ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/8/29

    2023 ᠣᠨ ᠠᠴᠠ ᠨᠠᠭᠠᠰᠢ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠨᠡᠶᠢᠲᠡ 161603 ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.26% ᠪᠠᠷ ᠨᠡᠮᠡᠭᠳᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠥᠷᠭᠡᠨ ᠣᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠢᠯᠠᠩᠭᠤᠶ᠎ᠠ ᠳᠤᠮᠳᠠ ᠵᠢᠵᠢᠭ ᠠᠵᠤ ᠠᠬᠤᠶᠢᠯᠠᠯ ᠤᠨ ᠠᠴᠢᠶ᠎ᠠ ᠬᠦᠩᠭᠡᠨ ᠢᠶᠠᠷ ᠣᠷᠣᠭᠰᠢᠯᠠᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠷᠤᠳᠠᠯ ᠢ ᠪᠠᠭᠤᠷᠠᠭᠤᠯᠤᠨ᠂ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠪᠠ᠃

    ᠨᠢᠭᠡ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠬᠤ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠦᠷᠨᠢᠭᠦᠯᠪᠡ᠃ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠯᠲᠠ ᠶᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠦᠢᠳᠬᠡᠯ ᠢ ᠪᠠᠭᠤᠷᠠᠭᠤᠯᠤᠨ ᠳᠠᠷᠤᠭᠠᠰᠤ ᠶᠢ ᠬᠥᠩᠭᠡᠷᠡᠭᠦᠯᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠭᠰᠠᠨ ᠥᠬᠡᠶ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠤᠨ᠂ ᠳᠤᠮᠳᠠ ᠵᠢᠵᠢᠭ ᠠᠵᠤ ᠠᠬᠤᠶᠢᠯᠠᠯ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠷᠤᠭᠠᠰᠤ ᠶᠢ ᠬᠦᠩᠭᠡᠷᠡᠭᠦᠯᠪᠡ᠃ ᠣᠲᠣ ᠪᠣᠯᠲᠠᠯ᠎ᠠ ᠵᠠᠰᠠᠭ ᠵᠠᠬᠢᠷᠭᠠᠨ ᠤ ᠴᠢᠨᠠᠷᠲᠠᠶ᠂ ᠡᠵᠡᠩᠨᠡᠯᠲᠡ ᠶᠢᠨ ᠴᠢᠨᠠᠷᠲᠠᠶ ᠰᠦᠢᠳᠭᠡᠯ 1009.37 ᠲᠦᠮᠡᠨ ᠲᠥᠭᠦᠷᠢᠭ ᠢ ᠬᠠᠰᠣᠨ ᠬᠡᠯᠲᠦᠷᠢᠭᠦᠯᠵᠦ᠂ ᠡᠭᠦᠨ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠳᠤᠮᠳᠠ ᠵᠢᠵᠢᠭ ᠠᠵᠤ ᠠᠬᠤᠶᠢᠯᠠᠯ ᠳᠤ ᠠᠰᠢᠭ ᠣᠯᠭᠤᠬᠤ ᠭᠠᠷᠳᠠᠮ ᠤᠨ ᠰᠦᠢᠳᠭᠡᠯ ᠨᠡᠶᠢᠲᠡ 532.53 ᠲᠦᠮᠡᠨ ᠲᠥᠭᠦᠷᠢᠭ ᠲᠤ ᠬᠦᠷᠪᠡ᠃

    ᠬᠤᠶᠠᠷ ᠲᠤ᠂ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠪᠠ᠃ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ︽ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠬᠡᠷᠡᠭᠯᠡᠵᠦ᠂ ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠦᠢᠯᠡ ᠠᠵᠢᠯᠯᠠᠭ᠎ᠠ ᠶᠢᠨ ᠰᠦᠪᠡᠭᠴᠢ ᠶᠢ ᠴᠣᠭᠯᠠᠭᠤᠯᠬᠤ ᠲᠤᠬᠠᠶ ᠠᠯᠪᠠᠨ ᠵᠠᠷ︾ ᠢ ᠨᠡᠶᠢᠲᠡᠯᠡᠵᠦ᠂ ᠬᠠᠮᠢᠶ᠎ᠠ ᠪᠥᠬᠦᠶ ᠭᠠᠭᠴᠠᠭᠠᠷ ᠡᠵᠡᠮᠰᠢᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠶᠢ ᠦᠨᠳᠦᠰᠦᠯᠡᠨ᠂ ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠵᠠᠯᠠᠷᠠᠭᠤᠯᠪᠠ᠃ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ᠂ ᠲᠤᠰᠬᠠᠯ ᠢᠶᠠᠷ ᠴᠢᠩᠭ᠎ᠠ ᠵᠠᠬ᠎ᠠ ᠳᠡᠯᠭᠡᠭᠦᠷ ᠢ ᠬᠤᠳᠬᠤᠯᠳᠤᠭᠤᠯᠤᠭᠰᠠᠨ᠂ ᠬᠤᠳᠠᠯᠳᠤᠭᠠᠨ ᠤ ᠬᠡᠭᠡᠯᠢ ᠬᠠᠭ᠋ᠤᠤᠯᠢ᠂ ᠬᠤᠳᠠᠯ ᠬᠠᠭᠤᠷᠮᠠᠭ ᠤᠬᠠᠭᠤᠯᠭ᠎ᠠ ᠵᠢᠴᠢ ᠰᠦᠯᠵᠢᠶᠡᠨ ᠳᠤ ᠬᠤᠯᠪᠣᠭᠳᠠᠭᠰᠠᠨ ᠵᠦᠶ ᠪᠤᠰᠤ ᠥᠷᠢᠰᠥᠯᠳᠦᠭᠡᠨ ᠵᠡᠷᠭᠡ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠲᠥᠷᠥᠯ ᠤᠨ ᠵᠦᠶ ᠪᠤᠰᠤ ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ 37 ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠪᠠᠶᠢᠴᠠᠭᠠᠵᠤ᠂ 1 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃

    ᠭᠤᠷᠪᠠ ᠳᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠳᠦᠷᠢᠮ ᠤᠨ ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠪᠠ᠃ ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠵᠢᠴᠢ ᠭᠤᠣᠯᠴᠢ ᠦᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠤᠨ ᠮᠡᠳᠡᠭᠡ ᠵᠠᠩᠭᠢ ᠶᠢᠨ ᠨᠡᠪᠳᠡᠷᠡᠯᠴᠡᠯ ᠢ ᠴᠢᠩᠭᠠᠳᠬᠠᠵᠤ᠂ ᠨᠡᠮᠡᠭᠳᠡᠭᠰᠡᠨ ᠪᠢᠴᠢᠭ ᠮᠠᠲ᠋ᠧᠷᠢᠶᠠᠯ ᠢ ᠦᠪᠡᠷ ᠢᠶᠠᠨ ᠪᠠᠶᠢᠴᠠᠭᠠᠨ ᠲᠡᠭᠰᠢᠯᠡᠬᠦ ᠠᠵᠢᠯ ᠢ ᠭᠦᠨᠵᠡᠭᠡᠢ ᠦᠷᠨᠢᠭᠦᠯᠪᠡ᠃ ᠣᠲᠣ ᠪᠣᠯᠲᠠᠯ᠎ᠠ᠂ ᠲᠣᠰ ᠵᠢᠯ ᠳᠤ ᠨᠡᠶᠢᠲᠡ 29 ᠬᠤᠪᠢ ᠨᠡᠮᠡᠭᠳᠡᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠨ ᠪᠠᠶᠢᠴᠠᠭᠠᠵᠤ᠂ 6 ᠬᠤᠪᠢ ᠦᠯᠡᠳᠡᠪᠦᠷᠢ ᠪᠢᠴᠢᠭ ᠮᠠᠲ᠋ᠧᠷᠢᠶᠠᠯ ᠢ ᠢᠯᠭᠠᠷᠠᠭᠤᠯᠤᠨ ᠲᠡᠭᠰᠢᠯᠡᠪᠡ᠃ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠤᠭᠤᠴᠢᠨ ᠪᠠᠶᠢᠴᠠᠭᠠᠯᠲᠠ ᠶᠢ ᠲᠣᠳᠣᠷᠬᠠᠶᠢᠯᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠲᠤᠰᠬᠠᠯ ᠨᠡᠯᠢᠶᠡᠳ ᠴᠢᠩᠭ᠎ᠠ᠂ ᠠᠰᠠᠭᠤᠳᠠᠯ ᠨᠡᠯᠢᠶᠡᠳ ᠲᠥᠪᠯᠡᠷᠡᠩᠭᠦᠶ᠂ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠢᠶᠠᠨ ᠬᠡᠷᠡᠭᠯᠡᠵᠦ ᠥᠷᠢᠰᠥᠯᠳᠦᠭᠡᠨ ᠢ ᠬᠢᠵᠠᠭᠠᠷᠯᠠᠬᠤ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠭᠤᠤᠯᠴᠢ ᠥᠷᠢᠰᠥᠯᠳᠦᠭᠡᠨ ᠤ ᠦᠵᠡᠯ ᠤᠬᠠᠮᠰᠠᠷ ᠪᠠ ᠬᠢᠨᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠷᠬᠡ ᠲᠡᠭᠰᠢ ᠪᠠᠷ ᠥᠷᠢᠰᠦᠯᠳᠦᠬᠦ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠪᠠ᠃

 

ᠢᠷᠡᠯᠲᠡ᠄ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ