ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠬᠤᠶᠠᠷ ᠪᠢᠴᠢᠭ ᠢ ᠬᠠᠮᠲᠤ ᠳᠤᠨᠢ ᠬᠦᠷᠭᠡᠬᠦ︾ ᠠᠵᠢᠯᠯᠠᠭ᠎ᠠ ᠨᠢ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2023/9/11

    ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ ᠬᠢᠭᠡᠳ ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ ᠤᠨ ︽ᠬᠤᠶᠠᠷ ᠪᠢᠴᠢᠭ ᠢ ᠬᠠᠮᠲᠤ ᠳᠤᠨᠢ ᠬᠦᠷᠭᠡᠬᠦ︾ ᠠᠵᠢᠯ ᠤᠨ ᠲᠣᠭᠲᠠᠴᠠ ᠶᠢ ᠰᠢᠨ᠎ᠡ ᠪᠠᠷ ᠪᠠᠶᠢᠭᠤᠯᠪᠠ᠃

    ︽ᠬᠤᠶᠠᠷ ᠪᠢᠴᠢᠭ ᠢ ᠬᠠᠮᠲᠤ ᠳᠤᠨᠢ ᠬᠦᠷᠭᠡᠬᠦ︾ ᠲᠣᠭᠲᠠᠴᠠ ᠶᠢᠨ ᠦᠢᠯᠡᠴᠢᠯᠡᠬᠦ ᠡᠲᠡᠭᠡᠳ ᠪᠣᠯ ᠪᠥᠬᠦ ᠠᠶᠢᠮᠠᠭ ᠤᠨ ᠬᠡᠪᠴᠢᠶᠡᠨ ᠳᠤ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠠᠴᠠ ᠪᠣᠯᠵᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠰᠢᠢᠳᠭᠡᠯ ᠥᠭᠬᠦ ᠲᠣᠭᠲᠠᠭᠠᠯ ᠭᠠᠷᠭᠠᠭᠰᠠᠨ ᠮᠥᠷᠲᠡᠭᠡᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠢᠯᠡ ᠨᠡᠶᠢᠳᠡᠯᠡᠭᠰᠡᠨ ᠡᠵᠡᠩᠨᠡᠯᠲᠡ ᠶᠢᠨ ᠭᠤᠣᠯ ᠴᠣᠭᠴᠠ ︵ᠲᠥᠬᠦᠮ ᠶᠠᠪᠣᠴᠠ ᠪᠠᠷ ᠳᠡᠮᠵᠢᠨ ᠭᠠᠷᠭᠠᠭᠰᠠᠨ ᠵᠠᠰᠠᠭ ᠵᠠᠬᠢᠷᠭᠠᠨ ᠤ ᠰᠢᠢᠳᠭᠡᠯ ᠵᠢᠴᠢ ᠵᠥᠪᠬᠡᠨ ᠰᠡᠷᠡᠮᠵᠢ ᠥᠭᠬᠦ᠂ ᠵᠠᠷᠯᠠᠨ ᠰᠢᠭᠦᠮᠵᠢᠯᠡᠭᠳᠡᠬᠦ ᠵᠠᠰᠠᠭ ᠵᠠᠬᠢᠷᠭᠠᠨ ᠤ ᠰᠢᠢᠳᠭᠡᠯ ᠪᠠᠭᠲᠠᠬᠤ ᠦᠭᠡᠢ︶ ᠪᠣᠯᠣᠨ᠎ᠠ᠃ ︽ᠬᠡᠨ ᠰᠢᠢᠳᠭᠡᠪᠡᠯ ᠬᠡᠨ ᠮᠡᠳᠡᠭᠳᠡᠬᠦ︾ ᠵᠠᠷᠴᠢᠮ ᠤᠨ ᠶᠣᠰᠣᠭᠠᠷ᠂ ᠠᠶᠢᠮᠠᠭ᠂ ᠬᠤᠰᠢᠭᠤ ︵ᠲᠣᠭᠤᠷᠢᠭ︶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠣᠭᠲᠠᠭᠠᠯ ᠭᠠᠷᠭᠠᠭᠰᠠᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ ᠢ ᠬᠦᠷᠭᠡᠬᠦ  ᠶᠢᠨ ᠲᠠᠭᠤ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠢᠯᠡ ᠨᠡᠶᠢᠲᠡᠯᠡᠭᠰᠡᠨ ᠮᠡᠳᠡᠭᠡ ᠵᠠᠩᠭᠢ ᠶᠢᠨ ᠢᠲᠡᠭᠡᠮᠵᠢ ᠶᠢ ᠰᠡᠷᠭᠦᠭᠡᠬᠦ ᠶᠢ ᠮᠡᠳᠡᠭᠳᠡᠬᠦ ᠠᠵᠢᠯ ᠢ ᠬᠠᠮᠳᠣ ᠳᠤ ᠨᠢ ᠰᠠᠶᠢᠲᠤᠷ ᠬᠢᠵᠦ᠂ ᠰᠢᠢᠳᠭᠡᠯ ᠣᠯᠣᠭᠰᠠᠨ ᠡᠵᠡᠩᠨᠡᠯᠲᠡ ᠶᠢᠨ ᠭᠤᠣᠯ ᠴᠣᠭᠴᠠ ᠳᠤ ︽ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠶᠢᠨ ᠢᠲᠡᠭᠡᠮᠵᠢ ᠶᠢ ᠰᠡᠷᠭᠦᠭᠡᠬᠦ ᠶᠢ ᠮᠡᠳᠡᠭᠳᠡᠬᠦ ᠪᠢᠴᠢᠭ︾ ᠢ ᠬᠦᠷᠭᠡᠨ ᠥᠭᠴᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠢᠯᠣᠭᠤᠳᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠢᠲᠡᠭᠡᠮᠵᠢ ᠶᠢ ᠰᠡᠷᠭᠦᠭᠡᠨ᠎ᠡ᠃ ︽ᠵᠠᠰᠠᠭ ᠵᠠᠬᠢᠷᠭᠠᠨ ᠤ ᠰᠢᠢᠳᠭᠡᠯ ᠤᠨ ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ︾ ᠳᠤ ᠭᠤᠣᠯᠳᠠᠭᠤ᠂ ᠵᠠᠰᠠᠭ ᠵᠠᠬᠢᠷᠭᠠᠨ ᠤ ᠰᠢᠢᠳᠭᠡᠯ ᠤᠨ ᠮᠡᠳᠡᠭᠡ ᠵᠠᠩᠭᠢ ᠶᠢ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠬᠦ ᠠᠷᠭ᠎ᠠ ᠵᠠᠮ᠂ ᠵᠠᠰᠠᠭ ᠵᠠᠬᠢᠷᠭᠠᠨ ᠤ ᠰᠢᠢᠳᠭᠡᠯ ᠤᠨ ᠮᠡᠳᠡᠭᠡ ᠵᠠᠩᠭᠢ ᠶᠢᠨ ᠰᠠᠨᠠᠭᠤᠯᠤᠮᠵᠢ ᠶᠢ ᠵᠠᠷᠯᠠᠨ ᠨᠡᠶᠢᠲᠡᠯᠡᠬᠦ ᠶᠢ ᠤᠷᠢᠳᠴᠢᠯᠠᠨ ᠵᠣᠭᠰᠣᠭᠠᠬᠠᠣ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠬᠤᠭᠤᠴᠠᠭ᠎ᠠ ᠶᠢᠨ ᠬᠢᠵᠠᠭᠠᠷ ᠵᠢᠴᠢ ᠢᠲᠡᠭᠡᠮᠵᠢ ᠶᠢ ᠰᠡᠷᠭᠦᠭᠡᠬᠦ ᠨᠥᠬᠦᠴᠡᠯ ᠵᠡᠷᠭᠡ ᠪᠠᠭᠳᠠᠨ᠎ᠠ᠃

    ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ ᠬᠢᠭᠡᠳ ᠢᠳᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ ᠂ ︽ᠬᠤᠶᠠᠷ ᠪᠢᠴᠢᠭ ᠢ ᠬᠠᠮᠲᠤ ᠳᠤᠨᠢ ᠬᠦᠷᠭᠡᠬᠦ︾ ᠠᠵᠢᠯ ᠤᠨ ᠲᠣᠭᠲᠠᠴᠠ ᠶᠢ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠴᠠᠭ ᠲᠤᠬᠠᠢ ᠳᠤᠨᠢ ᠢᠲᠡᠭᠡᠮᠵᠢ ᠶᠢᠨ ᠰᠡᠷᠭᠦᠭᠡᠯᠲᠡ ᠬᠢᠬᠦ ᠶᠢ ᠵᠢᠯᠤᠭᠤᠳᠬᠤ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠰᠠᠭ ᠵᠠᠬᠢᠷᠭᠠᠨ ᠤ ᠰᠢᠢᠳᠭᠡᠯ ᠠᠴᠠ ᠪᠣᠯᠤᠭᠰᠠᠨ ᠮᠠᠭᠤ ᠨᠥᠯᠥᠭᠡ ᠶᠢ ᠴᠠᠭ ᠲᠤᠬᠠᠢ ᠳᠤᠨᠢ ᠠᠷᠢᠯᠭᠠᠵᠤ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠳᠤ ᠠᠰᠢᠭᠲᠠᠢ ᠶᠤᠮ᠃

 

ᠢᠷᠡᠯᠲᠡ᠄ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ