ᠳᠠᠭᠠᠭᠠᠨ ᠲᠤᠰᠢᠶᠠᠬᠤ ᠶᠢ ᠳᠠᠩᠰᠠᠯᠠᠬᠤ ᠲᠦᠷᠢᠮ ᠢ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢ ᠲᠠᠢ ᠡᠮᠬᠢ ᠵᠢᠷᠤᠮ ᠲᠠᠢ ᠬᠤᠳᠠᠯᠳᠤᠭ᠎ᠠ ᠡᠵᠡᠩᠨᠡᠬᠦ ᠣᠷᠴᠢᠨ ᠤ ᠨᠥᠬᠦᠴᠡᠯ ᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2024/1/25

    2023 ᠣᠨ ᠤ 12 ᠳ᠋ᠤᠭᠠᠷ ᠰᠠᠷ᠎ᠠ ᠶᠢᠨ 29 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯᠳᠤᠭᠠᠨ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠺᠣᠮᠫᠠᠨᠢ ᠶᠢᠨ ᠬᠠᠤᠯᠢ︾ ᠶᠢ ᠪᠠᠲᠤᠯᠠᠵᠤ᠂ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠰᠢᠨ᠎ᠡ ︽ᠺᠣᠮᠫᠠᠨᠢ ᠶᠢᠨ ᠬᠠᠤᠯᠢ︾ ᠨᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠭᠠᠭᠠᠨ ᠲᠤᠰᠢᠶᠠᠬᠤ ᠶᠢ ᠳᠠᠩᠰᠠᠯᠠᠬᠤ ᠲᠦᠷᠢᠮ ᠢ ᠲᠡᠭᠦᠯᠳᠡᠷᠵᠢᠭᠦᠯᠵᠦ᠂ ᠪᠥᠬᠦ ᠬᠤᠪᠢ ᠣᠷᠣᠭᠤᠯᠤᠭᠴᠢ ᠶᠢᠨ ᠳᠠᠭᠠᠭᠠᠨ ᠲᠤᠰᠢᠶᠠᠭᠰᠠᠨ ᠪᠠᠯᠠ ᠭᠠᠷᠭᠠᠬᠤ ᠲᠤᠭ᠎ᠠ ᠶᠢ ᠬᠤᠪᠢ ᠣᠷᠣᠭᠤᠯᠤᠭᠴᠢ ᠺᠣᠮᠫᠠᠨᠢ ᠶᠢᠨ ᠲᠦᠷᠢᠮ ᠤᠨ ᠲᠣᠭᠲᠠᠭᠠᠯ ᠶᠣᠰᠣᠭᠠᠷ ᠺᠣᠮᠫᠠᠨᠢ ᠪᠠᠶᠢᠭᠤᠯᠤᠭᠳᠠᠭᠰᠠᠨ ᠡᠳᠦᠷ ᠠᠴᠠ ᠡᠬᠢᠯᠡᠨ ᠲᠠᠪᠤᠨ ᠵᠢᠯ ᠤᠨ ᠳᠣᠲᠣᠷ᠎ᠠ ᠭᠦᠢᠴᠡᠳ ᠲᠤᠰᠢᠶᠠᠬᠤ ᠶᠢ ᠲᠣᠳᠣᠷᠬᠠᠶᠢᠯᠠᠬᠤ ᠶᠢᠨ ᠬᠠᠮᠲᠤ᠂ ᠰᠢᠨ᠎ᠡ ︽ᠺᠣᠮᠫᠠᠨᠢ ᠶᠢᠨ ᠬᠠᠤᠯᠢ︾ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠳᠡᠩᠰᠡᠯᠡᠨ ᠪᠠᠶᠢᠭᠤᠯᠤᠭᠰᠠᠨ ᠺᠣᠮᠫᠠᠨᠢ᠂ ᠪᠠᠯᠠ ᠭᠠᠷᠭᠠᠬᠤ ᠬᠤᠭᠤᠴᠠᠭ᠎ᠠ ᠨᠢ ᠲᠣᠰ ᠬᠠᠤᠯᠢ ᠳᠤ ᠲᠣᠭᠲᠠᠭᠠᠭᠰᠠᠨ ᠬᠤᠭᠤᠴᠠᠭ᠎ᠠ ᠠᠴᠠ ᠬᠡᠲᠦᠷᠡᠭᠰᠡᠨ ᠪᠠᠶᠢᠪᠠᠯ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠤᠶᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠲᠣᠰ ᠬᠠᠤᠯᠢ ᠳᠤ ᠲᠣᠭᠲᠠᠭᠠᠭᠰᠠᠨ ᠬᠤᠭᠤᠴᠠᠭᠠᠨ ᠳᠤ ᠠᠯᠬᠤᠮ ᠠᠯᠬᠤᠮ ᠢᠶᠠᠷ ᠲᠣᠬᠢᠷᠠᠭᠤᠯᠤᠯᠲᠠ ᠬᠢᠬᠦ ᠬᠡᠷᠡᠭᠲᠡᠶ︔ ᠪᠠᠯᠠ ᠭᠠᠷᠭᠠᠬᠤ ᠬᠤᠭᠤᠴᠠᠭ᠎ᠠ᠂ ᠪᠠᠯᠠ ᠭᠠᠷᠭᠠᠬᠤ ᠲᠤᠭ᠎ᠠ ᠬᠡᠮᠵᠢᠶ᠎ᠡ ᠨᠢ ᠢᠯᠡᠷᠬᠡᠶ ᠬᠡᠪ ᠤᠨ ᠪᠤᠰᠤ ᠪᠠᠶᠢᠪᠠᠯ᠂ ᠺᠣᠮᠫᠠᠨᠢ ᠳᠠᠩᠰᠠᠯᠠᠬᠤ ᠪᠠᠶᠢᠭᠤᠯᠭ᠎ᠠ ᠠᠴᠠ ᠲᠡᠭᠦᠨ ᠢ ᠬᠠᠤᠯᠢ ᠶᠣᠰᠣᠭᠠᠷ ᠴᠠᠭ ᠲᠤᠬᠠᠶ ᠲᠤ ᠨᠢ ᠲᠣᠬᠢᠷᠠᠭᠤᠯᠤᠯᠲᠠ ᠬᠢᠯᠭᠡᠬᠦ ᠪᠠᠷ ᠱᠠᠭᠠᠷᠳᠠᠵᠤ ᠪᠣᠯᠤᠨ᠎ᠠ᠃ ᠪᠤᠳᠠᠳᠠᠢ ᠬᠡᠷᠡᠭᠵᠢᠬᠦᠯᠬᠦ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠠᠰᠳᠠᠭᠠᠨ ᠲᠤᠭᠳᠠᠭᠠᠨ᠎ᠠ᠃

    ᠨᠢᠭᠡ᠂ ︽ᠺᠣᠮᠫᠠᠨᠢ ᠶᠢᠨ ᠬᠠᠤᠯᠢ︾ ᠶᠢᠨ ᠳᠠᠭᠠᠭᠠᠨ ᠲᠤᠰᠢᠶᠠᠬᠤ ᠬᠤᠭᠤᠴᠠᠭ᠎ᠠ ᠶᠢ 5 ᠵᠢᠯ ᠢᠶᠠᠷ ᠲᠤᠭᠳᠠᠭᠠᠬᠤ ᠶᠢᠨ ᠴᠢᠬᠤᠯᠠ ᠴᠢᠨᠠᠷ

2013 ᠣᠨ ᠳᠤ ︽ᠺᠣᠮᠫᠠᠨᠢ ᠶᠢᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠠᠴᠠ ᠤᠯᠤᠰ ᠤᠨ ᠳᠠᠩᠰᠠᠯᠠᠭᠤᠯᠤᠭᠰᠠᠨ ᠬᠥᠷᠥᠩᠭᠡ ᠪᠠᠷ ᠲᠤᠰᠢᠶᠠᠪᠠᠰᠤ ᠵᠣᠬᠢᠬᠤ ᠪᠠᠨ ᠳᠠᠭᠠᠭᠠᠨ ᠲᠤᠰᠢᠶᠠᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠨᠠᠭᠠᠰᠢ᠂ ᠪᠣᠳᠠᠲᠠᠶ ᠲᠤᠰᠢᠶᠠᠭᠰᠠᠨ ᠢ ᠳᠠᠩᠰᠠᠯᠠᠬᠤ ᠲᠦᠷᠢᠮ ᠤᠨ ᠳᠣᠣᠷᠠᠬᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠᠯᠠ ᠮᠥᠩᠭᠦ ᠶᠢᠨ ᠪᠠᠷᠢᠮᠵᠢᠶ᠎ᠠ ᠬᠡᠲᠦ ᠥᠨᠳᠥᠷ ᠪᠠᠶᠢᠭ᠎ᠠ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠬᠢᠵᠠᠭᠠᠷᠯᠠᠬᠤ᠂ ᠳᠠᠩᠰᠠᠯᠠᠭᠤᠯᠤᠭᠰᠠᠨ ᠪᠠᠯᠠ ᠮᠥᠩᠭᠦ ᠶᠢ ᠰᠤᠯᠠ ᠲᠠᠯᠪᠢᠬᠤ᠂ ᠬᠤᠳᠠᠯ ᠬᠠᠭᠤᠷᠮᠠᠭ ᠢᠶᠠᠷ ᠪᠠᠯᠠ ᠭᠠᠷᠭᠠᠵᠤ ᠪᠠᠯᠠ ᠮᠥᠩᠭᠦ ᠶᠢ ᠰᠢᠯᠭᠠᠬᠤ ᠵᠡᠷᠭᠡ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠳᠠᠩᠰᠠᠯᠠᠭᠤᠯᠤᠭᠰᠠᠨ ᠬᠥᠷᠥᠩᠭᠡ ᠪᠠᠷ ᠢᠶᠠᠨ ᠳᠠᠭᠠᠭᠠᠨ ᠲᠤᠰᠢᠶᠠᠬᠤ ᠶᠢ ᠳᠠᠩᠰᠠᠯᠠᠬᠤ ᠲᠦᠷᠢᠮ ᠨᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠢᠵᠠᠭᠠᠷᠯᠠᠯ ᠢ ᠠᠭᠤᠵᠢᠭᠤ ᠲᠠᠯᠪᠢᠵᠤ᠂ ᠬᠤᠪᠢ ᠣᠷᠣᠭᠤᠯᠤᠭᠴᠢ ᠶᠢᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠥᠷᠥᠩᠭᠡ ᠶᠢ ᠳᠡᠩᠰᠡᠯᠡᠨ ᠠᠷᠠᠯᠵᠢᠶᠠᠯᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠺᠣᠮᠫᠠᠨᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ ᠶᠢᠨ ᠬᠠᠮᠲᠤ ᠺᠣᠮᠫᠠᠨᠢ ᠶᠢᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ᠂ ᠠᠵᠤ ᠠᠬᠤᠶ ᠶᠢᠨ ᠬᠥᠭᠵᠢᠯᠲᠡ ᠶᠢᠨ ᠬᠤᠮᠠᠬᠢ ᠰᠠᠭᠤᠷᠢ ᠶᠢ ᠪᠠᠬᠢᠵᠢᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠤ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠪᠡ᠃ ᠪᠦᠷᠢᠳᠬᠡᠯ ᠢ ᠦᠨᠳᠦᠰᠦᠯᠡᠪᠡᠯ᠂ ᠮᠠᠨ ᠤ ᠤᠯᠤᠰ ᠤᠨ ᠺᠣᠮᠫᠠᠨᠢ ᠶᠢᠨ ᠲᠤᠭ᠎ᠠ ᠬᠡᠮᠵᠢᠶ᠎ᠡ 2014 ᠣᠨ ᠤ 1303 ᠲᠦᠮᠡᠨ ᠡᠷᠦᠬᠡ ᠠᠴᠠ 2023 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠬᠤ ᠳᠤ ᠨᠡᠮᠡᠭᠳᠡᠭᠡᠳ 4839 ᠲᠦᠮᠡᠨ ᠡᠷᠦᠬᠡ ᠪᠣᠯᠵᠣ᠂ 2.7 ᠳᠠᠬᠢᠨ ᠨᠡᠮᠡᠭᠳᠡᠵᠦ᠂ ᠡᠭᠦᠨ ᠳᠤ 99% ᠨᠢ ᠵᠢᠵᠢᠭ ᠪᠢᠴᠢᠯ ᠠᠵᠤ ᠠᠬᠤᠶᠢᠯᠠᠯ ᠳᠤ ᠬᠠᠷᠢᠶᠠᠯᠠᠭᠳᠠᠨ᠎ᠠ᠃

    ᠡᠭᠦᠨ ᠤ ᠬᠠᠮᠲᠤ᠂ ᠦᠢᠯᠡᠳᠦᠯᠭᠡ ᠶᠢᠨ ᠳᠤᠮᠳᠠ ᠪᠠᠰᠠ ᠰᠣᠬᠤᠷ ᠪᠠᠯᠠᠢ ᠪᠠᠷ ᠳᠠᠭᠠᠭᠠᠨ ᠲᠤᠰᠢᠶᠠᠬᠤ᠂ ᠲᠩᠷᠢ ᠶᠢᠨ ᠦᠨ᠎ᠡ ᠪᠠᠷ ᠳᠠᠭᠠᠭᠠᠨ ᠲᠤᠰᠢᠶᠠᠬᠤ᠂ ᠬᠤᠭᠤᠴᠠᠭ᠎ᠠ ᠳᠡᠩᠳᠡᠭᠦᠦ ᠤᠷᠳᠤ ᠪᠣᠯᠬᠤ ᠵᠡᠷᠭᠡ ᠲᠤᠪᠤᠶᠢᠮ᠎ᠠ ᠠᠰᠠᠭᠤᠳᠠᠯ ᠭᠠᠷᠴᠤ᠂ ᠴᠥᠭᠡᠨ ᠪᠤᠰᠤ ᠺᠣᠮᠫᠠᠨᠢ ᠶᠢᠨ ᠪᠡᠯᠡ ᠭᠠᠷᠭᠠᠬᠤ ᠬᠤᠭᠤᠴᠠᠭ᠎ᠠ ᠨᠢ 50 ᠵᠢᠯ ᠠᠴᠠ ᠳᠠᠪᠠᠵᠤ᠂ ᠪᠡᠯᠡ ᠭᠠᠷᠭᠠᠬᠤ ᠲᠤᠭ᠎ᠠ ᠨᠢ ᠮᠢᠩᠭᠠᠨ ᠳ᠋ᠦᠩᠰᠢᠭᠤᠷ ᠠᠴᠠ ᠳᠠᠪᠠᠵᠤ᠂ ᠦᠨᠡᠨ ᠪᠣᠳᠠᠲᠤ ᠴᠢᠨᠠᠷ ᠤᠨ ᠵᠠᠷᠴᠢᠮ ᠢ ᠵᠥᠷᠢᠴᠡᠭᠰᠡᠨ᠂ ᠪᠤᠰᠤᠳᠴᠢ ᠶᠡᠷᠦ ᠶᠢᠨ ᠮᠡᠳᠡᠯᠭᠡ ᠲᠠᠢ ᠬᠠᠷᠰᠢᠯᠳᠤᠭᠰᠠᠨ ᠪᠠᠶᠢᠨ᠎ᠠ᠃ ᠳᠡᠭᠡᠷ᠎ᠡ ᠳᠤᠷᠠᠳᠤᠭᠰᠠᠨ ᠠᠰᠠᠭᠤᠳᠠᠯ ᠨᠢ ᠨᠢᠭᠡ ᠲᠠᠯ᠎ᠠ ᠪᠠᠷ ᠳᠠᠩᠰᠠᠯᠠᠭᠤᠯᠤᠭᠰᠠᠨ ᠬᠥᠷᠥᠩᠭᠡ ᠪᠠᠷ ᠺᠣᠮᠫᠠᠨᠢ ᠶᠢᠨ ᠪᠡᠯᠡ ᠮᠥᠩᠭᠦ ᠶᠢᠨ ᠢᠲᠡᠭᠡᠮᠵᠢ ᠶᠢ ᠢᠯᠡᠷᠬᠡᠶᠢᠯᠡᠵᠦ᠂ ᠵᠠᠬ᠎ᠠ ᠳᠡᠯᠭᠡᠭᠦᠷ ᠤᠨ ᠠᠷᠠᠯᠵᠢᠶᠠᠨ ᠤ ᠢᠲᠡᠭᠡᠮᠵᠢ ᠶᠢᠨ ᠮᠠᠭᠠᠳᠯᠠᠵᠤ ᠦᠨᠡᠯᠡᠬᠦ ᠥᠪᠡᠷ ᠤᠨ ᠥᠷᠲᠡᠭ ᠢ ᠨᠡᠮᠡᠭᠳᠡᠭᠦᠯᠵᠦ᠂ ᠺᠣᠮᠫᠠᠨᠢ ᠣᠯᠠᠨ ᠵᠢᠯ ᠳᠤ ᠪᠣᠳᠠᠲᠠᠶ ᠪᠡᠯᠡ ᠭᠠᠷᠭᠠᠬᠤ ᠨᠢ ︽ᠲᠡᠭ︾ ᠪᠣᠯᠤᠭᠰᠠᠨ ᠦᠵᠡᠭᠳᠡᠯ ᠭᠠᠷᠪᠠ︔ ᠨᠥᠭᠦᠭᠡ ᠲᠠᠯ᠎ᠠ ᠪᠠᠷ ᠬᠠᠤᠯᠢ ᠴᠠᠭᠠᠵᠠ ᠳᠦᠷᠢᠮ ᠤᠨ ᠲᠠᠯ᠎ᠠ ᠪᠠᠷ ᠺᠣᠮᠫᠠᠨᠢ ᠶᠢᠨ ᠬᠤᠪᠢ ᠣᠷᠣᠭᠤᠯᠤᠭᠴᠢ ᠳᠤ ᠪᠡᠯᠡ ᠭᠠᠷᠭᠠᠬᠤ ᠬᠠᠤᠯᠢ ᠴᠠᠭᠠᠵᠠ ᠶᠢᠨ ᠬᠢᠵᠠᠭᠠᠷᠯᠠᠯ ᠢ ᠰᠤᠯᠠᠷᠠᠭᠤᠯᠵᠤ᠂ ᠪᠤᠰᠤᠳᠴᠢ ᠲᠠᠯ᠎ᠠ ᠪᠠᠷ ᠪᠡᠯᠡ ᠣᠷᠣᠭᠤᠯᠤᠯᠲᠠ ᠶᠢᠨ ᠦᠨᠡᠨ ᠪᠣᠳᠠᠲᠤ ᠴᠢᠨᠠᠷ ᠪᠠ ᠪᠦᠲᠦᠮᠵᠢᠲᠦ ᠴᠢᠨᠠᠷ ᠢ ᠨᠥᠯᠥᠭᠡᠯᠡᠵᠦ᠂ ᠠᠪᠴᠠᠭᠠᠨ ᠤ ᠡᠷᠬᠡ ᠶᠢᠨ ᠰᠲ᠋ᠣᠺ ᠤᠨ ᠡᠷᠬᠡ ᠶᠢᠨ ᠵᠢᠭᠤᠷᠠᠯᠳᠤᠭᠠᠨ ᠤ ᠲᠣᠬᠢᠶᠠᠯᠳᠤᠮᠵᠢ ᠶᠢ ᠨᠡᠮᠡᠭᠳᠡᠭᠦᠯᠦᠭᠰᠡᠨ ᠪᠠᠶᠢᠨ᠎ᠠ᠃ ᠰᠢᠨ᠎ᠡ ︽ᠺᠣᠮᠫᠠᠨᠢ ᠶᠢᠨ ᠬᠠᠤᠯᠢ︾ ᠨᠢ ᠳᠠᠭᠠᠭᠠᠨ ᠲᠤᠰᠢᠶᠠᠬᠤ ᠶᠢ ᠳᠠᠩᠰᠠᠯᠠᠬᠤ ᠲᠦᠷᠢᠮ ᠢ ᠲᠡᠭᠦᠯᠳᠡᠷᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠪᠠᠷ ᠤᠳᠤᠷᠢᠳᠤᠮᠵᠢ ᠪᠣᠯᠭᠠᠵᠤ᠂ ᠲᠤᠰᠢᠶᠠᠪᠠᠰᠤ ᠵᠣᠬᠢᠬᠤ ᠳᠠᠭᠠᠭᠠᠨ ᠲᠤᠰᠢᠶᠠᠬᠤ ᠶᠢ ᠳᠠᠩᠰᠠᠯᠠᠬᠤ ᠲᠦᠷᠢᠮ ᠢ ᠦᠯᠡᠳᠡᠭᠡᠭᠰᠡᠨ ᠤᠷᠢᠲᠠᠯ ᠳᠣᠤᠷ᠎ᠠ᠂ ᠬᠤᠪᠢ ᠣᠷᠣᠭᠤᠯᠤᠭᠴᠢ ᠶᠢᠨ ᠪᠠᠯᠠ ᠭᠠᠷᠭᠠᠬᠤ ᠬᠤᠭᠤᠴᠠᠭᠠᠨ ᠤ ᠲᠦᠷᠢᠮ ᠤᠨ ᠴᠢᠨᠠᠷᠲᠠᠶ ᠬᠢᠵᠠᠭᠠᠷᠯᠠᠯ ᠢ ᠴᠢᠩᠭᠠᠷᠠᠭᠤᠯᠵᠤ᠂ ᠠᠷᠠᠯᠵᠢᠶᠠᠨ ᠤ ᠠᠮᠤᠷ ᠲᠦᠪᠰᠢᠨ ᠢ ᠪᠠᠲᠤᠯᠠᠬᠤ᠂ ᠠᠪᠴᠠᠭᠠᠲᠠᠨ ᠤ ᠠᠰᠢᠭ ᠲᠤᠰᠠ ᠶᠢ ᠬᠠᠮᠠᠭᠠᠯᠠᠬᠤ ᠳᠤ ᠯᠠᠪᠲᠠᠶ ᠢᠳᠡᠪᠬᠢᠲᠡᠶ ᠦᠢᠯᠡᠳᠦᠯ ᠦᠵᠡᠭᠦᠯᠬᠦ ᠪᠣᠯᠤᠨ᠎ᠠ᠃

    ᠬᠤᠶᠠᠷ᠂ ︽ᠺᠣᠮᠫᠠᠨᠢ ᠶᠢᠨ ᠬᠠᠤᠯᠢ︾ ᠶᠢᠨ ᠳᠠᠭᠠᠭᠠᠨ ᠲᠤᠰᠢᠶᠠᠬᠤ ᠬᠤᠭᠤᠴᠠᠭ᠎ᠠ ᠶᠢ 5 ᠵᠢᠯ ᠢᠶᠠᠷ ᠲᠤᠭᠳᠠᠭᠠᠬᠤ ᠶᠢᠨ ᠬᠡᠷᠡᠭᠯᠡᠭᠡ

ᠰᠢᠨ᠎ᠡ ᠪᠠᠷ ᠪᠠᠶᠢᠭᠤᠯᠤᠭᠰᠠᠨ ᠺᠣᠮᠫᠠᠨᠢ ᠪᠠ ᠦᠯᠡᠳᠡᠭᠡᠯ ᠺᠣᠮᠫᠠᠨᠢ ᠳᠠᠩᠰᠠᠯᠠᠭᠤᠯᠤᠭᠰᠠᠨ ᠬᠥᠷᠥᠩᠭᠡ ᠶᠢᠨ ᠬᠠᠤᠯᠢ ᠴᠠᠭᠠᠵᠠ ᠶᠢᠨ ᠲᠦᠷᠢᠮ ᠳᠤ ᠲᠣᠬᠢᠷᠠᠬᠤ ᠨᠢᠭᠡᠳᠦᠯᠲᠡᠶ ᠪᠤᠰᠤ ᠴᠢᠨᠠᠷ ᠠᠴᠠ ᠵᠠᠶᠢᠯᠰᠬᠢᠵᠤ᠂ ᠬᠠᠤᠯᠢ ᠴᠠᠭᠠᠵᠠ ᠶᠢᠨ ᠳᠣᠬᠢᠷᠠᠭᠤᠯᠤᠨ ᠬᠡᠷᠡᠭᠯᠡᠯᠲᠡ ᠶᠢᠨ ᠨᠢᠬᠡᠲᠦᠮᠡᠯ ᠴᠢᠨᠠᠷ ᠢ ᠴᠢᠩᠭᠠᠳᠬᠠᠬᠤ ᠶᠢᠨ ᠬᠠᠮᠲᠤ᠂ ᠣᠯᠠᠩᠬᠢ ᠲᠣᠭᠠᠨ ᠤ ᠬᠡᠪ ᠤᠨ ᠡᠵᠡᠩᠨᠡᠯᠲᠡ ᠶᠢᠨ ᠦᠯᠡᠳᠡᠭᠡᠯ ᠺᠣᠮᠫᠠᠨᠢ ᠶᠢᠨ ᠨᠥᠯᠥᠭᠡ ᠶᠢ ᠪᠠᠭᠠᠰᠬᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠲᠥᠷᠥᠯ ᠬᠡᠯᠪᠡᠷᠢ᠂ ᠠᠵᠢᠯ ᠲᠥᠷᠥᠯ ᠤᠨ ᠬᠦᠷᠢᠶ᠎ᠡ ᠴᠠᠷᠠᠭ᠎ᠠ ᠵᠡᠷᠭᠡ ᠪᠤᠳᠤᠯᠢᠶᠠᠨᠲᠠᠢ ᠪᠠᠶᠢᠳᠠᠯ ᠢ ᠭᠦᠢᠴᠡᠳ ᠪᠣᠳᠣᠯᠬᠢᠯᠠᠨ᠂ ᠦᠯᠡᠳᠡᠭᠡᠯ ᠺᠣᠮᠫᠠᠨᠢ ᠳᠤ ᠵᠣᠬᠢᠬᠤ ᠵᠢᠯ ᠬᠤᠭᠤᠴᠠᠭ᠎ᠠ᠂ ᠨᠡᠯᠢᠶᠡᠳ ᠭᠦᠢᠴᠡᠳ ᠰᠢᠯᠵᠢᠯᠲᠡ ᠶᠢᠨ ᠬᠤᠭᠤᠴᠠᠭ᠎ᠠ ᠶᠢ ᠰᠤᠳᠤᠯᠤᠨ ᠲᠣᠬᠢᠷᠠᠭᠤᠯᠬᠤ ᠶᠢᠨ ᠲᠤᠰᠠᠳᠠ᠂ ᠰᠢᠨ᠎ᠡ ︽ᠺᠣᠮᠫᠠᠨᠢ ᠶᠢᠨ ᠬᠠᠤᠯᠢ︾ ᠶᠢᠨ ᠱᠠᠭᠠᠷᠳᠠᠯᠭ᠎ᠠ ᠶᠣᠰᠣᠭᠠᠷ᠂ ᠲᠦᠷᠦᠯ ᠬᠤᠪᠢᠶᠠᠨ ᠠᠯᠬᠤᠮ ᠬᠤᠪᠢᠶᠠᠵᠤ᠂ ᠦᠯᠡᠳᠡᠭᠡᠯ ᠺᠣᠮᠫᠠᠨᠢ ᠶᠢᠨ ᠪᠡᠯᠡ ᠭᠠᠷᠭᠠᠬᠤ ᠬᠤᠭᠤᠴᠠᠭ᠎ᠠ ᠶᠢ ᠰᠢᠨ᠎ᠡ ︽ᠺᠣᠮᠫᠠᠨᠢ ᠶᠢᠨ ᠬᠠᠤᠯᠢ︾ ᠳᠤ ᠲᠣᠭᠲᠠᠭᠠᠭᠰᠠᠨ ᠬᠤᠭᠤᠴᠠᠭᠠᠨ ᠳᠤ ᠲᠥᠷᠥᠯ ᠬᠤᠪᠢᠶᠠᠨ ᠠᠯᠬᠤᠮ ᠬᠤᠪᠢᠶᠠᠵᠤ᠂ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠲᠣᠬᠢᠷᠠᠭᠤᠯᠤᠯᠲᠠ ᠬᠢᠨ᠎ᠡ᠃ ᠺᠣᠮᠫᠠᠨᠢ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠤᠶᠤ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠠᠰᠲᠠᠭᠠᠨ ᠲᠣᠭᠲᠠᠭᠠᠯ ᠤᠨ ᠣᠨᠴᠠᠭᠠᠢ ᠪᠠᠶᠢᠳᠠᠯ ᠲᠠᠢ ᠪᠠᠶᠢᠪᠠᠯ᠂ 5 ᠵᠢᠯ ᠤᠨ ᠳᠠᠭᠠᠭᠠᠨ ᠲᠤᠰᠢᠶᠠᠬᠤ ᠬᠤᠭᠤᠴᠠᠭᠠᠨ ᠤ ᠲᠣᠭᠲᠠᠭᠠᠯ ᠢ ᠬᠡᠷᠡᠭᠯᠡᠬᠦ ᠦᠭᠡᠢ ᠪᠠᠶᠢᠵᠤ ᠪᠣᠯᠣᠨ᠎ᠠ᠃

    ᠪᠡᠯᠡ ᠭᠠᠷᠭᠠᠬᠤ ᠬᠤᠭᠤᠴᠠᠭ᠎ᠠ᠂ ᠪᠡᠯᠡ ᠭᠠᠷᠭᠠᠬᠤ ᠲᠤᠭ᠎ᠠ ᠨᠢ ᠢᠯᠡᠷᠬᠡᠶ ᠬᠡᠪ ᠤᠨ ᠪᠤᠰᠤ ᠪᠠᠶᠢᠭ᠎ᠠ ᠺᠣᠮᠫᠠᠨᠢ ᠳᠤ ᠪᠣᠯ ᠺᠣᠮᠫᠠᠨᠢ ᠶᠢᠨ ᠳᠠᠩᠰᠠᠯᠠᠬᠤ ᠪᠠᠶᠢᠭᠤᠯᠭ᠎ᠠ ᠨᠢ ᠲᠡᠭᠦᠨ ᠢ ᠴᠠᠭ ᠲᠤᠬᠠᠶ ᠳᠤ ᠨᠢ ᠲᠣᠬᠢᠷᠠᠭᠤᠯᠤᠯᠲᠠ ᠬᠢᠬᠦ ᠪᠠᠷ ᠬᠠᠤᠯᠢ ᠶᠣᠰᠣᠭᠠᠷ ᠱᠠᠭᠠᠷᠳᠠᠵᠤ ᠪᠣᠯᠤᠨ᠎ᠠ᠃ ︽ᠬᠡᠪ ᠤᠨ ᠪᠤᠰᠤ ᠪᠠᠶᠢᠳᠠᠯ︾ ᠢ ᠵᠠᠭᠠᠭᠯᠠᠨ ᠲᠣᠭᠲᠠᠭᠠᠬᠤ ᠳᠤ ᠺᠣᠮᠫᠠᠨᠢ ᠶᠢᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢᠨ ᠪᠤᠰᠤᠳᠴᠢ ᠵᠠᠳᠠᠯᠤᠯᠲᠠ ᠪᠠ ᠪᠣᠳᠠᠲᠠᠶ ᠠᠵᠢᠯ ᠤᠨ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠲᠣᠭᠲᠠᠭᠠᠯ ᠭᠠᠷᠭᠠᠵᠤ᠂ ᠨᠥᠯᠥᠭᠡᠯᠡᠭᠳᠡᠭᠰᠡᠨ ᠪᠣᠯ ᠦᠨᠡᠨ ᠪᠣᠳᠠᠲᠤ ᠴᠢᠨᠠᠷ ᠤᠨ ᠵᠠᠷᠴᠢᠮ ᠢ ᠢᠯᠡᠳᠲᠡ ᠵᠥᠷᠢᠴᠡᠵᠦ᠂ ᠪᠤᠰᠤᠳᠴᠢ ᠶᠡᠷᠦ ᠶᠢᠨ ᠮᠡᠳᠡᠯᠭᠡ ᠲᠠᠢ ᠬᠠᠷᠰᠢᠯᠳᠤᠭᠰᠠᠨ ᠲᠦᠢᠯ ᠤᠨ ᠴᠥᠭᠡᠨ ᠲᠣᠭᠠᠨ ᠤ ᠺᠣᠮᠫᠠᠨᠢ ᠪᠣᠯᠤᠨ᠎ᠠ᠃ ᠳᠡᠭᠡᠷ᠎ᠡ ᠳᠤᠷᠠᠳᠤᠭᠰᠠᠨ ᠲᠣᠭᠲᠠᠭᠠᠯ ᠨᠢ ᠰᠢᠨ᠎ᠡ ︽ᠺᠣᠮᠫᠠᠨᠢ ᠶᠢᠨ ᠬᠠᠤᠯᠢ︾ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠳᠤ ᠠᠰᠢᠭᠲᠠᠢ᠂ ᠡᠵᠡᠩᠨᠡᠯᠲᠡ ᠶᠢᠨ ᠭᠤᠣᠯ ᠴᠣᠭᠴᠠ ᠳᠠᠬᠢ ᠣᠬᠤᠷ ᠬᠤᠭᠤᠴᠠᠭᠠᠨ ᠤ ᠲᠥᠪᠯᠡᠷᠡᠭᠦᠯᠦᠨ ᠳᠠᠭᠠᠷᠢᠬᠤ ᠶᠢ ᠪᠦᠲᠦᠮᠵᠢᠲᠡᠢ ᠪᠠᠭᠠᠰᠬᠠᠵᠤ᠂ ᠬᠥᠭᠵᠢᠯᠲᠡ ᠶᠢᠨ ᠢᠲᠡᠭᠡᠯ ᠵᠣᠷᠢᠭ ᠢ ᠨᠡᠩ ᠰᠠᠶᠢᠲᠤᠷ ᠬᠥᠪᠴᠢᠯᠡᠵᠦ᠂ ᠨᠡᠶᠢᠭᠡᠮ ᠤᠨ ᠰᠡᠳᠬᠢᠴᠡ ᠶᠢᠨ ᠵᠢᠱᠢᠯᠲᠡ ᠶᠢ ᠲᠣᠭᠲᠠᠪᠤᠷᠢᠵᠢᠭᠤᠯᠬᠤ ᠳᠤ ᠠᠰᠢᠭᠲᠠᠢ ᠶᠤᠮ᠃

    ᠲᠠᠷᠠᠭᠠᠴᠢ ᠶᠢᠨ ᠠᠯᠬᠤᠮ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠣᠳᠠᠲᠠᠶ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠳᠤ ᠪᠠᠨ᠂ ᠬᠠᠮᠢᠶ᠎ᠠ ᠪᠥᠬᠦᠶ ᠲᠠᠯ᠎ᠠ ᠶᠢᠨ ᠬᠢᠨ ᠪᠠᠰᠠ ᠭᠦᠨᠵᠡᠭᠡᠶ ᠪᠠᠶᠢᠴᠠᠭᠠᠨ ᠰᠤᠳᠤᠯᠵᠤ ᠨᠤᠲᠠᠯᠠᠯᠲᠠ ᠬᠢᠵᠦ᠂ ᠡᠵᠡᠩᠨᠡᠯᠲᠡ ᠶᠢᠨ ᠭᠤᠤᠯ ᠴᠣᠭᠴᠠ ᠳᠤ ᠣᠷᠣᠰᠢᠵᠤ ᠮᠡᠳᠡᠬᠦ ᠠᠰᠠᠭᠤᠳᠠᠯ ᠬᠦᠴᠢᠷᠳᠡᠯ ᠢ ᠭᠦᠢᠴᠡᠳ ᠵᠠᠳᠠᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠨᠡᠶᠢᠲᠡᠯᠡᠵᠦ᠂ ᠬᠥᠷᠥᠩᠭᠡ ᠶᠢ ᠪᠠᠭᠠᠰᠬᠠᠬᠤ᠂ ᠪᠢᠴᠢᠭ ᠬᠠᠷ᠎ᠠ ᠵᠡᠷᠭᠡ ᠶᠢ ᠳᠥᠭᠦᠮᠴᠢᠯᠡᠨ ᠰᠢᠯᠢᠳᠡᠭᠵᠢᠭᠦᠯᠵᠦ᠂ ᠦᠯᠡᠳᠡᠭᠡᠯ ᠺᠣᠮᠫᠠᠨᠢ ᠶᠢ ᠬᠥᠲᠥᠯᠦᠨ ᠵᠢᠯᠣᠭᠤᠳᠴᠤ ᠪᠠᠶᠢᠭᠠᠳ ᠪᠠᠯᠠ ᠭᠠᠷᠭᠠᠬᠤ ᠬᠤᠭᠤᠴᠠᠭ᠎ᠠ᠂ ᠪᠠᠯᠠ ᠭᠠᠷᠭᠠᠬᠤ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠳᠣᠭᠢᠷᠠᠭᠤᠯᠤᠨ᠂ ᠬᠤᠯᠪᠤᠭᠳᠠᠯ ᠪᠥᠬᠦᠶ ᠠᠵᠢᠯ ᠢ ᠯᠠᠪᠳᠠᠭᠤᠨ ᠪᠣᠯᠭᠤᠮᠵᠢᠲᠠᠶ ᠠᠬᠢᠭᠤᠯᠬᠤ ᠬᠡᠷᠡᠭᠲᠡᠶ᠃ ᠢᠯᠠᠩᠭᠤᠶ᠎ᠠ ᠦᠯᠡᠳᠡᠭᠡᠯ ᠺᠣᠮᠫᠠᠨᠢ ᠶᠢᠨ ᠳᠠᠩᠰᠠᠯᠠᠭᠤᠯᠤᠭᠰᠠᠨ ᠬᠥᠷᠥᠩᠭᠡ ᠶᠢᠨ ᠪᠡᠯᠡ ᠭᠠᠷᠭᠠᠬᠤ ᠬᠤᠭᠤᠴᠠᠭ᠎ᠠ᠂ ᠪᠡᠯᠡ ᠭᠠᠷᠭᠠᠬᠤ ᠲᠤᠭ᠎ᠠ ᠬᠡᠮᠵᠢᠶ᠎ᠡ ᠢᠯᠡᠳᠲᠡ ᠬᠡᠪ ᠤᠨ ᠪᠤᠰᠤ ᠪᠠᠶᠢᠬᠤ ᠶᠢ ᠮᠠᠭᠠᠳᠯᠠᠬᠤ ᠳᠤ ᠺᠣᠮᠫᠠᠨᠢ ᠶᠢᠨ ᠳᠠᠩᠰᠠᠯᠠᠬᠤ ᠪᠠᠶᠢᠭᠤᠯᠭ᠎ᠠ ᠨᠢ ᠲᠤᠬᠠᠶ ᠶᠢᠨ ᠬᠥᠮᠦᠨ ᠤ ᠲᠤᠳᠤᠷᠬᠠᠶᠢᠯᠠᠯᠲᠠ ᠶᠢ ᠭᠦᠢᠴᠡᠳ ᠰᠣᠨᠣᠰᠴᠤ᠂ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠨᠢᠭᠡ ᠯᠡ ᠠᠳᠠᠯᠢ ᠪᠠᠷ ᠱᠠᠭᠠᠷᠳᠠᠬᠤ ᠠᠴᠠ ᠵᠠᠶᠢᠯᠠᠰᠬᠢᠵᠦ᠂ ᠺᠣᠮᠫᠠᠨᠢ ᠶᠢᠨ ᠪᠡᠯᠡ ᠭᠠᠷᠭᠠᠬᠤ ᠡᠭᠦᠷᠭᠡ ᠪᠠᠨ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠬᠤ ᠬᠡᠷᠡᠭᠲᠡᠶ᠃

    ᠭᠤᠷᠪᠠ᠂ ︽ᠺᠣᠮᠫᠠᠨᠢ ᠶᠢᠨ ᠬᠠᠤᠯᠢ︾ ᠨᠢ ᠬᠤᠪᠢ ᠣᠷᠣᠭᠤᠯᠤᠭᠴᠢᠳ ᠤᠨ ᠪᠡᠯᠡ ᠭᠠᠷᠭᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠭᠦᠢᠴᠡᠳᠬᠡᠬᠦ ᠶᠢ ᠪᠠᠲᠤᠯᠠᠨ᠎ᠠ

    ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠪᠠ ᠠᠷᠠᠯᠵᠢᠶᠠᠨ ᠤ ᠠᠮᠤᠷ ᠲᠦᠪᠰᠢᠨ ᠢ ᠪᠠᠲᠤᠯᠠᠬᠤ ᠡᠭᠦᠳᠡᠨ ᠠᠴᠠ ᠺᠣᠮᠫᠠᠨᠢ ᠶᠢᠨ ᠪᠡᠯᠡ ᠮᠥᠩᠭᠦ ᠲᠤᠰᠢᠶᠠᠭᠰᠠᠨ ᠢ ᠮᠡᠳᠡᠷᠡᠬᠦ ᠠᠵᠢᠯᠯᠠᠭ᠎ᠠ ᠶᠢ ᠵᠢᠷᠤᠮᠵᠢᠭᠤᠯᠵᠤ᠂ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠤᠰᠠᠳᠠ᠂ ᠰᠢᠨ᠎ᠡ ︽ᠺᠣᠮᠫᠠᠨᠢ ᠶᠢᠨ ᠬᠠᠤᠯᠢ︾ ᠨᠢ ᠪᠡᠯᠡ ᠮᠥᠩᠭᠦ ᠲᠤᠰᠢᠶᠠᠵᠤ ᠭᠠᠷᠭᠠᠭᠰᠠᠨ ᠮᠡᠳᠡᠭᠡ ᠵᠠᠩᠭᠢ ᠶᠢ ᠺᠣᠮᠫᠠᠨᠢ ᠶᠢᠨ ᠠᠯᠪᠠᠳᠠᠯᠭ᠎ᠠ ᠶᠢᠨ ᠵᠠᠷᠯᠠᠨ ᠨᠡᠶᠢᠲᠡᠯᠡᠬᠦ ᠵᠦᠢᠯᠡᠰ ᠪᠣᠯᠭᠠᠵᠤ᠂ ᠢᠯᠡ ᠨᠡᠶᠢᠲᠡᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠵᠥᠷᠢᠴᠡᠭᠰᠡᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠲᠣᠳᠣᠷᠬᠠᠶᠢᠯᠠᠪᠠ᠃ ᠰᠢᠨ᠎ᠡ ︽ᠺᠣᠮᠫᠠᠨᠢ ᠶᠢᠨ ᠬᠠᠤᠯᠢ︾ ᠳᠤ᠂ ᠺᠣᠮᠫᠠᠨᠢ ᠨᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠭᠠᠭᠠᠨ ᠲᠤᠰᠢᠶᠠᠭᠰᠠᠨ ᠪᠠ ᠪᠣᠳᠠᠲᠠᠶ ᠲᠤᠰᠢᠶᠠᠭᠰᠠᠨ ᠪᠠᠯᠠ ᠮᠥᠩᠭᠦ ᠶᠢᠨ ᠲᠤᠭ᠎ᠠ᠂ ᠪᠠᠯᠠ ᠭᠠᠷᠭᠠᠬᠤ ᠠᠷᠭ᠎ᠠ ᠬᠡᠯᠪᠡᠷᠢ ᠪᠠ ᠪᠠᠯᠠ ᠭᠠᠷᠭᠠᠬᠤ ᠬᠤᠭᠤᠴᠠᠭ᠎ᠠ ᠶᠢ ᠵᠠᠷᠯᠠᠨ ᠨᠡᠶᠢᠲᠡᠯᠡᠬᠦ ᠬᠡᠷᠡᠭᠲᠡᠶ ᠭᠡᠵᠦ ᠲᠣᠭᠲᠠᠭᠠᠵᠠᠶ᠃ ᠺᠣᠮᠫᠠᠨᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠡᠭᠦᠷᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠭᠲᠠᠭᠠᠯ ᠶᠣᠰᠣᠭᠠᠷ ᠪᠣᠳᠠᠲᠠᠶ ᠲᠤᠰᠢᠶᠠᠵᠤ ᠪᠠᠯᠠ ᠭᠠᠷᠭᠠᠬᠤ ᠬᠤᠯᠪᠤᠭᠳᠠᠯ ᠪᠥᠬᠦᠶ ᠮᠡᠳᠡᠭᠡ ᠵᠠᠩᠭᠢ ᠶᠢ ᠨᠡᠶᠢᠲᠡᠯᠡᠭᠰᠡᠨ ᠥᠬᠡᠶ ᠪᠤᠶᠤ ᠦᠨᠡᠨ ᠪᠣᠳᠠᠲᠠᠶ ᠪᠠᠶᠢᠳᠠᠯ ᠢᠶᠠᠨ ᠨᠢᠭᠤᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ᠂ ᠺᠣᠮᠫᠠᠨᠢ᠂ ᠭᠤᠤᠯᠴᠢᠯᠠᠨ ᠬᠠᠮᠢᠶᠠᠷᠬᠤ ᠠᠵᠢᠯᠲᠠᠨ ᠵᠢᠴᠢ ᠪᠤᠰᠤᠳ ᠰᠢᠭᠤᠳ ᠬᠠᠮᠢᠶᠠᠷᠬᠤ ᠠᠵᠢᠯᠲᠠᠨ ᠢ ᠵᠣᠭᠤᠰ ᠢᠶᠠᠷ ᠲᠣᠷᠭᠠᠨ᠎ᠠ᠃ ᠳᠡᠭᠡᠷ᠎ᠡ ᠳᠤᠷᠠᠳᠤᠭᠰᠠᠨ ᠲᠣᠭᠲᠠᠭᠠᠯ ᠨᠢ ᠺᠣᠮᠫᠠᠨᠢ ᠶᠢᠨ ᠢᠯᠡ ᠨᠡᠶᠢᠲᠡᠯᠡᠬᠦ ᠡᠭᠦᠷᠭᠡ ᠪᠠᠨ ᠴᠠᠭ ᠲᠤᠬᠠᠶ ᠳᠤ ᠨᠢ ᠣᠨᠣᠪᠴᠢᠲᠠᠶ ᠭᠦᠢᠴᠡᠳᠭᠡᠬᠦ ᠶᠢ ᠰᠢᠮᠳᠠᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ᠂ ᠠᠷᠠᠯᠵᠢᠶᠠᠨ ᠤ ᠠᠮᠤᠷ ᠲᠦᠪᠰᠢᠨ ᠢ ᠬᠠᠮᠠᠭᠠᠯᠠᠬᠤ᠂ ᠦᠨᠡᠨᠴᠢ ᠢᠲᠡᠭᠡᠮᠵᠢ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠠᠶᠢᠭᠤᠯᠬᠤ ᠶᠢ ᠴᠢᠩᠭᠠᠷᠠᠭᠤᠯᠬᠤ ᠳᠤ ᠠᠰᠢᠭᠲᠠᠶ ᠶᠤᠮ᠃

    ᠬᠤᠯᠪᠤᠭᠠᠰᠤ᠄ ︽ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ ︾

 

ᠢᠷᠡᠯᠲᠡ᠄ ᠬᠤᠲᠠ ᠶᠢᠨ ᠰᠢᠨ᠎ᠡ ᠦᠭᠡ ᠬᠡᠯᠡ