ᠰᠢᠯᠢ ᠶᠢᠨ ᠭᠤᠣᠯ ᠠᠶᠢᠮᠠᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ︽ᠭᠡᠷᠡᠴᠢ ᠦᠨᠡᠮᠯᠡᠯ ᠢ ᠬᠠᠮᠳᠤᠷᠠᠨ ᠰᠢᠢᠳᠪᠦᠷᠢᠯᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/9/8

    ︽ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ︵2023 — 2025 ᠣᠨ︶︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠰᠢᠯᠢ ᠶᠢᠨ ᠭᠤᠣᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠤ ᠵᠥᠪᠰᠢᠶᠡᠷᠡᠨ ᠣᠷᠣᠭᠤᠯᠵᠤ ᠡᠵᠡᠩᠨᠡᠯᠲᠡ ᠳᠤ ᠣᠷᠣᠭᠤᠯᠬᠤ ᠶᠢ ᠵᠥᠪᠰᠢᠶᠡᠷᠡᠬᠦ ︿ᠭᠡᠷᠡᠴᠢ ᠦᠨᠡᠮᠯᠡᠯ ᠢ ᠬᠠᠮᠲᠤᠷᠠᠨ ᠰᠢᠢᠳᠪᠦᠷᠢᠯᠡᠬᠦ﹀ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠨᠢᠭᠡ ᠤᠴᠢᠷ ᠢ ᠨᠢᠭᠡ ᠤᠳᠠᠭ᠎ᠠ ᠳᠤ ᠭᠦᠢᠴᠡᠳᠬᠡᠬᠦ︾ ᠶᠢ ᠬᠡᠷᠡᠭᠵᠢᠭᠦᠯᠪᠡ᠃ 8 ᠳ᠋ᠤᠭᠠᠷ ᠰᠠᠷ᠎ᠠ ᠶᠢᠨ 23 ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠯᠢ ᠶᠢᠨ ᠭᠤᠣᠯ ᠠᠶᠢᠮᠠᠭ ᠤᠨ ᠠᠩᠬᠠᠳᠠᠭᠴᠢ ︽ᠭᠡᠷᠡᠴᠢ ᠦᠨᠡᠮᠯᠡᠯ ᠢ ᠬᠠᠮᠲᠤᠷᠠᠨ ᠰᠢᠢᠳᠪᠦᠷᠢᠯᠡᠬᠦ︾ ᠵᠦᠢᠯᠡᠰ ᠢ ᠭᠦᠢᠴᠡᠳᠬᠡᠵᠦ᠂ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠪᠡ᠃

    ᠨᠢᠭᠡ ᠳᠤ᠂ ᠬᠠᠮᠲᠤᠷᠠᠨ ᠭᠦᠢᠴᠡᠳᠬᠡᠬᠦ ᠢᠵᠢ ᠦᠢᠯᠡᠴᠢᠯᠡᠭᠡ ᠶᠢ ᠲᠣᠬᠢᠷᠠᠭᠤᠯᠤᠨ ᠳᠡᠩᠰᠡᠯᠡᠵᠦ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠪᠡᠶᠡᠯᠡᠭᠦᠯᠪᠡ᠃ ᠪᠥᠬᠦ ᠠᠶᠢᠮᠠᠭ ᠤᠨ ᠬᠡᠪᠴᠢᠶᠡᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯᠲᠠ ᠪᠠ ᠢᠳᠡᠭᠡᠨ᠂ ᠢᠳᠡᠭᠡᠨ ᠤᠮᠳᠠᠭᠠᠨ᠂ ᠡᠮ ᠤᠨ ᠪᠠᠭᠠᠵᠢ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠡᠷᠭᠡ 12 ᠲᠥᠷᠥᠯ ᠤᠨ ᠵᠥᠪᠰᠢᠶᠡᠷᠡᠯ ᠳᠤ ︽1+N︾ ᠢᠵᠢ ᠦᠢᠯᠡᠴᠢᠯᠡᠭᠡᠨ ᠤ ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠵᠦ᠂ ᠵᠥᠪᠰᠢᠶᠡᠷᠡᠨ ᠣᠷᠣᠭᠤᠯᠬᠤ ᠡᠵᠡᠩᠨᠡᠯᠲᠡ ᠶᠢᠨ ᠵᠥᠪᠰᠢᠶᠡᠷᠡᠯ ᠢ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠪᠡᠶᠡᠯᠡᠭᠦᠯᠪᠡ᠃ ᠲᠤᠬᠠᠶᠢᠯᠠᠪᠠᠯ ᠭᠤᠶᠤᠴᠢᠯᠠᠭᠴᠢ ᠪᠡᠶ᠎ᠡ ᠪᠠᠨ ᠳᠠᠭᠠᠭᠠᠨ ︽1+N︾  ᠭᠡᠷᠡᠴᠢ ᠦᠨᠡᠮᠯᠡᠯ ᠢ ᠬᠠᠮᠲᠤᠷᠠᠨ ᠭᠦᠢᠴᠡᠳᠭᠡᠬᠦ ᠢᠵᠢ ᠦᠢᠯᠡᠴᠢᠯᠡᠭᠡ ᠶᠢ ᠰᠣᠩᠭᠤᠬᠤ ᠳᠤ᠂ ᠨᠢᠭᠡ ᠯᠡ ᠤᠳᠠᠭ᠎ᠠ ᠭᠤᠶᠤᠴᠢᠯᠠᠵᠤ᠂ ᠨᠢᠭᠡ ᠬᠤᠪᠢ ᠮᠠᠲ᠋ᠧᠷᠢᠶᠠᠯ ᠲᠤᠰᠢᠶᠠᠪᠠᠯ ᠳᠠᠷᠤᠢ ᠳᠡᠩᠰᠡᠯᠡᠨ ᠲᠡᠮᠳᠡᠭᠯᠡᠬᠦ ᠪᠠ ᠡᠵᠡᠩᠨᠡᠯᠲᠡ ᠶᠢᠨ ᠵᠥᠪᠰᠢᠶᠡᠷᠡᠯ ᠢ ᠪᠡᠶᠡᠯᠡᠭᠦᠯᠵᠦ᠂ ︽ᠨᠢᠭᠡ ᠯᠡ ᠴᠤᠩᠬᠤᠪᠴᠢ᠂ ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠶᠢ ᠦᠨᠡᠨ ᠬᠦ ᠪᠡᠶᠡᠯᠡᠭᠦᠯᠵᠦ᠂ ᠭᠤᠶᠤᠴᠢᠯᠠᠭᠴᠢ ᠶᠢᠨ ᠭᠦᠶᠦᠬᠦ ᠤᠳᠠᠭ᠎ᠠ ᠶᠢ ᠪᠠᠭᠠᠰᠬᠠᠨ᠂ ᠡᠵᠡᠩᠨᠡᠯᠲᠡ ᠶᠢᠨ ᠭᠤᠣᠯ ᠴᠣᠭᠴᠠ ᠶᠢᠨ ᠨᠡᠭᠡᠭᠡᠨ ᠡᠷᠭᠢᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠪᠦᠲᠦᠮᠵᠢᠲᠡᠶ ᠲᠡᠭᠡᠭᠰᠢᠯᠡᠭᠦᠯᠵᠡᠢ᠃

    ᠬᠤᠶᠠᠷ ᠲᠤ᠂ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ ᠡᠵᠩᠨᠡᠯᠳᠡ ᠶᠢ ᠵᠦᠪᠰᠢᠶᠡᠷᠡᠬᠦ ᠦᠢᠯᠡᠴᠢᠯᠡᠭᠡᠨ ᠤ ᠴᠢᠳᠠᠪᠬᠢ ᠶᠢ ᠲᠡᠭᠡᠭᠰᠢᠯᠡᠭᠦᠯᠵᠡᠢ᠃ ᠰᠢᠯᠢ ᠶᠢᠨ ᠭᠤᠣᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠪᠠᠶᠢᠭᠤᠯᠭ᠎ᠠ ᠶᠢᠨ ᠳᠣᠲᠣᠭᠠᠳᠤ ᠶᠢᠨ ᠴᠤᠪᠤᠷᠠᠯ ᠢ ᠵᠢᠷᠤᠮᠵᠢᠭᠤᠯᠬᠤ ᠠᠴᠠ ᠭᠠᠷᠳᠠᠵᠤ᠂ ᠤᠤᠯ ᠨᠢ ᠣᠯᠠᠨ ᠲᠦᠮᠡᠨ ᠢ ᠭᠦᠶᠦᠯᠭᠡᠬᠦ ᠴᠢᠬᠤᠯᠠᠲᠠᠢ ᠪᠠᠶᠢᠭᠰᠠᠨ ᠭᠠᠳᠠᠭᠠᠳᠤ ᠬᠤᠯᠪᠣᠭ᠎ᠠ ᠶᠢᠨ ᠴᠤᠪᠤᠷᠠᠯ ᠢ ᠠᠵᠢᠯᠲᠠᠨ ᠤ ᠭᠦᠶᠦᠯᠭᠡᠬᠦ ᠳᠣᠲᠣᠭᠠᠳᠤ ᠶᠢᠨ ᠬᠤᠯᠪᠣᠭ᠎ᠠ ᠶᠢᠨ ᠴᠤᠪᠤᠷᠠᠯ ᠢᠶᠠᠷ ᠲᠣᠬᠢᠷᠠᠭᠤᠯᠵᠤ᠂ ᠭᠤᠶᠤᠴᠢᠯᠠᠭᠴᠢ ᠶᠢᠨ ᠪᠦᠷᠢᠳᠬᠡᠨ ᠳᠠᠩᠰᠠᠯᠠᠬᠤ ᠪᠠ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠵᠡᠷᠭᠡ ᠪᠠᠷ ᠭᠤᠶᠤᠴᠢᠯᠠᠬᠤ ᠶᠢ ᠵᠤᠷᠢᠭᠵᠢᠭᠤᠯᠪᠠ᠃ ᠡᠵᠡᠩᠨᠡᠯᠲᠡ ᠶᠢᠨ ᠦᠨᠡᠮᠯᠡᠯ ᠪᠠ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ ᠠᠳᠠᠯᠢ ᠨᠢᠭᠡᠨ ᠬᠢᠨᠠᠨ ᠵᠥᠪᠰᠢᠶᠡᠷᠡᠬᠦ ᠲᠠᠰ ᠳᠠᠪᠬᠤᠷᠭ᠎ᠠ ᠳᠤ ᠪᠠᠶᠢᠬᠤ ᠦᠭᠡᠢ ᠪᠠᠶᠢᠪᠠᠯ᠂ ᠠᠶᠢᠮᠠᠭ ᠤᠨ ᠲᠣᠰ ᠱᠠᠲᠤᠨ ᠤ ᠴᠤᠩᠬᠤᠪᠴᠢ ᠠᠴᠠ ᠳᠡᠭᠡᠳᠦ ᠳᠣᠣᠷᠠᠳᠤ ᠱᠠᠲᠤᠨ ᠤ ᠬᠠᠮᠲᠤᠷᠠᠨ ᠬᠢᠨᠠᠵᠤ ᠬᠠᠮᠲᠤᠷᠠᠨ ᠭᠦᠢᠴᠡᠳᠬᠡᠬᠦ ᠶᠢ ᠨᠢᠭᠡᠳᠦᠯᠲᠡᠢ ᠵᠣᠬᠢᠴᠠᠭᠤᠯᠵᠤ᠂ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠶᠢ ᠬᠢᠨᠠᠨ ᠵᠥᠪᠰᠢᠶᠡᠷᠡᠬᠦ ᠲᠠᠰ ᠠᠯᠤᠰᠯᠠᠨ ᠭᠦᠢᠴᠡᠳᠬᠡᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠵᠥᠪᠰᠢᠶᠡᠷᠡᠯ ᠳᠤ ᠬᠤᠯᠪᠣᠭᠳᠠᠭᠰᠠᠨ ᠣᠯᠠᠨ ᠵᠦᠢᠯ ᠢ ᠣᠯᠠᠨ ᠤᠳᠠᠭ᠎ᠠ ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠬᠤ᠂ ᠬᠢᠨᠠᠨ ᠲᠣᠭᠲᠠᠭᠠᠬᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠢᠬᠤᠯᠠᠲᠠᠢ ᠪᠠᠶᠢᠪᠠᠯ᠂ ᠠᠳᠠᠯᠢ ᠪᠤᠰᠤ ᠪᠠᠶᠢᠭᠤᠯᠤᠮᠵᠢ ᠪᠤᠶᠤ ᠠᠵᠢᠯᠲᠠᠨ ᠢ ᠵᠣᠬᠢᠶᠠᠨ ᠪᠠᠶᠢᠭᠤᠯᠤᠨ ᠬᠠᠮᠲᠤ ᠳᠤᠨᠢ ᠲᠠᠯᠠᠪᠠᠶ ᠳᠤ ᠣᠷᠣᠭᠤᠯᠵᠤ᠂ ᠨᠢᠭᠡ ᠤᠳᠠᠭ᠎ᠠ ᠳᠤ ᠬᠢᠨᠠᠨ ᠪᠠᠶᠢᠴᠠᠭᠠᠬᠤ ᠶᠢ ᠪᠡᠶᠡᠯᠡᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢ ᠬᠠᠷᠰᠢᠯᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃

    ᠭᠤᠷᠪᠠ ᠳᠤ᠂ ︽ᠬᠤᠶᠠᠷ ᠰᠢᠯᠢᠳᠡᠭ︾ ᠤᠨ ᠠᠵᠢᠯᠯᠠᠭ᠎ᠠ ᠶᠢ ᠥᠷᠨᠢᠭᠦᠯᠵᠦ᠂ ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ ᠳᠤ ᠨᠠᠩ ᠳᠥᠭᠦᠮ ᠳᠥᠲᠡ ᠪᠤᠯᠭᠠᠪᠠ᠃ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ ᠵᠠᠰᠠᠭ ᠵᠠᠬᠢᠷᠭᠠᠨ ᠤ ᠵᠥᠪᠰᠢᠶᠡᠷᠡᠯ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠥᠭᠵᠢᠯᠲᠡ ᠯᠦᠭᠡ ᠠᠭᠤᠰᠤᠯᠴᠠᠭᠤᠯᠤᠨ ᠦᠷᠨᠢᠭᠦᠯᠪᠡ᠃ ᠣᠳᠣᠬᠠᠨ ᠳᠤ ᠰᠢᠯᠢ ᠶᠢᠨ ᠭᠤᠣᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠳᠣᠷᠣᠭᠰᠢ ᠪᠠᠭᠤᠯᠭᠠᠭᠰᠠᠨ 25 ᠵᠦᠢᠯ ᠤᠨ ᠨᠠᠶᠢᠳᠠᠯᠭ᠎ᠠ ᠶᠢᠨ ᠵᠦᠢᠯᠡᠰ ᠢ ᠳᠠᠭᠠᠭᠠᠨ ᠠᠪᠴᠤ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠰᠢᠭᠤ ᠰᠢᠶᠠᠨ ᠤ ᠲᠣᠪᠴᠢᠶ᠎ᠠ ᠳᠤ 22 ᠵᠦᠢᠯ ᠤᠨ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠵᠤ᠂ ︽ᠭᠥᠯᠢᠶᠡᠨ ᠠᠪᠬᠤ ᠶᠣᠰᠣᠲᠠᠢ ᠶᠢ ᠨᠢ ᠴᠥᠮ ᠭᠥᠯᠢᠶᠡᠨ ᠠᠪᠴᠤ᠂ ᠪᠠᠭᠤᠯᠭᠠᠬᠤ ᠶᠣᠰᠣᠲᠠᠢ ᠶᠢ ᠨᠢ ᠴᠥᠮ  ᠪᠠᠭᠤᠯᠭᠠᠬᠤ ︾ ᠶᠢᠨ ᠬᠠᠮᠲᠤ ᠠᠶᠢᠮᠠᠭ ᠤᠨ ᠲᠣᠪᠴᠢᠶ᠎ᠠ ᠶᠢᠨ ᠲᠠᠰ ᠳᠠᠪᠬᠤᠷᠭ᠎ᠠ ᠶᠢᠨ 115 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠢᠨ᠎ᠡ ᠪᠠᠷ ᠡᠮᠬᠢᠯᠡᠨ ᠳᠢᠭᠯᠡᠵᠦ᠂ ᠴᠤᠪᠤᠷᠠᠯ ᠢ ᠰᠢᠯᠢᠳᠡᠭᠵᠢᠭᠦᠯᠦᠨ᠂ 115 ᠵᠦᠢᠯ ᠤᠨ ᠵᠦᠢᠯᠡᠰ ᠲᠤ ︽ᠭᠤᠷᠪᠠ ᠶᠢ ᠬᠠᠰᠤᠬᠤ︾ ᠶᠢ ᠬᠠᠮᠤᠭ‌‍ᠤᠨ ᠶᠡᠭᠡ ᠬᠡᠮᠵᠢᠶ᠎ᠡ ᠪᠠᠷ ᠪᠡᠶᠡᠯᠡᠭᠦᠯᠪᠡ᠃ ᠡᠭᠦᠨ ᠤ ᠳᠣᠲᠣᠷ᠎ᠠ ᠴᠣᠮᠬᠠᠳᠬᠠᠭᠰᠠᠨ ᠮᠠᠲ᠋ᠧᠷᠢᠶᠠᠯ 122 ︵688 ᠪᠠᠶᠢᠭᠰᠠᠨ ᠠᠴᠠ 566 ᠪᠣᠯᠭᠠᠨ ᠪᠠᠭᠠᠰᠬᠠᠪᠠ︶᠂ ᠴᠣᠮᠬᠠᠳᠬᠠᠭᠰᠠᠨ ᠬᠠᠷᠢᠴᠠᠯ ᠨᠢ 17.73%ᠪᠣᠯᠪᠠ︔ ᠮᠠᠲ᠋ᠧᠷᠢᠶᠠᠯ ᠭᠤᠭᠴᠤᠭ᠎ᠠ 70 ︵376 ᠪᠠᠶᠢᠭᠰᠠᠨ ᠠᠴᠠ 306 ᠪᠣᠯᠭᠠᠨ ᠪᠠᠭᠠᠰᠬᠠᠪᠠ︶᠂ ᠴᠣᠮᠬᠠᠳᠬᠠᠭᠰᠠᠨ ᠬᠠᠷᠢᠴᠠᠯ ᠢ 18.62% ᠪᠠᠶᠢᠯᠭᠠᠪᠠ︔ ᠪᠠᠭᠠᠰᠬᠠᠭᠰᠠᠨ ᠴᠠᠭ 1407 ᠡᠳᠦᠷ ︵1684 ᠡᠳᠦᠷ ᠪᠠᠶᠢᠭᠰᠠᠨ ᠠᠴᠠ 277 ᠡᠳᠦᠷ ᠪᠣᠯᠭᠠᠨ ᠪᠠᠭᠠᠰᠬᠠᠪᠠ︶ ᠂  ᠪᠠᠭᠠᠰᠬᠠᠭᠰᠠᠨ ᠬᠠᠷᠢᠴᠠᠯ ᠨᠢ 83.55% ᠪᠠᠶᠢᠵᠤ᠂ ᠶᠡᠷᠦᠩᠬᠡᠢ ᠰᠢᠯᠢᠳᠡᠭᠵᠢᠭᠦᠯᠦᠭᠰᠡᠨ ᠬᠠᠷᠢᠴᠠᠯ ᠨᠢ 100% ᠳᠤ ᠬᠥᠷᠪᠡ᠃

 

ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ