ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠡᠵᠡᠩᠨᠡᠯᠲᠡ ᠶᠢᠨ ᠪᠡᠶᠡᠴᠢ ᠴᠣᠭᠴᠠ ᠶᠢᠨ ᠨᠠᠩ ᠬᠥᠭᠵᠢᠶᠡᠨᠲᠡᠶ ᠪᠥᠭᠡᠳ ᠬᠦᠴᠦᠲᠡᠶ ᠪᠣᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/1/25

    2023 ᠣᠨ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠦᠷᠭᠦᠯᠵᠢᠯᠡᠨ ᠬᠦᠴᠦᠯᠡᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠰᠠᠶᠢᠨ ᠰᠠᠶᠢᠬᠠᠨ ᠦᠷ᠎ᠡ ᠪᠦᠲᠦᠮᠵᠢ ᠤᠯᠪᠠ᠃

    ᠨᠢᠭᠡ ᠳᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠥᠭᠵᠢᠨ ᠪᠤᠵᠠᠭᠠᠢᠢᠷᠠᠬᠤ ᠶᠢ ᠶᠡᠭᠡ ᠪᠠᠷ ᠲᠡᠳᠬᠦᠨ ᠲᠡᠮᠵᠢᠨ᠎ᠠ᠃ ᠳᠡᠭᠡᠳᠦ ᠱᠠᠲᠤᠨ ᠤ ᠵᠢᠵᠢᠭ ᠠᠵᠤ ᠠᠬᠤᠶᠢᠯᠠᠯ ᠤᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠥᠰᠥᠯᠲᠡ ᠶᠢᠨ ᠲᠥᠯᠥᠪᠯᠡᠭᠡ ᠶᠢᠨ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠣᠷᠣᠬᠤ ᠶᠢ ᠵᠥᠪᠰᠢᠶᠡᠷᠡᠬᠦ ᠳᠤ ᠳᠦᠭᠦᠮ ᠦᠵᠡᠭᠦᠯᠬᠦ ᠶᠢ ᠳᠡᠭᠡᠭᠰᠢᠯᠡᠭᠦᠯᠦᠨ᠎ᠡ᠂ ᠬᠥᠭᠵᠢᠯᠲᠡ ᠶᠢᠨ ᠣᠷᠣᠨ ᠵᠠᠶ ᠶᠢ ᠥᠷᠭᠡᠳᠬᠡᠬᠦ᠂ ᠬᠠᠤᠯᠢ ᠬᠡᠷᠡᠭᠵᠢᠭᠦᠯᠬᠦ ᠳᠤᠯᠠᠭᠠᠨ ᠣᠷᠴᠢᠨ ᠨᠥᠬᠦᠴᠡᠯ ᠢ ᠪᠤᠢ ᠪᠣᠯᠭᠠᠬᠤ ᠪᠠ ᠲᠥᠪ ᠭᠤᠣᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠬᠤ ᠵᠡᠷᠭᠡ ᠲᠦᠷᠪᠡᠨ ᠲᠠᠯ᠎ᠠ ᠠᠴᠠ ᠭᠠᠷᠳᠠᠵᠤ ᠬᠢᠨ᠎ᠠ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠂ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠲᠠ ᠶᠢᠨ ᠰᠢᠨ᠎ᠡ ᠪᠠᠷ ᠨᠡᠮᠡᠭᠳᠡᠭᠰᠡᠨ ᠡᠵᠡᠩᠨᠡᠯᠲᠡ ᠶᠢᠨ ᠭᠤᠣᠯ ᠴᠣᠭᠴᠠ 67541 ᠡᠷᠦᠬᠡ ᠪᠣᠯᠪᠠ᠂ ᠡᠵᠡᠩᠨᠡᠯᠲᠡ ᠶᠢᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ 407613 ᠡᠷᠦᠬᠡ ᠳᠤ ᠬᠥᠷᠪᠡ᠂ ᠶᠡᠷᠦᠩᠬᠡᠶ ᠬᠡᠮᠵᠢᠶ᠎ᠡ ᠨᠢ ᠪᠦᠬᠦ ᠣᠷᠣᠨ ᠤ ᠲᠡᠷᠢᠭᠦᠨ ᠳᠤ ᠣᠷᠣᠨ᠎ᠠ᠂ ᠡᠭᠦᠨ ᠳᠤ 13897 ᠠᠵᠤ ᠠᠬᠤᠶᠢᠯᠠᠯ ᠰᠢᠨ᠎ᠡ ᠪᠠᠷ ᠨᠡᠮᠡᠭᠳᠡᠪᠡ᠂ 53168 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 26.28 % ᠪᠠᠷ ᠨᠡᠮᠡᠭᠳᠡᠪᠡ᠂ 29.40 %᠂ 97 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠵᠦ ᠠᠵᠤ ᠠᠬᠤᠶᠢᠯᠠᠯ ᠪᠣᠯᠪᠠ᠂ ᠡᠮ ᠡᠮᠨᠡᠯᠭᠡ ᠲᠠᠢ ᠬᠤᠯᠪᠣᠭᠳᠠᠬᠤ᠂ ᠬᠤᠳᠠᠯᠳᠤᠭ᠎ᠠ᠂ ᠡᠯᠧᠺᠲᠷᠣᠨ ᠬᠤᠳᠠᠯᠳᠤᠭ᠎ᠠ ᠵᠡᠷᠭᠡ ᠣᠯᠠᠨ ᠬᠦᠷᠢᠶ᠎ᠡ ᠬᠡᠪᠴᠢᠶ᠎ᠡ ᠳᠤ ᠬᠤᠯᠪᠤᠭᠳᠠᠪᠠ᠃

    ᠬᠤᠶᠠᠷ ᠲᠤ᠂ ︽ᠬᠤᠶᠠᠷ ᠰᠢᠯᠢᠳᠡᠭ︾ ᠲᠤᠰᠬᠠᠶ ᠲᠥᠷᠥᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠪᠠ᠃ ︽ᠨᠢᠭᠡ ᠯᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ᠂ ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠨᠢᠭᠡ ᠡᠳᠦᠷ ᠲᠤ ᠭᠦᠢᠴᠡᠳᠭᠡᠵᠦ ᠳᠠᠭᠤᠰᠬᠠᠬᠤ︾ ︽ᠨᠢᠭᠡ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ︽ᠪᠥᠬᠦ ᠣᠷᠣᠨ ᠤ ᠨᠡᠶᠢᠳᠡᠮ ᠭᠦᠢᠴᠡᠳᠭᠡᠬᠦ︾ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ︽ᠬᠤᠲᠠ ᠶᠢᠨ ᠬᠡᠪᠴᠢᠶᠡᠨ ᠳᠤ ᠨᠡᠶᠢᠳᠡᠮ ᠭᠦᠢᠴᠡᠳᠭᠡᠬᠦ︾ ᠵᠡᠷᠭᠡ ᠦᠢᠯᠡᠴᠢᠯᠡᠭᠡ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠢ ︽ᠨᠢᠭᠡ ᠯᠡ ᠬᠠᠭᠤᠳᠠᠰᠤ ᠪᠠᠷ ᠡᠴᠦᠰ ᠲᠤᠨᠢ ᠲᠤᠯᠲᠠᠯ᠎ᠠ ᠬᠠᠮᠢᠶᠠᠷᠬᠤ︾ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠪᠠᠷᠢᠨ ᠭᠦᠢᠴᠡᠳᠭᠡᠬᠦ᠂ ᠠᠵᠢᠯ ᠶᠠᠪᠤᠳᠠᠯ ᠭᠦᠢᠴᠡᠳᠭᠡᠬᠦ ᠬᠤᠷᠳᠤᠴᠠ ᠶᠢ 90 % ᠠᠴᠠ ᠳᠡᠭᠡᠭᠰᠢ ᠪᠠᠷ ᠲᠦᠷᠭᠡᠳᠬᠡᠬᠦ ᠶᠢ ᠪᠡᠶᠡᠯᠡᠭᠦᠯᠦᠨ᠎ᠡ᠃ ᠣᠨᠴᠠᠭᠠᠶ ᠡᠩ ᠤᠨ ᠬᠤᠷᠰᠢᠭᠰᠠᠨ ᠠᠵᠤ ᠠᠬᠤᠶᠢᠯᠠᠯ ᠪᠠ ᠬᠢᠵᠠᠭᠠᠷᠲᠤ ᠬᠤᠷᠰᠢᠭᠰᠠᠨ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ᠂ ᠳᠤᠤᠷ᠎ᠠ ᠲᠦᠭᠰᠢᠭᠦᠷᠢᠲᠦ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠢ ᠮᠡᠳᠡᠭᠳᠡᠬᠦ ᠠᠮᠠᠯᠠᠯᠲᠠ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠵᠥᠪᠰᠢᠶᠡᠷᠡᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠵᠥᠪᠰᠢᠶᠡᠷᠡᠯ ︵ᠪᠦᠷᠢᠳᠬᠡᠨ ᠳᠠᠩᠰᠠᠯᠠᠬᠤ︶ ᠵᠡᠷᠭᠡ 6 ᠵᠦᠢᠯ ᠤᠨ ᠵᠥᠪᠰᠢᠶᠡᠷᠡᠯ ᠤᠨ ᠵᠦᠢᠯᠡᠰ ᠢ ᠰᠢᠭᠤᠳ ᠳᠣᠷᠣᠭᠰᠢ ᠪᠠᠭᠤᠯᠭᠠᠬᠤ ᠪᠠ ᠬᠠᠷᠢᠶ᠎ᠠ ᠭᠠᠵᠠᠷ ᠤᠨ ᠲᠣᠪᠴᠢᠶ᠎ᠠ ᠳᠤ ᠨᠠᠶᠢᠳᠠᠨ ᠭᠦᠢᠴᠡᠳᠭᠡᠯᠭᠡᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠴᠠᠭ ᠬᠤᠭᠤᠴᠠᠭ᠎ᠠ ᠶᠢ ᠶᠡᠭᠡ ᠪᠠᠷ ᠪᠣᠭᠤᠨᠢᠰᠬᠠᠵᠤ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠬᠡᠷᠡᠭ ᠡᠷᠬᠢᠯᠡᠬᠦ ᠶᠠᠪᠤᠴᠠ ᠶᠢ ᠰᠢᠯᠢᠳᠡᠭᠵᠢᠭᠦᠯᠦᠨ᠂ ᠠᠵᠤ ᠠᠬᠤᠢᠯᠠᠯ ᠢ ᠬᠠᠪᠰᠤᠷᠤᠨ ᠲᠤᠰᠬᠠᠢ ᠠᠰᠢᠭ ᠤᠨ ᠡᠷᠬᠡ ᠶᠢ ᠡᠷᠡᠮᠡᠯᠵᠡᠯᠡᠵᠦ᠂ ᠷᠦᠢ ᠶᠠᠩ ᠬᠢᠮᠢ ᠶᠢᠨ ᠠᠵᠤ ᠦᠢᠯᠡᠳᠪᠦᠷᠢ ᠶᠢ ᠬᠠᠪᠰᠤᠷᠤᠨ᠂ ᠴᠢ ᠮᠧᠩ ᠬᠤᠪᠢᠴᠠᠭ᠎ᠠ ᠶᠢ ᠲᠤᠰᠬᠠᠢ ᠠᠰᠢᠭ ᠤᠨ ᠡᠷᠬᠡ ᠣᠯᠭᠤᠯᠲᠠ ᠪᠠᠷ ᠲᠦᠷᠭᠡᠨ ᠳᠠᠮᠵᠢᠵᠤ᠂ ᠡᠷᠬᠡ ᠣᠯᠭᠤᠬᠤ ᠴᠠᠭ ᠢ 95 % ᠠᠴᠠ ᠳᠡᠭᠡᠭᠰᠢ ᠪᠠᠷ ᠪᠠᠭᠠᠰᠬᠠᠵᠤ᠂ ᠤᠯᠠᠭᠠᠨᠬᠠᠳᠠ ᠶᠢᠨ ᠲᠠᠸᠠᠷ ᠤᠨ ᠲᠡᠮᠳᠡᠭ ᠤᠨ ᠲᠤᠬᠠᠶᠢᠯᠠᠭᠰᠠᠨ ᠠᠵᠢᠯ ᠤᠨ ᠴᠣᠩᠬᠤ ᠶᠢ ᠤᠯᠤᠰ ᠠᠴᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠰᠠᠶᠢᠰᠢᠶᠠᠯ ᠢ ᠣᠯᠪᠠ᠃

    ᠭᠤᠷᠪᠠ ᠳᠤ᠂ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ︽ᠬᠤᠶᠠᠷ ᠢ ᠰᠤᠭᠤᠴᠢᠨ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠲᠣᠭᠲᠠᠭᠠᠵᠤ᠂ ︽ᠨᠢᠭᠡ ᠬᠠᠭᠤᠳᠠᠰᠤ ᠬᠤᠶᠠᠷ ᠬᠥᠮᠥᠷᠭᠡ︾ ᠶᠢ ᠲᠡᠭᠦᠯᠳᠡᠷᠵᠢᠭᠦᠯᠦᠨ᠂ ᠰᠤᠭᠤᠴᠢᠨ ᠪᠠᠶᠢᠴᠠᠭᠠᠬᠤ ᠵᠦᠢᠯᠡᠰ ᠢ ᠡᠮᠬᠢᠯᠡᠨ ᠨᠡᠶᠢᠯᠡᠭᠦᠯᠵᠦ᠂ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ᠂ ᠣᠨᠣᠪᠴᠢᠵᠢᠭᠤᠯᠬᠤ᠂ ᠤᠶᠤᠨᠴᠢᠯᠠᠬᠤ ᠶᠢ ᠪᠡᠶᠡᠯᠡᠭᠦᠯᠦᠨ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠨᠡᠶᠢᠲᠡ 2882 ᠪᠦᠯᠦᠭ ᠤᠳᠠᠭ᠎ᠠ ᠶᠢᠨ ᠬᠤᠤᠰ ᠰᠤᠭᠤᠴᠢᠨ ᠪᠠᠶᠢᠴᠠᠭᠠᠯᠲᠠ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 14996 ᠡᠷᠦᠬᠡ ᠪᠠᠶᠢᠴᠠᠭᠠᠵᠤ᠂ ᠡᠭᠦᠨ ᠳᠤ ᠰᠠᠯᠠᠭ᠎ᠠ ᠮᠥᠴᠢᠷ ᠬᠠᠮᠲᠤᠷᠠᠨ 970 ᠪᠦᠯᠦᠭ ᠤᠳᠠᠭ᠎ᠠ ᠶᠢᠨ ᠬᠤᠤᠰ ᠰᠤᠭᠤᠴᠢᠨ ᠪᠠᠶᠢᠴᠠᠭᠠᠯᠲᠠ ᠬᠢᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 2817 ᠡᠷᠦᠬᠡ ᠪᠠᠶᠢᠴᠠᠭᠠᠪᠠ᠃  ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠠᠭᠲᠠᠭᠠᠮᠵᠢᠲᠠᠶ ᠪᠥᠭᠡᠳ ᠪᠣᠯᠭᠤᠮᠵᠢᠲᠠᠶ ᠪᠠᠶᠢᠬᠤ ᠵᠠᠷᠴᠢᠮ ᠢ ᠪᠠᠷᠢᠮᠲᠠᠯᠠᠨ᠂ ᠡᠵᠡᠩᠨᠡᠯᠲᠡ ᠶᠢᠨ ᠬᠡᠪ ᠤᠨ ᠪᠤᠰᠤ ᠨᠡᠷ᠎ᠡ ᠶᠢᠨ ᠵᠢᠭᠰᠠᠭᠠᠯᠲᠠ ᠶᠢ ᠰᠢᠯᠵᠢᠭᠦᠯᠦᠨ ᠭᠠᠷᠭᠠᠬᠤ ᠲᠠᠰ ᠳᠠᠷᠠᠭᠠᠯᠠᠯ ᠪᠠ ᠥᠪᠡᠷ ᠢᠶᠠᠨ ᠵᠠᠯᠠᠷᠠᠭᠤᠯᠬᠤ᠂ ᠰᠠᠨᠠᠭᠠᠴᠢᠯᠠᠭ᠎ᠠ ᠠᠴᠠ ᠪᠠᠨ ᠥᠪᠡᠷ ᠢ ᠪᠠᠨ ᠰᠢᠨᠡᠳᠬᠡᠬᠦ᠂ ᠠᠵᠤ ᠠᠬᠤᠶᠢᠯᠠᠯ ᠭᠤᠶᠤᠴᠢᠯᠠᠬᠤ᠂ ᠢᠲᠡᠭᠡᠮᠵᠢ ᠶᠢᠨ ᠠᠮᠠᠯᠠᠯᠲᠠ ᠬᠢᠭᠰᠡᠨ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ᠲᠦᠷᠢᠮ ᠢ ᠰᠢᠯᠢᠳᠡᠭᠵᠢᠭᠦᠯᠵᠦ᠂ 770 ᠡᠷᠦᠬᠡ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠠᠪᠰᠤᠷᠤᠨ ᠢᠲᠡᠭᠡᠮᠵᠢ ᠶᠢ ᠨᠢ ᠳᠠᠬᠢᠨ ᠪᠣᠶ ᠪᠣᠯᠭᠠᠵᠤ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠨᠢ ᠰᠡᠷᠭᠦᠭᠡᠵᠡᠢ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ