᠯ ᠤᠨ ᠬᠦᠴᠦᠨ ᠥᠬᠡᠶ ᠪᠣᠯᠭᠠᠬᠤ ᠭᠤᠶᠤᠴᠢᠯᠠᠯ ᠢ ᠰᠠᠯᠠᠭ᠎ᠠ ᠮᠥᠴᠢᠷ ᠠᠯᠤᠰᠯᠠᠨ ᠤᠷᠢᠳᠴᠢᠯᠠᠨ ᠪᠠᠶᠢᠴᠠᠭᠠᠬᠤ᠂ ᠭᠠᠶᠢᠯᠢ ᠪᠤᠴᠠᠭᠠᠬᠤ ᠭᠡᠷᠡᠴᠢ ᠶᠢ ᠴᠠᠭ ᠲᠤᠬᠠᠶ ᠳᠤ ᠨᠢ ᠳᠠᠮᠵᠢᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠪᠠ ᠪᠤᠴᠠᠨ ᠭᠠᠷᠬᠤ ᠳᠤ ᠨᠠᠩ ᠳᠥᠭᠦᠮ ᠳᠥᠲᠡ ᠪᠣᠯᠭᠠᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ︽ᠭᠤᠶᠤᠴᠢᠯᠠᠨ ᠮᠡᠳᠡᠭᠦᠯᠪᠡᠯ ᠳᠠᠷᠦ᠋ᠢᠬᠠᠨ ᠭᠦᠢᠴᠡᠳᠬᠡᠬᠦ︾᠂ ︽ᠨᠢᠭᠡ ᠡᠳᠦᠷ ᠲᠤ ᠰᠢᠢᠳᠪᠦᠷᠢᠯᠡᠵᠦ ᠳᠠᠭᠤᠰᠬᠠᠬᠤ︾ ᠪᠠ ︽ᠮᠠᠲ᠋ᠧᠷᠢᠶᠠᠯ ᠨᠢ ᠪᠦᠷᠢᠨ ᠭᠦᠢᠴᠡᠳ ᠪᠣᠯᠪᠠᠯ ᠳᠠᠷᠦ᠋ᠢᠬᠠᠨ ᠭᠦᠢᠴᠡᠳᠬᠡᠬᠦ᠂ ᠮᠠᠲ᠋ᠧᠷᠢᠶᠠᠯ ᠨᠢ ᠪᠦᠷᠢᠨ ᠪᠤᠰᠤ ᠪᠣᠯ ᠠᠭᠤᠴᠢᠯᠠᠨ ᠭᠦᠢᠴᠡᠳᠬᠡᠬᠦ᠂ ᠪᠠᠴᠢᠮ ᠲᠦᠷᠦᠯ ᠵᠦᠢᠯ ᠢ 24 ᠴᠠᠭ ᠲᠤ ᠭᠦᠢᠴᠡᠳᠬᠡᠬᠦ︾ ᠵᠣᠬᠢᠴᠠᠮᠵᠢ ᠶᠢ ᠬᠡᠷᠡᠭᠵᠢᠭᠦᠯᠵᠦ᠂ ᠨᠢᠭᠡ ᠯᠡ ᠤᠳᠠᠭ᠎ᠠ ᠳᠤ ᠮᠡᠳᠡᠭᠳᠡᠬᠦ᠂ ᠤᠷᠢᠳᠴᠢᠯᠠᠨ ᠪᠣᠯᠵᠣᠵᠤ ᠭᠦᠢᠴᠡᠳᠬᠡᠬᠦ᠂ ᠭᠡᠷ ᠲᠤ ᠨᠢ ᠬᠦᠷᠴᠦ ᠵᠢᠯᠣᠭᠤᠳᠬᠤ᠂ ᠮᠥᠷᠳᠡᠵᠦ ᠬᠠᠪᠰᠤᠷᠤᠨ ᠭᠦᠢᠴᠡᠳᠬᠡᠬᠦ ᠵᠡᠷᠭᠡ ᠦᠢᠯᠡᠴᠢᠯᠡᠭᠡ ᠶᠢ ᠬᠠᠩᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠬᠦᠯᠪᠡ᠃

    ᠬᠤᠶᠠᠷ ᠲᠤ᠂ ︽ᠲᠦᠢᠯ ᠤᠨ ᠰᠢᠯᠢᠳᠡᠭ︾ ᠦᠢᠯᠡᠴᠢᠯᠡᠭᠡ ᠶᠢ ᠴᠢᠩᠭᠠᠷᠠᠭᠤᠯᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ 37 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠵᠦ᠂ 13 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠳᠥᠷᠪᠡᠨ ᠭᠠᠵᠠᠷ ᠲᠤ ᠨᠡᠶᠢᠳᠡᠮ ᠭᠦᠢᠴᠡᠳᠬᠡᠬᠦ ᠶᠢ ᠪᠡᠶᠡᠯᠡᠭᠦᠯᠪᠡ᠃ ︽ᠨᠢᠭᠡ ᠰᠦᠯᠵᠢᠶ᠎ᠡ ᠪᠠᠷ ᠭᠦᠢᠴᠡᠳᠬᠡᠬᠦ︾ ᠳᠤ ᠬᠠᠮᠤᠭ ᠣᠯᠠᠨ ᠳᠤ ᠪᠠᠨ ᠨᠢᠭᠡ ᠯᠡ ᠤᠳᠠᠭ᠎ᠠ ᠳᠤ ᠭᠦᠢᠴᠡᠳᠬᠡᠬᠦ ᠵᠦᠢᠯᠡᠰ ᠤᠨ ᠬᠠᠷᠢᠴᠠᠯ ᠤᠨ ᠨᠣᠷᠮ᠎ᠠ ᠶᠢ 100% ᠳᠤ ᠬᠦᠷᠭᠡᠵᠦ᠂ ︽ᠪᠢ ᠡᠮ ᠤᠨ ᠳᠡᠯᠭᠡᠭᠦᠷ ᠨᠡᠭᠡᠭᠡᠬᠦ︾ ︽ᠪᠢ ᠬᠡᠳᠦ ᠳᠡᠯᠭᠡᠭᠦᠷ ᠨᠡᠭᠡᠭᠡᠬᠦ︾ 505 ᠵᠦᠢᠯ ᠤᠨ ᠶᠠᠪᠤᠳᠠᠯ ᠤᠨ ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠵᠦ᠂ ᠪᠦᠬᠦ ᠶᠠᠪᠤᠴᠠ ᠳᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ ᠳᠠᠩᠰᠠᠯᠠᠯᠲᠠ ᠶᠢᠨ ᠦᠨᠡᠮᠯᠡᠯ᠂ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ 3377 ᠬᠠᠭᠤᠳᠠᠰᠤ ᠭᠦᠢᠴᠡᠳᠬᠡᠵᠦ᠂ ᠨᠡᠶᠢᠲᠡ 3541 ᠡᠷᠦᠬᠡ ᠠᠵᠤ ᠠᠬᠤᠶᠢᠯᠠᠯ ᠳᠤ ᠰᠦᠢᠳᠬᠡᠯ ᠬᠤᠷᠢᠶᠠᠬᠤ ᠦᠭᠡᠢ ᠪᠠᠷ ︽ᠦᠨᠡᠮᠯᠡᠯ ᠬᠦᠷᠭᠡᠪᠡ︾᠃

    ᠭᠤᠷᠪᠠ ᠳᠤ᠂ ︽ᠲᠦᠢᠯ ᠤᠨ ᠣᠨᠣᠪᠴᠢᠲᠠᠶ︾ ᠬᠢᠨᠠᠯᠲᠠ ᠬᠠᠮᠢᠶᠠᠷᠤᠯᠲᠠ ᠶᠢ ᠦᠷᠨᠢᠬᠦᠯᠦᠨ᠎ᠡ᠃ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠬᠢᠭᠡᠳ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠬᠠᠮᠢᠶᠠᠷᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠴᠢᠨᠠᠷ ᠰᠠᠶᠢᠲᠠᠶ ᠬᠥᠭᠵᠢᠯᠲᠡ ᠶᠢ ᠬᠡᠷᠡᠭᠵᠢᠭᠦᠯᠬᠦ ᠲᠤᠬᠠᠶ ᠠᠷᠪᠠᠨ ᠵᠣᠷᠪᠤᠰ ᠠᠷᠭ᠎ᠠ ᠬᠡᠮᠵᠢᠶ᠎ᠡ︾ ᠶᠢ ᠨᠡᠶᠢᠲᠡᠯᠡᠵᠦ᠂ 2022 ᠣᠨ ᠠᠴᠠ ᠣᠲᠣ ᠪᠣᠯᠲᠠᠯ᠎ᠠ᠂ ᠰᠠᠯᠠᠭ᠎ᠠ ᠮᠥᠴᠢᠷ ᠤᠨ ᠬᠤᠯᠪᠣᠭᠠᠯᠠᠭᠰᠠᠨ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠪᠠᠷ ᠨᠡᠶᠢᠲᠡ 346 ᠪᠦᠯᠦᠭ ᠤᠳᠠᠭ᠎ᠠ ᠰᠤᠭᠤᠴᠢᠨ ᠪᠠᠶᠢᠴᠠᠭᠠᠵᠤ᠂ 399 ᠡᠷᠦᠬᠡ ︽ᠭᠤᠷᠪᠠᠨ ᠰᠢᠨ᠎ᠡ︾ ᠵᠠᠬ᠎ᠠ ᠳᠡᠯᠭᠡᠭᠦᠷ ᠤᠨ ᠭᠤᠤᠯ ᠴᠣᠭᠴᠠ ᠶᠢ ︽ᠡᠯᠡᠰᠦᠨ ᠬᠠᠶᠢᠷᠴᠠᠭ ᠤᠨ ᠬᠢᠨᠠᠯᠲᠠ ᠬᠠᠮᠢᠶᠠᠷᠤᠯᠲᠠ︾ ᠶᠢᠨ ᠬᠡᠪᠴᠢᠶᠡᠨ ᠳᠤ ᠣᠷᠣᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠮᠡᠳᠡᠭᠡ ᠵᠠᠩᠭᠢ ᠶᠢ 26.93 ᠲᠦᠮᠡᠨ ᠵᠤᠷᠪᠤᠰ ᠴᠤᠭᠯᠠᠭᠤᠯᠤᠨ ᠨᠡᠶᠢᠲᠡᠯᠡᠵᠦ᠂ ᠨᠡᠶᠢᠲᠡ 1203 ᠡᠷᠦᠬᠡ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢ ᠵᠠᠰᠠᠨ ᠰᠡᠷᠭᠦᠭᠡᠪᠡ᠃

    ᠳᠥᠷᠪᠡ ᠳᠤ᠂ ︽ᠲᠦᠢᠯ ᠤᠨ ᠬᠠᠷᠠᠭᠠᠯᠵᠠᠯ ᠲᠠᠢ︾ ᠲᠡᠳᠬᠦᠮᠵᠢ ᠶᠢ ᠴᠢᠩᠭᠠᠳᠬᠠᠨ᠎ᠠ᠃ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠡᠯᠪᠡᠷᠢ ᠬᠤᠪᠢᠶᠠᠨ ᠲᠥᠷᠥᠯ ᠬᠤᠪᠢᠶᠠᠨ ᠪᠤᠶᠢᠵᠢᠭᠤᠯᠬᠤ ᠪᠠ ᠨᠠᠷᠢᠯᠢᠭ ᠣᠨᠣᠪᠴᠢᠲᠠᠢ ᠪᠠᠷ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠵᠢᠯᠣᠭᠤᠳᠣᠯᠭ᠎ᠠ ᠵᠢᠴᠢ ᠳᠠᠭᠠᠭᠤᠯᠤᠨ ᠭᠦᠢᠴᠡᠳᠭᠡᠬᠦ᠂ ᠬᠠᠪᠰᠤᠷᠤᠨ ᠭᠦᠢᠴᠡᠳᠭᠡᠬᠦ᠂ ᠣᠷᠣᠯᠠᠨ ᠭᠦᠢᠴᠡᠳᠭᠡᠬᠦ ᠵᠡᠷᠭᠡ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠶᠢ ᠬᠠᠩᠭᠠᠪᠠ᠃ ︽ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠲᠥᠷᠭᠡᠨ ᠢᠶᠠᠷ ᠠᠵᠢᠯ ᠢᠶᠠᠨ ᠰᠡᠷᠭᠦᠭᠡᠬᠦ ᠦᠢᠯᠡᠳᠪᠦᠷᠢᠯᠡᠯ ᠢᠶᠠᠨ ᠰᠡᠷᠭᠦᠭᠡᠬᠦ ᠠᠷᠪᠠᠨ ᠵᠣᠷᠪᠤᠰ ᠠᠷᠭ᠎ᠠ ᠬᠡᠮᠵᠢᠶ᠎ᠡ︾ ᠶᠢ ᠲᠣᠭᠲᠠᠭᠠᠵᠤ᠂ ︽ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠪᠣᠳᠠᠲᠠᠢ ᠶᠠᠪᠤᠳᠠᠯ ᠬᠢᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠪᠣᠳᠠᠲᠠᠢ ᠠᠰᠠᠭᠤᠳᠠᠯ ᠢ 500 ᠭᠠᠷᠤᠢ ᠵᠣᠷᠪᠤᠰ ᠰᠢᠢᠳᠪᠦᠷᠢᠯᠡᠪᠡ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ