572 ᠪᠦᠯᠦᠭ ᠤᠳᠠᠭ᠎ᠠ ᠢᠳᠡᠭᠡᠨ ᠤ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠳᠡᠯ ︵2024 ᠣᠨ ᠤ 1 ᠳ᠋ᠤᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2024/1/25

    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠢᠳᠡᠭᠡᠨ ᠤᠮᠳᠠᠭᠠᠨ᠂ ᠬᠠᠭᠤᠷᠤᠭᠰᠠᠨ ᠢᠳᠡᠭᠡᠨ ᠵᠢᠴᠢ ᠬᠠᠲᠠᠭᠤ ᠵᠢᠮᠢᠰ ᠤᠨ ᠪᠦᠲᠦᠭᠡᠭᠳᠡᠬᠦᠨ᠂ ᠪᠤᠷᠴᠠᠭ ᠤᠨ ᠪᠦᠲᠦᠭᠡᠭᠳᠡᠬᠦᠨ᠂ ᠲᠥᠬᠦᠮ ᠢᠳᠡᠭᠡᠨ᠂ ᠪᠣᠭᠤᠷᠰᠤᠭ᠂ ᠭᠤᠸᠠᠨᠲ᠋ᠧᠦ᠂ ᠠᠷᠢᠬᠢᠨ ᠤ ᠲᠦᠷᠦᠯ᠂ ᠠᠮᠤ ᠪᠤᠳᠠᠭ᠎ᠠ ᠪᠠᠷ ᠪᠣᠯᠪᠠᠰᠤᠷᠠᠭᠤᠯᠤᠭᠰᠠᠨ ᠪᠦᠲᠦᠭᠡᠭᠳᠡᠬᠦᠨ᠂ ᠮᠢᠬᠠᠨ ᠤ ᠪᠦᠲᠦᠭᠡᠭᠳᠡᠬᠦᠨ᠂ ᠢᠳᠡᠰᠢᠨ ᠰᠢᠬᠢᠷ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ᠂ ᠲᠥᠮᠥᠰᠥ ᠶᠢᠨ ᠲᠥᠷᠥᠯ ᠪᠠ ᠬᠥᠭᠡᠯᠭᠡᠭᠰᠡᠨ ᠢᠳᠡᠭᠡᠨ᠂ ᠵᠢᠮᠢᠰ ᠤᠨ ᠪᠦᠲᠦᠭᠡᠭᠳᠡᠬᠦᠨ᠂ ᠤᠮᠳᠠᠭᠠᠨ ᠵᠡᠷᠭᠡ 15 ᠶᠡᠭᠡ ᠲᠥᠷᠥᠯ ᠤᠨ 572 ᠪᠦᠯᠦᠭ ᠤᠳᠠᠭ᠎ᠠ ᠢᠳᠡᠭᠡᠨ ᠤ ᠥᠯᠢᠭᠡᠷ ᠡᠳ᠋ ᠢ ᠭᠠᠷᠭᠠᠨ ᠠᠪᠴᠤ᠂ ᠡᠭᠦᠨ ᠳᠤ 11 ᠪᠦᠯᠦᠭ ᠤᠳᠠᠭ᠎ᠠ ᠬᠢᠷᠢ ᠲᠡᠩᠴᠡᠭᠰᠡᠨ ᠥᠬᠡᠶ ᠥᠯᠢᠭᠡᠷ ᠡᠳ᠋ ᠢ ᠪᠠᠶᠢᠴᠠᠭᠠᠨ ᠭᠠᠷᠭᠠᠪᠠ᠃ ᠭᠤᠤᠯᠳᠠᠭᠤ ᠢᠳᠡᠭᠡᠨ ᠤ ᠨᠡᠮᠡᠯᠲᠡ ᠡᠳ᠋ ᠢ ᠬᠡᠮᠵᠢᠶ᠎ᠡ ᠠᠴᠠ ᠬᠡᠲᠦᠷᠡᠲᠡᠯ᠎ᠡ ᠬᠡᠷᠡᠭᠯᠡᠭᠰᠡᠨ᠂ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠬᠡᠲᠦᠷᠡᠭᠰᠡᠨ᠂ ᠮᠢᠺᠷᠣᠪ ᠤᠨ ᠪᠣᠬᠢᠷᠲᠤᠯ᠂ ᠬᠦᠨᠳᠦ ᠲᠡᠮᠦᠷᠯᠢᠭ ᠤᠨ ᠪᠣᠬᠢᠷᠲᠤᠯ᠂ ᠣᠷᠭᠠᠨᠢᠭ ᠪᠣᠳᠠᠰ ᠤᠨ ᠪᠣᠬᠢᠷᠲᠤᠯ ᠵᠡᠷᠭᠡ ᠠᠰᠠᠭᠤᠳᠠᠯ ᠪᠣᠯᠤᠨ᠎ᠠ᠃

    ᠰᠤᠭᠤᠴᠢᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠬᠢᠷᠢ ᠲᠡᠩᠴᠡᠭᠰᠡᠨ‌ᠥᠬᠡᠶ ᠢᠳᠡᠭᠡᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠵᠡᠷᠭᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠨᠢᠭᠡᠨᠲᠡ  ᠵᠠᠷᠯᠢᠭᠳᠠᠵᠤ ᠪᠠᠶᠢᠭᠠᠳ ᠲᠡᠷᠡ ᠳᠠᠷᠤᠶ ᠳᠤ ᠨᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠢᠯᠡᠳᠬᠦᠨ ᠤ ᠭᠦᠢᠯᠭᠡᠭᠡᠨ ᠤ ᠬᠠᠨᠳᠤᠰᠢ ᠶᠢ ᠪᠠᠶᠢᠴᠠᠭᠠᠨ ᠳᠣᠲᠣᠯᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠢᠷᠢ ᠲᠡᠩᠴᠡᠭᠰᠡᠨ ᠥᠬᠡᠶ ᠦᠢᠯᠡᠳᠬᠦᠨ ᠢᠶᠠᠨ ᠪᠠᠭᠤᠯᠭᠠᠬᠤ ᠡᠭᠡᠭᠦᠯᠦᠨ ᠪᠤᠴᠠᠭᠠᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠲᠦᠭᠰᠢᠭᠦᠷᠢ ᠶᠢ ᠡᠵᠡᠮᠳᠡᠪᠡ︔ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠪᠡ︔ ᠠᠵᠤ ᠠᠬᠤᠶᠢᠯᠠᠯ ᠤᠨ ᠠᠪᠤᠭᠰᠠᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤ ᠨᠢ ᠨᠡᠶᠢᠭᠡᠮ ᠳᠤ ᠢᠯᠡ ᠪᠣᠯᠭᠠᠬᠤ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠪᠡ᠃

    ᠡᠳᠦᠭᠡ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠪᠣᠳᠠᠲᠠᠶ ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠄

ᠨᠢᠭᠡ᠂ ᠢᠳᠡᠭᠡᠨ ᠤ ᠨᠡᠮᠡᠯᠲᠡ ᠡᠳ᠋ ᠢ ᠬᠡᠮᠵᠢᠶ᠎ᠡ ᠠᠴᠠ ᠬᠡᠲᠦᠷᠡᠲᠡᠯ᠎ᠡ ᠬᠡᠷᠡᠭᠯᠡᠭᠰᠡᠨ ᠠᠰᠠᠭᠤᠳᠠᠯ

    ︵ᠨᠢᠭᠡ︶ ᠬᠥᠬᠡᠬᠤᠲᠠ ᠶᠢᠨ ᠲᠣᠭᠲᠠᠬᠤ ᠰᠢᠶᠠᠨ ᠤ ᠪᠡᠯᠴᠢᠭᠡᠷ ᠤᠨ ᠴᠢᠨᠠᠭᠰᠠᠨ ᠬᠤᠨᠢᠨ ᠮᠢᠬ᠎ᠠ ᠶᠢᠨ ᠬᠤᠭᠤᠯᠠᠨ ᠭᠡᠷ ᠤᠨ ᠪᠣᠷᠤᠯᠠᠭᠤᠯᠵᠤ ᠪᠠᠶᠢᠭᠰᠠᠨ ᠵᠢᠩᠨᠡᠭᠰᠡᠨ ᠪᠣᠣᠪᠤ ᠶᠢᠨ ᠵᠡᠷᠯᠢᠭ ᠠᠯᠢᠮᠠᠨ ᠬᠦᠴᠢᠯ ᠵᠢᠴᠢ ᠺᠠᠯᠢᠲᠤ ᠳᠠᠪᠤᠰᠤ ︵ᠠᠯᠢᠮᠠᠨ ᠬᠦᠴᠢᠯ ᠢᠶᠠᠷ ᠬᠡᠮᠵᠢᠨ᠎ᠡ︶ ᠨᠢ ᠢᠳᠡᠭᠡᠨ ᠤ ᠠᠮᠤᠷ ᠲᠥᠪᠰᠢᠨ ᠤ ᠤᠯᠤᠰ ᠤᠨ ᠪᠠᠷᠢᠮᠵᠢᠶᠠᠨ ᠤ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠬᠤᠶᠠᠷ︶ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠩ ᠯᠦ ᠭᠦᠸᠧ ᠮᠦ ᠰᠢᠷᠠᠭᠰᠠᠨ ᠨᠤᠭᠤᠰᠤᠨ ᠤ ᠳᠡᠯᠭᠡᠭᠦᠷ ᠤᠨ ᠪᠣᠷᠤᠯᠠᠭᠤᠯᠵᠤ ᠪᠠᠶᠢᠭᠰᠠᠨ ᠳᠠᠯᠠᠢ ᠶᠢᠨ ᠮᠥᠭᠡᠷᠰᠦ ᠶᠢᠨ ᠲᠣᠯᠤᠭᠠᠢ ᠶᠢᠨ ᠬᠥᠩᠭᠡᠨᠴᠠᠭᠠᠨ ᠤ ᠦᠯᠡᠳᠡᠭᠳᠡᠯ ᠤᠨ ᠬᠡᠮᠵᠢᠶ᠎ᠡ ︵ᠳᠠᠷᠤᠢ ᠬᠡᠷᠡᠭᠯᠡᠬᠦ ᠳᠠᠯᠠᠢ ᠶᠢᠨ ᠮᠥᠭᠡᠷᠰᠦ ᠶᠢᠨ ᠲᠤᠯᠤᠭᠠᠢ ᠳᠠᠬᠢ Al ᠢᠶᠠᠷ ᠬᠡᠮᠵᠢᠨ᠎ᠡ︶ ᠨᠢ ᠢᠳᠡᠭᠡᠨ ᠤ ᠠᠮᠤᠷ ᠲᠥᠪᠰᠢᠨ ᠤ ᠤᠯᠤᠰ ᠤᠨ ᠪᠠᠷᠢᠮᠵᠢᠶᠠᠨ ᠤ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠣᠯᠤᠨ᠎ᠠ᠃

 

ᠬᠤᠶᠠᠷ᠂ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ

    ︵ᠨᠢᠭᠡ︶ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠰᠦᠨ ᠵᠢᠶ ᠲᠤᠤ ᠢᠳᠡᠰᠢᠨ ᠨᠣᠭᠤᠭ᠎ᠠ ᠶᠢᠨ ᠳᠡᠯᠭᠡᠭᠦᠷ ᠤᠨ ᠪᠣᠷᠣᠯᠠᠭᠤᠯᠵᠤ ᠪᠠᠶᠢᠭᠰᠠᠨ ᠴᠤᠭᠤᠷ ᠨᠣᠭᠤᠭ᠎ᠠ ᠶᠢᠨ ᠳ᠋ᠦ᠋ ᠰᠾᠢ ᠫᠢ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠨ ᠤ ᠲᠣᠭᠲᠠᠭᠠᠯ ᠳᠤ ᠨᠡᠶᠢᠴᠡᠬᠦ ᠥᠬᠡᠶ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠬᠤᠶᠠᠷ︶ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠴᠧᠩ ᠬᠤᠩ ᠵᠢᠶᠧ ᠵᠢᠮᠢᠰ ᠪᠥᠭᠡᠮ ᠢᠶᠠᠷ ᠪᠣᠷᠣᠯᠠᠭᠤᠯᠬᠤ ᠳᠡᠯᠭᠡᠭᠦᠷ ᠤᠨ ᠪᠣᠷᠤᠯᠠᠭᠤᠯᠵᠤ ᠪᠠᠶᠢᠭᠰᠠᠨ ᠪᠠᠨᠠᠨᠠ ᠶᠢᠨ ᠰᠠᠢ ᠴᠦᠩ ᠴᠢᠨ ᠨᠢ ᠢᠳᠡᠭᠡᠨ ᠤ ᠠᠮᠤᠷ ᠳᠦᠪᠰᠢᠨ ᠤ ᠤᠯᠤᠰ ᠤᠨ ᠪᠠᠷᠢᠮᠵᠢᠶᠠᠨ ᠤ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠭᠤᠷᠪᠠ︶ ᠤᠯᠠᠭᠠᠨᠴᠠᠪ ᠬᠤᠲᠠ ᠶᠢᠨ ᠹᠧᠩᠵᠧᠨ ᠬᠤᠲᠠ ᠶᠢᠨ ᠬᠤᠸᠠ ᠯᠢᠨ ᠬᠡᠲᠦ ᠳᠡᠯᠭᠡᠭᠦᠷ ᠤᠨ ᠪᠣᠷᠤᠯᠠᠭᠤᠯᠵᠤ ᠪᠠᠶᠢᠭᠰᠠᠨ ᠰᠢᠷ᠎ᠠ ᠪᠤᠷᠴᠠᠭ ᠤᠨ ᠴᠢᠴᠢᠭᠡᠰᠦ ᠶᠢᠨ 4 - ᠾᠯᠣᠷ ᠹᠧᠨ᠋ᠽᠧᠨ᠋ᠲᠤ ᠡᠲ᠋ᠢᠯ ᠬᠦᠴᠢᠯ ᠤᠨ ᠨᠠᠲᠷᠢ ︵4 - ᠾᠯᠣᠷ ᠹᠧᠨ᠋ᠽᠧᠨ᠋ᠲᠤ ᠡᠲ᠋ᠢᠯ ᠬᠦᠴᠢᠯ ᠢᠶᠠᠷ ᠬᠡᠮᠵᠢᠨ᠎ᠡ︶ ᠨᠢ ᠤᠯᠤᠰ ᠤᠨ ᠢᠳᠡᠭᠡᠨ ᠤ ᠠᠮᠤᠷ ᠲᠥᠪᠰᠢᠨ ᠤ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠲᠦᠷᠪᠡ︶ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠵᠢᠶᠧ ᠬᠤᠢ ᠾᠧ ᠳ᠋ᠠ ᠬᠡᠳᠦ ᠳᠡᠯᠭᠡᠭᠦᠷ ᠤᠨ ᠪᠣᠷᠣᠯᠠᠭᠤᠯᠵᠤ ᠪᠠᠶᠢᠭᠰᠠᠨ ᠪᠠᠨᠠᠨᠠ ᠶᠢᠨ ᠰᠠᠢ ᠴᠦᠩ ᠴᠢᠨ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠨ ᠤ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠣᠯᠤᠨ᠎ᠠ᠃

 

ᠭᠤᠷᠪᠠ᠂ ᠮᠢᠺᠷᠣᠪ ᠤᠨ ᠪᠣᠬᠢᠷᠲᠤᠯ ᠤᠨ ᠠᠰᠠᠭᠤᠳᠠᠯ

    ︵ᠨᠢᠭᠡ︶ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᡁᠢ ᠴᠢᠶᠠᠩ ᠢᠳᠡᠭᠡᠨ ᠤ ᠪᠥᠭᠡᠮ ᠢᠶᠠᠷ ᠪᠣᠷᠤᠯᠠᠭᠤᠯᠬᠤ ᠬᠤᠲᠠ ᠶᠢᠨ ᠪᠣᠷᠤᠯᠠᠭᠤᠯᠵᠤ ᠪᠠᠶᠢᠭᠰᠠᠨ ᠾᠧᠨᠠᠨ ᠮᠤᠵᠢ ᠶᠢᠨ ᠮᠧᠩ ᠵᠧᠤ ᠬᠤᠲᠠ ᠶᠢᠨ ᠺᠸᠦ ᠵᠧᠨ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠨᠡᠶᠢᠯᠡᠮᠡᠯ ᠠᠮᠲᠠ ᠣᠷᠤᠭᠤᠯᠤᠭᠴᠢ ︵ᠵᠢᠶᠠᠩᠶ᠋ᠢᠦ︶ ᠶᠢᠨ ᠪᠠᠺᠲ᠋ᠧᠷᠢ ᠶᠢᠨ ᠪᠠᠭ ᠤᠨ ᠶᠡᠷᠦᠩᠬᠡᠢ ᠲᠤᠭ᠎ᠠ ᠨᠢ ᠢᠳᠡᠭᠡᠨ ᠤ ᠠᠮᠤᠷ ᠲᠥᠪᠰᠢᠨ ᠤ ᠤᠯᠤᠰ ᠤᠨ ᠪᠠᠷᠢᠮᠵᠢᠶᠠᠨ ᠤ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠬᠤᠶᠠᠷ︶ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠢᠶᠣᠤ ᠺᠣᠣ ᠪᠠᠷᠠᠭᠤᠨ ᠵᠡᠭᠡᠯᠢ ᠶᠢᠨ ᠶᠢᠨ ᠢᠦᠢ ᠸᠧᠨ ᠶᠤᠸᠠᠨ ᠰᠢᠶᠤᠤ ᠰᠢᠶᠤᠤ ᠾᠧ ᠪᠢᠶᠠᠨ ᠢᠦᠢ ᠢᠳᠡᠭᠡᠨ ᠤᠮᠳᠠᠭᠠᠨ ᠤ ᠳᠡᠯᠭᠡᠭᠦᠷ ᠤᠨ ᠬᠡᠷᠡᠭᠯᠡᠵᠦ ᠪᠠᠶᠢᠭᠰᠠᠨ ᠴᠣᠮᠣ ᠶᠢᠨ ᠪᠦᠳᠦᠭᠦᠨ ᠭᠡᠳᠡᠰᠦᠨ ᠤ ᠪᠠᠺᠲ᠋ᠧᠷᠢ ᠶᠢᠨ ᠰᠦᠷᠦᠭᠵᠢᠯ ᠨᠢ ᠢᠳᠡᠭᠡᠨ ᠤ ᠠᠮᠤᠷ ᠳᠦᠪᠰᠢᠨ ᠤ ᠤᠯᠤᠰ ᠤᠨ ᠪᠠᠷᠢᠮᠵᠢᠶᠠᠨ ᠤ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠭᠤᠷᠪᠠ︶ ᠬᠥᠬᠡᠬᠤᠲᠠ ᠶᠢᠨ ᠾᠧ ᠰᠢᠩ ᠯᠦᠩ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠰᠢᠯᠢᠨ ᠬᠤᠶᠢᠲᠤ ᠵᠠᠮ ᠤᠨ ᠬᠤᠶᠠᠳᠤᠭᠠᠷ ᠬᠤᠪᠢᠶᠠᠷᠢ ᠳᠡᠯᠭᠡᠭᠦᠷ ᠤᠨ ᠬᠡᠷᠡᠭᠯᠡᠵᠦ ᠪᠠᠶᠢᠭᠰᠠᠨ ᠠᠶᠠᠭ᠎ᠠ ᠶᠢᠨ ᠪᠦᠳᠦᠭᠦᠨ ᠭᠡᠳᠡᠰᠦᠨ ᠤ ᠪᠠᠺᠲ᠋ᠧᠷᠢ ᠶᠢᠨ ᠰᠦᠷᠦᠭᠵᠢᠯ ᠨᠢ ᠢᠳᠡᠭᠡᠨ ᠤ ᠠᠮᠤᠷ ᠳᠦᠪᠰᠢᠨ ᠤ ᠤᠯᠤᠰ ᠤᠨ ᠪᠠᠷᠢᠮᠵᠢᠶᠠᠨ ᠤ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠣᠯᠤᠨ᠎ᠠ᠃

 

ᠳᠥᠷᠪᠡ᠂ ᠬᠦᠨᠳᠦ ᠲᠡᠮᠦᠷᠯᠢᠭ ᠤᠨ ᠪᠣᠬᠢᠷᠲᠤᠯ ᠤᠨ ᠠᠰᠠᠭᠤᠳᠠᠯ

    ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠵᠢᠶᠠ ᠪᠠᠢ ᠬᠡᠳᠦ ᠳᠡᠯᠭᠡᠭᠦᠷ ᠤᠨ ᠪᠣᠷᠤᠯᠠᠭᠤᠯᠵᠤ ᠪᠠᠶᠢᠭᠰᠠᠨ ᠵᠢᠳᠠᠨ ᠪᠡᠬᠡᠲᠦ ᠬᠢᠰᠤᠭ᠎ᠠ ᠶᠢᠨ ᠺᠠᠳ᠋ᠮᠢ ︵Cd︶ ᠨᠢ ᠢᠳᠡᠭᠡᠨ ᠤ ᠠᠮᠤᠷ ᠳᠦᠪᠰᠢᠨ  ᠤ ᠤᠯᠤᠰ ᠤᠨ ᠪᠠᠷᠢᠮᠵᠢᠶᠠᠨ ᠤ ᠲᠤᠭᠳᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠣᠯᠤᠨ᠎ᠠ᠃

 

ᠲᠠᠪᠤ᠂ ᠣᠷᠭᠠᠨᠢᠭ ᠪᠣᠳᠠᠰ ᠤᠨ ᠪᠣᠬᠢᠷᠲᠤᠯ ᠤᠨ ᠠᠰᠠᠭᠤᠳᠠᠯ

    ᠬᠥᠬᠡᠬᠤᠲᠠ ᠶᠢᠨ ᠾᠧ ᠰᠢᠩ ᠯᠦᠩ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠰᠢᠯᠢᠨ ᠬᠤᠶᠢᠲᠤ ᠵᠠᠮ ᠤᠨ ᠬᠤᠶᠠᠳᠤᠭᠠᠷ ᠬᠤᠪᠢᠶᠠᠷᠢ ᠳᠡᠯᠭᠡᠭᠦᠷ ᠤᠨ ᠬᠡᠷᠡᠭᠯᠡᠵᠦ ᠪᠠᠶᠢᠭᠰᠠᠨ ᠫᠢᠯᠠ ᠶᠢᠨ ᠪᠢᠯᠢᠭ ᠢᠶᠤᠨ ᠤ ᠨᠡᠶᠢᠯᠡᠯᠭᠡ ᠶᠢᠨ ᠤᠬᠢᠶᠠᠯᠭ᠎ᠠ ᠶᠢᠨ ᠡᠳ᠋ ︵ᠠᠷᠪᠠᠨ ᠬᠤᠶᠠᠷ ᠠᠯᠺᠢᠯ ᠪᠧᠨᠽᠧᠨ ᠤ ᠬᠦᠬᠦᠷᠲᠦ ᠬᠦᠴᠢᠯ ᠤᠨ ᠨᠠᠲᠷᠢ ᠪᠠᠷ ᠬᠡᠮᠵᠢᠨ᠎ᠡ︶ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠨ ᠤ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠣᠯᠤᠨ᠎ᠠ᠃

     ᠡᠭᠦᠨ ᠤ ᠲᠤᠯᠠ ᠣᠨᠴᠠᠭᠠᠶᠢᠯᠠᠨ ᠵᠠᠷᠯᠠᠪᠠ᠃

 

ᠳᠠᠭᠠᠯᠳᠤᠭᠤᠯᠤᠯ᠄

    1. ᠬᠢᠷᠢ ᠲᠡᠩᠴᠡᠬᠦ ᠦᠢᠯᠡᠳᠬᠦᠨ ᠤ ᠮᠡᠳᠡᠭᠡ ᠵᠠᠩᠭᠢ

    2. ᠬᠢᠷᠢ ᠲᠡᠩᠴᠡᠬᠦ ᠦᠭᠡᠶ ᠦᠢᠯᠡᠳᠬᠦᠨ ᠤ ᠮᠡᠳᠡᠭᠡ ᠵᠠᠩᠭᠢ

    3. ᠬᠡᠰᠡᠭ ᠰᠢᠯᠭᠠᠨ ᠪᠠᠶᠢᠴᠠᠭᠠᠭᠰᠠᠨ ᠬᠢᠷᠢ ᠲᠡᠩᠴᠡᠬᠦ ᠦᠭᠡᠢ ᠲᠥᠷᠥᠯ ᠵᠦᠢᠯ ᠤᠨ ᠵᠢᠵᠢᠭ ᠮᠡᠳᠡᠯᠭᠡ

 

 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

 

ᠢᠷᠡᠯᠲᠡ᠄ ᠢᠳᠡᠭᠡᠨ ᠤ ᠠᠮᠤᠷ ᠲᠦᠪᠰᠢᠨ ᠢ ᠵᠣᠬᠢᠴᠠᠭᠤᠯᠬᠤ ᠬᠢᠭᠡᠳ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠭᠠᠵᠠᠷ