ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠠᠰᠢᠨ ᠢᠶᠠᠷ ᠤᠩᠰᠢᠬᠤ ᠳᠠᠩᠰᠠ ᠡᠪᠬᠡᠮᠡᠯ ᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠶᠢ ᠨᠡᠪᠲᠡᠷᠡᠭᠦᠯᠵᠦ ᠣᠷᠣᠨ ᠤ ᠲᠥᠪ ᠤᠨ ᠬᠤᠳᠠᠯᠳᠤᠭ᠎ᠠ ᠡᠵᠡᠩᠨᠡᠬᠦ ᠣᠷᠴᠢᠨ ᠤ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2023/8/22

    8 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠨ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠵᠤ᠂ ᠮᠠᠰᠢᠨ ᠢᠶᠠᠷ ᠤᠩᠰᠢᠬᠤ ᠲᠠᠩᠰᠠ ᠡᠪᠬᠡᠮᠡᠯ ᠤᠨ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠴᠢᠳᠠᠮᠵᠢ ᠶᠢ ᠭᠠᠷᠭᠠᠵᠤ᠂ ᠭᠤᠶᠤᠴᠢᠯᠠᠭᠴᠢ ᠳᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠭᠰᠠᠨ ᠲᠠᠩᠰᠠ ᠡᠪᠬᠡᠮᠡᠯ ᠢ ᠪᠠᠶᠢᠴᠠᠭᠠᠨ ᠯᠠᠪᠯᠠᠬᠤ᠂ ᠪᠠᠭᠤᠯᠭᠠᠬᠤ᠂ ᠥᠪᠡᠷᠳᠡᠭᠡᠨ ᠳᠠᠷᠤᠮᠠᠯᠯᠠᠬᠤ ᠵᠡᠷᠭᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠬᠠᠩᠭᠠᠨ᠎ᠠ᠃

    ᠡᠭᠦᠨ ᠠᠴᠠ ᠡᠮᠦᠨ᠎ᠡ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠠᠰᠢᠨ ᠢᠶᠠᠷ ᠤᠩᠰᠢᠬᠤ ᠲᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠲᠤᠬᠠᠶᠢᠯᠠᠭᠰᠠᠨ ᠠᠵᠢᠯ ᠳᠤ ᠭᠤᠶᠤᠴᠢᠯᠠᠭᠴᠢ ᠡᠯ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠭᠠᠳᠠᠨᠠᠬᠢ ᠪᠠᠶᠢᠴᠠᠭᠠᠨ ᠯᠠᠪᠯᠠᠬᠤ ᠴᠣᠩᠬᠤᠪᠴᠢᠨ ᠳᠤ ᠬᠦᠷᠴᠦ ᠪᠢᠴᠢᠭ ᠢᠶᠠᠷ ᠪᠠᠶᠢᠴᠠᠭᠠᠨ ᠯᠠᠪᠯᠠᠬᠤ ᠭᠤᠶᠤᠴᠢᠯᠠᠯ ᠳᠡᠪᠰᠢᠭᠦᠯᠵᠦ᠂ ᠠᠵᠢᠯᠲᠠᠳ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠢᠶ᠎ᠠ ᠪᠥᠬᠦᠶ ᠮᠠᠲ᠋ᠧᠷᠢᠶᠠᠯ ᠢ ᠳᠠᠷᠤᠮᠠᠯᠯᠠᠵᠤ᠂ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢᠨ ᠤ ᠲᠤᠭ᠎ᠠ ᠬᠡᠮᠵᠢᠶ᠎ᠡ ᠬᠢᠵᠠᠭᠠᠷᠲᠠᠶ ᠪᠣᠯᠬᠤᠷ ᠦᠷᠭᠦᠯᠵᠢ ᠮᠥᠷᠯᠡᠨ ᠬᠦᠯᠢᠶᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡᠨ ︽ᠲᠦᠭᠵᠢᠷᠡᠯ︾ ᠪᠣᠯᠤᠭᠰᠠᠨ ᠪᠠᠶᠢᠨ᠎ᠠ᠃ ᠮᠠᠰᠢᠨ ᠢᠶᠠᠷ ᠤᠩᠰᠢᠬᠤ ᠲᠠᠩᠰᠠ ᠡᠪᠬᠡᠮᠡᠯ ᠤᠨ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠴᠢᠳᠠᠮᠵᠢ ᠶᠢ ᠰᠦᠯᠵᠢᠶᠡᠨ ᠳᠤ ᠭᠠᠷᠭᠠᠭᠰᠠᠨ ᠤ ᠳᠠᠷᠠᠭ᠎ᠠ᠂ ᠭᠤᠶᠤᠴᠢᠯᠠᠭᠴᠢ ᠨᠢ ᠬᠡᠷ ᠠᠴᠠ ᠪᠠᠨ ᠭᠠᠷᠬᠤ ᠥᠬᠡᠶ᠂ ᠮᠥᠷᠯᠡᠨ ᠬᠦᠯᠢᠶᠡᠬᠦ ᠴᠢᠬᠤᠯᠠ ᠥᠬᠡᠶ᠂ ︽ᠠᠶ ᠴᠢᠩ ᠴᠧᠩ APP︾ ᠶᠢ ᠪᠠᠭᠤᠯᠭᠠᠨ ᠠᠪᠴᠤ ︽ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠭᠦᠢᠴᠡᠳᠭᠡᠬᠦ ︾ ᠳᠤᠮᠳᠠᠬᠢ ︽ᠮᠠᠰᠢᠨ ᠢᠶᠠᠷ ᠤᠩᠰᠢᠬᠤ ᠲᠠᠩᠰᠠ ᠡᠪᠬᠡᠮᠡᠯ ᠢ ᠪᠠᠶᠢᠴᠠᠭᠠᠨ ᠯᠠᠪᠯᠠᠬᠤ︾ ᠬᠡᠰᠡᠭ ᠢ ᠳᠣᠶ᠋ᠢᠵᠤ᠂ ᠤᠲᠠᠰᠤᠨ ᠨᠣᠮᠧᠷ ᠪᠤᠶᠤ ᠸᠢᠴᠠᠲ ᠤᠨ ᠭᠡᠷᠡᠴᠢᠯᠡᠯ ᠢᠶᠠᠷ ᠳᠠᠩᠰᠠᠯᠠᠭᠤᠯᠪᠠᠯ ᠳᠠᠷᠤᠶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠭᠤᠯᠤᠭᠰᠠᠨ ᠲᠠᠩᠰᠠ ᠡᠪᠬᠡᠮᠡᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠬᠤ ᠪᠥᠭᠡᠳ ᠬᠡᠷᠡᠭᠴᠡᠭᠡ ᠪᠠᠨ ᠦᠨᠳᠦᠰᠦᠯᠡᠨ ᠳᠠᠷᠤᠮᠠᠯᠯᠠᠵᠤ ᠂ ᠳᠠᠷᠤᠮᠠᠯᠯᠠᠭᠰᠠᠨ ᠮᠠᠲ᠋ᠧᠷᠢᠶᠠᠯ ᠨᠢ ᠪᠠᠰᠠ ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠠᠰᠢᠨ ᠢᠶᠠᠷ ᠤᠩᠰᠢᠬᠤ ᠲᠠᠩᠰᠠ ᠡᠪᠬᠡᠮᠡᠯ ᠢ ᠪᠠᠶᠢᠴᠠᠭᠠᠨ ᠯᠠᠪᠯᠠᠬᠤ︾ ᠭᠡᠰᠡᠨ ᠤᠯᠠᠭᠠᠨ ᠲᠣᠭᠤᠷᠢᠭ ᠬᠡᠯᠪᠡᠷᠢ ᠶᠢᠨ ᠲᠤᠰᠬᠠᠶ ᠲᠠᠮᠠᠭ᠎ᠠ ᠳᠠᠭᠠᠯᠳᠤᠳᠠᠭ᠃

    ᠢᠩᠭᠢᠭᠡᠳ᠂ ᠭᠤᠶᠤᠴᠢᠯᠠᠭᠴᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠠᠰᠢᠨ ᠢᠶᠠᠷ ᠤᠩᠰᠢᠬᠤ ᠲᠠᠩᠰᠠ ᠡᠪᠬᠡᠮᠡᠯ ᠤᠨ ᠮᠡᠳᠡᠭᠡ ᠵᠠᠩᠭᠢ ᠶᠢ ᠥᠪᠡᠷ ᠤᠨ ᠪᠡᠶ᠎ᠡ ᠪᠠᠷ ᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢᠨ ᠳᠤ ᠬᠦᠷᠴᠦ ᠭᠦᠢᠴᠡᠳᠬᠡᠬᠦ ᠴᠢᠬᠤᠯᠠ ᠥᠬᠡᠶ᠂ ᠢᠯᠠᠩᠭᠤᠶ᠎ᠠ ᠣᠨᠳᠣᠤ ᠭᠠᠵᠠᠷ ᠠᠴᠠ ᠪᠠᠶᠢᠴᠠᠭᠠᠨ ᠯᠠᠪᠯᠠᠬᠤ ᠶᠢ ᠴᠦ ᠴᠠᠭ ᠲᠤᠬᠠᠶ ᠳᠤ ᠨᠢ ᠭᠦᠢᠴᠡᠳᠭᠡᠵᠦ ᠳᠡᠶᠢᠯᠳᠡᠭ᠂ ︽ᠲᠤᠭ᠎ᠠ ᠪᠠᠷᠢᠮᠲᠠ ᠶᠢ ᠭᠦᠶᠦᠯᠭᠡᠬᠦ︾ ᠪᠠᠷ ︽ᠣᠯᠠᠨ ᠲᠦᠮᠡᠨ ᠢ ᠭᠦᠶᠦᠯᠭᠡᠬᠦ︾ ᠶᠢ ᠣᠷᠣᠯᠠᠭᠤᠯᠵᠤ᠂ ᠣᠯᠠᠨ ᠲᠦᠮᠡᠨ ᠳᠤ ᠲᠦᠢᠯ ᠤᠨ ᠶᠡᠭᠡ ᠲᠥᠬᠦᠮ ᠦᠵᠡᠭᠦᠯᠵᠦ᠂ ᠠᠵᠤ ᠠᠬᠤᠶᠢᠯᠠᠯ ᠳᠤ ᠠᠰᠢᠭᠲᠠᠶ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃

 

ᠢᠷᠡᠯᠲᠡ᠄ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ