ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠠᠪᠰᠤᠷᠬᠤ᠂ ᠬᠠᠮᠢᠶᠠᠷᠬᠤ︾ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠬᠦ ᠰᠢᠨ᠎ᠡ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/8/9

    ᠣᠶᠢᠷ᠎ᠠ ᠳᠤ᠂ ᠲᠦᠩᠯᠢᠶᠣᠣ ᠬᠤᠲᠠ ᠶᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠤ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠦᠵᠡᠯ ᠰᠠᠨᠠᠭᠠᠨ ᠤ ᠦᠵᠡᠯᠲᠡ ᠶᠢ ᠬᠤᠪᠢᠷᠠᠭᠤᠯᠬᠤ᠂ ᠬᠠᠤᠯᠢ ᠬᠡᠷᠡᠭᠵᠢᠭᠦᠯᠬᠦ ᠣᠨᠣᠯᠵᠢᠬᠤᠨ ᠢ ᠬᠤᠪᠢᠷᠠᠭᠤᠯᠬᠤ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠪᠠᠨ ᠬᠤᠪᠢᠷᠠᠭᠤᠯᠬᠤ ᠠᠴᠠ ᠭᠠᠷᠳᠠᠵᠤ᠂ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ᠂ ᠭᠤᠷᠪᠠᠨ ᠭᠤᠭᠴᠤᠭ᠎ᠠ ᠶᠢᠨ ᠰᠢᠨ᠎ᠡ ᠶᠢ ᠡᠭᠦᠳᠬᠦ ᠳᠤ ᠪᠦᠬᠦ ᠬᠡᠯᠬᠢᠶ᠎ᠡ ᠶᠢᠨ ᠦᠢᠯᠡᠴᠢᠯᠡᠭᠡᠨ ᠤ ᠵᠣᠬᠢᠴᠠᠮᠵᠢ ᠪᠣᠯᠤᠨ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠦᠢᠯᠡᠴᠢᠯᠡᠭᠡ ᠶᠢ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠪᠠ᠃

    ᠳᠥᠷᠪᠡᠨ ᠵᠦᠢᠯ ᠤᠨ ᠵᠣᠬᠢᠴᠠᠮᠵᠢ — ᠬᠡᠷᠡᠭ ᠤᠨ ᠡᠮᠦᠨᠡᠬᠢ ︽ᠰᠤᠳᠠᠯ ᠪᠠᠷᠢᠬᠤ ᠬᠡᠯᠪᠡᠷᠢ︾ ᠶᠢᠨ ᠵᠢᠯᠣᠭᠤᠳᠤᠯᠭ᠎ᠠ ᠶᠢ ᠥᠷᠨᠢᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ᠂ ᠡᠮᠦᠨ᠎ᠡ ᠨᠢ ᠵᠢᠯᠣᠭᠤᠳᠬᠤ᠂ ᠤᠷᠢᠳ ᠢᠶᠠᠷ ᠦᠢᠯᠡᠴᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠶᠢ ᠪᠠᠷᠢᠮᠲᠠᠯᠠᠵᠤ᠂ ︽ᠠᠰᠠᠷᠠᠭᠴᠢ ᠬᠡᠯᠪᠡᠷᠢ︾ ᠶᠢ ᠪᠠᠶᠢᠩᠭᠤᠵᠢᠭᠤᠯᠤᠨ ᠨᠡᠪᠲᠡᠷᠡᠯᠴᠡᠭᠦᠯᠬᠦ᠂ ︽ᠢᠵᠢ ᠬᠡᠯᠪᠡᠷᠢ ︾ ᠵᠢᠨ‌ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ᠂ ︽ᠪᠡᠶ᠎ᠡ ᠶᠢᠨ ᠪᠠᠶᠢᠴᠠᠭᠠᠯᠲᠠ ᠶᠢᠨ ᠬᠡᠯᠪᠡᠷᠢ︾ ᠶᠢᠨ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ᠂ ︽ᠨᠢᠭᠡ ᠥᠷᠲᠡᠭᠡᠨ ᠤ ᠬᠡᠯᠪᠡᠷᠢ︾ ᠶᠢᠨ ᠠᠵᠤ ᠠᠬᠤᠶᠢᠯᠠᠯ ᠤᠨ ᠡᠷᠬᠡ ᠪᠠᠨ ᠬᠠᠮᠠᠭᠠᠯᠠᠬᠤ 4 ᠵᠦᠢᠯ ᠤᠨ ᠦᠢᠯᠡᠴᠢᠯᠡᠭᠡᠨ ᠤ ᠵᠣᠬᠢᠴᠠᠮᠵᠢ ᠶᠢ ᠰᠢᠨ᠎ᠡ ᠪᠠᠷ ᠡᠭᠦᠳᠦᠨ ᠲᠣᠭᠲᠠᠭᠠᠪᠠ᠃ ︽ᠵᠠᠭᠤᠨ ᠬᠥᠮᠦᠨ ᠵᠠᠭᠤᠨ ᠠᠵᠤ ᠠᠬᠤᠶᠢᠯᠠᠯ ᠢ ᠳᠠᠭᠠᠭᠠᠴᠢᠯᠠᠬᠤ︾᠂ ︽ᠬᠦᠷᠢᠶᠡᠯᠡᠩ ᠳᠤ ᠣᠷᠣᠵᠤ ᠠᠵᠤ ᠠᠬᠤᠶᠢᠯᠠᠯ ᠳᠤ ᠠᠰᠢᠭ ᠬᠦᠷᠲᠡᠭᠡᠬᠦ︾ ᠵᠡᠷᠭᠡ ᠬᠤᠳᠠᠯᠳᠤᠭ᠎ᠠ ᠡᠵᠡᠩᠨᠡᠬᠦ ᠣᠷᠴᠢᠨ ᠤ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠪᠠᠷ ᠭᠠᠷᠳᠠᠴᠠ ᠪᠣᠯᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠭᠰᠠᠨ ᠰᠠᠭᠤᠷᠢᠨ ᠳᠡᠭᠡᠷ᠎ᠡ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠥᠭᠵᠢᠯᠲᠡ᠂ ᠡᠷᠬᠡ ᠪᠠᠨ ᠬᠠᠮᠠᠭᠠᠯᠠᠬᠤ ᠲᠠᠪᠴᠠᠩ ᠢ ᠢᠳᠡᠪᠬᠢᠲᠡᠶ ᠪᠠᠶᠢᠭᠤᠯᠵᠤ᠂ ᠬᠢᠨᠠᠯᠲᠠ ᠬᠠᠮᠢᠶᠠᠷᠤᠯᠲᠠ ᠳᠤ ᠦᠢᠯᠡᠴᠢᠯᠡᠬᠦ ᠠᠴᠠ ᠡᠮᠦᠨ᠎ᠡ᠂ ᠬᠢᠨᠠᠯᠲᠠ ᠬᠠᠮᠢᠶᠠᠷᠤᠯᠲᠠ ᠶᠢ ᠲᠦᠭᠰᠢᠭᠦᠷᠢ ᠳᠤ ᠤᠴᠠᠷᠠᠬᠤ ᠠᠴᠠ ᠡᠮᠦᠨ᠎ᠡ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤᠮᠳᠠᠬᠢ ᠡᠪᠡᠷᠰᠢᠶᠡᠯ᠂ ᠬᠦᠴᠢᠷᠳᠡᠯ᠂ ᠲᠦᠭᠵᠢᠷᠡᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠳᠠᠯᠳᠠ ᠬᠠᠤᠯᠢ ᠠᠴᠠ ᠵᠥᠷᠢᠴᠡᠭᠰᠡᠨ ᠲᠦᠭᠰᠢᠭᠦᠷᠢ ᠶᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢ ᠳᠡᠮᠵᠢᠬᠦ ᠦᠢᠯᠡᠴᠢᠯᠡᠭᠡᠨ ᠤ ᠰᠠᠶᠢᠨ ᠰᠠᠶᠢᠬᠠᠨ ᠣᠷᠴᠢᠨ ᠤ ᠨᠥᠬᠦᠴᠡᠯ ᠢ ᠪᠣᠶ ᠪᠣᠯᠭᠠᠨ᠎ᠠ᠃

    ᠭᠤᠷᠪᠠᠨ ᠪᠠᠷᠢᠮᠲᠠᠯᠠᠬᠤ — ᠬᠡᠷᠡᠭ ᠤᠨ ᠳᠤᠮᠳᠠᠬᠢ ︽ᠬᠠᠨᠳᠤᠯᠭᠠᠲᠤ ᠬᠡᠯᠪᠡᠷᠢ︾ ᠶᠢᠨ ᠬᠠᠤᠯᠢ ᠬᠡᠷᠡᠭᠵᠢᠭᠦᠯᠦᠯᠲᠡ ᠶᠢ ᠥᠷᠨᠢᠭᠦᠯᠦᠨ᠎ᠡ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠶᠢ ᠰᠠᠶᠢᠲᠤᠷ ᠡᠵᠡᠮᠳᠡᠵᠦ᠂ ︽ᠬᠥᠩᠭᠡᠪᠲᠦᠷ ᠢ ᠰᠢᠢᠳᠬᠡᠯ ᠠᠴᠠ ᠬᠡᠯᠲᠦᠷᠢᠭᠦᠯᠬᠦ︾᠂ ︽ᠬᠦᠨᠳᠦ ᠶᠢ ᠴᠢᠩᠭ᠎ᠠ ᠰᠢᠢᠳᠭᠡᠬᠦ︾᠂ ︽ᠰᠢᠢᠳᠭᠡᠯ ᠢ ᠵᠣᠬᠢᠴᠠᠭᠤᠯᠬᠤ︾ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠠᠭᠤᠴᠢᠯᠠᠨ ᠰᠢᠢᠳᠭᠡᠬᠦ ᠪᠠ ᠴᠢᠩᠭ᠎ᠠ ᠰᠢᠢᠳᠭᠡᠬᠦ ᠶᠢ ᠬᠤᠣᠰᠯᠠᠭᠤᠯᠵᠤ᠂ ᠪᠠᠭ᠎ᠠ ᠳᠡᠭᠡᠷ᠎ᠡ ᠨᠢ ᠶᠡᠭᠡ ᠠᠰᠠᠭᠤᠳᠠᠯ ᠢ ᠤᠨᠢᠨ ᠳᠡᠭᠡᠷ᠎ᠡ ᠨᠢ ᠰᠢᠢᠳᠪᠦᠷᠢᠯᠡᠬᠦ ᠬᠡᠷᠡᠭᠲᠡᠢ᠃ ᠠᠩᠬ᠎ᠠ ᠤᠳᠠᠭ᠎ᠠ ᠬᠠᠤᠯᠢ ᠠᠴᠠ ᠵᠥᠷᠢᠴᠡᠭᠰᠡᠨ ᠪᠥᠭᠡᠳ ᠬᠤᠤᠷ ᠬᠥᠨᠥᠭᠡᠯ ᠤᠨ ᠦᠷ᠎ᠡ ᠳ᠋ᠦᠩ ᠨᠢ ᠬᠥᠩᠭᠡᠪᠲᠦᠷ ᠮᠦᠷᠲᠡᠬᠡᠨ ᠴᠠᠭ ᠲᠤᠬᠠᠶ ᠳᠤ ᠨᠢ ᠵᠠᠯᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠬᠥᠩᠭᠡᠨ ᠢᠶᠠᠷ ᠰᠢᠢᠳᠭᠡᠬᠦ᠂ ᠰᠢᠢᠳᠬᠡᠨ ᠲᠣᠷᠭᠠᠬᠤ ᠠᠴᠠ ᠬᠡᠯᠲᠦᠷᠢᠬᠦᠯᠦᠨ᠎ᠡ᠂ ᠢᠳᠡᠭᠡᠨ ᠤ ᠵᠦᠢᠯ ᠡᠮ ᠤᠨ ᠵᠦᠢᠯ᠂ ᠠᠶᠤᠯᠭᠦᠢ ᠦᠢᠯᠡᠳᠪᠦᠷᠢᠯᠡᠯ ᠵᠡᠷᠭᠡ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ᠂ ᠨᠡᠶᠢᠭᠡᠮ ᠳᠤ ᠮᠠᠭᠤ ᠨᠥᠯᠥᠭᠡ ᠭᠠᠷᠭᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠰ ᠰᠢᠭᠤᠷᠬᠠᠢ ᠪᠠᠷ ᠰᠢᠢᠳᠪᠦᠷᠢᠯᠡᠵᠦ᠂ ᠶᠠᠭᠠᠬᠢᠭᠰᠠᠨ ᠴᠤ ᠢᠯᠳᠠᠷ ᠬᠠᠶᠠᠬᠤ ᠦᠭᠡᠢ᠃ ᠡᠩ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠯᠳᠠᠭ᠎ᠠ ᠪᠤᠷᠤᠭᠤ ᠪᠠ ᠰᠢᠢᠳᠭᠡᠨ ᠲᠣᠷᠭᠠᠬᠤ ᠲᠤᠭ᠎ᠠ ᠬᠡᠮᠵᠢᠶ᠎ᠡ ᠶᠢ ᠬᠠᠷᠢᠯᠴᠠᠨ ᠵᠣᠬᠢᠴᠠᠭᠤᠯᠬᠤ ᠶᠢ ᠪᠠᠷᠢᠮᠲᠠᠯᠠᠵᠤ᠂ ᠴᠢᠯᠥᠭᠡᠲᠦ ᠲᠠᠰᠤᠯᠤᠯᠲᠠ ᠶᠢᠨ ᠡᠷᠬᠡ ᠶᠢ ᠴᠢᠩᠭ᠎ᠠ ᠰᠠᠶᠢᠲᠤᠷ ᠬᠡᠷᠡᠭᠯᠡᠵᠦ᠂ ᠠᠯᠳᠠᠭ᠎ᠠ ᠪᠤᠷᠤᠭᠤ ᠪᠠ ᠬᠠᠤᠯᠢ ᠶᠣᠰᠣ ᠶᠢ ᠬᠠᠷᠢᠯᠴᠠᠨ ᠠᠭᠤᠰᠤᠯᠴᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ︽ᠳᠤᠯᠠᠭᠠᠨ ᠪᠦᠯᠢᠶᠡᠨ ᠬᠠᠤᠯᠢ ᠬᠡᠷᠡᠭᠵᠢᠬᠦᠯᠦᠯᠲᠡ︾ ᠶᠢ ᠭᠦᠢᠴᠡᠳ ᠮᠡᠳᠡᠷᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠦᠨ᠎ᠡ᠃

    ᠬᠤᠶᠠᠷ ᠤᠷᠲᠤᠳᠬᠠᠯ — ᠬᠡᠷᠡᠭ ᠤᠨ ᠳᠠᠷᠠᠭᠠᠬᠢ ︽ᠡᠷᠡᠭᠦᠯᠵᠢᠯ ᠤᠨ ᠬᠡᠯᠪᠡᠷᠢ︾ ᠶᠢᠨ ᠬᠠᠷᠢᠭᠤ ᠰᠤᠷᠪᠤᠯᠵᠢᠯᠠᠭ᠎ᠠ ᠶᠢ ᠦᠷᠨᠢᠬᠦᠯᠦᠨ᠎ᠡ᠃ ︽ᠰᠤᠷᠪᠤᠯᠵᠢᠯᠠᠬᠤ ᠶᠣᠰᠣᠲᠠᠶ ᠶᠢ ᠨᠢ ᠴᠥᠮ ᠰᠤᠷᠪᠤᠯᠵᠢᠯᠠᠬᠤ᠂ ᠬᠡᠷᠡᠭᠴᠡᠭᠡ ᠪᠠᠷ ᠬᠡᠷᠡᠭᠵᠢᠭᠦᠯᠬᠦ᠂ ᠱᠠᠲᠤ ᠬᠤᠪᠢᠶᠠᠨ ᠲᠥᠷᠥᠯ ᠬᠤᠪᠢᠶᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠵᠠᠷᠴᠢᠮ ᠶᠣᠰᠣᠭᠠᠷ᠂ ᠬᠡᠷᠡᠭ ᠤᠨ ᠳᠠᠷᠠᠭᠠᠬᠢ ᠬᠠᠤᠯᠢ ᠬᠡᠷᠡᠭᠵᠢᠬᠦᠯᠦᠯᠲᠡ ᠶᠢᠨ ︽ᠬᠠᠷᠢᠭᠤ ᠰᠤᠷᠪᠤᠯᠵᠢᠯᠠᠬᠤ︾ ᠲᠦᠷᠢᠮ ᠢ ᠪᠠᠶᠢᠭᠤᠯᠵᠤ᠂ ᠬᠡᠷᠡᠭ ᠤᠨ ᠳᠠᠷᠠᠭᠠᠬᠢ ᠬᠠᠤᠯᠢ ᠬᠡᠷᠡᠭᠵᠢᠭᠦᠯᠬᠦ ᠶᠢ ᠤᠷᠲᠤᠳᠬᠠᠬᠤ ᠦᠢᠯᠡᠴᠢᠯᠡᠭᠡ ᠶᠢ ᠬᠢᠨᠠᠮᠠᠭᠠᠶ ᠰᠠᠶᠢᠲᠤᠷ ᠬᠢᠨ᠎ᠡ᠃ ᠰᠢᠢᠳᠭᠡᠭᠳᠡᠭᠰᠡᠨ ᠠᠵᠤ ᠠᠬᠤᠶᠢᠯᠠᠯ ᠳᠤ ᠮᠥᠷᠳᠡᠨ ᠰᠤᠷᠪᠤᠯᠵᠢᠯᠠᠭ᠎ᠠ ᠬᠢᠵᠦ᠂ ᠬᠠᠤᠯᠢ ᠠᠴᠠ ᠵᠥᠷᠢᠴᠡᠭᠰᠡᠨ ᠭᠤᠤᠯ ᠴᠣᠭᠴᠠ ᠶᠢ ᠬᠠᠪᠰᠤᠷᠤᠨ ᠵᠢᠯᠣᠭᠤᠳᠴᠤ ᠪᠠᠶᠢᠭᠠᠳ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠨ ᠣᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠡ᠃ ᠬᠠᠷᠢᠯᠴᠠᠭ᠎ᠠ ᠠᠯᠳᠠᠭᠰᠠᠨ ᠠᠴᠠ ᠪᠤᠯᠵᠤ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠮᠠᠯᠠᠯᠲᠠ ᠶᠢᠨ ᠳᠤᠲᠠᠭᠳᠠᠯ ᠢ ᠠᠭᠤᠴᠢᠯᠠᠨ ᠪᠠᠭᠲᠠᠭᠠᠬᠤ ᠪᠠ ᠠᠮᠠᠯᠠᠯᠲᠠ ᠬᠢᠵᠦ ᠦᠯᠣ ᠪᠠᠶᠢᠴᠠᠭᠠᠬᠤ ᠶᠢ ᠬᠡᠷᠡᠭᠵᠢᠭᠦᠯᠬᠦ ᠶᠢᠨ ᠬᠠᠮᠲᠤ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ ᠪᠣᠯᠤᠨ ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ ︵ᠰᠠᠨᠠᠭᠤᠯᠤᠮᠵᠢ ᠶᠢᠨ ᠵᠠᠬᠢᠳᠠᠯ︶ ᠤᠨ ︽ᠬᠤᠶᠠᠷ ᠪᠢᠴᠢᠭ ᠢ ᠵᠡᠷᠭᠡ ᠪᠠᠷ ᠬᠦᠷᠭᠡᠬᠦ︾ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠰᠢᠢᠳᠬᠡᠯ ᠢ ᠣᠯᠤᠭᠰᠠᠨ ᠠᠵᠤ ᠠᠬᠤᠶᠢᠯᠠᠯ ᠳᠤ ᠬᠠᠮᠤᠭ ᠤᠨ ᠲᠡᠷᠢᠭᠦᠨ ᠳᠤ ᠢᠲᠡᠭᠡᠮᠵᠢ ᠶᠢ ᠰᠡᠷᠭᠦᠭᠡᠬᠦ ᠪᠠᠷᠢᠮᠵᠢᠶ᠎ᠠ᠂ ᠠᠷᠭ᠎ᠠ ᠵᠠᠮ ᠢ ᠲᠣᠳᠣᠷᠬᠠᠶᠢᠯᠠᠵᠤ᠂ ᠬᠠᠤᠯᠢ ᠬᠡᠷᠡᠭᠵᠢᠭᠦᠯᠦᠭᠰᠡᠨ ᠤ ᠳᠠᠷᠠᠭᠠᠬᠢ ᠠᠵᠢᠯ ᠢ ᠰᠠᠶᠢᠲᠤᠷ ᠬᠢᠵᠦ᠂ ︽ᠨᠢᠭᠡ ᠲᠣᠷᠭᠠᠭᠰᠠᠨ ᠠᠴᠠ ᠪᠦᠬᠦᠨ ᠢ ᠳᠠᠭᠤᠰᠬᠠᠴᠢᠬᠠᠬᠤ︾ ᠠᠴᠠ ᠵᠠᠶᠢᠯᠠᠰᠬᠢᠨ᠎ᠡ᠃

 

ᠢᠷᠡᠯᠲᠡ᠄ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ