2023 ᠣᠨ ᠤ ᠭᠤᠷᠪᠠᠳᠤᠭᠠᠷ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠪᠠᠭᠤᠯᠭᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/8/20

ᠡᠯ᠎ᠡ ᠬᠤᠯᠪᠣᠭᠳᠠᠯ ᠪᠦᠬᠦᠢ ᠨᠢᠭᠡᠴᠢ᠄

    ᠰᠣᠳᠣᠯᠣᠯᠳᠠ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 2023 ᠣᠨ ᠤ ᠭᠤᠷᠪᠠᠳᠤᠭᠠᠷ ᠪᠦᠯᠦᠭ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠲᠣᠭᠲᠠᠭᠠᠪᠠ᠃ ᠲᠣᠰ ᠪᠦᠯᠦᠭ ᠤᠨ ᠲᠥᠯᠥᠪᠯᠡᠭᠡ ᠨᠢ ᠨᠡᠶᠢᠲᠡ 134 ᠵᠦᠢᠯ ︵ᠳᠠᠭᠠᠯᠳᠤᠭᠤᠯᠤᠯ ᠳᠤ ᠦᠵᠡ︶ ᠪᠠᠶᠢᠵᠤ᠂ ᠴᠥᠮ ᠲᠠᠨᠢᠯᠴᠠᠭᠤᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠪᠣᠯᠤᠨ᠎ᠠ᠃ ᠡᠭᠦᠨ ᠳᠤ᠂ ᠲᠠᠷᠢᠶᠠᠯᠠᠩ ᠤᠨ ᠪᠠᠷᠢᠮᠵᠢᠶ᠎ᠠ 125 ᠲᠥᠷᠥᠯ᠂ ᠠᠵᠤ ᠦᠢᠯᠡᠳᠪᠦᠷᠢ ᠶᠢᠨ ᠪᠠᠷᠢᠮᠵᠢᠶ᠎ᠠ 7 ᠲᠥᠷᠥᠯ ᠪᠣᠯᠤᠨ ᠨᠡᠶᠢᠭᠡᠮ ᠤᠨ ᠦᠢᠯᠡᠰ ᠤᠨ ᠪᠠᠷᠢᠮᠵᠢᠶ᠎ᠠ 2 ᠲᠥᠷᠥᠯ ᠪᠣᠶ᠃

    ᠡᠯ᠎ᠡ ᠬᠤᠯᠪᠣᠭᠳᠠᠯ ᠪᠥᠬᠦᠶ ᠨᠢᠭᠡᠴᠢ ᠴᠢᠨᠠᠷ ᠰᠠᠶᠢᠲᠠᠶ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠬᠢᠴᠠ ᠶᠢᠨ ᠱᠠᠭᠠᠷᠳᠠᠯᠭ᠎ᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠣ ᠲᠤᠭᠤᠷᠪᠢᠬᠤ᠂ ᠰᠠᠨᠠᠯ ᠬᠤᠷᠢᠶᠠᠬᠤ ᠪᠠ ᠮᠡᠷᠭᠡᠵᠢᠯ ᠤᠨ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠠᠪᠤᠴᠠ ᠳᠤ᠂ ᠬᠤᠯᠪᠣᠭᠳᠠᠯ ᠪᠦᠬᠦᠢ ᠲᠠᠯ᠎ᠠ ᠲᠠᠢ ᠵᠣᠬᠢᠴᠠᠭᠤᠯᠭ᠎ᠠ ᠪᠠᠨ ᠴᠢᠩᠭᠠᠳᠬᠠᠨ᠂ ᠥᠷᠭᠡᠨ ᠢᠶᠠᠷ ᠰᠠᠨᠠᠯ ᠰᠣᠨᠣᠰᠴᠣ᠂ ᠪᠠᠷᠢᠮᠵᠢᠶ᠎ᠠ ᠶᠢᠨ ᠶᠠᠰᠤ ᠴᠢᠨᠠᠷ ᠪᠣᠯᠤᠨ ᠬᠢᠷᠢ ᠬᠡᠮᠵᠢᠶ᠎ᠡ ᠶᠢ ᠪᠠᠲᠤᠯᠠᠬᠤ ᠬᠡᠷᠡᠭᠲᠡᠶ᠃

    ᠳᠠᠭᠠᠯᠳᠤᠭᠤᠯᠤᠯ᠄ 2023 ᠣᠨ ᠤ ᠭᠤᠷᠪᠠᠳᠤᠭᠠᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢᠨ ᠬᠤᠷᠢᠶᠠᠩᠭᠤᠶ ᠬᠦᠰᠦᠨᠦᠭᠲᠦ

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

        2023 ᠣᠨ ᠤ 8 ᠳ᠋ᠤᠭᠠᠷ ᠰᠠᠷ᠎ᠠ ᠶᠢᠨ 19 ᠤ ᠡᠳᠦᠷ

        ︵ᠲᠣᠰ ᠮᠠᠲ᠋ᠧᠷᠢᠶᠠᠯ ᠢ ᠰᠠᠨᠠᠭᠠᠴᠢᠯᠭ᠎ᠠ ᠠᠴᠠ ᠢᠯᠡ ᠨᠡᠶᠢᠲᠡᠯᠡᠨ᠎ᠡ︶

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ