ᠬᠤᠪᠢ ᠠᠴᠠ ᠠᠵᠤ ᠠᠬᠤᠶᠢᠯᠠᠯ ᠵᠦᠭ ᠰᠢᠯᠵᠢᠬᠦ — ᠭᠡᠷ ᠤᠨ ᠵᠠᠭᠤᠰᠢ ᠶᠢᠨ ᠭᠤᠸᠠᠨᠵᠠᠨ ᠤ ︽ᠥᠰᠦᠨ ᠪᠣᠶᠢᠵᠢᠯᠲᠠ ᠶᠢᠨ ᠲᠡᠮᠲᠡᠭᠯᠡᠯ︾
ᠨᠡᠶᠢᠲᠡᠯᠡᠭᠰᠡᠨ ᠴᠠᠭ᠄
2024/1/25

    ᠡᠷᠢᠶᠡᠨ ᠬᠤᠲᠠ ᠶᠢᠨ ᠵᠢᠦᠢ ᠰᠢᠶᠠᠩ ᠶᠤᠸᠠᠨ ᠭᠡᠷ ᠤᠨ ᠵᠠᠭᠤᠰᠢ ᠶᠢᠨ ᠭᠤᠸᠠᠨᠵᠠ ᠨᠢ 2019 ᠣᠨ ᠤ 4 ᠳ᠋ᠦ᠋ᠭᠡᠷ ᠰᠠᠷ᠎ᠠ ᠳᠤ ᠪᠠᠶᠢᠭᠤᠯᠤᠭᠳᠠᠵᠤ᠂ ᠭᠤᠣᠯᠳᠠᠭᠤ ᠢᠳᠡᠭᠡᠨ ᠤᠮᠳᠠᠭᠠᠨ ᠤ ᠦᠢᠯᠡᠴᠢᠯᠡᠭᠡ ᠡᠷᠬᠢᠯᠡᠵᠦ᠂ 3 ᠠᠵᠢᠯᠴᠢᠨ ᠬᠦᠯᠦᠰᠦᠯᠡᠵᠦ ᠪᠣᠢ᠃ ᠨᠢᠭᠡ ᠤᠳᠠᠭᠠᠨ ᠤ ᠭᠡᠨᠡᠳᠲᠡ ᠶᠢᠨ ᠲᠣᠬᠢᠶᠠᠯ ᠢᠶᠠᠷ᠂ ᠬᠤᠭᠤᠯᠠᠨ ᠭᠡᠷ ᠤᠨ ᠡᠵᠡᠨᠲᠡᠨ ᠡᠷᠢᠶᠡᠨ ᠬᠤᠲᠠ ᠶᠢᠨ ᠨᠢᠭᠡᠨ ᠨᠢᠭᠡᠴᠢ ᠶᠢᠨ ᠬᠤᠭᠤᠯᠠᠨ ᠭᠡᠷ ᠢᠶᠠᠨ ᠭᠠᠳᠠᠭᠰᠢ ᠳᠠᠭᠠᠭᠠᠴᠢᠯᠠᠭᠤᠯᠵᠤ ᠪᠠᠶᠢᠬᠤ ᠶᠢ ᠮᠡᠳᠡᠭᠡᠳ᠂ ᠡᠵᠡᠩᠨᠡᠯᠲᠡ ᠶᠢᠨ ᠬᠡᠪᠴᠢᠶ᠎ᠡ ᠪᠠᠨ ᠥᠷᠭᠡᠳᠭᠡᠬᠦ᠂ ᠨᠢᠭᠡᠴᠢ ᠶᠢᠨ ᠬᠤᠭᠤᠯᠠᠨ ᠭᠡᠷ ᠢ ᠳᠠᠭᠠᠭᠠᠴᠢᠯᠠᠬᠤ ᠪᠣᠳᠣᠯ ᠣᠷᠣᠪᠠ᠃ ᠭᠡᠪᠡᠴᠦ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠬᠥᠭᠵᠢᠯᠲᠡ ᠡᠵᠡᠩᠨᠡᠯᠲᠡ ᠶᠢᠨ ᠳᠤᠮᠳᠠ ᠬᠢᠵᠠᠭᠠᠷᠳᠠᠮᠠᠯ ᠴᠢᠨᠠᠷ ᠲᠠᠢ ᠪᠠᠶᠢᠵᠤ᠂ ᠬᠤᠭᠤᠯᠠᠨ ᠭᠡᠷ ᠤᠨ ᠡᠵᠡᠨᠲᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠬᠦᠷᠴᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠪᠰᠤᠷᠤᠯᠭ᠎ᠠ ᠬᠦᠰᠡᠵᠦ᠂ ᠠᠵᠢᠯᠲᠠᠳ ᠠᠴᠠ ᠬᠤᠭᠤᠯᠠᠨ ᠭᠡᠷ ᠤᠨ ᠡᠵᠡᠨᠲᠡᠨ ᠳᠤ ︽ᠬᠤᠪᠢ ᠠᠴᠠ ᠠᠵᠤ ᠠᠬᠤᠶᠢᠯᠠᠯ ᠵᠦᠭ ᠰᠢᠯᠵᠢᠬᠦ︾ ᠲᠦᠷᠦ ᠶᠢᠨ ᠪᠤᠳᠤᠯᠭ᠎ᠠ ᠶᠢ ᠭᠦᠨᠵᠡᠭᠡᠢ ᠲᠠᠶᠢᠯᠪᠤᠷᠢᠯᠠᠵᠤ᠂ ︽ᠬᠤᠪᠢ ᠠᠴᠠ ᠠᠵᠤ ᠠᠬᠤᠶᠢᠯᠠᠯ ᠵᠦᠭ ᠰᠢᠯᠵᠢᠭᠰᠡᠨ︾ ᠤ ᠲᠠᠷᠠᠭ᠎ᠠ᠂ ᠠᠵᠤ ᠠᠬᠤᠶᠢᠯᠠᠯ ᠤᠨ ᠪᠡᠶ᠎ᠡ ᠭᠠᠷᠤᠯ ᠨᠢ ᠬᠤᠭᠤᠯᠠᠨ ᠭᠡᠷ ᠤᠨ ᠡᠵᠡᠩᠨᠡᠯᠲᠡ ᠶᠢᠨ ᠬᠡᠪᠴᠢᠶ᠎ᠡ ᠪᠠᠨ ᠥᠷᠭᠡᠳᠬᠡᠬᠦ ᠳᠤ ᠪᠠᠲᠤᠯᠠᠭ᠎ᠠ ᠬᠠᠩᠭᠠᠬᠤ ᠪᠠᠷ ᠪᠠᠷᠠᠬᠤ ᠦᠭᠡᠢ ᠪᠠᠰᠠ ᠨᠡᠩ ᠤᠯᠠᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠡᠳ᠋ᠯᠡᠵᠦ ᠪᠣᠯᠤᠨ᠎ᠠ ᠭᠡᠵᠡᠢ᠃ 2023 ᠣᠨ ᠤ 4 ᠳ᠋ᠦ᠋ᠭᠡᠷ ᠰᠠᠷ᠎ᠠ ᠶᠢᠨ 23 ᠤ ᠡᠳᠦᠷ᠂ ᠬᠤᠭᠤᠯᠠᠨ ᠭᠡᠷ ᠤᠨ ᠡᠵᠡᠨᠲᠡᠨ ᠰᠠᠨᠠᠭᠠᠴᠢᠯᠠᠭ᠎ᠠ ᠠᠴᠠ ᠪᠠᠨ ︽ᠬᠤᠪᠢ ᠠᠴᠠ ᠠᠵᠤ ᠠᠬᠤᠶᠢᠯᠠᠯ ᠵᠦᠭ ᠰᠢᠯᠵᠢᠬᠦ︾ ᠶᠢ ᠳᠠᠩᠰᠠᠯᠠᠭᠤᠯᠬᠤ ᠪᠠᠷ ᠭᠤᠶᠤᠴᠢᠯᠠᠵᠤ᠂ ᠡᠷᠢᠶᠡᠨ ᠬᠤᠲᠠ ᠶᠢᠨ ᠵᠢᠤᠢ ᠰᠢᠶᠠᠩ ᠶᠤᠸᠠᠨ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢ ᠪᠠᠶᠢᠭᠤᠯᠪᠠ᠃

    ︽ᠬᠤᠪᠢ ᠠᠴᠠ ᠠᠵᠤ ᠠᠬᠤᠶᠢᠯᠠᠯ ᠵᠦᠭ ᠰᠢᠯᠵᠢᠬᠦ︾ ᠶᠠᠪᠤᠴᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠳ ᠬᠤᠭᠤᠯᠠᠨ ᠬᠡᠷ ᠤᠨ ᠡᠵᠡᠨᠲᠡᠨ ᠢ ᠢᠳᠡᠪᠬᠢᠲᠡᠶ ᠬᠠᠪᠰᠤᠷᠤᠨ ︽ᠬᠤᠪᠢ ᠠᠴᠠ ᠠᠵᠤ ᠠᠬᠤᠶᠢᠯᠠᠯ ᠵᠦᠭ ᠰᠢᠯᠵᠢᠬᠦ︾ ᠲᠤᠬᠠᠶᠢᠯᠠᠭᠰᠠᠨ ᠠᠵᠢᠯ ᠢ ᠭᠦᠢᠴᠡᠳᠭᠡᠵᠦ᠂ ᠪᠥᠬᠦ ᠶᠠᠪᠤᠴᠠ ᠳᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠬᠠᠩᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠵᠡᠷᠭᠡ ᠪᠠᠷ ᠭᠥᠯᠢᠶᠡᠨ ᠠᠪᠴᠤ ᠰᠢᠢᠳᠪᠦᠷᠢᠯᠡᠵᠦ ᠨᠡᠶᠢᠯᠡᠭᠦᠯᠦᠨ ᠬᠢᠨᠠᠨ ᠵᠥᠪᠰᠢᠶᠡᠷᠡᠵᠦ᠂ ᠠᠵᠢᠯᠲᠠᠳ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠬᠢᠴᠠᠭᠤᠯᠵᠤ᠂ ᠠᠵᠤ ᠠᠬᠤᠶᠢᠯᠠᠯ ᠳᠤ ᠦᠨᠡᠨ ᠲᠦᠯᠦᠪᠦᠷᠢ ᠥᠬᠡᠶ ᠪᠠᠷ ᠲᠠᠮᠠᠭ᠎ᠠ ︵ᠠᠯᠪᠠᠨ ᠲᠠᠮᠠᠭ᠎ᠠ᠂ ᠡᠳ᠋ ᠤᠨ ᠶᠠᠪᠤᠳᠠᠯ ᠤᠨ ᠲᠠᠮᠠᠭ᠎ᠠ᠂ ᠬᠠᠤᠯᠢ ᠶᠢᠨ ᠡᠷᠬᠡᠲᠡᠨ ᠤ ᠲᠠᠮᠠᠭ᠎ᠠ︶ ᠪᠠ ᠭᠠᠶᠢᠯᠢ ᠲᠤᠰᠢᠶᠠᠬᠤ ᠶᠢ ᠵᠢᠯᠤᠭᠤᠳᠬᠤ᠂ ᠭᠠᠶᠢᠯᠢ ᠳᠤ ᠬᠤᠯᠪᠤᠭᠳᠠᠬᠤ ᠰᠠᠨᠠᠭᠤᠯᠤᠮᠵᠢ ᠵᠡᠷᠭᠡ ᠦᠢᠯᠡᠴᠢᠯᠡᠭᠡ ᠶᠢ ᠬᠠᠩᠭᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠦᠭᠰᠡᠨ ᠤ ᠳᠠᠷᠠᠭᠠᠬᠢ ᠬᠡᠪ ᠤᠨ ᠡᠵᠡᠩᠨᠡᠯᠲᠡ ᠳᠤ ᠦᠨᠳᠦᠰᠦᠨ ᠪᠠᠲᠤᠯᠠᠭ᠎ᠠ ᠬᠠᠩᠭᠠᠪᠠ᠃

    ᠠᠵᠤ ᠠᠬᠤᠶᠢᠯᠠᠯ ᠵᠦᠭ ᠰᠢᠯᠵᠢᠭᠰᠡᠨ ᠤ ᠳᠠᠷᠠᠭ᠎ᠠ᠂ ᠡᠷᠢᠶᠡᠨ ᠬᠤᠲᠠ ᠶᠢᠨ ᠵᠢᠤᠢ ᠰᠢᠶᠠᠩ ᠶᠤᠸᠠᠨ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠲᠤᠬᠠᠶᠢᠯᠠᠭᠰᠠᠨ ᠠᠵᠢᠯ ᠢᠶᠠᠨ ᠲᠠᠰᠤᠷᠠᠯᠲᠠ ᠦᠭᠡᠢ ᠥᠷᠭᠡᠳᠬᠡᠵᠦ᠂ ᠣᠷᠣᠯᠴᠠᠭᠰᠠᠨ ᠨᠢᠭᠡᠴᠢ ᠶᠢᠨ ᠬᠤᠭᠤᠯᠠᠨ ᠭᠡᠷ ᠲᠤ ᠳᠠᠭᠠᠭᠠᠴᠢᠯᠠᠯᠲᠠ ᠵᠠᠷᠯᠠᠬᠤ ᠶᠢᠨ ᠬᠠᠮᠲᠤ ᠳᠠᠭᠠᠭᠠᠴᠢᠯᠠᠯᠲᠠ ᠬᠦᠯᠢᠶᠡᠵᠦ᠂ ᠬᠥᠯᠥᠰᠥᠨ ᠠᠵᠢᠯᠴᠢᠨ ᠤ ᠲᠤᠭ᠎ᠠ ᠳᠠᠬᠢᠨ ᠢᠶᠠᠷ ᠨᠡᠮᠡᠭᠳᠡᠵᠦ᠂ ᠡᠵᠡᠩᠨᠡᠯᠲᠡ ᠶᠢᠨ ᠬᠡᠪᠴᠢᠶ᠎ᠡ ᠦᠷᠭᠦᠯᠵᠢᠯᠡᠨ ᠥᠷᠭᠡᠳᠴᠦ᠂ ᠡᠵᠡᠩᠨᠡᠯᠲᠡ ᠶᠢᠨ ᠣᠷᠣᠯᠭ᠎ᠠ ᠢᠯᠡᠳᠲᠡ ᠨᠡᠮᠡᠭᠳᠡᠪᠡ᠃

 

ᠢᠷᠡᠯᠲᠡ᠄ ᠲᠡᠮᠲᠡᠭᠯᠡᠨ ᠳᠠᠩᠰᠠᠯᠠᠬᠤ ᠲᠣᠪᠴᠢᠶ᠎ᠠ