ᠠᠯᠠᠱᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠲᠡᠭᠡᠯ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠨ᠂ ᠣᠨᠣᠪᠴᠢᠲᠠᠶ ᠥᠨᠳᠥᠷ ᠪᠦᠲᠦᠮᠵᠢᠲᠡᠶ ᠪᠠ ᠪᠠᠭᠲᠠᠭᠠᠮᠵᠢᠲᠠᠶ ᠪᠣᠯᠭᠤᠮᠵᠢᠲᠠᠶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠰᠡᠷᠭᠦᠭᠡᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/8/29

    2023 ᠣᠨ ᠠᠴᠠ ᠨᠠᠭᠠᠰᠢ᠂ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠢᠲᠡᠭᠡᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ᠳᠤᠮᠳᠠᠬᠢ ᠬᠦᠴᠢᠷᠳᠡᠬᠦ᠂ ᠲᠦᠭᠵᠢᠷᠡᠬᠦ ᠪᠠ ᠵᠣᠪᠠᠭᠤᠷᠢ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠢᠲᠡᠭᠡᠮᠵᠢ ᠶᠢ ᠰᠡᠷᠭᠦᠭᠡᠬᠦ ᠲᠣᠭᠲᠠᠴᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠪᠠ ᠣᠯᠣᠯᠳᠠ ᠬᠦᠷᠳᠡᠭᠡᠯ ᠤᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃

    ᠨᠢᠭᠡ ᠳᠤ᠂ ᠢᠲᠡᠭᠡᠮᠵᠢ ᠶᠢ ᠰᠡᠷᠭᠦᠭᠡᠬᠦ ᠶᠢ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠶᠡᠬᠡᠪᠡᠷ ᠠᠬᠢᠭᠤᠯᠪᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠢᠲᠡᠭᠡᠮᠵᠢ ᠶᠢᠨ ᠮᠡᠳᠡᠭᠡ ᠵᠠᠩᠭᠢ ᠶᠢ ᠰᠡᠷᠭᠦᠭᠡᠬᠦ ᠴᠤᠪᠤᠷᠠᠯ ︵ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠪᠯᠡᠯ︶ ᠢ ᠲᠣᠭᠲᠠᠭᠠᠵᠤ᠂ ᠣᠯᠠᠨ ᠨᠡᠶᠢᠲᠡ ᠶᠢᠨ ᠳ᠋ᠤᠭᠠᠷ᠂ ᠭᠦᠢᠴᠡᠳᠭᠡᠬᠦ ᠴᠤᠩᠬᠤᠪᠴᠢ᠂ ᠫᠣᠷᠲ᠋ᠧᠯ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠤᠬᠠᠭᠤᠯᠵᠤ᠂ ᠢᠯᠡ ᠨᠡᠶᠢᠲᠡᠯᠡᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠵᠢᠯᠣᠭᠤᠳᠤᠨ ︽ᠰᠦᠯᠵᠢᠶᠡᠨ ᠳᠡᠭᠡᠷ᠎ᠡ ᠭᠦᠢᠴᠡᠳᠬᠡᠬᠦ︾ ᠪᠠᠷ ᠳᠠᠮᠵᠢᠭᠤᠯᠤᠨ᠂ ᠬᠡᠷ ᠠᠴᠠ ᠪᠠᠨ ᠭᠠᠷᠬᠤ ᠦᠭᠡᠢ ᠪᠠᠷ ᠢᠲᠡᠭᠡᠮᠵᠢ ᠶᠢ ᠰᠡᠷᠭᠦᠭᠡᠬᠦ ᠶᠢ ᠪᠡᠶᠡᠯᠡᠭᠦᠯᠪᠡ᠃ ᠡᠭᠦᠨ ᠤ ᠬᠠᠮᠲᠤ ᠢᠲᠡᠭᠡᠮᠵᠢ ᠶᠢᠨ ᠮᠡᠳᠡᠭᠡ ᠵᠠᠩᠭᠢ ᠶᠢ ᠰᠡᠷᠭᠦᠭᠡᠬᠦ ᠶᠠᠪᠤᠴᠠ ︵ᠲᠤᠬᠠᠶᠢᠯᠠᠭᠰᠠᠨ ᠠᠵᠢᠯ ᠤᠨ ᠬᠡᠪᠯᠡᠯ︶ ᠢ ᠡᠯ᠎ᠡ ᠬᠤᠰᠢᠭᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠠᠷᠬᠠᠭᠠᠵᠤ᠂ ᠢᠲᠡᠭᠡᠮᠵᠢ ᠶᠢ ᠰᠡᠷᠭᠦᠭᠡᠬᠦ ᠦᠢᠯᠡᠴᠢᠯᠡᠭᠡᠨ ᠤ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠭᠦᠯᠪᠡ᠃ ᠣᠳᠣᠬᠠᠨ ᠳᠤ᠂ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠰᠦᠯᠵᠢᠶᠡᠨ ᠲᠡᠭᠡᠷ᠎ᠡ ᠢᠲᠡᠭᠡᠮᠵᠢ ᠶᠢ ᠰᠡᠷᠭᠦᠭᠡᠬᠦ ᠨᠣᠷᠮ᠎ᠠ  42%  ᠲᠤ ᠬᠦᠷᠪᠡ᠃

    ᠬᠤᠶᠠᠷ ᠲᠤ᠂ ᠳᠤᠲᠠᠭᠳᠠᠯ ᠢ ᠠᠭᠤᠴᠢᠯᠠᠨ ᠭᠥᠯᠢᠶᠡᠨ ᠠᠪᠴᠤ ᠰᠢᠢᠳᠪᠦᠷᠢᠯᠡᠬᠦ ᠢᠲᠡᠭᠡᠮᠵᠢ  ᠶᠢ ᠰᠡᠷᠭᠦᠭᠡᠬᠦ ᠭᠤᠶᠤᠴᠢᠯᠠᠯ ᠢ ᠬᠡᠷᠡᠭᠵᠢᠭᠦᠯᠵᠦ᠂ ᠣᠨ ᠤ ᠮᠡᠳᠡᠭᠦᠯᠦᠯᠲᠡ ᠪᠠᠨ ᠬᠠᠤᠯᠢ ᠶᠣᠰᠣᠭᠠᠷ ᠨᠡᠶᠢᠲᠡᠯᠡᠭᠰᠡᠨ ᠥᠬᠡᠶ ᠠᠴᠠ ᠪᠣᠯᠵᠣ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠲᠡᠮᠳᠡᠭᠯᠡᠯ ᠳᠤ ᠣᠷᠣᠭᠰᠠᠨ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ ᠤᠨ ᠪᠦᠷᠢᠳᠭᠡᠯ ᠳᠤ ᠣᠷᠣᠭᠰᠠᠨ ᠵᠡᠷᠭᠡ ᠲᠣᠳᠠᠭᠳᠠᠯ ᠢ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠨᠲᠡ ᠡᠵᠡᠮᠰᠢᠭᠰᠡᠨ ᠮᠡᠳᠡᠭᠡ ᠵᠠᠩᠭᠢ ᠶᠢ ᠭᠤᠶᠤᠴᠢᠯᠠᠭᠴᠢ ᠠᠴᠠ ᠲᠠᠬᠢᠨ ᠲᠤᠰᠢᠶᠠᠬᠤ ᠶᠢ ᠱᠠᠭᠠᠷᠳᠠᠬᠤ ᠥᠬᠡᠶ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠬᠤᠰᠢᠭᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠢᠲᠡᠭᠡᠮᠵᠢ ᠶᠢ ᠰᠡᠷᠭᠦᠭᠡᠬᠦ ᠠᠵᠢᠯ ᠢ ᠬᠦᠢᠴᠡᠳᠭᠡᠵᠤ᠂ ᠲᠤᠬᠠᠶ ᠶᠢᠨ ᠲᠠᠯᠠᠪᠤᠷ ᠲᠤ ᠪᠡᠶᠡᠯᠡᠭᠦᠯᠵᠦ ᠪᠣᠯᠬᠤ ᠮᠠᠲ᠋ᠧᠷᠢᠶᠠᠯ ᠳᠤ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ᠂ ᠬᠡᠪᠯᠡᠬᠦ ᠮᠠᠰᠢᠨ ᠪᠠ ᠰᠢᠷᠪᠢᠭᠦᠷ ᠵᠡᠷᠭᠡ ᠶᠢ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠲᠤᠬᠠᠶ ᠶᠢᠨ ᠲᠠᠯᠠᠪᠤᠷ ᠲᠤ ︽ᠰᠦᠯᠵᠢᠶᠡᠨ ᠳᠡᠭᠡᠷ᠎ᠡ ᠬᠦᠢᠴᠡᠳᠭᠡᠬᠦ︾ ᠶᠢ ᠪᠡᠶᠡᠯᠡᠭᠦᠯᠵᠦ᠂ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠠᠮᠠᠯᠠᠯᠲᠠ ᠶᠢ ᠦᠨᠡᠨ ᠬᠦ ᠨᠠᠶᠢᠳᠠᠪᠤᠷᠢᠵᠢᠭᠤᠯᠪᠠ᠃

    ᠭᠤᠷᠪᠠ ᠳᠤ᠂ ︽ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠡᠭᠦᠷᠭᠡ ᠴᠢᠳᠠᠪᠤᠷᠢ᠂ ᠡᠭᠦᠷᠭᠡ ᠬᠠᠷᠢᠭᠤᠴᠠᠯᠭ᠎ᠠ ᠪᠠᠨ ᠰᠢᠯᠢᠳᠡᠭᠵᠢᠭᠦᠯᠬᠦ ᠠᠵᠢᠯ ᠤᠨ ᠴᠤᠪᠤᠷᠠᠯ ᠢ ᠰᠢᠯᠢᠳᠡᠭᠵᠢᠭᠦᠯᠬᠦ ᠠᠵᠢᠯ ᠤᠨ ᠲᠥᠰᠦᠯ︾ ᠢ ᠦᠨᠡᠨ ᠬᠦ ᠨᠠᠶᠢᠳᠠᠪᠤᠷᠢᠵᠢᠭᠤᠯᠵᠤ᠂ ︽ᠨᠥᠬᠦᠴᠡᠯ ᠳᠤ ᠨᠡᠶᠢᠴᠡᠬᠦ ᠲᠤᠬᠠᠶ ᠶᠢᠨ ᠬᠥᠮᠦᠨ ᠢ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ ᠠᠴᠠ ᠤᠷᠢᠳᠴᠢᠯᠠᠨ ᠰᠢᠯᠵᠢᠭᠦᠯᠦᠨ ᠭᠠᠷᠭᠠᠬᠤ︾᠂ ︽ᠨᠥᠬᠦᠴᠡᠯ ᠳᠤ ᠨᠡᠶᠢᠴᠡᠬᠦ ᠲᠤᠬᠠᠶ ᠶᠢᠨ ᠬᠥᠮᠦᠨ ᠤ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠵᠠᠰᠠᠭ ᠵᠠᠬᠢᠷᠭᠠᠨ ᠤ ᠰᠢᠢᠳᠭᠡᠯ ᠢ ᠵᠠᠷᠯᠠᠨ ᠨᠡᠶᠢᠲᠡᠯᠡᠬᠦ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠬᠦ ᠶᠢ ᠤᠷᠢᠳᠴᠢᠯᠠᠨ ᠵᠣᠭᠰᠣᠭᠠᠬᠤ︾ ᠬᠤᠶᠠᠷ ᠵᠦᠢᠯ ᠤᠨ ᠢᠲᠡᠭᠡᠮᠵᠢ ᠶᠢ ᠰᠡᠷᠭᠦᠭᠡᠬᠦ ᠵᠦᠢᠯᠡᠰ ᠢ ᠡᠯ᠎ᠡ ᠬᠤᠰᠢᠭᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠭᠤᠯᠭᠠᠪᠠ᠃

    2023 ᠣᠨ ᠠᠴᠠ ᠨᠠᠭᠠᠰᠢ᠂ ᠠᠶᠢᠮᠠᠭ ᠬᠤᠰᠢᠭᠤᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ ᠭᠠᠷᠭᠠᠵᠤ᠂ ᠲᠠᠷᠢᠶᠠᠴᠢᠳ ᠤᠨ ᠲᠤᠰᠬᠠᠶ ᠬᠤᠷᠰᠢᠶᠠᠵᠢᠯ ᠢ 29 ᠡᠷᠦᠬᠡ ᠰᠢᠯᠵᠢᠭᠦᠯᠦᠨ ᠭᠠᠷᠭᠠᠵᠤ᠂ ᠬᠡᠪ ᠤᠨ ᠪᠤᠰᠤ ᠪᠠᠶᠢᠳᠠᠯ ᠲᠠᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ 10271 ᠡᠷᠦᠬᠡ ᠬᠦᠴᠦᠨ ᠥᠬᠡᠶ ᠪᠣᠯᠭᠠᠵᠤ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠨᠡᠷᠡᠰ ᠢ 222 ᠡᠷᠦᠬᠡ ᠰᠢᠯᠵᠢᠭᠦᠯᠦᠨ ᠭᠠᠷᠭᠠᠪᠠ᠃

 

ᠢᠷᠡᠯᠲᠡ᠄ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ