ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠦᠨᠡᠮᠯᠡᠯ︾ ᠢ ᠮᠡᠳᠡᠭᠳᠡᠬᠦ ᠠᠮᠠᠯᠠᠯᠲᠠ ᠶᠢᠨ ᠬᠢᠨᠠᠨ ᠵᠥᠪᠰᠢᠶᠡᠷᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠬᠤᠷᠳᠤᠴᠠ ᠶᠢ ᠲᠦᠷᠭᠡᠳᠭᠡᠪᠡ
ᠨᠡᠶᠢᠲᠡᠯᠡᠭᠰᠡᠨ ᠴᠠᠭ᠄
2024/1/25

    ᠠᠵᠤ ᠠᠬᠤᠶᠢᠯᠠᠯ ᠪᠠ ᠣᠯᠠᠨ ᠲᠦᠮᠡᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠭᠦᠢᠴᠡᠳᠬᠡᠬᠦ ᠶᠠᠪᠤᠴᠠ ᠳᠠᠬᠢ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠬᠦ ᠶᠢᠨ ᠲᠤᠰᠠᠳᠠ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠡᠮ ᠤᠨ ᠵᠦᠢᠯ ᠡᠵᠡᠩᠨᠡᠬᠦ ᠵᠥᠪᠰᠢᠶᠡᠷᠡᠯ ᠤᠨ ᠦᠨᠡᠮᠯᠡᠯ︾ ︽ᠡᠮᠴᠢᠯᠡᠭᠡᠨ ᠤ ᠪᠠᠭᠠᠵᠢ ᠬᠡᠷᠡᠭᠰᠡᠯ ᠡᠵᠡᠩᠨᠡᠬᠦ ᠵᠥᠪᠰᠢᠶᠡᠷᠡᠯ ᠤᠨ ᠦᠨᠡᠮᠯᠡᠯ︾ ︵ᠡᠮ ᠤᠨ ᠳᠡᠯᠭᠡᠭᠦᠷ ᠬᠠᠪᠰᠤᠷᠭᠠᠨ ᠡᠵᠡᠩᠨᠡᠬᠦ︶ ︵ᠳᠣᠷᠣᠭᠰᠢ ︽ᠬᠤᠶᠠᠷ ᠦᠨᠡᠮᠯᠡᠯ︾ ᠭᠡᠵᠦ ᠲᠣᠪᠴᠢᠯᠠᠨ᠎ᠠ︶ ᠳᠤ ᠰᠣᠯᠢᠵᠤ ᠣᠯᠭᠤᠬᠤ ᠶᠠᠪᠤᠴᠠ ᠳᠤ ︽ᠶᠠᠪᠤᠴᠠ ᠶᠢᠨ ᠭᠤᠭᠴᠤᠭ᠎ᠠ ᠣᠯᠠᠨ᠂ ᠬᠢᠨᠠᠨ ᠵᠥᠪᠰᠢᠶᠡᠷᠡᠬᠦ ᠴᠠᠭ ᠣᠷᠳᠣ︾ ᠬᠦᠴᠢᠷ ᠠᠰᠠᠭᠤᠳᠠᠯ ᠣᠷᠣᠰᠢᠵᠤ᠂ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ︽ᠶᠠᠪᠤᠴᠠ ᠶᠢ ᠪᠠᠭᠠᠰᠬᠠᠬᠤ︾ ︽ᠴᠠᠭ ᠤᠨ ᠬᠢᠵᠠᠭᠠᠷ ᠢ ᠪᠠᠭᠠᠰᠬᠠᠬᠤ︾ ︽ᠬᠠᠷᠭᠤᠭᠤᠯᠤᠨ ᠪᠠᠶᠢᠴᠠᠭᠠᠬᠤ ᠶᠢ ᠬᠡᠯᠲᠦᠷᠢᠭᠦᠯᠬᠦ︾ ᠶᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠴᠠᠭ ᠢ ᠪᠠᠭᠠᠰᠬᠠᠨ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠴᠠᠭ ᠪᠠ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠠᠷᠪᠢᠯᠠᠵᠤ᠂ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠭᠡᠪᠡ᠃

    ᠨᠢᠭᠡ ᠳᠤ᠂ ︽ᠶᠠᠪᠤᠴᠠ ᠶᠢ ᠪᠠᠭᠠᠰᠬᠠᠵᠤ︾᠂ ᠦᠢᠯᠡᠴᠢᠯᠡᠭᠡ ᠶᠢ ᠰᠢᠯᠢᠳᠡᠭᠵᠢᠭᠦᠯᠪᠡ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ︽ᠬᠤᠶᠠᠷ ᠦᠨᠡᠮᠯᠡᠯ︾ ᠢ ᠰᠣᠯᠢᠵᠤ ᠣᠯᠭᠤᠬᠤ ᠶᠢ ᠤᠤᠯ ᠤᠨ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ᠂ ᠲᠣᠭᠲᠠᠭᠠᠬᠤ᠂ ᠦᠨᠡᠮᠯᠡᠯ ᠣᠯᠭᠤᠬᠤ 5 ᠶᠠᠪᠤᠴᠠ ᠠᠴᠠ 1 ᠶᠠᠪᠤᠴᠠ ᠪᠣᠯᠭᠠᠨ ᠪᠠᠭᠠᠰᠬᠠᠵᠤ᠂ ᠠᠮᠠᠯᠠᠯᠲᠠ ᠶᠢᠨ ᠨᠥᠬᠦᠴᠡᠯ ᠳᠤ ᠨᠡᠶᠢᠴᠡᠪᠡᠯ᠂ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠨᠢᠭᠡ ᠯᠡ ᠤᠳᠠᠭ᠎ᠠ ᠳᠤ ᠨᠡᠶᠢᠳᠡᠮ ᠭᠦᠢᠴᠡᠳᠭᠡᠬᠦ︾ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠬᠠᠩᠭᠠᠵᠤ᠂ ᠬᠢᠨᠠᠨ ᠵᠥᠪᠰᠢᠶᠡᠷᠡᠬᠦ ᠬᠥᠮᠦᠰ ᠴᠣᠩᠬᠤᠪᠴᠢ ᠪᠠᠷ ᠰᠢᠭᠤᠳ ᠬᠢᠨᠠᠨ ᠪᠠᠶᠢᠴᠠᠭᠠᠵᠤ ᠦᠨᠡᠮᠯᠡᠯ ᠣᠯᠭᠤᠨ᠎ᠠ᠃

    ᠬᠤᠶᠠᠷ ᠲᠤ᠂ ︽ᠴᠠᠭ ᠤᠨ ᠬᠢᠵᠠᠭᠠᠷ ᠢ ᠪᠠᠭᠠᠰᠬᠠᠵᠤ︾᠂ ᠬᠤᠷᠳᠤᠴᠠ ᠶᠢ ᠳᠡᠭᠡᠭᠰᠢᠯᠡᠭᠦᠯᠪᠡ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ︽ᠬᠤᠶᠠᠷ ᠦᠨᠡᠮᠯᠡᠯ︾ ᠢ ᠰᠣᠯᠢᠵᠤ ᠣᠯᠭᠤᠬᠤ ᠴᠠᠭ ᠤᠨ ᠬᠢᠵᠠᠭᠠᠷ ᠢ ᠤᠤᠯ ᠤᠨ 15 ᠠᠵᠢᠯᠯᠠᠬᠤ ᠡᠳᠦᠷ᠂ 20 ᠠᠵᠢᠯᠯᠠᠬᠤ ᠡᠳᠦᠷ ᠪᠠᠶᠢᠭᠰᠠᠨ ᠠᠴᠠ 2 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠲᠣᠰ ᠲᠣᠰ 13 ᠪᠠ 18 ᠠᠵᠢᠯᠯᠠᠬᠤ ᠡᠳᠦᠷ ᠪᠠᠭᠠᠰᠬᠠᠵᠤ᠂ ᠠᠵᠢᠯ ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ ᠢ ᠲᠣᠰ ᠲᠣᠰ 86% ᠪᠠ 90% ᠪᠠᠷ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠠᠬᠢᠨ ᠲᠦᠷᠭᠡᠳᠬᠡᠬᠦ ᠶᠢ ᠪᠡᠶᠡᠯᠡᠭᠦᠯᠪᠡ᠃

    ᠭᠤᠷᠪᠠ ᠳᠤ᠂ ︽ᠬᠠᠷᠭᠤᠭᠤᠯᠤᠨ ᠪᠠᠶᠢᠴᠠᠭᠠᠬᠤ ᠶᠢ ᠬᠡᠯᠲᠦᠷᠢᠭᠦᠯᠵᠦ︾᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ︽ᠶᠠᠪᠤᠴᠠ ᠶᠢ ᠳᠦᠭᠦᠮᠴᠢᠯᠡᠬᠦ︾ ᠶᠢᠨ ᠬᠠᠮᠲᠤ ︽ᠴᠢᠩᠭ᠎ᠠ ᠬᠢᠨᠠᠯᠲᠠ ᠬᠠᠮᠢᠶᠠᠷᠤᠯᠲᠠ︾ ᠶᠢ ᠳᠠᠭᠠᠯᠳᠤᠭᠤᠯᠵᠤ᠂ ᠠᠮᠠᠯᠠᠯᠲᠠ ᠪᠠᠷ ᠬᠢᠨᠠᠨ ᠵᠥᠪᠰᠢᠶᠡᠷᠡᠬᠦ ᠨᠢ ᠬᠡᠳᠦ᠋ᠢᠪᠡᠷ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠳᠥᠭᠦᠮᠴᠢᠯᠡᠵᠦ᠂ ᠭᠤᠶᠤᠴᠢᠯᠠᠭᠴᠢ ᠶᠢᠨ ᠬᠡᠷᠡᠭᠰᠡᠬᠦ ᠴᠠᠭ ᠢ ᠪᠣᠭᠤᠨᠢᠰᠬᠠᠭᠰᠠᠨ ᠪᠣᠯᠪᠠᠴᠤ ︽ᠬᠤᠶᠠᠷ ᠦᠨᠡᠮᠯᠡᠯ︾ ᠢ ᠰᠣᠯᠢᠵᠤ ᠣᠯᠭᠤᠬᠤ ᠨᠢ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠪᠠᠭᠤᠷᠠᠭᠤᠯᠤᠭᠰᠠᠨ ᠥᠬᠡᠶ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ︽ᠬᠤᠶᠠᠷ ᠦᠨᠡᠮᠯᠡᠯ︾ ᠢ ᠰᠣᠯᠢᠵᠤ ᠣᠯᠭᠤᠬᠤ ᠶᠢ ᠬᠡᠷᠡᠭ ᠤᠨ ᠡᠮᠦᠨ᠎ᠡ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ ᠶᠢ ᠬᠡᠷᠡᠭ ᠶᠠᠪᠤᠳᠠᠯ ᠤᠨ ᠳᠤᠮᠳᠠ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠣᠯᠭᠠᠨ ᠥᠭᠡᠷᠡᠴᠢᠯᠡᠵᠦ᠂ ᠲᠠᠷᠠᠭᠠᠴᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠪᠠ᠃ ᠠᠵᠤ ᠠᠬᠤᠶᠢᠯᠠᠯ ᠠᠴᠠ ︽ᠡᠮ ᠤᠨ ᠵᠦᠢᠯ ᠡᠵᠡᠩᠨᠡᠬᠦ ᠵᠥᠪᠰᠢᠶᠡᠷᠡᠯ ᠤᠨ ᠦᠨᠡᠮᠯᠡᠯ︾ ︽ᠡᠮᠴᠢᠯᠡᠭᠡᠨ ᠤ ᠪᠠᠭᠠᠵᠢ ᠬᠡᠷᠡᠭᠰᠡᠯ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠰᠣᠯᠢᠵᠤ ᠣᠯᠭᠤᠭᠰᠠᠨ ᠤ ᠳᠠᠷᠠᠭᠠᠬᠢ ᠬᠤᠶᠠᠷ ᠰᠠᠷ᠎ᠠ ᠶᠢᠨ ᠳᠣᠲᠣᠷ᠎ᠠ᠂ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠨ ᠬᠠᠮᠢᠶᠠᠷᠬᠤ ᠠᠵᠢᠯᠲᠠᠨ ᠲᠣᠮᠢᠯᠠᠵᠤ ᠭᠤᠶᠤᠴᠢᠯᠠᠭᠴᠢ ᠶᠢᠨ ᠠᠮᠠᠯᠠᠯᠲᠠ ᠶᠢᠨ ᠠᠭᠤᠯᠭ᠎ᠠ ᠳᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠯᠭᠡᠵᠦ᠂ ᠠᠮᠠᠯᠠᠯᠲᠠ ᠶᠢ ᠵᠥᠷᠢᠴᠡᠭᠰᠡᠨ ᠪᠤᠶᠤ ᠬᠤᠳᠠᠯ ᠬᠠᠭᠤᠷᠮᠠᠭ ᠠᠮᠠᠯᠠᠯᠲᠠ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠶᠣᠰᠣᠭᠠᠷ ᠬᠦᠴᠦᠨ ᠥᠬᠡᠶ ᠪᠣᠯᠭᠠᠬᠤ ᠪᠤᠶᠤ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ