ᠪᠠᠶᠢᠭᠤᠯᠤᠮᠵᠢ ᠶᠢᠨ ᠡᠭᠦᠷᠭᠡ ᠴᠢᠳᠠᠪᠤᠷᠢ
ᠨᠡᠶᠢᠲᠡᠯᠡᠭᠰᠡᠨ ᠴᠠᠭ᠄
2024/1/18

  ᠨᠢᠭᠡᠳᠦᠭᠡᠷ ᠵᠤᠷᠪᠤᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃

  ᠬᠤᠶᠠᠳᠤᠭᠠᠷ ᠵᠤᠷᠪᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠤᠮᠵᠢ ᠂ ᠲᠢᠩᠬᠢᠮ ᠤᠨ ᠲᠠᠰ ᠤᠨ ᠨᠢᠭᠡᠴᠢ ᠪᠠᠶᠢᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃

  ᠭᠤᠷᠪᠠᠳᠤᠭᠠᠷ ᠵᠤᠷᠪᠤᠰ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠤᠭᠳᠠᠯ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠲᠣᠭᠤᠰᠢᠯᠠᠭᠤᠯᠣᠨ ᠨᠠᠶᠢᠳᠠᠪᠦᠷᠢᠵᠢᠭᠤᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃

  

  ᠭᠤᠣᠯ ᠡᠭᠦᠷᠭᠡ ᠬᠠᠷᠢᠭᠤᠴᠠᠯᠭ᠎ᠠ᠄

  ︵ᠨᠢᠭᠡ︶ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠣᠯᠤᠨ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠶ᠂ ᠡᠷᠬᠡ ᠲᠡᠭᠰᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠤ ᠨᠥᠬᠦᠴᠡᠯ ᠢ ᠪᠤᠢ ᠪᠣᠯᠭᠠᠨ᠎ᠠ᠃

  ︵ᠬᠤᠶᠠᠷ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠢᠭᠡᠳᠦᠯᠲᠡᠶ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠᠵᠢᠯ ᠪᠠ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭᠠᠳᠤ ︵ᠭᠠᠵᠠᠷ ᠣᠷᠣᠨ︶ ᠶᠢᠨ ᠠᠵᠤ ᠠᠬᠤᠶᠢᠯᠠᠯ ᠤᠨ ᠪᠠᠶᠢᠩᠭᠤ ᠰᠠᠭᠤᠭ᠎ᠠ ᠲᠦᠯᠦᠭᠡᠯᠡᠬᠦ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠪᠦᠷᠢᠳᠭᠡᠨ ᠳᠠᠩᠰᠠᠯᠠᠬᠤ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤ ᠳᠤ ᠪᠠᠨ ᠬᠦᠷᠲᠡᠬᠦ ᠵᠣᠬᠢᠴᠠᠮᠵᠢ ᠶᠢ ᠪᠠᠶᠢᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤ ᠳᠤ ᠪᠠᠨ ᠡᠳ᠋ᠯᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃

  ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ ᠨᠡᠶᠢᠯᠡᠭᠦᠯᠬᠦ ᠪᠠ ᠪᠠᠶᠢᠭᠤᠯᠬᠤ ᠶᠢ ᠵᠢᠯᠣᠭᠤᠳᠴᠤ᠂ ᠨᠢᠭᠡᠳᠦᠯᠲᠡᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ ᠰᠢᠮᠳᠠᠭᠤᠯᠤᠨ ᠰᠢᠢᠳᠪᠦᠷᠢᠯᠡᠬᠦ ᠶᠢ ᠵᠣᠬᠢᠴᠠᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃

  ︵ᠲᠦᠷᠪᠡ︶ ᠭᠠᠭᠴᠠᠭᠠᠷ ᠡᠵᠡᠮᠰᠢᠯ ᠢ ᠡᠰᠡᠷᠭᠦᠴᠡᠬᠦ ᠨᠢᠭᠡᠳᠦᠯᠲᠡᠶ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠨ᠎ᠠ᠃ ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠵᠢᠯᠣᠭᠤᠳᠤᠨ ᠬᠡᠷᠡᠭᠵᠢᠭᠦᠯᠦᠨ᠎ᠡ᠃ ᠡᠵᠡᠩᠨᠡᠭᠴᠢᠳ ᠲᠥᠪᠯᠡᠷᠡᠭᠰᠡᠨ ᠦᠢᠯᠡ ᠠᠵᠢᠯᠯᠠᠭ᠎ᠠ ᠳᠤ ᠭᠠᠭᠴᠠᠭᠠᠷ ᠡᠵᠡᠮᠰᠢᠯ ᠢ ᠡᠰᠡᠷᠭᠦᠴᠡᠬᠦ ᠬᠢᠨᠠᠨ ᠪᠠᠶᠢᠴᠠᠭᠠᠯᠲᠠ ᠶᠢ ᠬᠠᠤᠯᠢ ᠶᠣᠰᠣᠭᠠᠷ ᠬᠢᠵᠦ᠂ ᠭᠠᠭᠴᠠᠭᠠᠷ ᠡᠵᠡᠮᠰᠢᠯ ᠤᠨ ᠬᠡᠯᠡᠯᠴᠡᠭᠡᠷ᠂ ᠵᠠᠬ᠎ᠠ ᠳᠡᠯᠭᠡᠭᠦᠷ ᠢ ᠵᠠᠬᠢᠷᠬᠤ ᠪᠠᠶᠢᠷᠢ ᠰᠠᠭᠤᠷᠢ ᠪᠠᠨ ᠳᠤᠷ᠎ᠠ ᠪᠠᠷ ᠬᠡᠷᠡᠭᠯᠡᠬᠦ ᠪᠠ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠬᠡᠷᠡᠭᠯᠡᠵᠦ ᠥᠷᠢᠰᠥᠯᠳᠦᠭᠡᠨ ᠢ ᠠᠷᠢᠯᠭᠠᠬᠤ᠂ ᠬᠢᠵᠠᠭᠠᠷᠯᠠᠬᠤ ᠵᠢᠴᠢ ᠦᠨ᠎ᠡ ᠬᠠᠩᠰᠢ ᠶᠢ ᠭᠠᠭᠴᠠᠭᠠᠷ ᠡᠵᠡᠮᠰᠢᠬᠦ ᠵᠡᠷᠭᠡ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃

  ︵ᠲᠠᠪᠤ︶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠢ ᠪᠤᠰᠤ ᠥᠷᠢᠰᠥᠯᠳᠦᠭᠡᠨ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠦᠢᠯᠡᠳᠬᠦᠨ ᠦᠢᠯᠡᠳᠴᠦ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠮᠡᠳᠡᠭᠡ ᠶᠢᠨ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠪᠠ ᠬᠤᠯᠪᠤᠭᠳᠠᠯ ᠪᠦᠬᠦᠢ ᠦᠨᠡᠮᠯᠡᠯ ᠦᠭᠡᠢ ᠪᠠᠷ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃

  ︵ᠵᠢᠷᠭᠤᠭ᠎ᠠ︶ ᠬᠤᠷᠸ᠎ᠠ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢᠨ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠤᠨ ᠬᠢᠨᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ ᠬᠦᠨᠳᠦ ᠶᠡᠭᠡ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠵᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠬᠤ ᠳᠦᠷᠢᠮ ᠢ ᠪᠠᠶᠢᠭᠤᠯᠬᠤ ᠶᠢᠨ ᠬᠠᠮᠲᠤ ᠨᠢᠭᠡᠳᠦᠯᠲᠡᠶ ᠬᠡᠷᠡᠭᠵᠢᠭᠦᠯᠵᠦ᠂ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃

  ︵ᠳᠤᠯᠤᠭ᠎ᠠ︶ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠴᠤ᠂ ᠪᠦᠬᠦ ᠣᠷᠣᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠪᠣᠯᠤᠨ ᠰᠢᠷᠬᠡᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃

  ︵ᠨᠠᠢᠮᠠ︶ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠢᠨ ᠬᠤᠷᠣᠭᠳᠠᠯ ᠶᠡᠬᠡᠲᠡᠶ ᠣᠨᠴᠠ ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠠ ᠭᠦᠸᠧᠯᠦ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃

  ︵ᠶᠢᠰᠦ︶ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠢᠳᠡᠭᠡᠨ ᠤ ᠠᠮᠤᠷ ᠲᠦᠪᠰᠢᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠶᠤᠯᠭᠦᠢ ᠶᠢᠨ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃

  ︵ᠠᠷᠪᠠ︶ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠦᠢᠯᠡᠳᠪᠦᠷᠢᠯᠡᠯ᠂ ᠭᠦᠢᠯᠭᠡᠭᠡᠨ᠂ ᠬᠡᠷᠡᠭᠯᠡᠭᠡᠨ ᠤ ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠪᠣᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠵᠣᠬᠢᠴᠠᠮᠵᠢ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠣᠬᠢᠴᠠᠮᠵᠢ ᠶᠢ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠮᠦᠷᠳᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠠᠭᠠᠢ ᠢᠳᠡᠭᠡᠨ ᠤ ᠵᠥᠪᠰᠢᠶᠡᠷᠡᠯ᠂ ᠪᠦᠷᠢᠳᠬᠡᠨ ᠳᠠᠩᠰᠠᠯᠠᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃

  ︵ᠠᠷᠪᠠᠨ ᠨᠢᠭᠡ︶ ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠭᠳᠡᠬᠦᠨ ᠢ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ ᠬᠢᠨᠠᠯᠲᠠ ᠲᠠᠯᠪᠢᠨ᠎ᠠ᠃

  ︵ᠠᠷᠪᠠᠨ ᠬᠤᠶᠠᠷ︶ ᠪᠦᠬᠦ ᠣᠷᠣᠨ ᠤ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠠᠵᠢᠯ ᠢ ᠬᠠᠤᠯᠢ ᠶᠣᠰᠣᠭᠠᠷ ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃

  ︵ᠠᠷᠪᠠᠨ ᠭᠤᠷᠪᠠ︶ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠤᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃

  ︵ᠠᠷᠪᠠᠨ ᠳᠥᠷᠪᠡ︶ ᠪᠥᠬᠦ ᠣᠷᠣᠨ ᠤ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠶ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠬᠤᠯᠪᠤᠭᠳᠠᠯ ᠪᠦᠬᠦᠢ ᠭᠡᠷᠡᠴᠢᠯᠡᠨ ᠵᠥᠪᠰᠢᠶᠡᠷᠡᠬᠦ ᠪᠠ ᠬᠢᠷᠢ ᠲᠡᠩᠴᠡᠭᠰᠡᠨ ᠢ ᠦᠨᠡᠯᠡᠨ ᠲᠣᠭᠲᠠᠭᠠᠵᠤ ᠬᠢᠨᠠᠨ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ᠃

  ︵ᠠᠷᠪᠠᠨ ᠲᠠᠪᠤ︶ ᠪᠦᠬᠦ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃

  ︵ᠠᠷᠪᠠᠨ ᠵᠢᠷᠭᠤᠭ᠎ᠠ︶ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠬᠤ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠰᠬᠠᠶ ᠪᠡᠯᠡ ᠮᠥᠩᠭᠦ ᠶᠢ ᠬᠠᠮᠢᠶᠠᠷᠴᠤ᠂ ᠴᠢᠬᠤᠯᠠ ᠶᠡᠭᠡ ᠮᠡᠳᠡᠯᠭᠡ ᠶᠢᠨ ᠥᠮᠴᠢᠯᠡᠯ ᠤᠨ ᠡᠷᠬᠡ ᠶᠢ ᠤᠯᠠᠷᠢᠭᠤᠯᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠢ ᠵᠢᠯᠣᠭᠤᠳᠴᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠪᠠ ᠭᠠᠳᠠᠭᠠᠳᠤ ᠳᠤ ᠬᠤᠯᠪᠣᠭᠳᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃

  ︵ᠠᠷᠪᠠᠨ ᠳᠣᠯᠤᠭ᠎ᠠ︶ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ ᠡᠯ᠎ᠡ ᠭᠠᠵᠠᠷ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃

  ︵ᠠᠷᠪᠠᠨ ᠨᠠᠢᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃

  ︵ᠠᠷᠪᠠ ᠶᠢᠰᠦ︶ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠮᠢᠶᠠᠷᠤᠨ᠎ᠠ᠃

  ︵ᠬᠤᠷᠢ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃

  ︵ᠬᠤᠷᠢᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠤᠨ᠎ᠠ᠃

  1. ᠶᠠᠰᠤ ᠴᠢᠨᠠᠷ ᠤᠨ ᠳᠡᠭᠡᠭᠰᠢᠯᠡᠯᠲᠡ ᠶᠢ ᠶᠡᠭᠡ ᠪᠠᠷ ᠠᠬᠢᠭᠤᠯᠤᠨ᠎ᠠ᠃ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠦᠨ᠂ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠦ ᠠᠬᠤᠶᠢᠯᠠᠯ ᠤᠨ ᠦᠢᠯᠡᠳᠬᠦᠨ ᠤ ᠶᠠᠰᠣ ᠴᠢᠨᠡᠷ ᠤᠨ ᠠᠮᠥᠷ ᠳᠥᠪᠰᠢᠨ ᠤ ᠠᠳᠡᠯ ᠤᠨ ᠠᠯᠪᠠᠳᠡᠨ ᠮᠡᠳᠡᠬᠦᠯᠬᠦ ᠳᠥᠷᠢᠮ ᠵᠢᠴᠢ ᠡᠵᠡᠩᠨᠡᠭᠴᠢ ᠠᠴᠠ ᠤᠷᠢᠲᠠᠵᠤ ᠠᠰᠠᠭᠤᠬᠤ ᠪᠠ ᠤᠷᠢᠳ ᠢᠶᠠᠷ ᠳᠥᠯᠥᠵᠦ ᠦᠭᠬᠦ ᠳᠥᠷᠢᠮ ᠢ ᠨᠡᠶᠢᠳᠡᠪᠦᠷᠢᠵᠢᠭᠤᠯᠵᠦ᠂ ᠭᠤᠷᠪᠠᠳᠡᠬᠢ ᠡᠳᠡᠭᠡᠳ ᠤᠨ ᠶᠠᠰᠣ ᠴᠢᠨᠡᠷ ᠤᠨ ᠦᠨᠡᠯᠡᠯᠳᠡ ᠶᠢᠨ ᠰᠢᠨ᠎ᠡ ᠶᠢ ᠡᠬᠦᠳᠴᠥ᠂ ᠦᠢᠯᠡᠳᠪᠦᠷᠢᠯᠡᠭᠴᠢ ᠡᠵᠡᠩᠨᠡᠭᠴᠢ ᠶᠢᠨ ᠭᠤᠤᠯ ᠴᠣᠠᠠᠴᠠ ᠶᠢᠨ ᠬᠠᠷᠢᠭᠤᠴᠠᠯᠭ᠎ᠠ ᠶᠢ ᠴᠢᠩᠭᠠᠷᠡᠭᠤᠯᠥᠨ᠂ ᠳᠡᠷᠢᠬᠦᠨ ᠤ ᠶᠠᠰᠣ ᠴᠢᠨᠡᠷ ᠤᠨ ᠬᠠᠮᠢᠶᠡᠷᠦᠯᠳᠡ ᠶᠢᠨ ᠠᠷᠭ᠎ᠠ ᠶᠢ ᠳᠡᠯᠭᠡᠷᠡᠬᠦᠯᠥᠨ᠎ᠠ᠃ ᠠᠵᠤ ᠠᠬᠤᠶᠢᠯᠠᠯ ᠤᠨ ᠦᠢᠯᠡᠳᠬᠦᠨ ᠬᠢᠭᠡᠳ ᠦᠢᠯᠡᠴᠢᠯᠡᠭᠡᠨ ᠤ ᠪᠠᠷᠢᠮᠵᠢᠶ᠎ᠠ ᠶᠢᠨ ᠥᠪᠡᠷᠲᠡᠭᠡᠨ ᠢᠯᠡᠷᠬᠡᠶᠢᠯᠡᠵᠦ ᠢᠯᠡ ᠪᠣᠯᠭᠠᠬᠤ ᠪᠠ ᠬᠢᠨᠠᠯᠲᠠ ᠲᠠᠯᠪᠢᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠡᠷᠭᠡᠵᠢᠯ ᠨᠢ ᠲᠡᠷᠢᠭᠦᠨ ᠤ ᠪᠠᠶᠢᠬᠤ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠪᠤᠶᠢᠵᠢᠭᠤᠯᠤᠨ ᠬᠥᠭᠵᠢᠭᠦᠯᠵᠦ᠂ ᠪᠠᠷᠢᠮᠵᠢᠶᠠᠵᠢᠭᠤᠯᠤᠯᠲᠠ ᠪᠠᠷ ᠶᠠᠰᠤ ᠴᠢᠨᠠᠷ ᠤᠨ ᠬᠦᠴᠦᠷᠬᠡᠭ ᠣᠷᠣᠨ ᠢ ᠪᠠᠶᠢᠭᠤᠯᠬᠤ ᠶᠢ ᠠᠬᠢᠭᠤᠯᠤᠨ᠎ᠠ᠃

  2. ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠠᠬᠢᠭᠤᠯᠤᠨ᠎ᠠ᠃ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠨᠡᠷᠡᠶᠢᠳᠦᠯ ᠢ ᠬᠢᠨᠠᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠴᠠᠭᠠᠨ ᠭᠠᠷᠭᠠᠬᠤ ᠵᠡᠷᠭᠡ ᠲᠦᠷᠢᠮ ᠳᠤ ᠥᠭᠡᠷᠡᠴᠢᠯᠡᠯᠲᠡ ᠬᠢᠵᠦ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠦᠨᠡᠮᠯᠡᠯ ᠠᠪᠤᠭᠰᠠᠨ ᠤ ᠳᠠᠷᠠᠭ᠎ᠠ ᠭᠡᠷᠡᠴᠢ ᠶᠢ ᠬᠠᠰᠤᠬᠤ︾ ᠶᠢ ᠠᠬᠢᠭᠤᠯᠵᠤ᠂ ᠠᠵᠤ ᠠᠬᠤᠶᠢᠯᠠᠯ ᠤᠨ ᠡᠷᠬᠢᠯᠡᠨ ᠪᠠᠶᠢᠭᠤᠯᠬᠤ ᠴᠠᠭ ᠢ ᠪᠠᠭᠠᠰᠬᠠᠨ᠎ᠠ᠃ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠨᠡᠶᠢᠭᠡᠮᠴᠢᠯᠡᠬᠦ ᠥᠭᠡᠷᠡᠴᠢᠯᠡᠯᠲᠡ ᠶᠢ ᠲᠦᠷᠭᠡᠳᠬᠡᠨ᠎ᠡ᠃ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠭᠡᠬᠦ᠂ ᠮᠠᠭᠠᠳᠯᠠᠨ ᠲᠣᠭᠲᠠᠭᠠᠵᠤ ᠱᠠᠩᠨᠠᠬᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠵᠡᠷᠭᠡ ᠠᠵᠢᠯᠯᠠᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠠᠭᠠᠰᠬᠠᠨ᠂ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠶᠡᠭᠡ ᠬᠡᠮᠵᠢᠶ᠎ᠡ ᠪᠠᠷ ᠪᠠᠭᠠᠰᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠤ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠤᠨ᠎ᠠ᠃

  3. ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠯ︾ ᠤᠨ ᠱᠠᠭᠠᠷᠳᠠᠯᠭ᠎ᠠ ᠶᠢ ᠵᠢᠷᠤᠮᠯᠠᠨ᠂ ᠢᠳᠡᠭᠡᠨ ᠤ ᠠᠮᠤᠷ ᠲᠦᠪᠰᠢᠨ᠂ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠢᠳᠭᠡᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠂ ᠠᠷᠠᠳ ᠣᠯᠠᠨ ᠢ ᠰᠠᠨᠠᠭ᠎ᠠ ᠠᠮᠤᠷ ᠬᠤᠳᠠᠯᠳᠤᠨ ᠠᠪᠤᠭᠤᠯᠵᠤ᠂ ᠰᠠᠨᠠᠭ᠎ᠠ ᠠᠮᠤᠷ ᠬᠡᠷᠡᠭᠯᠡᠭᠦᠯᠵᠦ᠂ ᠰᠠᠨᠠᠭ᠎ᠠ ᠠᠮᠤᠷ ᠢᠳᠡᠭᠦᠯᠦᠨ᠎ᠡ᠃

  4. ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠥᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠡᠪᠡᠷᠯᠡᠨ ᠬᠦᠴᠦᠨ ᠦᠭᠡᠢ ᠪᠣᠯᠭᠠᠬᠤ ᠶᠢ ᠲᠦᠷᠭᠡᠳᠬᠡᠵᠦ᠂ ᠭᠠᠭᠴᠠᠭᠠᠷ ᠡᠵᠡᠮᠰᠢᠯ ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠨᠢᠭᠡᠳᠦᠯᠲᠡᠢ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠪᠠᠷᠢᠮᠵᠢᠶ᠎ᠠ ᠪᠠᠷ ᠬᠢᠨᠠᠨ ᠬᠠᠮᠢᠶᠠᠷᠬᠤ ᠶᠢ ᠴᠢᠩᠭᠠᠷᠠᠭᠤᠯᠵᠤ᠂ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠᠷ ᠠᠷᠭ᠎ᠠ ᠪᠠᠷᠢᠯ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃

  5. ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠤᠨ ᠵᠠᠭᠠᠯᠳᠤᠯᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠢᠳᠡᠭᠡᠨ ᠪᠠ ᠡᠮ ᠤᠨ ᠵᠦᠢᠯ ᠤᠨ ᠵᠠᠭᠠᠯᠳᠤᠯᠭ᠎ᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠭᠠᠯᠳᠤᠯᠭ᠎ᠠ᠂ ᠦᠨ᠎ᠡ ᠬᠠᠩᠰᠢ ᠶᠢᠨ ᠢᠯᠡᠴᠢᠯᠡᠨ ᠮᠡᠳᠡᠭᠦᠯᠬᠦ ᠲᠤᠰᠬᠠᠶ ᠱᠤᠭᠤᠮ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ ᠠᠴᠠ ᠤᠬᠤᠷᠢᠨ ᠭᠠᠷᠬᠤ ᠬᠦᠷᠲᠡᠯᠡᠬᠢ ᠪᠥᠬᠦ ᠶᠠᠪᠤᠴᠠ ᠶᠢ ᠳᠥᠭᠦᠮᠴᠢᠯᠡᠬᠦ ᠶᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠮᠡᠷᠭᠡᠵᠢᠯ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠤᠨ ᠬᠥᠭᠵᠢᠯᠲᠡ ᠳᠤ ᠦᠢᠯᠡᠴᠢᠯᠡᠵᠦ᠂ ᠲᠣᠮᠣ ᠲᠤᠭ᠎ᠠ ᠪᠠᠷᠢᠮᠲᠠ ᠶᠢ ᠠᠰᠢᠭᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠳᠠᠬᠢ ᠦᠢᠯᠡᠴᠢᠯᠡᠭᠡ ᠶᠢ ᠴᠢᠩᠭᠠᠳᠬᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠪᠠ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠢᠳᠡᠪᠬᠢᠲᠡᠶ ᠦᠢᠯᠡᠴᠢᠯᠡᠵᠦ᠂ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠰᠢᠨ᠎ᠡ ᠶᠢ ᠡᠭᠦᠳᠬᠦ ᠶᠢ ᠠᠬᠢᠭᠤᠯᠤᠨ᠎ᠠ᠃

  6. ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠶᠠᠪᠤᠴᠠ ᠶᠢ ᠰᠢᠯᠢᠳᠡᠭᠵᠢᠭᠦᠯᠦᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠪᠦᠲᠦᠮᠵᠢᠲᠡᠶ ᠠᠰᠢᠭᠯᠠᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠪᠦᠬᠦ ᠪᠥᠮᠪᠥᠷᠴᠡᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢ ᠬᠤᠷᠠᠮᠳᠤᠭᠤᠯᠤᠨ᠂ ᠠᠵᠤ ᠦᠢᠯᠡᠰ ᠤᠨ ᠬᠦᠷᠢᠶ᠎ᠡ ᠴᠠᠷᠠᠭ᠎ᠠ ᠪᠠᠷ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠮᠴᠢᠯᠠᠬᠤ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠤ ᠳᠥᠭᠦᠮ ᠳᠥᠲᠡ ᠪᠠᠶᠢᠴᠠᠭᠠᠨ ᠯᠠᠪᠯᠠᠬᠤ ᠪᠠ ᠠᠰᠠᠭᠤᠨ ᠯᠠᠪᠯᠠᠬᠤ ᠵᠡᠷᠭᠡ ᠦᠢᠯᠡᠴᠢᠯᠡᠭᠡ ᠬᠠᠩᠭᠠᠵᠤ᠂ ᠮᠡᠳᠡᠭᠡ ᠵᠠᠩᠭᠢ ᠶᠢ ᠦᠨ᠎ᠡ ᠲᠥᠯᠥᠪᠦᠷᠢ ᠦᠭᠡᠢ ᠪᠤᠶᠤ ᠳᠣᠣᠷ᠎ᠠ ᠥᠪᠡᠷ ᠤᠨ ᠥᠷᠲᠡᠭ ᠢᠶᠠᠷ ᠨᠡᠭᠡᠭᠡᠬᠦ ᠶᠢ ᠪᠡᠶᠡᠯᠡᠭᠦᠯᠦᠨ᠂ ᠪᠦᠬᠦ ᠨᠡᠶᠢᠭᠡᠮ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠪᠠ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠲᠠᠸᠠᠷ ᠤᠨ ᠲᠡᠮᠳᠡᠭ ᠢ ᠵᠠᠪᠳᠤᠨ ᠳᠠᠩᠰᠠᠯᠠᠬᠤ᠂ ᠬᠡᠪ ᠤᠨ ᠪᠤᠰᠤ ᠲᠤᠰᠬᠠᠶ ᠠᠰᠢᠭ ᠭᠤᠶᠤᠴᠢᠯᠠᠬᠤ ᠵᠡᠷᠭᠡ ᠦᠢᠯᠡ ᠠᠵᠢᠯᠯᠠᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠸᠠᠷ ᠤᠨ ᠲᠡᠮᠳᠡᠭ ᠳᠠᠩᠰᠠᠯᠠᠭᠤᠯᠬᠤ ᠪᠠ ᠲᠤᠰᠬᠠᠶ ᠠᠰᠢᠭ ᠭᠤᠶᠤᠴᠢᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃

  ︵ᠬᠤᠷᠢᠨ ᠬᠤᠶᠠᠷ︶ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ᠎ᠠ᠃

  1. ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠠᠵᠢᠯ ᠢ ᠵᠣᠯᠭᠠᠭᠤᠯᠬᠤ ᠵᠣᠬᠢᠴᠠᠮᠵᠢ ᠶᠢ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠪᠠᠶᠢᠬᠤ ᠶᠢ ᠣᠯᠵᠤ ᠮᠡᠳᠡᠪᠡᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠶ ᠳᠤ ᠨᠢ ᠰᠢᠯᠵᠢᠭᠦᠯᠦᠨ ᠬᠦᠷᠭᠡᠬᠦ ᠬᠡᠷᠡᠭᠲᠡᠶ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠦᠳᠲᠡᠷ ᠲᠦᠷᠭᠡᠨ ᠬᠢᠨᠠᠨ ᠪᠠᠶᠢᠴᠠᠭᠠᠬᠤ ᠶᠢᠨ ᠬᠠᠮᠲᠤ ᠬᠡᠷᠡᠭ ᠪᠣᠯᠭᠠᠨ ᠳᠠᠩᠰᠠᠯᠠᠬᠤ ᠪᠤᠶᠤ ᠬᠡᠷᠡᠭ ᠪᠣᠯᠭᠠᠨ ᠳᠠᠩᠰᠠᠯᠠᠬᠤ ᠦᠭᠡᠢ ᠲᠣᠭᠲᠠᠭᠠᠯ ᠢ ᠬᠠᠤᠯᠢ ᠶᠣᠰᠣᠭᠠᠷ ᠭᠠᠷᠭᠠᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠰᠢᠯᠭᠠᠨ ᠪᠠᠶᠢᠴᠠᠭᠠᠯᠭᠠᠬᠤ᠂ ᠰᠢᠯᠭᠠᠨ ᠲᠣᠭᠲᠠᠭᠠᠯᠭᠠᠬᠤ᠂ ᠦᠨᠡᠮᠰᠢᠭᠦᠯᠬᠦ ᠵᠡᠷᠭᠡ ᠲᠠᠯ᠎ᠠ ᠪᠠᠷ ᠬᠠᠮᠵᠢᠭᠤᠯᠬᠤ ᠪᠠᠷ ᠬᠠᠤᠯᠢ ᠶᠣᠰᠣᠭᠠᠷ ᠳᠡᠪᠰᠢᠭᠦᠯᠦᠭᠰᠡᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠮᠵᠢᠯᠴᠠᠬᠤ ᠬᠡᠷᠡᠭᠲᠡᠶ᠃

  2. ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ᠎ᠠ᠃

  ︵1︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠠᠷᠢᠵᠤ ᠲᠡᠵᠢᠭᠡᠨ ᠦᠷᠡᠵᠢᠭᠦᠯᠬᠦ ᠭᠤᠭᠴᠤᠭ᠎ᠠ ᠠᠴᠠ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠣᠷᠣᠬᠤ ᠠᠴᠠ ᠡᠮᠦᠨᠡᠬᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠳᠤ ᠬᠡᠷᠡᠭᠯᠡᠬᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠤᠷᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠯᠲᠠ ᠲᠠᠯᠪᠢᠵᠤ ᠬᠠᠮᠢᠶᠠᠷᠤᠨ᠎ᠠ᠃

  ︵2︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠮᠠᠯ ᠵᠢᠭᠦᠷᠲᠡᠨ ᠨᠢᠲᠤᠯᠬᠤ ᠭᠤᠭᠴᠤᠭ᠎ᠠ᠂ ᠲᠦᠭᠦᠬᠡᠶ ᠰᠢᠨ᠎ᠡ ᠰᠦ ᠬᠤᠳᠠᠯᠳᠤᠨ ᠠᠪᠬᠤ ᠵᠠᠩᠭᠢᠯᠠᠭ᠎ᠠ ᠶᠢᠨ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

  ︵3︶ ᠬᠤᠶᠠᠷ ᠰᠠᠯᠠᠭ᠎ᠠ ᠮᠥᠴᠢᠷ ᠤᠳ ᠢᠳᠡᠭᠡᠨ ᠢ ᠠᠶᠤᠯᠭᠦᠢ ᠶᠢᠨ ᠭᠠᠷᠤᠯᠲᠠ ᠶᠢᠨ ᠣᠷᠣᠨ ᠠᠴᠠ ᠭᠠᠷᠭᠠᠬᠤ ᠶᠢ ᠵᠥᠪᠰᠢᠶᠡᠷᠡᠬᠦ᠂ ᠵᠠᠬ᠎ᠠ ᠳᠡᠯᠭᠡᠭᠦᠷ ᠲᠤ ᠣᠷᠣᠭᠤᠯᠬᠤ ᠶᠢ ᠵᠥᠪᠰᠢᠶᠡᠷᠡᠬᠦ ᠪᠠ ᠨᠡᠬᠡᠮᠵᠢᠯᠡᠬᠦ ᠵᠣᠬᠢᠴᠠᠮᠵᠢ ᠶᠢ ᠪᠠᠶᠢᠭᠤᠯᠤᠨ᠂ ᠵᠣᠬᠢᠴᠠᠭᠤᠯᠤᠨ ᠬᠠᠮᠵᠢᠯᠴᠠᠬᠤ ᠪᠠ ᠠᠵᠢᠯ ᠤᠨ ᠵᠣᠯᠭᠠᠭᠤᠯᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠯ ᠬᠦᠴᠦᠨ ᠢ ᠪᠣᠶ ᠪᠣᠯᠭᠠᠨ᠎ᠠ᠃

  3. ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠪᠤᠶᠤ ᠢᠯᠡᠴᠢᠯᠡᠨ ᠮᠡᠳᠡᠭᠦᠯᠦᠯᠲᠡ ᠶᠢ ᠣᠯᠵᠤ ᠮᠡᠳᠡᠪᠡᠯ ᠢᠳᠡᠭᠡᠨ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠮᠡᠳᠡᠬᠦ ᠶᠢ ᠣᠯᠵᠤ ᠮᠡᠳᠡᠪᠡᠯ᠂ ᠳᠠᠷᠦ᠋ᠢᠬᠠᠨ ᠵᠣᠬᠢᠶᠠᠨ ᠪᠠᠶᠢᠭᠤᠯᠤᠨ ᠰᠢᠯᠭᠠᠨ ᠪᠠᠶᠢᠴᠠᠭᠠᠬᠤ ᠪᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠶ ᠳᠤ ᠨᠢ ᠮᠡᠳᠡᠭᠡᠯᠡᠵᠦ᠂ ᠠᠮᠤᠷ ᠲᠦᠪᠰᠢᠨ ᠤ ᠳ᠋ᠦᠩᠨᠡᠯᠲᠡ ᠭᠠᠷᠭᠠᠭᠰᠠᠨ ᠦᠭᠡᠢ ᠢᠳᠡᠭᠡᠨ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠠᠷᠦ᠋ᠢᠬᠠᠨ ᠠᠷᠭ᠎ᠠ ᠬᠡᠮᠵᠢᠶ᠎ᠡ ᠠᠪᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠶ ᠪᠠᠶᠢᠬᠤ ᠶᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠴᠠᠭ ᠲᠤᠬᠠᠶ ᠳᠤ ᠨᠢ ᠰᠠᠨᠠᠭᠤᠯᠭ᠎ᠠ ᠳᠤᠷᠠᠳᠬᠤ ᠬᠡᠷᠡᠭᠲᠡᠶ᠃

  4. ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ᠎ᠠ᠃

  ︵1︶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠵᠣᠬᠢᠴᠠᠮᠵᠢ ᠪᠠᠶᠢᠭᠤᠯᠤᠨ᠂ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠡᠯ᠎ᠡ ᠲᠥᠷᠥᠯ ᠤᠨ ᠲᠠᠸᠠᠷ ᠪᠣᠯᠤᠨ ᠭᠠᠳᠠᠭᠠᠳᠤ  ᠣᠷᠤᠭᠤᠯᠤᠯᠲᠠ ᠭᠠᠷᠭᠠᠯᠲᠠ ᠶᠢᠨ ᠢᠳᠡᠭᠡᠨ᠂ ᠭᠤᠶᠤᠯᠠᠯ ᠤᠨ ᠡᠳ᠋ ᠢ ᠳᠠᠪᠬᠤᠷᠳᠠᠭᠤᠯᠤᠨ ᠰᠢᠯᠭᠠᠨ ᠪᠠᠶᠢᠴᠠᠭᠠᠬᠤ᠂ ᠳᠠᠪᠬᠤᠷᠳᠠᠭᠤᠯᠤᠨ ᠰᠦᠢᠳᠬᠡᠯ ᠬᠤᠷᠢᠶᠠᠬᠤ᠂ ᠳᠠᠪᠬᠤᠷᠳᠠᠭᠤᠯᠤᠨ ᠰᠢᠢᠳᠭᠡᠨ ᠲᠣᠷᠭᠠᠬᠤ ᠠᠴᠠ ᠵᠠᠶᠢᠯᠠᠰᠬᠢᠵᠦ᠂ ᠠᠵᠤ ᠠᠬᠤᠶᠢᠯᠠᠯ ᠤᠨ ᠡᠭᠦᠷᠭᠡᠯᠡᠯ ᠢ ᠬᠥᠩᠭᠡᠷᠡᠭᠦᠯᠦᠨ᠎ᠡ᠃

  ︵2︶ ᠪᠣᠭᠤᠮᠲᠠ ᠶᠢᠨ ᠰᠠᠯᠠᠭ᠎ᠠ ᠮᠥᠴᠢᠷ ᠤᠳ ᠭᠠᠳᠠᠭᠠᠳᠤ ᠠᠴᠠ ᠣᠷᠣᠭᠤᠯᠬᠤ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠵᠢᠴᠢ ᠢᠳᠡᠭᠡᠨ ᠲᠠᠢ ᠬᠤᠯᠪᠣᠭᠳᠠᠬᠤ ᠦᠢᠯᠡᠳᠬᠦᠨ ᠨᠢ ᠮᠠᠨ ᠤ ᠤᠯᠤᠰ ᠤᠨ ᠢᠳᠡᠭᠡᠨ ᠤ ᠠᠶᠤᠯᠭᠦᠢ ᠶᠢᠨ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠢᠯᠢ ᠶᠢᠨ ᠭᠠᠳᠠᠨ᠎ᠠ ᠭᠠᠷᠤᠭᠰᠠᠨ ᠢᠳᠡᠭᠡᠨ ᠤ ᠠᠮᠤᠷ ᠲᠦᠪᠰᠢᠨ ᠤ ᠬᠡᠷᠡᠭ ᠨᠢ ᠮᠠᠨ ᠤ ᠤᠯᠤᠰ ᠤᠨ ᠬᠢᠯᠢ ᠶᠢᠨ ᠳᠣᠲᠣᠷ᠎ᠠ ᠨᠥᠯᠥᠭᠡ ᠪᠣᠯᠬᠤ ᠪᠤᠶᠤ ᠡᠰᠡᠬᠦᠯ᠎ᠡ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠤ ᠵᠦᠢᠯ ᠳᠣᠲᠣᠷ᠎ᠠ ᠠᠴᠠ ᠢᠳᠡᠭᠡᠨ ᠤ ᠠᠮᠤᠷ ᠲᠦᠪᠰᠢᠨ ᠤ ᠬᠦᠨᠳᠦ ᠨᠣᠴᠢᠲᠠᠶ ᠠᠰᠠᠭᠤᠳᠠᠯ ᠢ ᠣᠯᠵᠤ ᠮᠡᠳᠡᠪᠡᠯ᠂ ᠪᠣᠭᠤᠮᠲᠠ ᠶᠢᠨ ᠰᠠᠯᠠᠭ᠎ᠠ ᠮᠥᠴᠢᠷ ᠠᠴᠠ ᠴᠠᠭ ᠲᠤᠬᠠᠶ ᠳᠤ ᠨᠢ ᠲᠦᠭᠰᠢᠭᠦᠷᠢ ᠶᠢ ᠰᠡᠷᠡᠮᠵᠢᠯᠡᠭᠦᠯᠬᠦ ᠪᠤᠶᠤ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠡᠪᠲᠡᠷᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠴᠠᠭ ᠲᠤᠬᠠᠶ ᠳᠤ ᠨᠢ ᠵᠣᠬᠢᠴᠠᠩᠭᠤᠶ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠶ᠃

  ︵3︶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠤ ᠡᠮᠵᠡᠭ ᠲᠠᠢ ᠮᠡᠳᠡᠭᠡ ᠵᠠᠩᠭᠢ ᠶᠢᠨ ᠨᠡᠪᠲᠡᠷᠡᠭᠦᠯᠬᠦ ᠪᠠ ᠬᠠᠮᠵᠢᠯᠴᠠᠬᠤ ᠵᠣᠬᠢᠴᠠᠮᠵᠢ ᠶᠢ ᠪᠠᠶᠢᠭᠤᠯᠬᠤ ᠬᠡᠷᠡᠭᠲᠡᠶ᠃ ᠪᠣᠭᠤᠮᠲᠠ ᠶᠢᠨ ᠰᠠᠯᠠᠭ᠎ᠠ ᠮᠥᠴᠢᠷ ᠤᠳ ᠪᠣᠭᠤᠮᠲᠠ ᠶᠢᠨ ᠰᠢᠯᠭᠠᠨ ᠪᠠᠶᠢᠴᠠᠭᠠᠵᠤ ᠬᠢᠨᠠᠨ ᠬᠠᠮᠢᠶᠠᠷᠬᠤ ᠶᠠᠪᠤᠴᠠ ᠳᠤ ᠬᠢᠷᠢ ᠲᠡᠩᠴᠡᠬᠦ ᠦᠭᠡᠶ ᠪᠤᠶᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠢ ᠣᠯᠵᠤ ᠮᠡᠳᠡᠪᠡᠯ᠂ ᠮᠡᠷᠭᠡᠵᠢᠯ ᠢᠶᠠᠷ ᠰᠢᠢᠳᠪᠦᠷᠢᠯᠡᠬᠦ᠂ ᠪᠤᠴᠠᠭᠠᠨ ᠲᠡᠭᠡᠭᠡᠪᠦᠷᠢᠯᠡᠬᠦ᠂ ᠤᠰᠠᠳᠬᠠᠬᠤ ᠶᠢ ᠬᠠᠤᠯᠢ ᠶᠣᠰᠣᠭᠠᠷ ᠬᠡᠷᠡᠭᠵᠢᠭᠦᠯᠬᠦ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠡᠪᠲᠡᠷᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠡᠮᠳᠡᠭ ᠦᠢᠯᠡᠳᠬᠦᠨ ᠢ ᠡᠭᠡᠭᠦᠯᠦᠨ ᠬᠤᠷᠢᠶᠠᠬᠤ ᠠᠵᠢᠯ ᠢ ᠨᠢᠭᠡᠳᠦᠯᠲᠡᠶ ᠬᠠᠮᠢᠶᠠᠷᠴᠤ᠂ ᠬᠡᠷᠡᠭᠯᠡᠭᠴᠢᠳ ᠤᠨ ᠮᠡᠳᠡᠭᠦᠯᠦᠯᠲᠡ᠂ ᠠᠳᠡᠯ ᠤᠨ ᠪᠠᠶᠢᠴᠠᠭᠠᠯᠲᠠ᠂ ᠭᠡᠮᠲᠦᠯ ᠢ ᠬᠢᠨᠠᠨ ᠬᠡᠮᠵᠢᠬᠦ ᠵᠡᠷᠭᠡ ᠪᠠᠷ ᠳᠠᠮᠵᠢᠭᠤᠯᠤᠨ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠳᠤ ᠭᠡᠮ ᠰᠣᠭᠤᠭ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠡᠭᠡᠭᠦᠯᠦᠨ ᠪᠤᠴᠠᠭᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠬᠡᠷᠡᠭᠵᠢᠭᠦᠯᠦᠨ᠎ᠡ︔ ᠡᠭᠡᠭᠦᠯᠦᠨ ᠪᠤᠴᠠᠭᠠᠬᠤ ᠡᠭᠦᠷᠭᠡ ᠪᠠᠨ ᠭᠦᠢᠴᠡᠳᠬᠡᠬᠦ ᠶᠢ ᠲᠡᠪᠴᠢᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠣᠭᠤᠮᠲᠠ ᠶᠢᠨ ᠰᠠᠯᠠᠭ᠎ᠠ ᠮᠥᠴᠢᠷ ᠲᠤ ᠵᠠᠷᠯᠠᠨ ᠮᠡᠳᠡᠭᠳᠡᠵᠦ᠂ ᠪᠣᠭᠤᠮᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠵᠣᠬᠢᠴᠠᠩᠭᠤᠶ ᠠᠷᠭ᠎ᠠ ᠬᠡᠮᠵᠢᠶ᠎ᠡ ᠠᠪᠤᠨ᠎ᠠ᠃

  5. ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠭᠤᠶᠤᠯᠠᠯ ᠤᠨ ᠡᠳ᠋ ᠦᠢᠯᠡᠳᠪᠦᠷᠢᠯᠡᠬᠦ ᠵᠠᠩᠭᠢᠯᠠᠭ᠎ᠠ ᠶᠢᠨ ᠵᠥᠪᠰᠢᠶᠡᠷᠡᠯ᠂ ᠪᠠᠶᠢᠴᠠᠭᠠᠬᠤ ᠪᠠ ᠰᠢᠢᠳᠭᠡᠨ ᠲᠣᠷᠭᠠᠬᠤ᠂ ᠵᠢᠴᠢ ᠡᠮ ᠤᠨ ᠵᠦᠢᠯ ᠢ ᠪᠥᠭᠡᠮ ᠢᠶᠠᠷ ᠬᠤᠳᠠᠯᠳᠤᠬᠤ ᠵᠥᠪᠰᠢᠶᠡᠷᠡᠯ᠂ ᠵᠢᠵᠢᠭᠯᠡᠨ ᠬᠤᠳᠠᠯᠳᠤᠬᠤ ᠬᠡᠯᠬᠢᠶ᠎ᠡ ᠶᠡᠷᠦᠩᠬᠡᠶ ᠭᠠᠵᠠᠷ ᠤᠨ ᠵᠥᠪᠰᠢᠶᠡᠷᠡᠯ᠂ ᠢᠨᠲ᠋ᠧᠷ ᠰᠦᠯᠵᠢᠶ᠎ᠡ ᠪᠠᠷ ᠪᠣᠷᠣᠯᠠᠭᠤᠯᠬᠤ ᠭᠤᠷᠪᠠᠳᠤᠭᠠᠷ ᠡᠲᠡᠭᠡᠳ ᠤᠨ ᠲᠠᠪᠴᠠᠩ ᠤᠨ ᠳᠠᠩᠰᠠᠯᠠᠭᠤᠯᠬᠤ ᠵᠢᠴᠢ ᠪᠠᠶᠢᠴᠠᠭᠠᠬᠤ ᠪᠠ ᠰᠢᠢᠳᠭᠡᠨ ᠲᠣᠷᠭᠠᠬᠤ ᠶᠢ ᠬᠠᠷᠢᠭᠤᠴᠠᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠮ ᠤᠨ ᠵᠦᠢᠯ ᠢ ᠵᠢᠵᠢᠭᠯᠡᠨ ᠬᠤᠳᠠᠯᠳᠤᠬᠤ᠂ ᠡᠮᠴᠢᠯᠡᠭᠡᠨ ᠤ ᠮᠠᠰᠢᠨ ᠪᠠᠭᠠᠵᠢ ᠡᠵᠡᠩᠨᠡᠬᠦ ᠶᠢ ᠵᠥᠪᠰᠢᠶᠡᠷᠡᠬᠦ᠂ ᠪᠠᠶᠢᠴᠠᠭᠠᠬᠤ ᠪᠠ ᠰᠢᠢᠳᠭᠡᠨ ᠲᠣᠷᠭᠠᠬᠤ᠂ ᠵᠢᠴᠢ ᠭᠤᠶᠤᠯᠠᠯ ᠤᠨ ᠡᠳ᠋ ᠡᠵᠡᠩᠨᠡᠬᠦ ᠪᠠ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠬᠡᠷᠡᠭᠯᠡᠬᠦ ᠭᠤᠭᠴᠤᠭ᠎ᠠ ᠶᠢᠨ ᠶᠠᠰᠤ ᠴᠢᠨᠠᠷ ᠢ ᠪᠠᠶᠢᠴᠠᠭᠠᠬᠤ ᠪᠠ ᠰᠢᠢᠳᠭᠡᠨ ᠲᠣᠷᠭᠠᠬᠤ ᠶᠢ ᠬᠠᠷᠢᠭᠤᠴᠠᠨ᠎ᠠ᠃

  6. ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ᠎ᠠ᠃

  ︵1︶ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠨᠢ ᠭᠠᠳᠠᠭᠠᠳᠤ ᠲᠠᠢ ᠬᠤᠯᠪᠣᠭᠳᠠᠬᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠵᠤ ᠠᠬᠤᠶ ᠠᠷᠠᠯᠵᠢᠶ᠎ᠠ ᠲᠠᠢ ᠬᠤᠯᠪᠣᠭᠳᠠᠬᠤ ᠣᠯᠠᠨ ᠲᠠᠯ᠎ᠠ ᠪᠠ ᠬᠤᠶᠠᠷ ᠲᠠᠯ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠭᠠᠳᠠᠭᠠᠳᠤ ᠬᠡᠯᠡᠯᠴᠡᠭᠡᠷ᠂ ᠬᠤᠶᠠᠷ ᠲᠠᠯ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠲᠤᠷᠠᠯᠴᠠᠭᠠᠨ ᠤ ᠵᠥᠪᠳᠡᠯᠴᠡᠬᠦ ᠵᠣᠬᠢᠴᠠᠮᠵᠢ ᠵᠡᠷᠭᠡ ᠠᠵᠢᠯ ᠢ ᠬᠠᠷᠢᠭᠤᠴᠠᠨ᠎ᠠ᠃

  ︵2︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠤᠨ ᠬᠤᠯᠪᠤᠭᠳᠠᠯ ᠪᠦᠬᠦᠢ ᠠᠵᠢᠯ ᠢ ᠲᠦᠷᠦᠭᠦᠯᠡᠨ ᠠᠬᠢᠭᠤᠯᠬᠤ ᠶᠢ ᠬᠠᠷᠢᠭᠤᠴᠠᠨ᠎ᠠ᠃ ᠠᠷᠢᠬᠢᠨ ᠤ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃

  ︵3︶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠵᠡᠩᠨᠡᠭᠴᠢᠳ ᠤᠨ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠠᠵᠢᠯ ᠢ ᠡᠭᠦᠷᠭᠡᠯᠡᠵᠦ᠂ ᠠᠷᠢᠬᠢᠨ ᠤ ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯᠤᠨ ᠠᠷᠢᠬᠢᠨ ᠤ ᠵᠦᠢᠯ ᠤᠨ ᠢᠳᠡᠭᠡᠨ ᠤ ᠠᠮᠤᠷ ᠲᠦᠪᠰᠢᠨ ᠢ ᠬᠠᠷᠢᠭᠤᠴᠠᠨ᠎ᠠ᠃

  7. ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠡᠷᠬᠡ ᠶᠢᠨ ᠲᠣᠪᠴᠢᠶ᠎ᠠ ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ᠎ᠠ᠃ ᠬᠠᠮᠢᠶ᠎ᠠ ᠪᠦᠬᠦᠢ ᠵᠣᠬᠢᠶᠠᠯ ᠪᠦᠲᠦᠭᠡᠯ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠢ ᠬᠡᠪᠯᠡᠯ ᠤᠨ ᠡᠷᠬᠡ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠯ ᠶᠣᠰᠣᠭᠠᠷ ᠠᠵᠢᠯ ᠬᠤᠪᠢᠶᠠᠷᠢᠯᠠᠨ ᠬᠡᠷᠡᠭᠵᠢᠭᠦᠯᠦᠨ᠎ᠡ᠃

  

  ᠳᠣᠲᠣᠭᠠᠳᠤ ᠶᠢᠨ ᠪᠠᠶᠢᠭᠤᠯᠤᠮᠵᠢ᠄

  ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ ᠴᠠᠬᠢᠯᠭᠠᠨ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠬᠢᠨᠠᠨ ᠪᠠᠶᠢᠴᠠᠭᠠᠬᠤ᠂ ᠳᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠦᠨᠳᠦ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃

  ᠬᠠᠷᠢᠯᠴᠠᠬᠤ ᠤᠲᠠᠰᠤ᠄ 0471-3912315

  ︵ᠬᠤᠶᠠᠷ︶ ᠶᠡᠷᠦᠩᠬᠡᠢ ᠲᠦᠯᠦᠪᠵᠢᠭᠦᠯᠭᠡ ᠶᠢᠨ ᠭᠠᠵᠠᠷ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠵᠣᠬᠢᠴᠠᠭᠤᠯᠤᠨ ᠠᠬᠢᠭᠤᠯᠤᠨ᠎ᠠ︔ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠬᠤ ᠪᠠ ᠶᠡᠷᠦᠩᠬᠡᠶᠢᠯᠡᠨ ᠵᠠᠳᠠᠯᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠢᠬᠤᠯᠠ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ᠂ ᠡᠬᠡ ᠪᠢᠴᠢᠭ ᠢ ᠲᠤᠭᠤᠷᠪᠢᠬᠤ ᠠᠵᠢᠯ ᠢ ᠡᠭᠦᠷᠭᠡᠯᠡᠨ᠎ᠡ︔ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠬᠦ ᠶᠢᠨ ᠬᠠᠮᠲᠤ ᠵᠢᠯᠣᠭᠤᠳᠤᠨ᠎ᠠ︔ ᠶᠠᠰᠤ ᠴᠢᠨᠠᠷ ᠤᠨ ᠠᠮᠤᠷ ᠲᠦᠪᠰᠢᠨ᠂ ᠵᠠᠬ᠎ᠠ ᠳᠡᠯᠭᠡᠭᠦᠷ ᠤᠨ ᠡᠮᠬᠢ ᠳᠢᠭᠯᠢᠮ᠂ ᠦᠢᠯᠡᠴᠢᠯᠡᠭᠡᠨ ᠤ ᠬᠥᠭᠵᠢᠯᠲᠡ ᠵᠡᠷᠭᠡ ᠭᠤᠤᠯᠳᠠᠯᠭ᠎ᠠ ᠲᠠᠢ ᠡᠭᠦᠷᠭᠡ ᠶᠢ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃

  ᠬᠠᠷᠢᠯᠴᠠᠬᠤ ᠤᠲᠠᠰᠤ᠄ 0471-4505865

  ︵ᠭᠤᠷᠪᠠ︶ ᠰᠤᠨᠢᠨ ᠮᠡᠳᠡᠭᠡᠨ ᠤ ᠤᠬᠠᠬᠤᠯᠭ᠎ᠠ ᠶᠢᠨ ᠭᠠᠵᠠᠷ᠃ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠨᠡᠶᠢᠲᠡᠯᠡᠬᠦ ᠳᠦᠷᠢᠮ ᠢ ᠲᠣᠭᠲᠠᠭᠠᠵᠤ᠂ ᠰᠣᠨᠢᠨ ᠮᠡᠳᠡᠭᠡᠨ ᠤ ᠤᠬᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠵᠠᠳᠠᠯᠬᠤ ᠪᠠ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠵᠢᠯᠣᠭᠤᠳᠤᠨ᠎ᠠ︔ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ︔ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ᠂ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠬᠠᠭᠤᠯᠬᠤ ᠶᠢ ᠬᠠᠷᠢᠭᠤᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃

  ᠬᠠᠷᠢᠯᠴᠠᠬᠤ ᠤᠲᠠᠰᠤ᠄ 0471-6628352

  ︵ᠲᠦᠷᠪᠡ︶ ᠬᠠᠤᠯᠢ ᠲᠣᠭᠲᠠᠭᠠᠯ ᠤᠨ ᠭᠠᠵᠠᠷ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠬᠠᠤᠯᠢ ᠲᠣᠭᠲᠠᠭᠠᠯ ᠶᠣᠰᠣᠭᠠᠷ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠵᠢᠷᠤᠭᠯᠠᠨ ᠲᠥᠯᠥᠪᠯᠡᠬᠦ᠂ ᠴᠢᠯᠥᠭᠡᠲᠦ ᠲᠠᠰᠤᠯᠤᠯᠲᠠ ᠶᠢᠨ ᠡᠷᠬᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠬᠤᠯᠪᠤᠭᠳᠠᠯ ᠪᠦᠬᠦᠢ ᠭᠡᠷᠡᠴᠢᠯᠡᠭᠡ ᠰᠣᠨᠣᠰᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠥᠭᠬᠦ ᠠᠵᠢᠯ ᠢ ᠡᠭᠦᠷᠭᠡᠯᠡᠬᠦ ᠪᠤᠶᠤ ᠲᠡᠭᠦᠨ ᠳᠤ ᠣᠷᠣᠯᠴᠠᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃

  ᠬᠠᠷᠢᠯᠴᠠᠬᠤ ᠤᠲᠠᠰᠤ᠄ 0471-6628278

  ︵ᠲᠠᠪᠤ︶ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠲᠣᠪᠴᠢᠶ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠵᠢᠴᠢ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠥᠪᠰᠢᠶᠡᠷᠡᠨ ᠣᠷᠣᠭᠤᠯᠬᠤ᠂ ᠦᠢᠯᠡᠳᠪᠦᠷᠢᠯᠡᠬᠦ᠂ ᠡᠵᠡᠩᠨᠡᠬᠦ᠂ ᠠᠷᠠᠯᠵᠢᠶᠠᠯᠠᠬᠤ ᠳᠤᠮᠳᠠᠬᠢ ᠬᠠᠮᠢᠶ᠎ᠠ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ ᠪᠦᠬᠦ ᠣᠷᠣᠨ ᠤ ᠴᠢᠨᠠᠷᠲᠠᠶ ᠨᠥᠯᠥᠭᠡ ᠪᠦᠬᠦᠢ ᠪᠤᠶᠤ ᠠᠶᠢᠮᠠᠭ ᠬᠤᠲᠠ ᠠᠯᠤᠰᠯᠠᠭᠰᠠᠨ ᠲᠣᠮᠣ ᠬᠡᠷᠡᠭ ᠴᠢᠬᠤᠯᠠ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ᠂ ᠬᠢᠨᠠᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃

  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠦᠢᠯᠡᠴᠢᠯᠡᠭᠡᠨ ᠤ ᠬᠦᠷᠢᠶᠡᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠡᠷᠡᠭᠯᠡᠭᠴᠢᠳ ᠤᠨ ᠠᠰᠠᠭᠤᠨ ᠯᠠᠪᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠪᠠ ᠰᠦᠯᠵᠢᠶᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠡᠷᠡᠭᠯᠡᠭᠡᠨ ᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠬᠡᠷᠡᠭᠯᠡᠭᠡᠨ ᠤ ᠣᠷᠴᠢᠨ ᠲᠣᠭᠤᠷᠢᠨ ᠤ ᠦᠨᠡᠯᠡᠯᠲᠡ ᠶᠢᠨ ᠠᠵᠢᠯ ᠢ ᠵᠢᠯᠣᠭᠤᠳᠤᠨ᠎ᠠ᠃ ᠬᠡᠷᠡᠭᠯᠡᠭᠴᠢᠳ ᠤᠨ ᠡᠷᠬᠡ ᠠᠰᠢᠭ ᠤᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃

  ᠬᠠᠷᠢᠯᠴᠠᠬᠤ ᠤᠲᠠᠰᠤ᠄ 0471-4934053

  ︵ᠵᠢᠷᠭᠤᠭ᠎ᠠ︶ ᠪᠦᠷᠢᠳᠭᠡᠨ ᠳᠠᠩᠰᠠᠯᠠᠬᠤ ᠲᠣᠪᠴᠢᠶ᠎ᠠ ︵ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ︶᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠢᠭᠡᠳᠦᠯᠲᠡᠶ ᠪᠦᠷᠢᠳᠭᠡᠨ ᠳᠠᠩᠰᠠᠯᠠᠬᠤ ᠪᠠ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠬᠤ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠷᠢᠳᠬᠡᠨ ᠳᠠᠩᠰᠠᠯᠠᠬᠤ ᠪᠦᠬᠦ ᠶᠠᠪᠤᠴᠠ ᠶᠢᠨ ᠡᠯᠧᠺᠲᠷᠣᠨᠴᠢᠯᠠᠬᠤ ᠠᠵᠢᠯ ᠢ ᠵᠢᠯᠣᠭᠤᠳᠬᠤ ᠶᠢ ᠡᠭᠦᠷᠭᠡᠯᠡᠨ᠎ᠡ᠃ ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠵᠠᠳᠠᠯᠤᠨ ᠢᠯᠡ ᠪᠣᠯᠭᠠᠬᠤ ᠠᠵᠢᠯ ᠢ ᠡᠭᠦᠷᠭᠡᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠤᠪᠢᠶᠠᠨ ᠥᠭᠬᠦ ᠵᠢᠴᠢ ᠦᠨᠡᠮᠯᠡᠯ ᠠᠪᠬᠤ ᠠᠵᠢᠯ ᠢ ᠵᠢᠯᠣᠭᠤᠳᠤᠨ᠎ᠠ᠃ ᠬᠤᠪᠢ ᠶᠢᠨ ᠪᠠ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠲᠡᠳᠬᠦᠵᠦ᠂ ᠵᠢᠵᠢᠭ ᠪᠢᠴᠢᠯ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ ᠲᠡᠭᠦᠯᠳᠡᠷᠵᠢᠭᠦᠯᠬᠦ ᠠᠵᠢᠯ ᠢ ᠡᠭᠦᠷᠭᠡᠯᠡᠨ᠎ᠡ᠃ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠵᠢᠯᠴᠠᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃

  ᠬᠠᠷᠢᠯᠴᠠᠬᠤ ᠤᠲᠠᠰᠤ᠄ 0471- 6628523

  ︵ᠳᠣᠯᠤᠭ᠎ᠠ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠦᠷᠢᠳᠬᠡᠨ ᠳᠠᠩᠰᠠᠯᠠᠬᠤ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠲᠡᠭᠡᠮᠵᠢ ᠶᠢ ᠲᠥᠷᠥᠯ ᠬᠤᠪᠢᠶᠠᠨ ᠬᠠᠮᠢᠶᠠᠷᠬᠤ ᠪᠠ ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶ ᠵᠢᠴᠢ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠪᠠ ︽ᠬᠠᠷ᠎ᠠ ᠲᠠᠩᠰᠠ︾ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠪᠠ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢᠨ ᠵᠣᠬᠢᠴᠠᠭᠤᠯᠤᠨ ᠬᠠᠷᠢᠯᠴᠠᠬᠤ ᠵᠡᠷᠭᠡ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ ᠮᠡᠳᠡᠭᠦᠯᠦᠯᠲᠡ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠣᠷᠣᠨ ᠤ ᠦᠢᠯᠡᠳᠬᠦᠨ ᠤ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ ᠳᠦᠷᠢᠮ ᠢ ᠪᠠᠶᠢᠭᠤᠯᠤᠨ᠎ᠠ᠃

  ᠬᠠᠷᠢᠯᠴᠠᠬᠤ ᠤᠲᠠᠰᠤ᠄ 0471-3985185

  ︵ᠨᠠᠢᠮᠠ︶ ᠦᠨ᠎ᠡ ᠬᠠᠩᠰᠢ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠲᠣᠪᠴᠢᠶ᠎ᠠ ︵ᠭᠠᠭᠴᠠᠭᠠᠷ ᠡᠵᠡᠮᠰᠢᠯ ᠢ ᠡᠰᠡᠷᠭᠦᠴᠡᠬᠦ ᠲᠣᠪᠴᠢᠶ᠎ᠠ︶᠃ ᠦᠨ᠎ᠡ ᠬᠠᠩᠰᠢ ᠰᠦᠢᠳᠬᠡᠯ ᠬᠤᠷᠢᠶᠠᠯᠲᠠ ᠶᠢᠨ ᠲᠤᠬᠠᠢ ᠬᠢᠨᠠᠯᠲᠠ ᠪᠠᠶᠢᠴᠠᠭᠠᠯᠲᠠ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠪᠠ ᠭᠠᠭᠴᠠᠭᠠᠷ ᠡᠵᠡᠮᠰᠢᠯ ᠢ ᠡᠰᠡᠷᠭᠦᠴᠡᠬᠦ ᠲᠤᠬᠠᠢ ᠲᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ ᠵᠢᠴᠢ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠨ᠎ᠡ ᠬᠠᠩᠰᠢ ᠰᠦᠢᠳᠬᠡᠯ ᠬᠤᠷᠢᠶᠠᠬᠤ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠤᠨ ᠵᠦᠢ ᠪᠤᠰᠤ ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ ᠪᠣᠷᠣᠯᠠᠭᠤᠯᠤᠭᠴᠢ ᠵᠢᠴᠢ ᠰᠢᠭᠤᠳ ᠪᠣᠷᠣᠯᠠᠭᠤᠯᠬᠤ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠳᠠᠮᠵᠢᠭᠤᠯᠤᠨ ᠪᠣᠷᠣᠯᠠᠭᠤᠯᠬᠤ ᠳᠤ ᠴᠣᠬᠢᠯᠲᠠ ᠥᠭᠬᠦ ᠠᠵᠢᠯ ᠢ ᠡᠭᠦᠷᠭᠡᠯᠡᠨ᠎ᠡ᠃ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠤᠣᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃

  ᠬᠠᠷᠢᠯᠴᠠᠬᠤ ᠤᠲᠠᠰᠤ᠄ 0471-4938010

  ︵ᠶᠢᠰᠦ︶ ᠰᠦᠯᠵᠢᠶᠡᠨ ᠤ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠠᠮᠢᠶ᠎ᠠ ᠪᠥᠬᠦᠶ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠬᠡᠷᠡᠭᠵᠢᠭᠦᠯᠦᠨ᠎ᠡ᠃ ᠰᠦᠯᠵᠢᠶᠡᠨ ᠤ ᠠᠷᠠᠯᠵᠢᠶᠠᠨ ᠤ ᠲᠠᠪᠴᠠᠩ ᠪᠠ ᠰᠦᠯᠵᠢᠶᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠡᠷ᠎ᠡ᠂ ᠦᠨ᠎ᠡ ᠬᠠᠶᠠᠨ ᠬᠤᠳᠠᠯᠳᠤᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠬᠦ ᠬᠥᠷᠥᠩᠭᠡ ᠶᠢᠨ ᠪᠠᠷᠢᠴᠠᠭᠠᠨ ᠤ ᠡᠳ᠋ ᠢ ᠳᠠᠩᠰᠠᠯᠠᠬᠤ ᠶᠢ ᠬᠠᠮᠢᠶᠠᠷᠤᠨ᠎ᠠ᠃

  ᠬᠠᠷᠢᠯᠴᠠᠬᠤ ᠤᠲᠠᠰᠤ᠄ 0471-6385615

  ︵ᠠᠷᠪᠠ︶ ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠡᠮ ᠤᠨ ᠵᠦᠢᠯ᠂ ᠡᠷᠡᠭᠦᠯᠵᠢᠯ ᠤᠨ ᠢᠳᠡᠭᠡᠨ᠂ ᠡᠮᠴᠢᠯᠡᠭᠡᠨ ᠤ ᠪᠠᠭᠠᠵᠢ ᠬᠡᠷᠡᠭᠰᠡᠯ᠂ ᠠᠨᠠᠭᠠᠬᠤ ᠤᠬᠠᠭᠠᠨ ᠤ ᠣᠨᠴᠠ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠤ ᠵᠠᠷ ᠮᠡᠳᠡᠭᠡ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠡᠯ᠎ᠡ ᠲᠥᠷᠥᠯ ᠤᠨ ᠵᠠᠭᠤᠴᠢᠯᠠᠭᠤᠷ ᠤᠨ ᠵᠠᠷ ᠮᠡᠳᠡᠭᠡ ᠨᠡᠶᠢᠲᠡᠯᠡᠭᠰᠡᠨ ᠪᠠᠶᠢᠳᠠᠯ ᠢ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ᠎ᠠ᠃ ᠵᠠᠷ ᠮᠡᠳᠡᠭᠡ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠵᠠᠷ ᠮᠡᠳᠡᠭᠡ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃

  ᠬᠠᠷᠢᠯᠴᠠᠬᠤ ᠤᠲᠠᠰᠤ᠄ 0471-5161203

  ︵ᠠᠷᠪᠠᠨ ᠨᠢᠭᠡ︶ ᠶᠠᠰᠤ ᠴᠢᠨᠠᠷ ᠤᠨ ᠬᠥᠭᠵᠢᠯᠲᠡ ᠶᠢᠨ ᠲᠤᠪᠴᠢᠶ᠎ᠠ᠃ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠬᠠᠮᠵᠢᠯᠴᠠᠨ ᠦᠢᠯᠡᠴᠢᠯᠡᠬᠦ ᠵᠢᠴᠢ ᠬᠡᠷᠡᠭᠯᠡᠭᠡᠨ ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠶᠠᠰᠤ ᠴᠢᠨᠠᠷ ᠤᠨ ᠤᠷᠮᠠᠰᠢᠭᠤᠯᠬᠤ ᠳᠦᠷᠢᠮ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠢ ᠠᠯᠪᠠᠳᠠᠨ ᠮᠡᠳᠡᠭᠦᠯᠬᠦ ᠳᠦᠷᠢᠮ᠂ ᠵᠡᠷᠡᠮᠳᠡᠭ ᠦᠢᠯᠡᠳᠬᠦᠨ ᠢ ᠡᠭᠡᠭᠦᠯᠦᠨ ᠪᠤᠴᠠᠭᠠᠬᠤ ᠳᠦᠷᠢᠮ ᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠰᠢᠨᠵᠢᠬᠦ ᠪᠠ ᠶᠠᠰᠤ ᠴᠢᠨᠠᠷ ᠤᠨ ᠪᠠᠶᠢᠳᠠᠯ ᠳᠤ ᠵᠠᠳᠠᠯᠤᠯᠲᠠ ᠬᠢᠬᠦ ᠶᠢ ᠥᠷᠨᠢᠭᠦᠯᠵᠦ᠂ ᠬᠦᠨᠳᠦ ᠶᠡᠭᠡ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃

  ᠬᠠᠷᠢᠯᠴᠠᠬᠤ ᠤᠲᠠᠰᠤ᠄ 0471-6628358

  ︵ᠠᠷᠪᠠᠨ ᠬᠤᠶᠠᠷ︶ ᠦᠢᠯᠡᠳᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠢᠨᠠᠯᠲᠠ ᠲᠠᠯᠪᠢᠬᠤ ᠦᠢᠯᠡᠳᠬᠦᠨ ᠤ ᠭᠠᠷᠴᠠᠭ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠬᠢᠨᠠᠬᠤ᠂ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠡᠵᠡᠮᠳᠡᠬᠦ ᠪᠠ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃ ᠦᠢᠯᠡᠳᠬᠦᠨ ᠤ ᠶᠠᠰᠤ ᠴᠢᠨᠠᠷ ᠤᠨ ᠠᠵᠢᠯ ᠲᠥᠷᠥᠯ ᠤᠨ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ ᠬᠢᠨᠠᠯᠲᠠ ᠲᠠᠯᠪᠢᠬᠤ ᠶᠢ ᠵᠢᠯᠣᠭᠤᠳᠤᠨ ᠵᠣᠬᠢᠴᠠᠭᠤᠯᠤᠨ᠎ᠠ᠃ ᠠᠶᠢᠮᠠᠭ ᠬᠤᠲᠠ ᠶᠢᠨ ᠵᠣᠬᠢᠶᠠᠨ ᠪᠠᠶᠢᠭᠤᠯᠤᠭᠰᠠᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠬᠠᠮᠢᠶᠠᠷᠤᠯᠲᠠ ᠪᠣᠯᠤᠨ ᠢᠳᠡᠭᠡᠨ ᠤ ᠬᠤᠯᠪᠤᠭᠳᠠᠯ ᠪᠦᠬᠦᠢ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠥᠪᠥᠩ ᠵᠡᠷᠭᠡ ᠰᠢᠷᠬᠡᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃

  ᠬᠠᠷᠢᠯᠴᠠᠬᠤ ᠤᠲᠠᠰᠤ᠄ 0471-4501019

  ︵ᠠᠷᠪᠠᠨ ᠭᠤᠷᠪᠠ︶ ᠢᠳᠡᠭᠡᠨ ᠤ ᠠᠮᠤᠷ ᠲᠦᠪᠰᠢᠨ ᠢ ᠵᠣᠬᠢᠴᠠᠭᠤᠯᠬᠤ ᠬᠢᠭᠡᠳ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠭᠠᠵᠠᠷ᠃ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠭᠠᠵᠠᠷ ᠣᠷᠣᠨ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠵᠤ ᠬᠥᠳᠡᠯᠦᠯᠴᠡᠬᠦ ᠵᠣᠬᠢᠴᠠᠮᠵᠢ ᠵᠡᠷᠭᠡ ᠠᠵᠢᠯ ᠢ ᠡᠭᠦᠷᠭᠡᠯᠡᠨ᠎ᠡ᠃ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠤᠭᠳᠠᠯ ᠪᠦᠬᠦᠢ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠬᠢᠷᠢ ᠲᠡᠩᠴᠡᠬᠦ ᠦᠭᠡᠶ ᠢᠳᠡᠭᠡᠨ ᠢ ᠬᠠᠷᠭᠤᠭᠤᠯᠤᠨ ᠪᠠᠶᠢᠴᠠᠭᠠᠬᠤ᠂ ᠰᠢᠢᠳᠪᠦᠷᠢᠯᠡᠬᠦ᠂ ᠡᠭᠡᠭᠦᠯᠦᠨ ᠪᠤᠴᠠᠭᠠᠬᠤ ᠶᠢ ᠰᠢᠮᠳᠠᠭᠤᠯᠤᠨ ᠵᠢᠯᠣᠭᠤᠳᠤᠨ᠎ᠠ᠃ ᠢᠳᠡᠭᠡᠨ ᠤ ᠠᠮᠤᠷ ᠲᠦᠪᠰᠢᠨ ᠤ ᠦᠨᠡᠯᠡᠯᠲᠡ ᠶᠢᠨ ᠴᠢᠨᠠᠷᠲᠠᠶ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠲᠦᠭᠰᠢᠭᠦᠷᠢ ᠶᠢᠨ ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ ᠠᠵᠢᠯ ᠢ ᠳᠠᠭᠠᠭᠠᠨ ᠡᠷᠬᠢᠯᠡᠨ᠎ᠡ᠃

  ᠬᠠᠷᠢᠯᠴᠠᠬᠤ ᠤᠲᠠᠰᠤ᠄ 0471-4507131

  ︵ᠠᠷᠪᠠᠨ ᠳᠥᠷᠪᠡ︶ ᠢᠳᠡᠭᠡᠨ ᠤ ᠦᠢᠯᠡᠳᠪᠦᠷᠢᠯᠡᠯ ᠤᠨ ᠠᠮᠤᠷ ᠳᠥᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠦᠢᠯᠡᠳᠪᠦᠷᠢᠯᠡᠯ ᠤᠨ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠦᠢᠯᠡᠳᠪᠦᠷᠢᠯᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠵᠢᠯᠣᠭᠤᠳᠤᠨ ᠢᠳᠡᠭᠡᠨ ᠤ ᠠᠮᠤᠷ ᠲᠦᠪᠰᠢᠨ ᠤ ᠮᠦᠷᠳᠡᠵᠦ ᠪᠣᠯᠬᠤᠶᠢᠴᠠ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃

  ᠬᠠᠷᠢᠯᠴᠠᠬᠤ ᠤᠲᠠᠰᠤ᠄ 0471-4506019

  ︵ᠠᠷᠪᠠᠨ ᠲᠠᠪᠤ︶ ᠢᠳᠡᠭᠡᠨ ᠤ ᠭᠦᠢᠯᠭᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠭᠦᠢᠯᠭᠡᠭᠡᠨ ᠤ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠭᠦᠢᠯᠭᠡᠭᠡᠨ᠂ ᠵᠠᠬ᠎ᠠ ᠳᠡᠯᠭᠡᠭᠦᠷ ᠤᠨ ᠪᠣᠷᠣᠯᠠᠭᠤᠯᠤᠨ ᠬᠤᠳᠠᠯᠳᠤᠬᠤ ᠢᠳᠡᠭᠡᠨ ᠳᠤ ᠬᠡᠷᠡᠭᠯᠡᠬᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠪᠣᠯᠤᠨ ᠢᠳᠡᠭᠡᠨ ᠤ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠢᠯᠣᠭᠤᠳᠤᠨ᠎ᠠ᠃

  ᠬᠠᠷᠢᠯᠴᠠᠬᠤ ᠤᠲᠠᠰᠤ᠄ 0471-4507181

  ︵ᠠᠷᠪᠠᠨ ᠵᠢᠷᠭᠤᠭ᠎ᠠ︶ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠡᠵᠡᠮᠰᠢᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠢᠯᠣᠭᠤᠳᠤᠨ ᠥᠷᠨᠢᠭᠦᠯᠵᠦ᠂ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠵᠢᠯᠣᠭᠤᠳᠤᠨ᠎ᠠ᠃

  ᠬᠠᠷᠢᠯᠴᠠᠬᠤ ᠤᠲᠠᠰᠤ᠄ 0471-4507176

  ︵ᠠᠷᠪᠠᠨ ᠳᠣᠯᠤᠭ᠎ᠠ︶ ᠣᠨᠴᠠᠭᠠᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠡᠷᠡᠭᠦᠯᠵᠢᠯ ᠤᠨ ᠢᠳᠡᠭᠡᠨ᠂ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠪᠠ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠵᠡᠷᠭᠡ ᠣᠨᠴᠠᠭᠠᠢ ᠢᠳᠡᠭᠡᠨ ᠤ ᠬᠦᠷᠢᠶᠡᠨ ᠳᠠᠬᠢ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠣᠨᠴᠠᠭᠠᠢ ᠢᠳᠡᠭᠡᠨ ᠢ ᠵᠥᠪᠰᠢᠶᠡᠷᠡᠬᠦ᠂ ᠳᠠᠩᠰᠠᠯᠠᠬᠤ᠂ ᠬᠢᠨᠠᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠰᠢᠨ ᠳᠠᠪᠤᠰᠤ ᠶᠢᠨ ᠦᠢᠯᠡᠳᠪᠦᠷᠢᠯᠡᠯ᠂ ᠡᠵᠡᠩᠨᠡᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃

  ᠬᠠᠷᠢᠯᠴᠠᠬᠤ ᠤᠲᠠᠰᠤ᠄ 0471-4934951

  ︵ᠠᠷᠪᠠᠨ ᠨᠠᠢᠮᠠ︶ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠤᠪᠴᠢᠶ᠎ᠠ᠃ ᠪᠥᠬᠦ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠣᠨᠴᠠ ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ᠂ ᠭᠦᠸᠧᠯᠦ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠣᠨᠴᠠ ᠲᠥᠷᠥᠯ ᠤᠨ ᠲᠥᠬᠦᠭᠡᠷᠦᠮᠵᠢ ᠶᠢᠨ ᠠᠳᠡᠯ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠪᠦᠷᠢᠳᠬᠡᠨ ᠵᠠᠳᠠᠯᠤᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯᠲᠠᠨ᠂ ᠠᠵᠢᠯᠯᠠᠭᠴᠢ ᠶᠢ ᠬᠢᠨᠠᠨ ᠬᠠᠮᠢᠶᠠᠷᠤᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠢ ᠠᠬᠢᠭᠤᠯᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃

  ᠬᠠᠷᠢᠯᠴᠠᠬᠤ ᠤᠲᠠᠰᠤ᠄ 0471-6385715

  ︵ᠠᠷᠪᠠ ᠶᠢᠰᠦ︶ ᠬᠡᠮᠵᠢᠯᠲᠡ ᠶᠢᠨ ᠭᠠᠵᠠᠷ᠃ ᠬᠠᠤᠯᠢ ᠪᠠᠷ ᠲᠣᠭᠲᠠᠭᠠᠭᠰᠠᠨ ᠬᠡᠮᠵᠢᠭᠦᠷ ᠤᠨ ᠨᠢᠭᠡᠴᠢ ᠪᠠ ᠤᠯᠤᠰ ᠤᠨ ᠬᠡᠮᠵᠢᠭᠦᠷ ᠤᠨ ᠲᠦᠷᠢᠮ ᠢ ᠬᠡᠷᠡᠭᠵᠢᠭᠦᠯᠵᠦ᠂ ᠬᠡᠮᠵᠢᠭᠦᠷ ᠤᠨ ᠪᠠᠷᠢᠮᠵᠢᠶ᠎ᠠ᠂ ᠬᠡᠮᠵᠢᠭᠦᠷ ᠤᠨ ᠪᠠᠷᠢᠮᠵᠢᠶᠠᠲᠤ ᠪᠣᠳᠠᠰ ᠪᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠬᠡᠮᠵᠢᠭᠳᠡᠬᠦᠨ ᠢ ᠳᠠᠮᠵᠢᠭᠤᠯᠵᠤ ᠡᠬᠢ ᠡᠭᠦᠰᠦᠯ ᠢ ᠨᠢ ᠡᠷᠢᠬᠦ ᠪᠠ ᠬᠡᠮᠵᠢᠬᠦ ᠶᠢ ᠬᠠᠷᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ ᠮᠡᠷᠭᠡᠵᠢᠯ ᠤᠨ ᠵᠢᠷᠤᠮᠵᠢᠯ ᠤᠨ ᠰᠢᠰᠲ᠋ᠧᠮᠵᠢ ᠶᠢ ᠪᠠᠶᠢᠭᠤᠯᠬᠤ ᠵᠢᠴᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ᠲᠠᠸᠠᠷ ᠤᠨ ᠬᠡᠮᠵᠢᠶ᠎ᠡ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ᠂ ᠬᠡᠮᠵᠢᠯᠲᠡ ᠶᠢᠨ ᠬᠥᠨᠳᠡᠯᠡᠨ ᠠᠴᠠ ᠲᠠᠰᠤᠯᠬᠤ ᠶᠢ ᠰᠢᠯᠭᠠᠨ ᠲᠣᠭᠲᠠᠭᠠᠬᠤ ᠪᠠ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠵᠢᠴᠢ ᠠᠵᠢᠯᠲᠠᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠬᠡᠮᠵᠢᠯᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠵᠢᠷᠤᠮᠵᠢᠭᠤᠯᠤᠨ᠎ᠠ᠃

  ᠬᠠᠷᠢᠯᠴᠠᠬᠤ ᠤᠲᠠᠰᠤ᠄ 0471-4506017

  ︵ᠬᠤᠷᠢᠨ︶ ᠪᠠᠷᠢᠮᠵᠢᠶᠠᠵᠢᠭᠤᠯᠤᠯᠲᠠ ᠶᠢᠨ ᠭᠠᠵᠠᠷ᠃ ᠪᠠᠷᠢᠮᠵᠢᠶᠠᠵᠢᠭᠤᠯᠤᠯᠲᠠ ᠶᠢᠨ ᠠᠵᠢᠯ ᠤᠨ ᠨᠢᠭᠡᠳᠦᠯᠲᠡᠶ ᠬᠠᠮᠢᠶᠠᠷᠤᠯᠲᠠ ᠶᠢ ᠬᠠᠷᠢᠭᠤᠴᠠᠨ᠎ᠠ᠃ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ᠂ ᠬᠢᠨᠠᠯᠲᠠ ᠲᠠᠯᠪᠢᠬᠤ ᠵᠡᠷᠭᠡ ᠠᠵᠢᠯ ᠢ ᠡᠭᠦᠷᠭᠡᠯᠡᠵᠦ᠂ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ᠂ ᠲᠠᠸᠠᠷ ᠤᠨ ᠵᠢᠷᠤᠭᠠᠰᠤᠨ ᠺᠣᠳ᠋ ᠵᠢᠴᠢ ᠢᠯᠭᠠᠬᠤ ᠲᠡᠮᠳᠡᠭ ᠪᠣᠯᠤᠨ ᠪᠦᠬᠦ ᠣᠷᠣᠨ ᠤ ᠲᠤᠰᠬᠠᠶ ᠪᠠᠷᠢᠮᠵᠢᠶᠠᠵᠢᠭᠤᠯᠬᠤ ᠮᠡᠷᠭᠡᠵᠢᠯ ᠤᠨ ᠺᠣᠮᠢᠰ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠠᠷᠢᠮᠵᠢᠶᠠᠵᠢᠭᠤᠯᠤᠨ ᠵᠣᠬᠢᠴᠠᠭᠤᠯᠬᠤ ᠵᠣᠬᠢᠴᠠᠮᠵᠢ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃

  ᠬᠠᠷᠢᠯᠴᠠᠬᠤ ᠤᠲᠠᠰᠤ᠄ 0471-6628243

  ︵ᠬᠤᠷᠢᠨ ᠨᠢᠭᠡ︶ ᠭᠡᠷᠡᠴᠢᠯᠡᠵᠦ ᠵᠥᠪᠰᠢᠶᠡᠷᠡᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠬᠢᠨᠠᠯᠲᠠ ᠬᠠᠮᠢᠶᠠᠷᠤᠯᠲᠠ ᠶᠢᠨ ᠭᠠᠵᠠᠷ᠃ ᠭᠡᠷᠡᠴᠢᠯᠡᠨ ᠵᠥᠪᠰᠢᠶᠡᠷᠡᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠰᠠᠶᠢᠨ ᠳᠤᠷ᠎ᠠ ᠶᠢᠨ ᠴᠢᠨᠠᠷᠲᠠᠶ ᠭᠡᠷᠡᠴᠢᠯᠡᠬᠦ ᠪᠠ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠬᠦ ᠠᠵᠢᠯ ᠢ ᠬᠢᠨᠠᠨ ᠬᠠᠮᠢᠶᠠᠷᠴᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠡᠷᠡᠴᠢᠯᠡᠵᠦ ᠵᠥᠪᠰᠢᠶᠡᠷᠡᠬᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠥᠭᠡᠷᠡᠴᠢᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃

  ᠬᠠᠷᠢᠯᠴᠠᠬᠤ ᠤᠲᠠᠰᠤ᠄ 0471-6385867

  ︵ᠬᠤᠷᠢᠨ ᠬᠤᠶᠠᠷ︶ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠥᠭᠵᠢᠯᠲᠡ ᠶᠢᠨ ᠭᠠᠵᠠᠷ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠡᠳᠡᠯᠭᠡ ᠶᠢᠨ ᠥᠮᠴᠢᠯᠡᠯ ᠤᠨ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠡᠭᠦᠷᠭᠡᠯᠡᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢ ᠤᠷᠮᠠᠰᠢᠭᠤᠯᠤᠨ ᠱᠠᠩᠨᠠᠬᠤ᠂ ᠡᠭᠦᠳᠦᠨ ᠪᠦᠲᠦᠭᠡᠵᠦ ᠬᠡᠷᠡᠭᠯᠡᠬᠦ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢ ᠵᠠᠳᠠᠯᠤᠨ ᠦᠨᠡᠯᠡᠬᠦ᠂ ᠬᠡᠷᠡᠭᠯᠡᠬᠦ ᠵᠢᠴᠢ ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ ᠳᠠᠨᠵᠢᠯᠠᠵᠤ ᠪᠡᠯᠡ ᠲᠣᠬᠢᠷᠠᠭᠤᠯᠬᠤ᠂ ᠳᠠᠯᠳᠠ ᠡᠳ᠋ ᠬᠥᠷᠥᠩᠭᠡ ᠶᠢ ᠦᠨᠡᠯᠡᠨ ᠵᠢᠱᠢᠬᠦ ᠵᠢᠴᠢ ᠠᠶᠢᠮᠠᠭ ᠬᠤᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠢ ᠵᠣᠬᠢᠴᠠᠭᠤᠯᠤᠨ ᠵᠢᠯᠣᠭᠤᠳᠴᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃

  ᠬᠠᠷᠢᠯᠴᠠᠬᠤ ᠤᠲᠠᠰᠤ᠄ 0471- 6385195

  ︵ᠬᠤᠷᠢᠨ ᠭᠤᠷᠪᠠ︶ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠭᠠᠵᠠᠷ᠃ ᠲᠠᠸᠠᠷ ᠤᠨ ᠲᠡᠮᠳᠡᠭ᠂ ᠲᠤᠰᠬᠠᠶ ᠠᠰᠢᠭ ᠤᠨ ᠬᠠᠮᠠᠭᠠᠯᠠᠯᠲᠠ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠲᠥᠰᠦᠯ ᠵᠢᠴᠢ ᠬᠠᠮᠢᠶ᠎ᠠ ᠪᠥᠬᠦᠶ ᠲᠦᠷᠢᠮ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠤᠤᠯ ᠭᠠᠷᠤᠯᠲᠠ ᠶᠢᠨ ᠭᠠᠵᠠᠷ ᠤᠨ ᠭᠠᠵᠠᠷ ᠵᠦᠢ ᠶᠢᠨ ᠲᠡᠮᠳᠡᠭ ᠵᠡᠷᠭᠡ ᠠᠯᠪᠠᠨ ᠤ ᠲᠠᠯ᠎ᠠ ᠶᠢᠨ ᠬᠠᠮᠠᠭᠠᠯᠠᠯᠲᠠ ᠶᠢ ᠡᠭᠦᠷᠭᠡᠯᠡᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠨ ᠬᠠᠮᠢᠶᠠᠷᠤᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠰᠢᠰᠲ᠋ᠧᠮᠵᠢ ᠪᠠ ᠬᠠᠤᠯᠢ ᠬᠡᠷᠡᠭᠵᠢᠭᠦᠯᠬᠦ ᠶᠢᠨ ᠬᠠᠮᠵᠢᠯᠴᠠᠬᠤ ᠵᠣᠬᠢᠴᠠᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃

  ᠬᠠᠷᠢᠯᠴᠠᠬᠤ ᠤᠲᠠᠰᠤ᠄ 0471-4505185

  ︵ᠬᠤᠷᠢᠨ ᠳᠥᠷᠪᠡ︶ ᠴᠢᠯᠠᠭᠤᠨ ᠲᠣᠰᠣ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠭᠠᠵᠠᠷ᠃ ᠴᠢᠯᠠᠭᠤᠨ ᠲᠣᠰᠣ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠬᠤᠯᠪᠤᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠦᠨ᠎ᠡ᠃ ᠪᠦᠬᠦ ᠣᠷᠣᠨ ᠤ ᠴᠢᠯᠠᠭᠤᠨ ᠲᠣᠰᠣ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠠᠵᠤ ᠠᠬᠤᠶᠢᠯᠠᠯ ᠤᠨ ᠴᠢᠯᠠᠭᠤᠨ ᠲᠣᠰᠣ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠢᠨᠠᠯᠲᠠ ᠲᠠᠯᠪᠢᠬᠤ ᠭᠤᠶᠤᠴᠢᠯᠠᠨ ᠮᠡᠳᠡᠭᠦᠯᠬᠦ ᠶᠢ ᠬᠦᠯᠢᠶᠡᠨ ᠠᠪᠴᠤ᠂ ᠴᠢᠯᠠᠭᠤᠨ ᠲᠣᠰᠣ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠰᠢᠯᠭᠠᠨ ᠠᠪᠴᠤ ᠳᠠᠩᠰᠠᠯᠠᠭᠤᠯᠬᠤ ᠶᠢ ᠭᠦᠢᠴᠡᠳᠬᠡᠨ᠎ᠡ᠃ ᠴᠢᠯᠠᠭᠤᠨ ᠲᠣᠰᠣ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠲᠤᠰᠬᠠᠶ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ ᠴᠢᠯᠠᠭᠤᠨ ᠲᠣᠰᠣ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠤᠯᠪᠤᠭᠳᠠᠯ ᠪᠦᠬᠦᠢ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠃ ᠴᠢᠯᠠᠭᠤᠨ ᠲᠣᠰᠣ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠢ ᠪᠠᠶᠢᠴᠠᠭᠠᠬᠤ ᠪᠠ ᠰᠢᠢᠳᠪᠦᠷᠢᠯᠡᠬᠦ ᠳᠤ ᠣᠷᠣᠯᠴᠠᠨ᠎ᠠ᠃

  ᠬᠠᠷᠢᠯᠴᠠᠬᠤ ᠤᠲᠠᠰᠤ᠄ 0471-6385161

  ︵ᠬᠤᠷᠢᠨ ᠲᠠᠪᠤ︶ ᠰᠢᠨᠵᠢᠯᠡᠬᠦ ᠤᠬᠠᠬᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠭᠠᠵᠠᠷ᠃ ᠬᠤᠯᠪᠤᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠬᠤᠯᠪᠤᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ᠂ ᠬᠠᠮᠲᠤᠷᠠᠯᠴᠠᠨ ᠰᠣᠯᠢᠯᠴᠠᠬᠤ᠂ ᠦᠷ᠎ᠡ ᠪᠦᠲᠦᠭᠡᠯ ᠢ ᠬᠡᠷᠡᠭᠯᠡᠬᠦ ᠵᠡᠷᠭᠡ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ᠂ ᠵᠢᠯᠣᠭᠤᠳᠤᠨ ᠬᠡᠷᠡᠭᠵᠢᠭᠦᠯᠬᠦ ᠵᠡᠷᠭᠡ ᠠᠵᠢᠯ ᠢ ᠡᠭᠦᠷᠭᠡᠯᠡᠨ᠎ᠡ᠃

  ᠬᠠᠷᠢᠯᠴᠠᠬᠤ ᠤᠲᠠᠰᠤ᠄ 0471-6628303

  ︵ᠬᠤᠷᠢᠨ ᠵᠢᠷᠭᠤᠭ᠎ᠠ︶ ᠡᠳ᠋ ᠤᠨ ᠶᠠᠪᠤᠳᠠᠯ ᠤᠨ ᠭᠠᠵᠠᠷ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠭᠠᠶᠢᠯᠢ ᠶᠢᠨ ᠪᠤᠰᠤ ᠣᠷᠣᠯᠭ᠎ᠠ᠂ ᠡᠳ᠋ ᠤᠨ ᠶᠠᠪᠤᠳᠠᠯ ᠤᠨ ᠬᠢᠨᠠᠨ ᠪᠤᠳᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠦᠨᠳᠦᠰᠦᠨ ᠪᠦᠲᠦᠭᠡᠨ ᠪᠠᠶᠢᠭᠤᠯᠤᠯᠲᠠ ᠪᠣᠯᠤᠨ ᠡᠯ᠎ᠡ ᠲᠥᠷᠥᠯ ᠤᠨ ᠪᠡᠯᠡ ᠮᠥᠩᠭᠦ᠂ ᠲᠤᠰᠬᠠᠶ ᠬᠡᠷᠡᠭᠯᠡᠬᠦ ᠰᠠᠭᠤᠷᠢ ᠮᠥᠩᠭᠦ ᠵᠢᠴᠢ ᠦᠢᠯᠡᠳᠴᠦ ᠤᠭᠰᠠᠷᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠲᠣᠨᠣᠭᠯᠠᠯ ᠲᠣᠬᠢᠷᠠᠭᠤᠯᠬᠤ ᠠᠵᠢᠯ ᠢ ᠵᠢᠯᠣᠭᠤᠳᠤᠨ᠎ᠠ᠃

  ᠬᠠᠷᠢᠯᠴᠠᠬᠤ ᠤᠲᠠᠰᠤ᠄ 0471-6628257

  ︵ᠬᠤᠷᠢᠨ ᠳᠣᠯᠤᠭ᠎ᠠ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠶᠢᠨ ᠴᠠᠯᠢᠩ᠂ ᠡᠩᠨᠡᠭᠡᠨ ᠤ ᠪᠠᠶᠢᠭᠤᠯᠤᠯᠲᠠ᠂ ᠬᠥᠮᠦᠵᠢᠯ ᠪᠣᠯᠪᠠᠰᠤᠷᠠᠯ ᠪᠣᠯᠤᠨ ᠭᠠᠳᠠᠭᠠᠳᠤ ᠶᠠᠪᠤᠳᠠᠯ ᠵᠡᠷᠭᠡ ᠠᠵᠢᠯ ᠢ ᠡᠭᠦᠷᠭᠡᠯᠡᠨ᠎ᠡ᠃ ᠬᠠᠷᠢᠶ᠎ᠠ ᠨᠢᠭᠡᠴᠢ ᠶᠢᠨ ᠢᠶᠠᠨ ᠬᠤᠯᠪᠤᠭᠳᠠᠯ ᠪᠦᠬᠦᠢ ᠠᠵᠢᠯ ᠢ ᠵᠢᠯᠣᠭᠤᠳᠤᠨ᠎ᠠ᠃

  ᠬᠠᠷᠢᠯᠴᠠᠬᠤ ᠤᠲᠠᠰᠤ᠄ 0471-6628480

  ︵ᠬᠤᠷᠢᠨ ᠨᠠᠢᠮᠠ︶ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ᠃

  ᠬᠠᠷᠢᠯᠴᠠᠬᠤ ᠤᠲᠠᠰᠤ᠄ 0471-6628502

  ︵ᠬᠤᠷᠢ ᠶᠢᠰᠦ︶ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃

  ᠬᠠᠷᠢᠯᠴᠠᠬᠤ ᠤᠲᠠᠰᠤ᠄ 0471-6385373

  ᠬᠠᠶ᠋ᠢᠭ᠄ ᠬᠥᠬᠡᠬᠤᠲᠠ ᠶᠢᠨ ᠵᠢᠨᠴᠢᠶᠤᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠥᠷᠪᠡᠳᠦᠭᠡᠷ ᠵᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

  ᠠᠵᠢᠯᠯᠠᠬᠤ ᠴᠠᠭ᠄ 9:00 —12:00᠂ 14:00 —17:30

  ᠬᠠᠷᠢᠯᠴᠠᠬᠤ ᠬᠡᠯᠪᠡᠷᠢ᠄ ᠠᠰᠠᠭᠤᠨ ᠯᠠᠪᠯᠠᠬᠤ ᠤᠲᠠᠰᠤ᠄ 0471-3912315᠂ ᠹᠠᠺᠰ ᠤᠨ ᠨᠣᠮᠧᠷ᠄ 0471-6628475

  ᠬᠠᠷᠢᠭᠤᠴᠠᠯᠭᠠᠲᠠᠨ᠄ ᠦ᠋ ᠵᠧᠨ ᠴᠢᠩ

  

  

  

ᠬᠠᠷᠢᠶ᠎ᠠ ᠨᠢᠭᠡᠴᠢ᠄

  ︵ᠨᠢᠭᠡ︶ ᠥᠪᠥᠷ ᠮᠣᠩᠭᠤᠯ ᠤᠨ ᠬᠡᠮᠵᠢᠯᠲᠡ ᠰᠢᠯᠭᠠᠯᠲᠠ ᠶᠢᠨ ᠰᠤᠳᠤᠯᠤᠯ ᠤᠨ ᠬᠦᠷᠢᠶᠡᠯᠡᠩ

  ᠬᠡᠮᠵᠢᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠰᠢᠯᠭᠠᠨ ᠪᠠᠶᠢᠴᠠᠭᠠᠵᠤ ᠬᠠᠷᠭᠤᠭᠤᠯᠬᠤ᠂ ᠬᠡᠮᠵᠢᠬᠦ ᠬᠢᠨᠠᠨ ᠬᠡᠮᠵᠢᠬᠦ᠂ ᠰᠢᠯᠭᠠᠨ ᠪᠠᠶᠢᠴᠠᠭᠠᠬᠤ ᠵᠡᠷᠭᠡ ᠡᠭᠦᠷᠭᠡ ᠴᠢᠳᠠᠪᠤᠷᠢ ᠶᠢ ᠡᠭᠦᠷᠭᠡᠯᠡᠨ᠎ᠡ᠃ ᠭᠤᠤᠯ ᠡᠭᠦᠷᠭᠡ ᠬᠠᠷᠢᠭᠤᠴᠠᠯᠭ᠎ᠠ ᠄

  1. ᠤᠯᠤᠰ ᠤᠨ ᠵᠥᠪᠰᠢᠶᠡᠷᠡᠯ ᠢᠶᠠᠷ ᠪᠠᠶᠢᠭᠤᠯᠤᠭᠰᠠᠨ ᠬᠡᠮᠵᠢᠯᠲᠡ ᠶᠢᠨ ᠰᠠᠭᠤᠷᠢ ᠪᠠᠷᠢᠮᠵᠢᠶ᠎ᠠ᠂ ᠪᠠᠷᠢᠮᠵᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠡᠭᠡᠳᠦ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ ᠰᠤᠳᠤᠯᠬᠤ᠂ ᠪᠠᠶᠢᠭᠤᠯᠬᠤ᠂ ᠬᠠᠳᠠᠭᠠᠯᠠᠬᠤ᠂ ᠬᠠᠮᠠᠭᠠᠯᠠᠵᠤ ᠬᠡᠷᠡᠭᠯᠡᠨ᠎ᠡ᠃

  2. ᠬᠡᠮᠵᠢᠭᠳᠡᠯ ᠤᠨ ᠳᠠᠮᠵᠢᠭᠤᠯᠭ᠎ᠠ᠂ ᠬᠡᠮᠵᠢᠭᠳᠡᠯ ᠤᠨ ᠮᠥᠷᠳᠡᠯᠲᠡ ᠶᠢ ᠡᠭᠦᠷᠭᠡᠯᠡᠵᠦ᠂ ᠠᠯᠪᠠᠳᠠᠯᠭ᠎ᠠ ᠪᠠᠷ ᠰᠢᠯᠭᠠᠨ ᠲᠣᠭᠲᠠᠭᠠᠬᠤ᠂ ᠬᠡᠮᠵᠢᠯᠲᠡ ᠶᠢ ᠬᠠᠷᠭᠤᠭᠤᠯᠬᠤ᠂ ᠰᠢᠯᠭᠠᠬᠤ ᠪᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃

  3. ᠬᠡᠮᠵᠢᠯᠲᠡ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠤᠨ ᠯᠠᠪᠯᠠᠯᠭ᠎ᠠ ᠪᠠ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃

  4. ᠡᠨᠧᠷᠭᠢ ᠶᠢᠨ ᠬᠤᠷᠣᠭᠳᠠᠭᠤᠯᠭ᠎ᠠ ᠶᠢᠨ ᠬᠡᠮᠵᠢᠶ᠎ᠡ ᠶᠢ ᠬᠢᠨᠠᠨ ᠬᠡᠮᠵᠢᠬᠦ ᠵᠡᠷᠭᠡ ᠡᠨᠧᠷᠭᠢ ᠶᠢᠨ ᠬᠡᠮᠵᠢᠯᠲᠡ ᠶᠢᠨ ᠠᠵᠢᠯ ᠢ ᠥᠷᠨᠢᠭᠦᠯᠦᠨ᠎ᠡ᠃

  5. ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠬᠢᠨᠠᠨ ᠬᠡᠮᠵᠢᠬᠦ ᠪᠠ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠬᠡᠮᠵᠢᠯᠲᠡ ᠶᠢᠨ ᠠᠵᠢᠯ ᠢ ᠥᠷᠨᠢᠭᠦᠯᠦᠨ᠎ᠡ᠃

  6. ᠬᠡᠮᠵᠢᠨ ᠵᠢᠷᠤᠭᠯᠠᠯᠲᠠ ᠶᠢᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ᠂ ᠦᠨᠡᠯᠡᠬᠦ ᠬᠡᠯᠪᠡᠷᠢ ᠶᠢᠨ ᠰᠢᠯᠭᠠᠨ ᠪᠠᠶᠢᠴᠠᠭᠠᠬᠤ ᠪᠠ ᠬᠥᠨᠳᠡᠯᠡᠨ ᠠᠴᠠ ᠲᠠᠰᠤᠯᠬᠤ ᠶᠢ ᠰᠢᠯᠭᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃

  7. ᠬᠡᠮᠵᠢᠯᠲᠡ ᠶᠢᠨ ᠮᠡᠷᠭᠡᠵᠢᠯ ᠤᠨ ᠠᠵᠢᠯᠲᠠᠨ ᠤ ᠪᠣᠳᠠᠲᠠᠶ ᠠᠵᠢᠯᠯᠠᠵᠤ ᠪᠣᠯᠪᠠᠰᠤᠷᠠᠭᠤᠯᠬᠤ ᠠᠵᠢᠯ ᠢ ᠡᠭᠦᠷᠭᠡᠯᠡᠵᠦ᠂ ᠬᠡᠮᠵᠢᠯᠲᠡ ᠶᠢᠨ ᠮᠡᠷᠭᠡᠵᠢᠯ ᠤᠨ ᠠᠵᠢᠯᠲᠠᠨ ᠤ ᠬᠤᠯᠪᠤᠭᠳᠠᠯ ᠪᠦᠬᠦᠢ ᠬᠢᠨᠠᠨ ᠰᠢᠯᠭᠠᠬᠤ ᠠᠵᠢᠯ ᠢ ᠬᠠᠮᠵᠢᠨ ᠰᠠᠶᠢᠲᠤᠷ ᠬᠢᠨ᠎ᠡ᠃

  8. ᠬᠢᠷᠢ ᠬᠡᠮ ᠣᠯᠤᠭᠰᠠᠨ ᠶᠣᠰᠣᠭᠠᠷ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠵᠢᠴᠢ ᠪᠤᠰᠤᠳ ᠨᠠᠶᠢᠳᠠᠯᠭ᠎ᠠ ᠶᠢᠨ ᠴᠢᠨᠠᠷᠲᠠᠶ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃

  9. ᠬᠤᠯᠪᠤᠭᠳᠠᠯ ᠪᠦᠬᠦᠢ ᠤᠯᠤᠰ ᠤᠨ ᠬᠡᠮᠵᠢᠯᠲᠡ ᠶᠢᠨ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠭᠦᠷᠭᠡ ᠴᠢᠳᠠᠪᠤᠷᠢ ᠶᠢ ᠡᠭᠦᠷᠭᠡᠯᠡᠨ᠎ᠡ᠃

  10.ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠥᠬᠦᠶ ᠠᠵᠢᠯ ᠢ ᠡᠭᠦᠷᠭᠡᠯᠡᠨ᠎ᠡ᠃

  ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠤᠶᠢᠲᠤ ᠬᠤᠶᠠᠳᠤᠭᠠᠷ ᠲᠣᠭᠤᠷᠢᠯ ᠵᠠᠮ ᠠᠴᠠ ᠬᠤᠶᠢᠰᠢ 700 ᠮᠧᠲᠷ ᠤᠨ ᠸᠠᠨ ᠲᠦᠩ ᠵᠠᠮ ᠤᠨ ᠪᠠᠷᠠᠭᠤᠨ

  ᠠᠵᠢᠯᠯᠠᠬᠤ ᠴᠠᠭ᠄ 9:00 —12:00᠂ 14:00 —17:30

  ᠬᠠᠷᠢᠯᠴᠠᠬᠤ ᠬᠡᠯᠪᠡᠷᠢ᠄ 0471-3337100

  ᠬᠠᠷᠢᠭᠤᠴᠠᠯᠭᠠᠲᠠᠨ᠄ ᠰᠦᠨ ᠫᠠᠨ

  

  ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠢᠨᠠᠨ ᠲᠣᠭᠲᠠᠭᠠᠵᠤ ᠪᠠᠶᠢᠴᠠᠭᠠᠨ ᠰᠢᠯᠭᠠᠬᠤ ᠲᠥᠪ

  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠢᠨᠠᠨ ᠲᠤᠭᠳᠠᠭᠠᠵᠤ ᠪᠠᠶᠢᠴᠠᠭᠠᠨ ᠰᠢᠯᠭᠠᠬᠤ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠪᠠᠶᠢᠴᠠᠭᠠᠬᠤ ᠥᠷᠲᠡᠭᠡ ᠶᠢᠨ ᠫᠠᠶᠢᠰᠠ ᠶᠢ ᠡᠯᠭᠦᠬᠦ︶ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠵᠥᠪᠰᠢᠶᠡᠷᠡᠯ ᠪᠠ ᠬᠢᠨᠠᠯᠲᠠ ᠪᠠᠶᠢᠴᠠᠭᠠᠯᠲᠠ ᠶᠢᠨ ᠬᠤᠯᠪᠤᠭᠳᠠᠯ ᠪᠥᠬᠦᠶ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠵᠦ᠂ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠦᠨᠡᠯᠡᠨ ᠵᠢᠱᠢᠬᠦ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠡᠷᠭᠡ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃

  2. ᠠᠳᠡᠯ ᠢ ᠪᠠᠶᠢᠴᠠᠭᠠᠨ ᠵᠠᠳᠠᠯᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠲᠣᠮᠣ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠮᠵᠢᠨ᠂ ᠴᠢᠬᠤᠯᠠ ᠶᠡᠭᠡ ᠠᠵᠢᠯᠯᠠᠭ᠎ᠠ ᠶᠢᠨ ᠪᠠᠲᠤᠯᠠᠭ᠎ᠠ ᠳᠤ ᠣᠷᠣᠯᠴᠠᠨ᠎ᠠ︔ ᠮᠡᠷᠭᠡᠵᠢᠯ ᠤᠨ ᠪᠠᠶᠢᠭᠤᠯᠤᠮᠵᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠬᠠᠷᠭᠤᠭᠤᠯᠤᠨ ᠪᠠᠶᠢᠴᠠᠭᠠᠬᠤ ᠪᠠ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠡᠭᠦᠷᠭᠡ ᠶᠢ ᠳᠠᠭᠠᠭᠠᠨ ᠠᠪᠴᠤ ᠪᠠᠶᠢᠴᠠᠭᠠᠬᠤ ᠪᠠᠶᠢᠭᠤᠯᠤᠮᠵᠢ ᠶᠢᠨ ᠠᠵᠢᠯ ᠤᠨ ᠶᠠᠰᠤ ᠴᠢᠨᠠᠷ ᠤᠨ ᠪᠠᠶᠢᠴᠠᠭᠠᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃

  3. ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠬᠠᠮᠢᠶ᠎ᠠ ᠪᠦᠬᠦᠢ ᠬᠦᠷᠢᠶᠡᠨ ᠳᠠᠬᠢ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃

  4. ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠪᠠᠷ ᠪᠠᠶᠢᠭᠤᠯᠬᠤ᠂ ᠦᠷᠬᠡᠳᠬᠡᠨ ᠪᠠᠶᠢᠭᠤᠯᠬᠤ᠂ ᠦᠬᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠮᠡᠷᠬᠡᠵᠢᠯ ᠤᠨ ᠪᠠᠳᠤᠯᠠᠭ᠎ᠠ ᠶᠢᠨ ᠠᠵᠢᠯ ᠢ ᠡᠭᠦᠷᠬᠡᠯᠡᠨ᠎ᠡ︔ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠤᠨ ᠶᠠᠰᠤ ᠴᠢᠨᠠᠷ ᠤᠨ ᠮᠡᠷᠬᠡᠵᠢᠯ ᠤᠨ ᠪᠠᠶᠢᠴᠠᠭᠠᠯᠳᠠ ᠶᠢᠨ ᠠᠵᠢᠯ ᠢ ᠡᠭᠦᠷᠬᠡᠯᠡᠨ᠎ᠠ᠃

  5. ᠮᠡᠷᠭᠡᠵᠢᠯ ᠤᠨ ᠪᠠᠶᠢᠭᠤᠯᠤᠮᠵᠢ ᠶᠢᠨ ᠬᠢᠷᠢ ᠬᠡᠮ ᠤᠨ ᠰᠢᠯᠭᠠᠨ ᠦᠨᠡᠯᠡᠬᠦ ᠠᠵᠢᠯ ᠢ ᠡᠭᠦᠷᠭᠡᠯᠡᠵᠦ᠂ ᠬᠢᠨᠠᠯᠲᠠ ᠲᠠᠯᠪᠢᠵᠤ ᠦᠯᠢᠭᠡᠷ ᠠᠪᠬᠤ ᠠᠵᠢᠯ ᠢ ᠥᠷᠨᠢᠭᠦᠯᠦᠨ᠎ᠡ᠃

  6. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠢᠨᠠᠨ ᠦᠨᠡᠯᠡᠬᠦ ᠪᠠᠶᠢᠴᠠᠭᠠᠨ ᠰᠢᠯᠭᠠᠬᠤ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠬᠠᠮᠵᠢᠨ ᠰᠠᠶᠢᠲᠤᠷ ᠬᠢᠨ᠎ᠡ︔ ᠣᠷᠣᠨ ᠨᠤᠲᠤᠭ ᠤᠨ ᠴᠢᠨᠠᠷᠲᠠᠶ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠵᠡᠷᠭᠡ ᠳᠤ ᠵᠠᠰᠠᠪᠤᠷᠢ ᠣᠷᠣᠭᠤᠯᠬᠤ ᠠᠵᠢᠯ ᠳᠤ ᠣᠷᠣᠯᠴᠠᠨ᠎ᠠ᠃

  7.ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃

  ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠳᠠᠭᠠᠳᠤ ᠳᠤ ᠰᠤᠷᠤᠯᠴᠠᠭᠰᠠᠳ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ B ᠰᠠᠭᠤᠳᠠᠯ

  ᠠᠵᠢᠯᠯᠠᠬᠤ ᠴᠠᠭ᠄ 9:00 —12:00᠂ 14:00 —17:30

  ᠬᠠᠷᠢᠯᠴᠠᠬᠤ ᠬᠡᠯᠪᠡᠷᠢ᠄ 0471—3333645᠂ 0471—3455781

  ᠬᠠᠷᠢᠭᠤᠴᠠᠯᠭᠠᠲᠠᠨ᠄ ᠸᠠᠩ ᠱᠧᠩ ᠯᠢ

  

  ︵ᠭᠤᠷᠪᠠ︶ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ

  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠣᠨᠴᠠ ᠲᠥᠷᠥᠯ ᠤᠨ ᠲᠣᠨᠤᠭ ᠲᠥᠬᠦᠭᠡᠷᠦᠮᠵᠢ ︵ᠭᠠᠳᠠᠭᠠᠳᠤ ᠠᠴᠠ ᠣᠷᠣᠭᠤᠯᠬᠤ ᠶᠢ ᠪᠠᠭᠲᠠᠭᠠᠨ᠎ᠠ︶ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ᠂ ᠬᠥᠨᠳᠡᠯᠡᠨ ᠠᠴᠠ ᠲᠠᠰᠤᠯᠵᠤ ᠰᠢᠯᠭᠠᠨ ᠪᠠᠶᠢᠴᠠᠭᠠᠬᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠬᠡᠯᠪᠡᠷᠢ ᠶᠢᠨ ᠲᠤᠷᠰᠢᠯᠲᠠ᠂ ᠭᠦᠸᠧᠯᠦ ᠶᠢᠨ ᠤᠰᠤ ︵ᠵᠠᠭᠤᠴᠢ︶ ᠶᠢᠨ ᠴᠢᠨᠠᠷ ᠤᠨ ᠰᠢᠯᠭᠠᠨ ᠪᠠᠶᠢᠴᠠᠭᠠᠯᠲᠠ᠂ ᠬᠤᠬᠢᠷᠠᠯ ᠦᠭᠡᠢ ᠶᠢᠨ ᠪᠠᠶᠢᠴᠠᠭᠠᠨ ᠬᠡᠮᠵᠢᠯᠲᠡ᠂ ᠡᠨᠧᠷᠭᠢ ᠶᠢᠨ ᠠᠰᠢᠭᠯᠠᠮᠵᠢ ᠶᠢᠨ ᠬᠡᠮᠵᠢᠯᠲᠡ᠂ ᠮᠠᠲ᠋ᠧᠷᠢᠶᠠᠯ ᠤᠨ ᠵᠠᠳᠠᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠨ ᠬᠡᠮᠵᠢᠯᠲᠡ᠂ ᠠᠮᠤᠷ ᠲᠦᠪᠰᠢᠨ ᠤ ᠨᠡᠭᠡᠯᠡᠬᠡᠶ ᠶᠢ ᠬᠠᠷᠭᠤᠭᠤᠯᠤᠨ ᠰᠢᠯᠭᠠᠬᠤ ᠪᠠ ᠪᠤᠰᠤᠳ ᠨᠡᠭᠡᠯᠡᠬᠡᠶ ᠶᠢ ᠰᠢᠯᠭᠠᠨ ᠪᠠᠶᠢᠴᠠᠭᠠᠬᠤ ᠶᠢ ᠥᠷᠨᠢᠭᠦᠯᠦᠨ᠎ᠡ᠃

  2. ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠳᠠᠭᠠᠯᠳᠤᠭᠤᠯᠤᠯ᠂ ᠬᠡᠮᠵᠢᠭᠦᠷᠯᠢᠭ ᠵᠢᠴᠢ ᠠᠮᠤᠷ ᠲᠦᠪᠰᠢᠨ ᠤ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃

  3. ᠣᠷᠳᠣ ᠳᠠᠮᠵᠢᠭᠤᠯᠬᠤ ᠬᠤᠭᠤᠯᠠᠶ᠂ ᠨᠡᠶᠢᠲᠡ ᠶᠢᠨ ᠬᠡᠷᠡᠭᠯᠡᠭᠡᠨ ᠤ ᠬᠤᠭᠤᠯᠠᠶ᠂ ᠦᠢᠯᠡᠳᠪᠦᠷᠢ ︵ᠲᠠᠯᠠᠪᠠᠢ︶ ᠶᠢᠨ ᠳᠣᠲᠣᠷᠠᠬᠢ ᠮᠠᠰᠢᠨ ᠲᠡᠷᠭᠡ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠲᠥᠬᠦᠭᠡᠷᠦᠮᠵᠢ ᠵᠡᠷᠭᠡ ᠬᠡᠭᠡᠷ᠎ᠡ ᠭᠠᠳᠠᠨ᠎ᠠ ᠬᠡᠷᠡᠭᠯᠡᠵᠦ ᠪᠠᠶᠢᠭ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠦᠨ᠎ᠡ᠃

  4. ᠠᠶᠤᠯᠭᠦᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠬᠠᠮᠠᠭᠠᠯᠠᠯ᠂ ᠬᠤᠸᠠᠷ ᠫᠤᠤᠵᠢᠩ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠵᠡᠷᠭᠡ ᠶᠢ ᠪᠠᠶᠢᠴᠠᠭᠠᠨ ᠬᠡᠮᠵᠢᠬᠦ ᠪᠠ ᠦᠨᠡᠯᠡᠬᠦ ᠠᠵᠢᠯ ᠢ ᠡᠭᠦᠷᠭᠡᠯᠡᠨ᠎ᠡ᠃

  5. ᠠᠶᠤᠯᠭᠦᠢ ᠦᠢᠯᠡᠳᠪᠦᠷᠢᠯᠡᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠢᠴᠢ ᠬᠤᠯᠪᠤᠭᠳᠠᠯ ᠪᠦᠬᠦᠢ ᠬᠦᠷᠢᠶᠡᠨ ᠤ ᠠᠵᠢᠯ ᠡᠷᠬᠢᠯᠡᠭᠰᠡᠳ ᠤᠨ ᠬᠠᠤᠯᠢ ᠲᠣᠭᠲᠠᠭᠠᠯ ᠤᠨ ᠤᠬᠠᠭᠤᠯᠭ᠎ᠠ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ ᠡᠭᠦᠷᠭᠡᠯᠡᠵᠦ᠂ ᠠᠵᠢᠯ ᠡᠷᠭᠢᠯᠡᠭᠰᠡᠳ ᠤᠨ ᠬᠤᠯᠪᠤᠭᠳᠠᠯ ᠪᠦᠬᠦᠢ ᠰᠢᠯᠭᠠᠨ ᠬᠢᠨᠠᠬᠤ ᠠᠵᠢᠯ ᠢ ᠬᠠᠮᠵᠢᠨ ᠰᠠᠶᠢᠲᠤᠷ ᠬᠢᠨ᠎ᠡ᠃

  6.ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠤᠯᠪᠤᠭᠳᠠᠯ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ᠂ ᠦᠷ᠎ᠡ ᠪᠦᠲᠦᠭᠡᠯ ᠢ ᠬᠤᠪᠢᠷᠠᠭᠤᠯᠬᠤ ᠪᠠ ᠳᠡᠯᠭᠡᠷᠡᠭᠦᠯᠦᠨ ᠬᠡᠷᠡᠭᠯᠡᠬᠦ ᠠᠵᠢᠯ ᠢ ᠡᠭᠦᠷᠭᠡᠯᠡᠨ᠎ᠡ᠃

  7. ᠬᠢᠷᠢ ᠬᠡᠮ ᠣᠯᠤᠭᠰᠠᠨ ᠶᠣᠰᠣᠭᠠᠷ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠵᠢᠴᠢ ᠪᠤᠰᠤᠳ ᠨᠠᠶᠢᠳᠠᠯᠭ᠎ᠠ ᠶᠢᠨ ᠴᠢᠨᠠᠷᠲᠠᠶ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃

  8. ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃

  ᠬᠠᠶ᠋ᠢᠭ᠄ ᠰᠢᠨ᠎ᠡ ᠬᠤᠲᠠ ᠲᠣᠭᠤᠷᠢᠭ ᠤᠨ ᠬᠤᠶᠢᠲᠤ ᠬᠤᠶᠠᠳᠤᠭᠠᠷ ᠲᠣᠭᠤᠷᠢᠯ ᠵᠠᠮ ᠤᠨ ᠥᠪᠥᠷ ᠮᠣᠩᠭᠤᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ︵ᠬᠤᠶᠢᠲᠤ ᠲᠣᠭᠤᠷᠢᠭ︶ ᠤᠨ ᠬᠥᠯᠥᠨ ᠵᠠᠮ ᠤᠨ 261 ᠳ᠋ᠦ᠋ᠭᠡᠷ ᠲᠣᠭᠠᠲᠤ ︵ᠡᠮᠦᠨ᠎ᠡ ᠲᠣᠭᠤᠷᠢᠭ︶

  ᠠᠵᠢᠯᠯᠠᠬᠤ ᠴᠠᠭ᠄ 9:00 —12:00᠂ 14:00 —17:30

  ᠬᠠᠷᠢᠯᠴᠠᠬᠤ ᠬᠡᠯᠪᠡᠷᠢ᠄ 0471-5208008 ︵ᠬᠤᠶᠢᠲᠤ ᠲᠣᠭᠤᠷᠢᠭ︶᠂ 0471-6293741 ︵ᠡᠮᠦᠨ᠎ᠡ ᠲᠣᠭᠤᠷᠢᠭ︶

  ᠬᠠᠷᠢᠭᠤᠴᠠᠯᠭᠠᠲᠠᠨ᠄ ᠵᠠᠩ ᠳ᠋ᠦᠩ ᠬᠤᠩ

  

  ︵ᠳᠥᠷᠪᠡ︶ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠦᠢᠯᠡᠳᠬᠦᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ

  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠵᠢᠴᠢ ᠰᠢᠯᠭᠠᠨ ᠪᠠᠶᠢᠴᠠᠭᠠᠬᠤ ᠵᠠᠭᠪᠤᠷ ᠢ ᠰᠤᠭᠤᠴᠢᠨ ᠪᠠᠶᠢᠴᠠᠭᠠᠬᠤ ᠠᠵᠢᠯ ᠢ ᠡᠭᠦᠷᠭᠡᠯᠡᠨ᠎ᠡ︔ ᠨᠠᠶᠢᠳᠠᠵᠤ ᠰᠢᠯᠭᠠᠨ ᠪᠠᠶᠢᠴᠠᠭᠠᠬᠤ᠂ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ᠂ ᠬᠥᠨᠳᠡᠯᠡᠨ ᠠᠴᠠ ᠲᠠᠰᠤᠯᠬᠤ ᠶᠢ ᠰᠢᠯᠭᠠᠨ ᠪᠠᠶᠢᠴᠠᠭᠠᠬᠤ᠂ ᠴᠢᠳᠠᠪᠤᠷᠢ ᠶᠢ ᠰᠢᠯᠭᠠᠨ ᠲᠣᠭᠲᠠᠭᠠᠬᠤ᠂ ᠬᠠᠷᠢᠴᠠᠭᠤᠯᠤᠨ ᠲᠤᠷᠰᠢᠬᠤ᠂ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠭᠡᠷᠡᠴᠢ ᠠᠪᠴᠤ ᠰᠢᠯᠭᠠᠨ ᠪᠠᠶᠢᠴᠠᠭᠠᠬᠤ ᠵᠢᠴᠢ ᠦᠢᠯᠡᠳᠬᠦᠨ ᠤ ᠶᠠᠰᠤ ᠴᠢᠨᠠᠷ ᠢ ᠬᠢᠨᠠᠨ ᠲᠣᠭᠲᠠᠭᠠᠬᠤ ᠵᠡᠷᠭᠡ ᠠᠵᠢᠯ ᠢ ᠥᠷᠨᠢᠭᠦᠯᠦᠨ᠎ᠡ︔ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠦᠢᠯᠡᠳᠬᠦᠨ ᠤ ᠶᠠᠰᠤ ᠴᠢᠨᠠᠷ ᠤᠨ ᠮᠡᠳᠡᠭᠡ ᠵᠠᠩᠭᠢ ᠬᠠᠩᠭᠠᠬᠤ ᠠᠵᠢᠯ ᠢ ᠡᠭᠦᠷᠭᠡᠯᠡᠨ᠎ᠡ᠃

  2. ᠦᠢᠯᠡᠳᠬᠦᠨ ᠤ ᠶᠠᠰᠤ ᠴᠢᠨᠠᠷ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠭᠡᠷᠡᠴᠢᠯᠡᠬᠦ᠂ ᠬᠢᠨᠠᠨ ᠬᠡᠮᠵᠢᠬᠦ᠂ ᠦᠨᠡᠯᠡᠬᠦ᠂ ᠵᠥᠪᠯᠡᠯᠭᠡ ᠥᠭᠬᠦ ᠠᠵᠢᠯ ᠢ ᠥᠷᠨᠢᠭᠦᠯᠦᠨ᠎ᠡ︔ ᠠᠵᠤ ᠠᠬᠤᠶᠢᠯᠠᠯ ᠳᠤ ᠮᠡᠷᠭᠡᠵᠢᠯ ᠤᠨ ᠵᠥᠪᠯᠡᠯᠭᠡ ᠥᠭᠬᠦ ᠦᠢᠯᠡᠴᠢᠯᠡᠭᠡ ᠬᠠᠩᠭᠠᠬᠤ ᠶᠢ ᠡᠭᠦᠷᠭᠡᠯᠡᠵᠦ᠂ ᠠᠵᠤ ᠠᠬᠤᠶᠢᠯᠠᠯ ᠢ ᠵᠢᠯᠣᠭᠤᠳᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠬᠡᠮᠵᠢᠶ᠎ᠡ ᠵᠢᠴᠢ ᠲᠤᠷᠰᠢᠯᠲᠠ ᠶᠢᠨ ᠲᠠᠰᠤᠭ ᠪᠠᠶᠢᠭᠤᠯᠤᠨ᠎ᠠ︔ ᠰᠢᠯᠭᠠᠨ ᠪᠠᠶᠢᠴᠠᠭᠠᠬᠤ ᠰᠢᠨᠵᠢᠯᠡᠨ ᠰᠢᠯᠭᠠᠬᠤ ᠠᠵᠢᠯᠲᠠᠨ ᠤ ᠪᠣᠯᠪᠠᠰᠤᠷᠠᠯ ᠤᠨ ᠠᠵᠢᠯ ᠢ ᠡᠭᠦᠷᠭᠡᠯᠡᠨ᠎ᠡ᠃

  3. ᠬᠠᠮᠢᠶ᠎ᠠ ᠪᠦᠬᠦᠢ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠲᠤᠷᠰᠢᠯᠲᠠ ᠶᠢᠨ ᠰᠢᠯᠭᠠᠨ ᠪᠠᠲᠤᠯᠠᠬᠤ ᠬᠢᠭᠡᠳ ᠮᠡᠷᠭᠡᠵᠢᠯ ᠤᠨ ᠪᠠᠷᠢᠮᠵᠢᠶ᠎ᠠ ᠶᠢᠨ ᠰᠤᠳᠤᠯᠤᠯ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠮᠡᠷᠭᠡᠵᠢᠯ ᠤᠨ ᠰᠤᠳᠤᠯᠤᠯ᠂ ᠰᠢᠯᠭᠠᠨ ᠪᠠᠶᠢᠴᠠᠭᠠᠬᠤ ᠲᠥᠬᠦᠭᠡᠷᠦᠮᠵᠢ ᠶᠢᠨ ᠨᠡᠭᠡᠭᠡᠨ ᠬᠥᠭᠵᠢᠭᠦᠯᠬᠦ ᠪᠠ ᠰᠤᠳᠤᠯᠤᠨ ᠦᠢᠯᠡᠳᠬᠦ ᠠᠵᠢᠯ ᠢ ᠡᠭᠦᠷᠭᠡᠯᠡᠨ᠎ᠡ᠃

  4. ᠵᠢᠭᠠᠬᠤ ᠮᠠᠲ᠋ᠧᠷᠢᠶᠠᠯ ᠤᠨ ᠶᠠᠰᠤ ᠴᠢᠨᠠᠷ ᠢ ᠰᠢᠯᠭᠠᠨ ᠲᠣᠭᠲᠠᠭᠠᠬᠤ᠂ ᠮᠡᠳᠡᠭᠡ ᠵᠠᠩᠭᠢ ᠶᠢᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ᠂ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠦᠨ᠎ᠡ ᠬᠠᠩᠰᠢ ᠶᠢ ᠲᠥᠰᠦᠭᠡᠯᠡᠨ ᠪᠤᠳᠤᠬᠤ᠂ ᠡᠯᠧᠺᠲᠷᠣᠨ ᠪᠣᠳᠠᠰ ᠤᠨ ᠭᠡᠷᠡᠴᠢ ᠶᠢ ᠬᠥᠨᠳᠡᠯᠡᠨ ᠠᠴᠠ ᠲᠠᠰᠤᠯᠬᠤ᠂ ᠢᠲᠡᠭᠡᠮᠵᠢ ᠪᠠ ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠬᠤ ᠮᠡᠷᠭᠡᠵᠢᠯ ᠤᠨ ᠦᠢᠯᠡᠴᠢᠯᠡᠭᠡ ᠵᠡᠷᠭᠡ ᠠᠵᠢᠯ ᠢ ᠡᠭᠦᠷᠭᠡᠯᠡᠨ᠎ᠡ᠃

  5.ᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠬᠤ ᠬᠤᠯᠪᠤᠭᠳᠠᠯ ᠪᠦᠬᠦᠢ ᠠᠵᠢᠯ ᠢ ᠥᠷᠨᠢᠭᠦᠯᠦᠨ᠎ᠡ᠃

  6. ᠪᠥᠬᠦ ᠣᠷᠣᠨ ᠤ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠠᠷᠢᠯᠭ᠎ᠠ ᠶᠢᠨ ᠢᠨᠵᠧᠨᠧᠷᠢᠩ ᠤᠨ ᠮᠠᠲ᠋ᠧᠷᠢᠶᠠᠯ ᠤᠨ ᠰᠢᠯᠭᠠᠨ ᠪᠠᠶᠢᠴᠠᠭᠠᠬᠤ ᠠᠵᠢᠯ ᠢ ᠡᠭᠦᠷᠭᠡᠯᠡᠨ᠎ᠡ︔ ᠬᠢᠷᠢ ᠬᠡᠮ ᠣᠯᠤᠭᠰᠠᠨ ᠶᠣᠰᠣᠭᠠᠷ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠵᠢᠴᠢ ᠪᠤᠰᠤᠳ ᠨᠠᠶᠢᠳᠠᠯᠭ᠎ᠠ ᠶᠢᠨ ᠴᠢᠨᠠᠷᠲᠠᠶ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃

  7. ᠤᠯᠤᠰ ᠠᠴᠠ ᠴᠣᠬᠤᠯᠠᠪᠤᠷᠢᠯᠠᠭᠰᠠᠨ ᠶᠠᠰᠤ ᠴᠢᠨᠠᠷ ᠤᠨ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠲᠥᠪ ᠤᠨ ᠰᠢᠯᠭᠠᠨ ᠪᠠᠶᠢᠴᠠᠭᠠᠬᠤ ᠡᠭᠦᠷᠭᠡ ᠴᠢᠳᠠᠪᠤᠷᠢ ᠶᠢ ᠡᠭᠦᠷᠭᠡᠯᠡᠨ᠎ᠡ᠃

  8. ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃

  ᠬᠠᠶ᠋ᠢᠭ᠄ ᠰᠠᠶᠢᠬᠠᠨ ᠲᠣᠭᠤᠷᠢᠭ ᠤᠨ ᠵᠢᠨᠴᠢᠶᠤᠤ ᠨᠡᠭᠡᠭᠡᠯᠲᠡ ᠶᠢᠨ ᠲᠣᠭᠤᠷᠢᠭ ᠤᠨ ᠱᠢ ᠬᠤᠸᠠ ᠵᠠᠮ ᠤᠨ ᠶᠠᠰᠤ ᠴᠢᠨᠠᠷ ᠤᠨ ᠪᠠᠶᠢᠴᠠᠭᠠᠯᠲᠠ ᠶᠢᠨ ᠲᠣᠮᠣ ᠠᠰᠠᠷ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 1 ᠳ᠋ᠦ᠋ᠭᠡᠷ ᠲᠣᠭᠠᠲᠤ

  ᠠᠵᠢᠯᠯᠠᠬᠤ ᠴᠠᠭ᠄ 9:00 —12:00᠂ 14:00 —17:30

  ᠬᠠᠷᠢᠯᠴᠠᠬᠤ ᠬᠡᠯᠪᠡᠷᠢ᠄ 0471-3255903 ︵ᠵᠢᠵᠢᠭᠦᠷ︶᠂ 0471-3255908 ︵ᠠᠰᠠᠭᠤᠨ ᠯᠠᠪᠯᠠᠬᠤ︶

  ᠬᠠᠷᠢᠭᠤᠴᠠᠯᠭᠠᠲᠠᠨ᠄ ᠵᠣᠣ ᠯᠢ

  

  ︵ᠲᠠᠪᠤ︶ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ

  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠲᠠᠢ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠭᠦᠬᠦ︶ ᠨᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠠᠭᠤᠷᠢ ᠪᠠᠶᠢᠳᠠᠯ ᠢ ᠬᠢᠨᠠᠨ ᠬᠡᠮᠵᠢᠬᠦ᠂ ᠵᠠᠳᠠᠯᠤᠯᠲᠠ ᠬᠢᠬᠦ᠂ ᠤᠷᠢᠳᠴᠢᠯᠠᠨ ᠮᠠᠭᠠᠳᠯᠠᠬᠤ᠂ ᠶᠠᠰᠤ ᠴᠢᠨᠠᠷ ᠤᠨ ᠢᠲᠡᠭᠡᠮᠵᠢ᠂ ᠶᠠᠰᠤ ᠴᠢᠨᠠᠷ ᠤᠨ ᠮᠡᠷᠭᠡᠵᠢᠯ᠂ ᠶᠠᠰᠤ ᠴᠢᠨᠠᠷ ᠤᠨ ᠬᠠᠮᠢᠶᠠᠷᠤᠯᠲᠠ᠂ ᠶᠠᠰᠤ ᠴᠢᠨᠠᠷ ᠤᠨ ᠲᠦᠷᠦᠯ ᠲᠡᠮᠲᠡᠭᠲᠦ᠂ ᠶᠠᠰᠤ ᠴᠢᠨᠠᠷ ᠤᠨ ᠪᠠᠷᠢᠮᠵᠢᠶ᠎ᠠ ᠶᠢᠨ ᠰᠤᠳᠤᠯᠤᠯ ᠬᠢᠭᠡᠳ ᠦᠢᠯᠡᠴᠢᠯᠡᠭᠡ ᠵᠡᠷᠭᠡ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃

  2. ᠪᠠᠷᠢᠮᠵᠢᠶ᠎ᠠ ᠶᠢᠨ ᠮᠡᠳᠡᠭᠡ ᠵᠠᠩᠭᠢ ᠬᠢᠭᠡᠳ ᠬᠤᠯᠪᠤᠭᠳᠠᠯ ᠪᠦᠬᠦᠢ ᠡᠬᠢ ᠪᠠᠶᠠᠯᠢᠭ ᠢ ᠴᠤᠭᠯᠠᠭᠤᠯᠬᠤ᠂ ᠰᠤᠳᠤᠯᠬᠤ᠂ ᠨᠡᠭᠡᠭᠡᠬᠦ᠂ ᠬᠡᠷᠡᠭᠯᠡᠬᠦ᠂ ᠪᠠᠷᠢᠮᠵᠢᠶ᠎ᠠ ᠶᠢ ᠰᠤᠳᠤᠯᠬᠤ᠂ ᠲᠣᠭᠲᠠᠭᠠᠬᠤ ᠪᠠ ᠦᠨᠡᠯᠡᠬᠦ᠂ ᠪᠠᠷᠢᠮᠵᠢᠶᠠᠲᠤ ᠪᠢᠴᠢᠭ ᠮᠠᠲ᠋ᠧᠷᠢᠶᠠᠯ ᠪᠠ ᠪᠠᠷᠢᠮᠵᠢᠶ᠎ᠠ ᠶᠢᠨ ᠮᠡᠷᠭᠡᠵᠢᠯ ᠤᠨ ᠯᠠᠪᠯᠠᠭ᠎ᠠ ᠬᠠᠩᠭᠠᠬᠤ ᠵᠡᠷᠭᠡ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠪᠦᠲᠦᠭᠡᠨ ᠪᠠᠶᠢᠭᠤᠯᠬᠤ ᠪᠠᠷᠢᠮᠵᠢᠶ᠎ᠠ ᠶᠢᠨ ᠰᠤᠷᠪᠤᠯᠵᠢ ᠪᠢᠴᠢᠭ ᠤᠨ ᠣᠷᠳᠣᠨ᠂ ᠪᠠᠷᠢᠮᠵᠢᠶ᠎ᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠥᠮᠥᠷᠭᠡ ᠪᠠᠶᠢᠭᠤᠯᠬᠤ ᠵᠡᠷᠭᠡ ᠠᠵᠢᠯ ᠢ ᠡᠭᠦᠷᠭᠡᠯᠡᠨ᠎ᠡ᠃

  3. ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠶᠢᠨ ᠬᠤᠯᠪᠤᠭᠳᠠᠯ ᠪᠥᠬᠦᠶ ᠠᠵᠢᠯ ᠢ ᠡᠭᠦᠷᠭᠡᠯᠡᠨ᠎ᠡ︔ ᠣᠯᠠᠨ ᠨᠡᠶᠢᠲᠡ ᠶᠢᠨ ᠵᠢᠷᠤᠭ ᠳᠦᠷᠰᠦ ᠶᠢᠨ ᠲᠡᠮᠳᠡᠭ᠂ ᠢᠯᠭᠠᠬᠤ ᠲᠡᠮᠳᠡᠭ ᠤᠨ ᠪᠠᠷᠢᠮᠵᠢᠶᠠᠵᠢᠭᠤᠯᠤᠯᠲᠠ ᠶᠢᠨ ᠰᠤᠳᠤᠯᠤᠯ ᠪᠠ ᠬᠡᠷᠡᠭᠯᠡᠯᠲᠡ ᠶᠢ ᠡᠭᠦᠷᠭᠡᠯᠡᠨ᠎ᠡ︔ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠵᠢᠭᠠᠨ ᠵᠢᠯᠤᠭᠤᠳᠤᠯᠭ᠎ᠠ ︵BT ᠵᠢᠴᠢ ᠲᠡᠭᠦᠨ ᠤ ᠠᠷᠭᠠᠴᠠᠬᠤ ᠠᠷᠭ᠎ᠠ ᠬᠡᠮᠵᠢᠶ᠎ᠡ ᠶᠢᠨ ᠰᠤᠳᠤᠯᠤᠯ᠂ ᠠᠰᠠᠭᠤᠨ ᠯᠠᠪᠯᠠᠭ᠎ᠠ ᠪᠠ ᠦᠢᠯᠡᠴᠢᠯᠡᠭᠡ᠂ WTO ᠵᠠᠷᠯᠠᠨ ᠦᠨᠡᠯᠡᠬᠦ ᠵᠡᠷᠭᠡ ᠠᠵᠢᠯ ︶ ᠶᠢ ᠬᠠᠷᠢᠭᠤᠴᠠᠨ᠎ᠠ᠃

  4. ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠺᠣᠳ᠋ ᠣᠯᠭᠤᠬᠤ᠂ ᠬᠡᠷᠡᠭᠯᠡᠬᠦ ᠪᠠ ᠬᠠᠮᠢᠶᠠᠷᠬᠤ ᠶᠢ ᠡᠭᠦᠷᠭᠡᠯᠡᠵᠦ᠂ ᠪᠠᠶᠢᠭᠤᠯᠤᠮᠵᠢ ᠶᠢᠨ ᠲᠣᠭᠠᠴᠢᠯᠠᠭᠰᠠᠨ ᠦᠨᠡᠮᠯᠡᠯ ᠣᠯᠭᠤᠬᠤ ᠪᠠ ᠬᠡᠷᠡᠭᠯᠡᠬᠦ ᠶᠢ ᠵᠣᠬᠢᠶᠠᠨ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠳᠤ ᠬᠤᠷᠸ᠎ᠠ ᠠᠵᠤ ᠠᠬᠤᠶ ᠶᠢᠨ ᠵᠠᠳᠠᠯᠤᠯᠲᠠ ᠬᠢᠨ᠎ᠡ᠃

  5. ᠥᠪᠡᠷᠲᠡᠭᠡᠨ ᠵᠠᠰᠠᠬᠤ ᠣᠷᠣᠨ ᠤ ᠲᠠᠸᠠᠷ ᠤᠨ ᠵᠢᠷᠤᠭᠠᠰᠤᠨ ᠺᠣᠳ᠋ ᠭᠤᠶᠤᠴᠢᠯᠠᠨ ᠮᠡᠳᠡᠭᠦᠯᠬᠦ᠂ ᠵᠡᠰ ᠦᠢᠯᠡᠳᠬᠦ᠂ ᠮᠡᠷᠭᠡᠵᠢᠯ ᠤᠨ ᠪᠠᠶᠢᠴᠠᠭᠠᠯᠲᠠ ᠬᠢᠬᠦ᠂ ᠨᠠᠶᠢᠳᠠᠨ ᠰᠢᠯᠭᠠᠨ ᠪᠠᠶᠢᠴᠠᠭᠠᠯᠭᠠᠬᠤ᠂ ᠪᠣᠯᠪᠠᠰᠤᠷᠠᠯ ᠬᠢᠬᠦ᠂ ᠵᠥᠪᠯᠡᠯᠭᠡ ᠥᠭᠬᠦ᠂ ᠦᠢᠯᠡᠴᠢᠯᠡᠭᠡ ᠬᠢᠬᠦ ᠵᠡᠷᠭᠡ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠪᠣᠳᠠᠰ ᠢ ᠨᠣᠮᠧᠷᠯᠠᠬᠤ ᠪᠠ ᠦᠢᠯᠡᠳᠬᠦᠨ ᠤ ᠡᠯᠧᠺᠲᠷᠣᠨ ᠣᠷᠣᠯᠠᠬᠤ ᠨᠣᠮᠧᠷ ︵EPC︶ ᠢ ᠬᠠᠮᠢᠶᠠᠷᠴᠤ᠂ ᠢᠯᠭᠠᠬᠤ ᠲᠡᠮᠳᠡᠭ ᠲᠠᠷᠬᠠᠭᠠᠭᠰᠠᠨ ᠦᠢᠯᠡᠳᠬᠦᠨ ᠤ ᠪᠠᠷᠢᠮᠵᠢᠶ᠎ᠠ ᠶᠢᠨ ᠨᠡᠶᠢᠴᠡᠬᠦ ᠴᠢᠨᠠᠷ ᠤᠨ ᠰᠢᠯᠭᠠᠨ ᠪᠠᠶᠢᠴᠠᠭᠠᠯᠲᠠ ᠬᠢᠵᠦ᠂ ᠡᠳ᠋ ᠪᠣᠳᠠᠰ ᠢ ᠨᠣᠮᠧᠷᠯᠠᠬᠤ ᠮᠡᠷᠭᠡᠵᠢᠯ ᠤᠨ ᠵᠥᠪᠯᠡᠯᠭᠡ ᠥᠭᠬᠦ ᠪᠠ ᠦᠢᠯᠡᠴᠢᠯᠡᠭᠡ ᠬᠠᠩᠭᠠᠵᠤ᠂ ᠢᠷᠡᠯᠲᠡ ᠶᠢᠨ ᠲᠤᠭ᠎ᠠ ᠶᠢ ᠴᠤᠭᠯᠠᠭᠤᠯᠤᠨ ᠦᠯᠢᠭᠡᠷ ᠠᠪᠬᠤ ᠠᠵᠢᠯ ᠢ ᠥᠷᠨᠢᠭᠦᠯᠦᠨ᠎ᠡ᠃

  6. ᠪᠣᠳᠠᠰ ᠤᠨ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠤᠨ ᠰᠤᠳᠤᠯᠤᠯ ᠵᠢᠴᠢ ᠬᠤᠯᠪᠤᠭᠳᠠᠯ ᠪᠦᠬᠦᠢ ᠪᠠᠷᠢᠮᠵᠢᠶ᠎ᠠ ᠶᠢᠨ ᠬᠡᠷᠡᠭᠯᠡᠯᠲᠡ ᠳᠡᠯᠭᠡᠷᠡᠭᠦᠯᠦᠯᠲᠡ ᠵᠡᠷᠭᠡ ᠣᠯᠠᠨ ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡ ᠶᠢ ᠥᠷᠨᠢᠭᠦᠯᠦᠨ᠎ᠡ᠃

  7. ᠤᠯᠤᠰ ᠤᠨ ᠴᠣᠬᠤᠯᠠᠪᠤᠷᠢᠯᠠᠭᠰᠠᠨ ᠬᠤᠯᠪᠤᠭᠳᠠᠯ ᠪᠥᠬᠦᠶ ᠲᠥᠪ ᠤᠨ ᠡᠭᠦᠷᠭᠡ ᠴᠢᠳᠠᠪᠤᠷᠢ ᠶᠢ ᠡᠭᠦᠷᠭᠡᠯᠡᠵᠦ᠂ ᠬᠢᠷᠢ ᠬᠡᠮ ᠣᠯᠤᠭᠰᠠᠨ ᠶᠣᠰᠣᠭᠠᠷ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃

  8. ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃

  ᠬᠠᠶ᠋ᠢᠭ᠄ ᠰᠠᠶᠢᠬᠠᠨ ᠲᠣᠭᠤᠷᠢᠭ ᠤᠨ ᠵᠢᠨᠴᠢᠶᠤᠤ ᠨᠡᠭᠡᠭᠡᠯᠲᠡ ᠶᠢᠨ ᠲᠣᠭᠤᠷᠢᠭ ᠤᠨ ᠦᠬᠠᠶ ᠵᠡᠭᠦᠨ ᠵᠡᠭᠡᠯᠢ ᠶᠢᠨ ᠨᠢᠭᠡ ᠨᠣᠮᠧᠷᠲᠤ ᠬᠤᠷᠢᠶ᠎ᠠ ᠶᠢᠨ ᠨᠢᠭᠡ ᠨᠣᠮᠧᠷᠲᠤ ᠠᠰᠠᠷ

  ᠠᠵᠢᠯᠯᠠᠬᠤ ᠴᠠᠭ᠄ 9:00 —12:00᠂ 14:00 —17:30

  ᠬᠠᠷᠢᠯᠴᠠᠬᠤ ᠬᠡᠯᠪᠡᠷᠢ᠄ 0471-3255808

  ᠬᠠᠷᠢᠭᠤᠴᠠᠯᠭᠠᠲᠠᠨ᠄ ᠵᠢᠶᠠ ᠱᠤᠸᠠᠩ ᠸᠧᠨ

  

  ︵ᠵᠢᠷᠭᠤᠭ᠎ᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ  ᠦᠢᠯᠡᠴᠢᠯᠡᠭᠡᠨ ᠤ ᠲᠥᠪ

  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠲᠤᠰᠬᠠᠶ ᠠᠰᠢᠭ ᠤᠨ ᠤᠷᠢᠳᠴᠢᠯᠠᠨ ᠬᠢᠨᠠᠬᠤ᠂ ᠲᠤᠰᠬᠠᠶ ᠠᠰᠢᠭ ᠤᠨ ᠡᠷᠬᠡ ᠪᠠᠨ ᠲᠦᠷᠭᠡᠨ ᠬᠠᠮᠠᠭᠠᠯᠠᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠬᠠᠮᠵᠢᠯᠴᠠᠭ᠎ᠠ ᠵᠡᠷᠭᠡ ᠠᠵᠢᠯ ᠢ ᠡᠭᠦᠷᠭᠡᠯᠡᠨ᠎ᠡ︔ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠷᠢᠮᠵᠢᠶ᠎ᠠ ᠶᠢ ᠭᠡᠷᠡᠴᠢᠯᠡᠬᠦ᠂ ᠲᠤᠰᠬᠠᠶ ᠠᠰᠢᠭ ᠤᠨ ᠮᠡᠷᠭᠡᠵᠢᠯ ᠢ ᠵᠠᠳᠠᠯᠤᠨ ᠦᠨᠡᠯᠡᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠵᠢᠴᠢ ᠲᠤᠰᠬᠠᠶ ᠠᠰᠢᠭ ᠤᠨ ᠵᠠᠮᠴᠢᠯᠠᠭᠤᠷ ᠬᠢᠭᠡᠳ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠵᠡᠷᠭᠡ ᠠᠵᠢᠯ ᠢ ᠡᠭᠦᠷᠭᠡᠯᠡᠨ᠎ᠡ︔ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠲᠤᠰᠬᠠᠶ ᠠᠰᠢᠭ᠂ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠪᠠᠶᠢᠷᠢᠯᠠᠭᠤᠯᠤᠯᠲᠠ ᠶᠢ ᠵᠢᠷᠤᠵᠤ ᠲᠥᠯᠥᠪᠯᠡᠬᠦ ᠵᠡᠷᠭᠡ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠭᠤᠶᠤᠴᠢᠯᠠᠯ ᠳᠤ ᠨᠡᠶᠢᠲᠡ ᠶᠢᠨ ᠠᠰᠠᠷᠠᠮᠵᠢ ᠶᠢᠨ ᠲᠤᠰᠠᠯᠠᠮᠵᠢ ᠬᠠᠩᠭᠠᠨ᠎ᠠ᠃

  2. ᠡᠯ᠎ᠡ ᠲᠥᠷᠥᠯ ᠤᠨ ᠨᠡᠶᠢᠭᠡᠮ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠵᠢᠴᠢ ᠬᠦᠨᠳᠡᠯᠡᠨ ᠠᠴᠠ ᠲᠠᠰᠤᠯᠬᠤ ᠪᠠᠶᠢᠭᠤᠯᠤᠮᠵᠢ ᠲᠠᠢ ᠡᠯ᠎ᠡ ᠲᠥᠷᠥᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠵᠣᠬᠢᠴᠠᠭᠤᠯᠤᠨ ᠨᠠᠮᠲᠠᠭᠠᠨ᠎ᠠ᠂ ᠴᠢᠬᠤᠯᠠ ᠶᠡᠭᠡ ᠣᠯᠠᠨ ᠨᠡᠶᠢᠲᠡ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠪᠤᠶᠤ ᠮᠠᠷᠭᠤᠯᠳᠤᠭᠠᠨ ᠢ ᠵᠣᠬᠢᠶᠠᠨ ᠪᠠᠶᠢᠭᠤᠯᠤᠨ ᠰᠢᠢᠳᠪᠦᠷᠢᠯᠡᠬᠦ ᠬᠡᠰᠡᠭ ᠲᠥᠰᠦᠯ ᠪᠤᠶᠤ ᠰᠠᠨᠠᠭᠤᠯᠭ᠎ᠠ ᠬᠠᠩᠭᠠᠨ᠎ᠠ︔ ᠦᠵᠡᠰᠬᠦᠯᠡᠩ ᠤᠨ ᠴᠤᠭᠯᠠᠭᠠᠨ᠂ ᠠᠷᠠᠯᠵᠢᠶᠠᠨ ᠤ ᠴᠤᠭᠯᠠᠭᠠᠨ᠂ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠵᠢᠯᠯᠠᠭ᠎ᠠ᠂ ᠰᠣᠶᠣᠯ ᠤᠨ ᠠᠵᠢᠯᠯᠠᠭ᠎ᠠ ᠵᠡᠷᠭᠡ ᠳᠤ ᠲᠠᠯᠠᠪᠤᠷ ᠵᠡᠷᠭᠡ ᠡᠷᠬᠡ ᠪᠠᠨ ᠬᠠᠮᠠᠭᠠᠯᠠᠬᠤ ᠳᠤ ᠲᠤᠰᠠᠯᠠᠬᠤ ᠶᠠᠪᠤᠳᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠪᠢᠶᠠᠷᠢ ᠲᠥᠪ ︵ᠠᠵᠢᠯᠯᠠᠬᠤ ᠥᠷᠲᠡᠭᠡ︶ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠠᠵᠢᠯ ᠥᠷᠨᠢᠭᠦᠯᠬᠦ ᠶᠢ ᠵᠢᠯᠣᠭᠤᠳᠴᠤ᠂ ᠲᠣᠳᠣᠷᠬᠠᠶᠢᠯᠠᠯᠲᠠ ᠶᠢᠨ ᠳᠡᠪᠲᠡᠷ᠂ ᠣᠨᠳᠣᠣ ᠰᠠᠨᠠᠯ ᠲᠠᠢ᠂ ᠳᠠᠬᠢᠨ ᠬᠢᠨᠠᠬᠤ᠂ ᠮᠠᠷᠭᠤᠯᠳᠤᠭᠠᠨ᠂ ᠵᠠᠭᠠᠯᠳᠤᠯᠭ᠎ᠠ ᠶᠢᠨ ᠳᠤᠮᠳᠠᠬᠢ ᠡᠷᠬᠡ ᠶᠢ ᠲᠣᠳᠣᠷᠬᠠᠶᠢᠯᠠᠬᠤ ᠠᠵᠢᠯ ᠢ ᠡᠭᠦᠷᠭᠡᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠨᠡᠷᠡᠲᠦ ᠲᠠᠸᠠᠷ ᠤᠨ ᠲᠡᠮᠳᠡᠭ ᠤᠨ ᠬᠠᠮᠠᠭᠠᠯᠠᠯᠲᠠ ᠶᠢ ᠵᠢᠯᠣᠭᠤᠳᠤᠨ᠎ᠠ᠃

  3. ᠡᠯ᠎ᠡ ᠱᠠᠲᠤᠨ ᠤ ᠵᠠᠰᠠᠭ ᠤᠨ ᠣᠷᠳᠣᠨ ᠢ ᠬᠠᠮᠵᠢᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠣᠭᠤᠷᠢᠭ ᠤᠨ ᠬᠤᠲᠠ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷᠡᠲᠦ ᠲᠡᠮᠳᠡᠭᠲᠦ ᠡᠭᠦᠳᠬᠦ ᠠᠵᠤ ᠠᠬᠤᠶᠢᠯᠠᠯ ᠳᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠤᠯᠪᠤᠭᠳᠠᠯ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃

  4. ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠪᠠ ᠰᠢᠯᠵᠢᠭᠦᠯᠦᠨ ᠤᠯᠠᠷᠢᠭᠤᠯᠬᠤ᠂ ᠲᠤᠰᠬᠠᠶ ᠠᠰᠢᠭ ᠤᠨ ᠮᠡᠳᠡᠭᠡ ᠵᠠᠩᠭᠢ ᠶᠢ ᠪᠦᠷᠢᠳᠬᠡᠨ ᠵᠠᠳᠠᠯᠬᠤ᠂ ᠲᠤᠰᠬᠠᠶ ᠠᠰᠢᠭ ᠤᠨ ᠵᠣᠭᠤᠰ ᠢᠶᠠᠷ ᠲᠤᠰᠠᠯᠠᠬᠤ ᠵᠡᠷᠭᠡ ᠬᠤᠯᠪᠤᠭᠳᠠᠯ ᠪᠥᠬᠦᠶ ᠠᠵᠢᠯ ᠢ ᠡᠭᠦᠷᠭᠡᠯᠡᠨ᠎ᠡ᠃

  5. ᠮᠡᠳᠡᠯᠭᠡ ᠶᠢᠨ ᠥᠮᠴᠢᠯᠡᠯ ᠤᠨ ᠡᠷᠬᠡ ᠶᠢᠨ ᠨᠡᠶᠢᠲᠡ ᠶᠢᠨ ᠠᠰᠠᠷᠠᠮᠵᠢ ᠶᠢᠨ ᠰᠤᠳᠤᠯᠤᠨ ᠶᠠᠷᠢᠯᠴᠠᠬᠤ᠂ ᠤᠬᠠᠭᠤᠯᠬᠤ᠂ ᠪᠣᠯᠪᠠᠰᠤᠷᠠᠭᠤᠯᠬᠤ᠂ ᠳᠡᠯᠭᠡᠨ ᠦᠵᠡᠭᠦᠯᠬᠦ ᠪᠠ ᠤᠷᠤᠯᠳᠤᠭᠠᠨ ᠶᠠᠪᠤᠭᠤᠯᠬᠤ ᠶᠢ ᠵᠣᠬᠢᠶᠠᠨ ᠪᠠᠶᠢᠭᠤᠯᠤᠨ ᠬᠠᠩᠭᠠᠨ᠎ᠠ᠃

  6.ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃

  ᠬᠠᠶ᠋ᠢᠭ᠄ ᠬᠤᠲᠣᠩ ᠠᠷᠠᠳ ᠤᠨ ᠲᠣᠭᠤᠷᠢᠭ ᠤᠨ ᠰᠣᠶᠣᠯ ᠤᠨ ᠣᠷᠳᠣᠨ ᠵᠠᠮ ᠤᠨ 49 ᠳ᠋ᠦ᠋ᠭᠡᠷ ᠲᠣᠭᠠᠲᠤ

  ᠠᠵᠢᠯᠯᠠᠬᠤ ᠴᠠᠭ᠄ 9:00 —12:00᠂ 14:00 —17:30

  ᠬᠠᠷᠢᠯᠴᠠᠬᠤ ᠤᠲᠠᠰᠤ᠄ ᠵᠢᠵᠢᠭᠦᠷᠯᠡᠬᠦ ᠤᠲᠠᠰᠤ᠄ 0471-3592898᠂ ᠠᠰᠠᠭᠤᠨ ᠯᠠᠪᠯᠠᠬᠤ ᠤᠲᠠᠰᠤ᠄ 0471-3912330

  ᠬᠠᠷᠢᠭᠤᠴᠠᠯᠭᠠᠲᠠᠨ᠄ ᠯᠦ ᠨᠠ

  

  ︵ᠳᠣᠯᠤᠭ᠎ᠠ︶ ᠤᠯᠤᠰ ᠤᠨ ᠮᠡᠳᠡᠯᠭᠡ ᠶᠢᠨ ᠡᠷᠬᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠲᠤᠰᠬᠠᠢ ᠠᠰᠢᠭ ᠤᠨ ᠲᠣᠪᠴᠢᠶ᠎ᠠ ᠶᠢᠨ ᠬᠥᠬᠡᠬᠤᠲᠠ ᠶᠢᠨ ᠣᠷᠣᠯᠠᠨ ᠡᠷᠬᠢᠯᠡᠬᠦ ᠭᠠᠵᠠᠷ

  ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠲᠤᠰᠬᠠᠶ ᠠᠰᠢᠭ ᠤᠨ ᠲᠣᠪᠴᠢᠶ᠎ᠠ ᠶᠢᠨ ᠬᠥᠬᠡᠬᠤᠲᠠ ᠶᠢᠨ ᠣᠷᠣᠯᠠᠨ ᠭᠦᠢᠴᠡᠳᠬᠡᠬᠦ ᠭᠠᠵᠠᠷ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠲᠤᠰᠬᠠᠶ ᠠᠰᠢᠭ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠵᠠᠷᠤᠳᠠᠯ ᠬᠤᠷᠢᠶᠠᠬᠤ᠂ ᠳᠠᠩᠰᠠᠯᠠᠭᠤᠯᠤᠨ ᠬᠢᠨᠠᠬᠤ᠂ ᠤᠷᠢᠳ ᠢᠶᠠᠷ ᠬᠢᠨᠠᠨ ᠪᠠᠶᠢᠴᠠᠭᠠᠬᠤ ᠵᠡᠷᠭᠡ ᠲᠤᠰᠬᠠᠶ ᠠᠰᠢᠭ ᠤᠨ ᠭᠤᠶᠤᠴᠢᠯᠠᠯ ᠤᠨ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠢ ᠡᠭᠦᠷᠭᠡᠯᠡᠨ᠎ᠡ᠃

  2. ᠭᠠᠳᠠᠭᠠᠳᠤ ᠤᠯᠤᠰ ᠲᠤ ᠲᠤᠰᠬᠠᠢ ᠠᠰᠢᠭ ᠭᠤᠶᠤᠴᠢᠯᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃

  3. ᠬᠠᠤᠯᠢ ᠴᠠᠭᠠᠵᠠ ᠶᠢᠨ ᠪᠠᠶᠢᠳᠠᠯ ᠤᠨ ᠭᠡᠷᠡᠴᠢᠯᠡᠯ ᠬᠢᠵᠦ ᠥᠭᠬᠦ ᠶᠢ ᠡᠭᠦᠷᠭᠡᠯᠡᠵᠦ᠂ ᠰᠢᠭᠦᠬᠦ ᠬᠤᠷᠢᠶ᠎ᠠ ᠶᠢ ᠬᠠᠪᠰᠤᠷᠤᠨ ᠡᠳ᠋ ᠬᠥᠷᠥᠩᠭᠡ ᠶᠢᠨ ᠬᠠᠮᠠᠭᠠᠯᠠᠯᠲᠠ ᠶᠢ ᠭᠦᠢᠴᠡᠳᠬᠡᠨ᠎ᠡ᠃

  4. ᠲᠤᠰᠬᠠᠶ ᠠᠰᠢᠭ ᠤᠨ ᠡᠷᠬᠡ ᠶᠢ ᠳᠠᠨᠵᠢᠯᠠᠨ ᠲᠡᠮᠳᠡᠭᠯᠡᠬᠦ᠂ ᠲᠤᠰᠬᠠᠶ ᠠᠰᠢᠭ ᠢ ᠬᠡᠷᠡᠭᠵᠢᠭᠦᠯᠬᠦ ᠵᠥᠪᠰᠢᠶᠡᠷᠡᠯ ᠤᠨ ᠭᠡᠷ᠎ᠡ ᠶᠢ ᠳᠠᠩᠰᠠᠯᠠᠬᠤ᠂ ᠲᠤᠰᠬᠠᠶ ᠠᠰᠢᠭ ᠢ ᠪᠦᠷᠢᠳᠬᠡᠨ ᠳᠠᠩᠰᠠᠯᠠᠬᠤ ᠵᠡᠷᠭᠡ ᠲᠤᠬᠠᠶᠢᠯᠠᠭᠰᠠᠨ ᠠᠵᠢᠯ ᠤᠨ ᠯᠠᠪᠯᠠᠯᠲᠠ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃

  5. ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠥᠷᠥᠯ ᠵᠦᠢᠯ ᠢ ᠰᠢᠯᠵᠢᠭᠦᠯᠦᠨ ᠬᠤᠪᠢᠷᠠᠭᠤᠯᠬᠤ᠂ ᠲᠤᠰᠬᠠᠶ ᠠᠰᠢᠭ ᠤᠨ ᠮᠡᠳᠡᠭᠡ ᠵᠠᠩᠭᠢ ᠶᠢ ᠪᠦᠷᠢᠳᠬᠡᠬᠦ ᠪᠠ ᠵᠠᠳᠠᠯᠬᠤ ᠲᠤᠰᠬᠠᠶ ᠠᠰᠢᠭ ᠤᠨ ᠪᠡᠯᠡ ᠮᠥᠩᠭᠦ ᠪᠠᠷ ᠲᠤᠰᠠᠯᠠᠬᠤ ᠵᠡᠷᠭᠡ ᠠᠵᠢᠯ ᠢ ᠡᠭᠦᠷᠭᠡᠯᠡᠨ᠎ᠡ᠃

  6.ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠵᠠᠷᠤᠳᠠᠯ ᠬᠤᠷᠢᠶᠠᠬᠤ᠂ ᠲᠠᠸᠠᠷ ᠤᠨ ᠲᠡᠮᠳᠡᠭ ᠤᠨ ᠳᠠᠨᠵᠢᠯᠠᠬᠤ ᠡᠷᠬᠡ ᠶᠢ ᠳᠠᠩᠰᠠᠯᠠᠬᠤ ᠵᠡᠷᠭᠡ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠢ ᠡᠭᠦᠷᠭᠡᠯᠡᠨ᠎ᠡ᠃

  7. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠥᠬᠦᠶ ᠠᠵᠢᠯ ᠢ ᠡᠭᠦᠷᠭᠡᠯᠡᠨ᠎ᠡ᠃

  ᠬᠠᠶ᠋ᠢᠭ᠄ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 76 ᠳ᠋ᠤᠭᠠᠷ ᠲᠣᠭᠠᠲᠤ ᠬᠡᠮᠵᠢᠯᠲᠡ ᠶᠢᠨ ᠬᠦᠷᠢᠶᠡᠯᠡᠩ ᠤᠨ 2 ᠳ᠋ᠤᠭᠠᠷ ᠠᠰᠠᠷ

  ᠠᠵᠢᠯᠯᠠᠬᠤ ᠴᠠᠭ᠄ 9:00 —12:00᠂ 14:00 —17:30

  ᠬᠠᠷᠢᠯᠴᠠᠬᠤ ᠬᠡᠯᠪᠡᠷᠢ᠄ 0471-5203375

  ᠬᠠᠷᠢᠭᠤᠴᠠᠯᠭᠠᠲᠠᠨ᠄ ᠣᠳᠣᠨ

  

  ︵ᠨᠠᠢᠮᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ

  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12315 ᠬᠡᠷᠡᠭᠯᠡᠭᠴᠢᠳ ᠤᠨ ᠢᠯᠡᠴᠢᠯᠡᠨ ᠮᠡᠳᠡᠭᠦᠯᠬᠦ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠭᠦᠬᠦ︶ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠪᠥᠬᠦ ᠣᠷᠣᠨ ᠤ ᠤᠯᠠᠮᠵᠢᠯᠠᠨ ᠲᠠᠷᠬᠠᠭᠠᠬᠤ ᠵᠠᠭᠤᠴᠢᠯᠠᠭᠤᠷ ᠤᠨ ᠨᠡᠶᠢᠲᠡᠯᠡᠭᠰᠡᠨ ᠵᠠᠷ ᠮᠡᠳᠡᠭᠡ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠦᠯᠵᠢᠶᠡᠨ ᠤ ᠦᠢᠯᠡᠴᠢᠯᠡᠭᠡᠨ ᠤ ᠠᠷᠠᠯᠵᠢᠶ᠎ᠠ ᠶᠢᠨ ᠡᠵᠡᠩᠨᠡᠯᠲᠡ ᠶᠢᠨ ᠦᠢᠯᠡ ᠠᠵᠢᠯᠯᠠᠭ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠳᠬᠦᠨ ᠤ ᠶᠠᠰᠤ ᠴᠢᠨᠠᠷ ᠲᠤ ᠬᠢᠨᠠᠨ ᠬᠡᠮᠵᠢᠯᠲᠡ ᠬᠢᠬᠦ ᠶᠢᠨ ᠬᠠᠮᠲᠤ ᠬᠢᠨᠠᠯᠲᠠ ᠲᠠᠯᠪᠢᠭᠰᠠᠨ ᠮᠡᠳᠡᠭᠡ ᠵᠠᠩᠭᠢ ᠶᠢ ᠬᠠᠷᠢᠭᠤ ᠲᠤᠰᠬᠠᠨ᠎ᠠ᠃

  2. ᠬᠤᠯᠪᠤᠭᠳᠠᠯ ᠪᠦᠬᠦᠢ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠦᠭᠰᠡᠨ ᠬᠡᠷᠡᠭ ᠢ ᠬᠦᠯᠢᠶᠡᠨ ᠠᠪᠴᠤ ᠬᠠᠪᠰᠤᠷᠤᠨ ᠪᠠᠶᠢᠴᠠᠭᠠᠨ ᠰᠢᠢᠳᠪᠦᠷᠢᠯᠡᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢᠨ ᠦᠢᠯᠡᠴᠢᠯᠡᠭᠡᠨ ᠢ ᠬᠠᠩᠭᠠᠵᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠪᠣᠯᠤᠨ ᠮᠠᠲ᠋ᠧᠷᠢᠶᠠᠯ ᠢ ᠪᠦᠷᠢᠳᠬᠡᠵᠦ᠂ ᠵᠠᠳᠠᠯᠵᠤ᠂ ᠡᠮᠬᠢᠯᠡᠨ᠎ᠡ᠃

  3. ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠰᠦᠯᠵᠢᠶᠡᠨ ᠤ ᠰᠢᠰᠲ᠋ᠧᠮ ᠤᠨ ᠲᠥᠯᠥᠪᠵᠢᠭᠦᠯᠭᠡ ᠬᠢᠭᠡᠳ ᠬᠡᠷᠡᠭᠯᠡᠯᠲᠡ ᠶᠢᠨ ᠬᠤᠯᠪᠤᠭᠳᠠᠯ ᠪᠥᠬᠦᠶ ᠠᠵᠢᠯ ᠢ ᠡᠭᠦᠷᠭᠡᠯᠡᠨ᠎ᠡ᠃

  4. ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ︽12315︾ ᠲᠤᠬᠠᠶᠢᠯᠠᠭᠰᠠᠨ ᠠᠵᠢᠯ ᠢ ᠵᠢᠯᠣᠭᠤᠳᠬᠤ᠂ ᠪᠠᠶᠢᠴᠠᠭᠠᠬᠤ ᠠᠵᠢᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃

  5. ᠬᠡᠷᠡᠭᠯᠡᠭᠴᠢᠳ ᠤᠨ ᠡᠷᠬᠡ ᠠᠰᠢᠭ ᠤᠨ ᠲᠠᠯ᠎ᠠ ᠪᠠᠷ ᠬᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠲᠣᠭᠲᠠᠭᠠᠬᠤ᠂ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ᠂ ᠭᠡᠷᠡᠴᠢᠯᠡᠭᠡ ᠰᠣᠨᠣᠰᠬᠤ ᠵᠡᠷᠭᠡ ᠠᠵᠢᠯ ᠳᠤ ᠣᠷᠣᠯᠴᠠᠨ᠎ᠠ᠃

  6. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠮᠵᠢᠨ ︽ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠭᠡ᠂ ᠲᠤᠰᠬᠠᠶᠢᠵᠢᠭᠰᠠᠨ ᠵᠠᠬ᠎ᠠ ᠳᠡᠯᠭᠡᠭᠦᠷ︾ ᠤᠨ ᠨᠠᠮ ᠤᠨ ᠪᠠᠶᠢᠭᠤᠯᠤᠯᠲᠠ ᠵᠡᠷᠭᠡ ᠬᠤᠯᠪᠤᠭᠳᠠᠯ ᠪᠦᠬᠦᠢ ᠠᠵᠢᠯ ᠢ ᠰᠠᠶᠢᠲᠤᠷ ᠬᠢᠨ᠎ᠡ᠃

  7.ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠠᠮᠢᠶ᠎ᠠ ᠪᠥᠬᠦᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠤᠯᠪᠤᠭᠳᠠᠯ ᠪᠥᠬᠦᠶ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃

  8. ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃

  ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠢᠩᠭᠠᠨ ᠡᠮᠦᠨ᠎ᠡ ᠵᠠᠮ ᠤᠨ 9 ᠳ᠋ᠦ᠋ᠭᠡᠷ ᠲᠣᠭᠠᠲᠤ

  ᠠᠵᠢᠯᠯᠠᠬᠤ ᠴᠠᠭ᠄ 9:00 —12:00 14:00 —17:30

  ᠬᠠᠷᠢᠯᠴᠠᠬᠤ ᠬᠡᠯᠪᠡᠷᠢ᠄ 0471-6287315᠂ 6628293

  ᠬᠠᠷᠢᠭᠤᠴᠠᠯᠭᠠᠲᠠᠨ᠄ ᠥᠷᠭᠡᠨ

  

  ︵ᠶᠢᠰᠦ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠢ ᠪᠠᠲᠤᠯᠠᠭ᠎ᠠ ᠶᠢᠨ ᠲᠥᠪ

  ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ  ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠪᠠᠶᠢᠭᠤᠯᠭ᠎ᠠ ᠶᠢᠨ ᠬᠤᠶᠢᠨᠠᠬᠢ ᠦᠢᠯᠡᠴᠢᠯᠡᠭᠡᠨ ᠤ ᠪᠠᠲᠤᠯᠠᠭ᠎ᠠ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠵᠢᠴᠢ ᠲᠣᠭᠲᠠᠮᠠᠯ ᠬᠥᠷᠥᠩᠭᠡ ᠶᠢ ᠬᠠᠮᠢᠶᠠᠷᠬᠤ᠂ ᠬᠠᠮᠠᠭᠠᠯᠠᠬᠤ᠂ ᠰᠡᠯᠪᠢᠨ ᠵᠠᠰᠠᠬᠤ᠂ ᠲᠦᠷᠢᠶᠡᠰᠦᠯᠡᠭᠦᠯᠬᠦ᠂ ᠵᠢᠭᠡᠯᠡᠭᠦᠯᠬᠦ ᠵᠡᠷᠭᠡ ᠠᠵᠢᠯ ᠢ ᠡᠭᠦᠷᠭᠡᠯᠡᠵᠦ᠂ ᠠᠮᠤᠷ ᠲᠦᠪᠰᠢᠨ ᠤ ᠬᠠᠮᠠᠭᠠᠯᠠᠯᠲᠠ᠂ ᠶᠡᠷᠦᠩᠬᠡᠶᠢᠯᠡᠨ ᠵᠠᠰᠠᠬᠤ ᠠᠵᠢᠯ ᠢ ᠬᠠᠮᠵᠢᠨ ᠰᠠᠶᠢᠲᠤᠷ ᠬᠢᠨ᠎ᠡ᠃

  2. ᠬᠠᠷᠢᠶ᠎ᠠ ᠨᠢᠭᠡᠴᠢ ᠶᠢᠨ ᠲᠣᠭᠲᠠᠮᠠᠯ ᠬᠥᠷᠥᠩᠭᠡ ᠶᠢ ᠬᠡᠷᠡᠭᠯᠡᠬᠦ ᠵᠢᠴᠢ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠵᠡᠷᠭᠡ ᠬᠤᠯᠪᠤᠭᠳᠠᠯ ᠪᠦᠬᠦᠢ ᠠᠵᠢᠯ ᠢ ᠵᠢᠯᠣᠭᠤᠳᠤᠨ᠎ᠠ᠃

  3.ᠡᠭᠦᠷᠭᠡᠯᠡᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠲᠤᠭ᠎ᠠ ᠪᠠᠷᠢᠮᠲᠠ ᠶᠢᠨ ᠬᠥᠮᠥᠷᠭᠡ᠂ ᠢᠲᠡᠭᠡᠮᠵᠢ ᠶᠢᠨ ᠰᠢᠰᠲ᠋ᠧᠮᠵᠢ ᠶᠢᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠤᠬᠠᠶᠢᠯᠠᠭᠰᠠᠨ ᠠᠵᠢᠯ ᠤᠨ ᠢᠲᠡᠭᠡᠮᠵᠢ ᠶᠢᠨ ᠲᠤᠭ᠎ᠠ ᠪᠠᠷᠢᠮᠲᠠ ᠶᠢᠨ ᠬᠥᠮᠥᠷᠭᠡ ᠶᠢᠨ ᠲᠥᠯᠥᠪᠵᠢᠭᠦᠯᠭᠡ᠂ ᠬᠡᠷᠡᠭᠯᠡᠯᠲᠡ ᠵᠢᠴᠢ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠮᠵᠢᠨ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠵᠡᠷᠭᠡ ᠬᠤᠯᠪᠤᠭᠳᠠᠯ ᠪᠥᠬᠦᠶ ᠠᠵᠢᠯ ᠢ ᠰᠠᠶᠢᠲᠤᠷ ᠬᠢᠨ᠎ᠠ᠃

  4. ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠡᠷᠡᠭ ᠰᠢᠢᠳᠪᠦᠷᠢᠯᠡᠬᠦ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃

  5. ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠨ ᠤ ᠬᠥᠮᠦᠵᠢᠯ ᠪᠣᠯᠪᠠᠰᠤᠷᠠᠯ ᠤᠨ ᠲᠥᠯᠥᠪᠯᠡᠭᠡ᠂ ᠪᠠᠶᠢᠭᠤᠯᠭ᠎ᠠ ᠶᠢᠨ ᠨᠠᠮ ᠤᠨ ᠰᠤᠷᠭᠠᠭᠤᠯᠢ ᠶᠢᠨ ᠬᠥᠮᠦᠵᠢᠯ ᠪᠣᠯᠪᠠᠰᠤᠷᠠᠯ ᠤᠨ ᠡᠭᠦᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠡᠭᠦᠷᠭᠡᠯᠡᠨ᠎ᠡ᠃

  6. ᠰᠢᠰᠲ᠋ᠧᠮ ᠤᠨ ᠳᠣᠲᠣᠷᠠᠬᠢ ᠲᠤᠰᠢᠶᠠᠯ ᠬᠠᠪᠰᠤᠷᠭᠠᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠬᠢᠴᠢᠶᠡᠯ ᠤᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠦᠯᠲᠡ᠂ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠤᠬᠠᠭᠤᠯᠭ᠎ᠠ ᠬᠥᠮᠦᠵᠢᠯ ᠤᠨ ᠰᠢᠰᠲ᠋ᠧᠮ ᠤᠨ ᠨᠡᠭᠡᠭᠡᠨ ᠬᠥᠭᠵᠢᠭᠦᠯᠦᠯᠲᠡ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃

  7. ᠪᠥᠬᠦ ᠣᠷᠣᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ᠂ ᠬᠤᠯᠪᠤᠭᠳᠠᠯ ᠪᠥᠬᠦᠶ ᠲᠤᠰᠬᠠᠶ ᠮᠡᠷᠭᠡᠵᠢᠯ ᠤᠨ ᠦᠨᠡᠮᠯᠡᠯ ᠲᠠᠢ ᠠᠵᠢᠯᠲᠠᠨ ᠤ ᠰᠢᠯᠭᠠᠯᠲᠠ᠂ ᠳᠤᠮᠳᠠᠳᠤ ᠤᠯᠤᠰ ᠤᠨ ᠬᠡᠮᠵᠢᠯᠲᠡ ᠶᠢᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠵᠠᠬᠢᠳᠠᠯ ᠢᠶᠠᠷ ᠵᠢᠭᠠᠬᠤ ᠥᠷᠲᠡᠭᠡ᠂ ᠤᠯᠤᠰ ᠤᠨ ᠠᠵᠢᠯ ᠮᠡᠷᠭᠡᠵᠢᠯ ᠤᠨ ᠴᠢᠳᠠᠪᠤᠷᠢ ᠶᠢ ᠲᠣᠭᠲᠠᠭᠠᠬᠤ ᠵᠡᠷᠭᠡ ᠠᠵᠢᠯ ᠢ ᠬᠠᠷᠢᠭᠤᠴᠠᠨ᠎ᠠ᠃

  8. ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃

  ᠬᠠᠶ᠋ᠢᠭ᠄ ᠰᠠᠶᠢᠬᠠᠨ ᠲᠣᠭᠤᠷᠢᠭ ᠤᠨ ᠵᠤᠤ ᠤᠳᠠ ᠵᠠᠮ ᠱᠢ ᠵᠢᠢ ᠳᠦᠷᠪᠡᠳᠦᠭᠡᠷ ᠵᠠᠮ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

  ᠠᠵᠢᠯᠯᠠᠬᠤ ᠴᠠᠭ᠄ 9:00 —12:00᠂ 14:00 —17:30

  ᠬᠠᠷᠢᠯᠴᠠᠬᠤ ᠬᠡᠯᠪᠡᠷᠢ᠄ 0471-6385517

  ᠬᠠᠷᠢᠭᠤᠴᠠᠯᠭᠠᠲᠠᠨ᠄ ᠭᠦᠸᠧ ᠵᠢᠶᠠᠨ ᠰᠢᠨ

  

  ︵ᠠᠷᠪᠠ︶ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ

  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠨᠣᠤᠰᠣ᠂ ᠨᠣᠣᠯᠣᠭᠤᠷ᠂ ᠬᠦᠷᠢ ᠶᠢᠨ ᠰᠢᠷᠬᠡᠭ᠂ ᠣᠯᠣᠰᠤᠨ ᠤ ᠲᠥᠷᠥᠯ᠂ ᠬᠥᠪᠥᠩ ᠵᠡᠷᠭᠡ ᠰᠢᠷᠬᠡᠭᠯᠢᠭ ᠤᠨ ᠶᠠᠰᠤ ᠴᠢᠨᠠᠷ ᠢ ᠠᠯᠪᠠᠨ ᠠᠴᠠ ᠭᠡᠷᠡᠴᠢᠯᠡᠵᠦ ᠰᠢᠯᠭᠠᠨ ᠪᠠᠶᠢᠴᠠᠭᠠᠬᠤ ᠶᠢ ᠡᠭᠦᠷᠭᠡᠯᠡᠵᠦ᠂ ᠰᠢᠷᠬᠡᠭᠯᠢᠭ ᠤᠨ ᠶᠠᠰᠤ ᠴᠢᠨᠠᠷ ᠢ ᠳᠠᠬᠢᠨ ᠪᠠᠶᠢᠴᠠᠭᠠᠬᠤ ᠪᠠ ᠬᠥᠨᠳᠡᠯᠡᠨ ᠠᠴᠠ ᠲᠠᠰᠤᠯᠬᠤ ᠶᠢ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃

  2. ᠨᠣᠤᠰᠣ᠂ ᠨᠣᠣᠯᠤᠭᠤᠷ᠂ ᠬᠦᠷᠢ ᠶᠢᠨ ᠰᠢᠷᠬᠡᠭ᠂ ᠣᠯᠣᠰᠤᠨ ᠤ ᠲᠥᠷᠥᠯ᠂ ᠬᠥᠪᠥᠩ ᠵᠡᠷᠭᠡ ᠰᠢᠷᠬᠡᠭᠯᠢᠭ ᠬᠢᠭᠡᠳ ᠰᠢᠷᠬᠡᠭᠯᠢᠭ ᠤᠨ ᠪᠦᠲᠦᠭᠡᠭᠳᠡᠬᠦᠨ ᠤ ᠶᠠᠰᠤ ᠴᠢᠨᠠᠷ ᠢ ᠪᠠᠶᠢᠴᠠᠭᠠᠬᠤ᠂ ᠶᠠᠰᠤ ᠴᠢᠨᠠᠷ ᠢ ᠦᠨᠡᠯᠡᠨ ᠵᠢᠱᠢᠬᠦ᠂ ᠲᠦᠭᠰᠢᠭᠦᠷᠢ ᠶᠢ ᠬᠢᠨᠠᠨ ᠬᠡᠮᠵᠢᠬᠦ ᠵᠡᠷᠭᠡ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ᠃

  3. ᠨᠣᠤᠰᠣ᠂ ᠨᠣᠣᠯᠤᠭᠤᠷ᠂ ᠬᠦᠷᠢ ᠶᠢᠨ ᠰᠢᠷᠬᠡᠭ᠂ ᠣᠯᠣᠰᠤᠨ ᠤ ᠲᠥᠷᠥᠯ᠂ ᠬᠥᠪᠥᠩ ᠵᠡᠷᠭᠡ ᠰᠢᠷᠬᠡᠭᠯᠢᠭ ᠤᠨ ᠪᠦᠲᠦᠭᠡᠭᠳᠡᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠷᠭᠡᠵᠢᠯ ᠤᠨ ᠲᠤᠯᠭᠠᠭᠤᠷᠢᠯᠠᠯ ᠪᠠ ᠶᠠᠰᠤ ᠴᠢᠨᠠᠷ ᠢ ᠬᠢᠨᠠᠨ ᠬᠡᠮᠵᠢᠬᠦ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠠᠵᠢᠯ ᠢ ᠡᠭᠦᠷᠭᠡᠯᠡᠨ᠎ᠡ᠃

  4. ᠰᠢᠷᠬᠡᠭᠯᠢᠭ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠵᠦ᠂ ᠰᠢᠷᠬᠡᠭᠯᠢᠭ ᠤᠨ ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠵᠤ᠂ ᠰᠢᠷᠬᠡᠭᠯᠢᠭ ᠤᠨ ᠪᠣᠳᠠᠲᠤ ᠪᠣᠳᠠᠰ ᠤᠨ ᠪᠠᠷᠢᠮᠵᠢᠶ᠎ᠠ ᠶᠢ ᠦᠢᠯᠡᠳᠬᠦ᠂ ᠰᠢᠨᠡᠳᠬᠡᠬᠦ᠂ ᠳᠠᠭᠤᠷᠢᠶᠠᠨ ᠦᠢᠯᠡᠳᠬᠦ᠂ ᠬᠠᠳᠠᠭᠠᠯᠠᠬᠤ ᠠᠵᠢᠯ ᠢ ᠡᠭᠦᠷᠭᠡᠯᠡᠵᠦ᠂ ᠰᠢᠷᠭᠡᠭᠯᠢᠭ ᠤᠨ ᠤᠯᠤᠰ ᠤᠨ ᠪᠠᠷᠢᠮᠵᠢᠶ᠎ᠠ ᠶᠢ ᠲᠤᠭᠤᠰᠢᠲᠠᠢ ᠤᠬᠠᠭᠤᠯᠤᠨ᠎ᠠ᠃

  5. ᠤᠯᠤᠰ ᠠᠴᠠ ᠴᠤᠬᠤᠯᠠᠪᠤᠷᠢᠯᠠᠨ ᠬᠠᠷᠢᠭᠤᠯᠤᠭᠰᠠᠨ ᠨᠣᠤᠰᠣ ᠨᠣᠣᠯᠣᠭᠤᠷ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ ᠤᠨ ᠠᠵᠢᠯ ᠢ ᠡᠭᠦᠷᠭᠡᠯᠡᠨ᠎ᠡ᠃

  6. ᠪᠦᠬᠦ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠰᠢᠨᠵᠢᠬᠦ ᠠᠵᠢᠯ ᠤᠨ ᠮᠡᠷᠭᠡᠵᠢᠯ ᠤᠨ ᠵᠢᠯᠣᠭᠤᠳᠬᠤ ᠠᠵᠢᠯ ᠢ ᠬᠠᠷᠢᠭᠤᠴᠠᠨ᠎ᠠ᠃

  7.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠥᠬᠦᠶ ᠠᠵᠢᠯ ᠢ ᠡᠭᠦᠷᠭᠡᠯᠡᠨ᠎ᠡ᠃

  ᠬᠠᠶ᠋ᠢᠭ᠄ ᠰᠢᠨ᠎ᠡ ᠬᠤᠲᠠ ᠲᠣᠭᠤᠷᠢᠭ ᠤᠨ ᠬᠤᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠵᠠᠮ

  ᠠᠵᠢᠯᠯᠠᠬᠤ ᠴᠠᠭ᠄ 9:00 —12:00᠂ 14:00 —17:30

  ᠬᠠᠷᠢᠯᠴᠠᠬᠤ ᠬᠡᠯᠪᠡᠷᠢ᠄ ᠵᠢᠵᠢᠭᠦᠷᠯᠡᠬᠦ ᠤᠲᠠᠰᠤ᠄ 0471-4961083᠂ ᠠᠰᠠᠭᠤᠨ ᠯᠠᠪᠯᠠᠬᠤ ᠤᠲᠠᠰᠤ᠄ 0471-4933961

  ᠬᠠᠷᠢᠭᠤᠴᠠᠯᠭᠠᠲᠠᠨ᠄ ᠸᠠᠩ ᠯᠢ


ᠢᠷᠡᠯᠲᠡ᠄ ᠲᠣᠲᠣᠷᠬᠠᠢ ᠦᠭᠡᠢ