ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠪᠥᠬᠦ ᠤᠯᠤᠰ ᠤᠨ 12315 ᠲᠠᠪᠴᠠᠩ ᠤᠨ ᠵᠠᠭᠠᠯᠳᠤᠬᠤ ᠢᠯᠡᠴᠢᠯᠡᠨ ᠮᠡᠳᠡᠭᠦᠯᠬᠦ ᠠᠰᠠᠭᠤᠨ ᠯᠠᠪᠯᠠᠯᠲᠠ ᠶᠢᠨ ᠪᠠᠶᠢᠳᠠᠯ ᠤᠨ ᠲᠤᠭ᠎ᠠ ᠪᠠᠷᠢᠮᠲᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2024/1/25

    ᠨᠢᠭᠡ᠂ ᠦᠨᠳᠦᠰᠦᠨ ᠪᠠᠶᠢᠳᠠᠯ

    2023 ᠣᠨ ᠳᠤ ᠥᠪᠥᠷ ᠮᠣᠩᠭᠤᠯ ᠤᠨ ᠪᠥᠬᠦ ᠤᠯᠤᠰ ᠤᠨ 12315 ᠲᠠᠪᠴᠠᠩ ᠨᠢ ᠬᠡᠷᠡᠭᠯᠡᠭᠴᠢᠳ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠶᠢ ᠨᠡᠶᠢᠲᠡ 374817 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 15.12% ᠢᠶᠠᠷ ᠨᠡᠮᠡᠭᠳᠡᠪᠡ᠃ ᠡᠭᠦᠨ ᠳᠤ᠂ ᠵᠠᠭᠠᠯᠳᠤᠯᠭ᠎ᠠ 142668 ᠬᠤᠪᠢ ᠪᠠᠶᠢᠵᠤ᠂ ᠶᠡᠷᠦᠩᠬᠡᠶ ᠬᠡᠮᠵᠢᠶᠡᠨ ᠤ 38.06% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 27.21% ᠪᠠᠷ ᠨᠡᠮᠡᠭᠳᠡᠪᠡ︔ ᠢᠯᠡᠴᠢᠯᠡᠨ ᠮᠡᠳᠡᠭᠦᠯᠦᠯᠲᠡ 32501 ᠬᠤᠪᠢ ᠪᠠᠶᠢᠵᠤ᠂ ᠶᠡᠷᠦᠩᠬᠡᠶ ᠬᠡᠮᠵᠢᠶᠡᠨ ᠤ 8.67% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 12.60% ᠪᠠᠷ ᠨᠡᠮᠡᠭᠳᠡᠪᠡ︔ ᠠᠰᠠᠭᠤᠨ ᠯᠠᠪᠯᠠᠯᠲᠠ199648 ᠬᠤᠪᠢ ᠪᠠᠶᠢᠵᠤ᠂ ᠶᠡᠷᠦᠩᠬᠡᠶ ᠬᠡᠮᠵᠢᠶᠡᠨ ᠤ 53.27% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 8.17 % ᠪᠠᠷ ᠨᠡᠮᠡᠭᠳᠡᠪᠡ᠃ ᠮᠠᠷᠭᠤᠭᠠᠨ ᠲᠠᠢ ᠬᠤᠯᠪᠣᠭᠳᠠᠭᠰᠠᠨ ᠵᠣᠭᠤᠰ ᠤᠨ ᠲᠤᠭ᠎ᠠ 3.02 ᠳ᠋ᠦᠩᠰᠢᠭᠤᠷ ᠲᠥᠭᠦᠷᠢᠭ ᠪᠠᠶᠢᠵᠤ᠂ ᠬᠡᠷᠡᠭᠯᠡᠭᠴᠢᠳ ᠲᠤ 6947.84 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠪᠡ᠃ 2024 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ ᠪᠣᠯᠲᠠᠯ᠎ᠠ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠨᠢᠭᠡᠨᠲᠡ 169674 ᠬᠤᠪᠢ ᠰᠢᠢᠳᠪᠦᠷᠢᠯᠡᠵᠦ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 96.86% ᠳᠤ ᠬᠦᠷᠴᠡᠶ᠃

2023 ᠣᠨ ᠳᠤ ᠪᠥᠬᠦ ᠣᠷᠣᠨ ᠤ 12315 ᠳᠠᠪᠴᠠᠩ ᠤᠨ ᠭᠥᠯᠢᠶᠡᠨ ᠠᠪᠤᠭᠰᠠᠨ ᠬᠡᠮᠵᠢᠶᠡᠨ ᠤ ᠠᠳᠠᠯᠢ ᠬᠤᠭᠤᠴᠠᠭᠠᠨ ᠤ ᠬᠠᠷᠢᠴᠠᠭᠤᠯᠤᠯ ᠤᠨ ᠵᠢᠷᠤᠭ᠄

 

 5.png

 

ᠡᠯ᠎ᠡ ᠠᠶᠢᠮᠠᠭ ᠬᠤᠲᠠ ᠶᠢᠨ ᠰᠢᠢᠳᠪᠦᠷᠢᠯᠡᠭᠰᠡᠨ ᠪᠠᠶᠢᠳᠠᠯ ᠤᠨ ᠲᠤᠭ᠎ᠠ ᠪᠦᠷᠢᠳᠬᠡᠯ ᠤᠨ ᠬᠦᠰᠦᠨᠦᠭᠲᠦ ︵ᠨᠢᠭᠡᠴᠢ᠄ ᠬᠤᠪᠢ︶

 

 6.png

 

7.png

 

    ᠰᠢᠢᠳᠪᠦᠷᠢᠯᠡᠭᠰᠡᠨ ᠶᠡᠷᠦᠩᠬᠡᠢ ᠬᠡᠮᠵᠢᠶ᠎ᠡ ᠶᠢᠨ ᠡᠮᠦᠨ᠎ᠡ ᠭᠤᠷᠪᠠ ᠨᠢ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠪᠣᠯᠣᠨ᠎ᠠ᠃ ᠡᠯ᠎ᠡ ᠵᠦᠢᠯ ᠤᠨ ᠲᠤᠭ᠎ᠠ ᠪᠠᠷᠢᠮᠲᠠ ᠶᠢᠨ ᠳᠣᠲᠣᠷ᠎ᠠ᠂ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠭᠰᠡᠨ ᠬᠡᠮᠵᠢᠶ᠎ᠡ ᠨᠢ ᠡᠮᠦᠨ᠎ᠡ ᠭᠤᠷᠪᠠ ᠳᠤ ᠵᠢᠭᠰᠠᠭᠠᠭᠳᠠᠭᠰᠠᠨ ᠨᠢ ᠴᠥᠮ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠪᠣᠯᠣᠨ᠎ᠠ᠃

ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠳᠠ᠂ ᠪᠠᠶᠠᠨᠨᠠᠭᠤᠷ ᠬᠤᠲᠠ᠂ ᠬᠥᠯᠥᠨ ᠪᠤᠶᠢᠷ ᠬᠤᠲᠠ᠂ ᠦᠬᠠᠶ ᠬᠤᠲᠠ ᠵᠡᠷᠭᠡ ᠭᠠᠵᠠᠷ ᠣᠷᠣᠨ ᠤ ᠬᠡᠷᠡᠭᠯᠡᠭᠡᠨ ᠤ ᠪᠦᠬᠦᠯᠢ ᠴᠣᠭᠴᠠ ᠨᠡᠯᠢᠶᠡᠳ ᠶᠡᠭᠡ᠂ ᠬᠡᠷᠡᠭᠯᠡᠭᠡᠨ ᠤ ᠵᠠᠬ᠎ᠠ ᠳᠡᠯᠭᠡᠭᠦᠷ ᠨᠡᠯᠢᠶᠡᠳ ᠬᠥᠭᠵᠢᠶᠡᠨᠲᠡᠶ ᠪᠠᠶᠢᠵᠤ᠂ ᠪᠤᠶ ᠪᠣᠯᠤᠭᠰᠠᠨ ᠬᠡᠷᠡᠭᠯᠡᠭᠡᠨ ᠤ ᠵᠢᠭᠤᠷᠠᠯᠳᠤᠭᠠᠨ ᠴᠤ ᠨᠡᠯᠢᠶᠡᠳ ᠠᠷᠪᠢᠨ ᠪᠠᠶᠢᠵᠤ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠪᠣᠯᠤᠨ ᠨᠡᠶᠢᠭᠡᠮ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠨᠡᠯᠢᠶᠡᠳ ᠴᠢᠩᠭ᠎ᠠ ᠪᠠᠶᠢᠨ᠎ᠠ᠃ 

    ᠪᠦᠬᠦ ᠵᠢᠯ ᠤᠨ ᠰᠢᠢᠳᠪᠦᠷᠢᠯᠡᠭᠰᠡᠨ ᠬᠡᠮᠵᠢᠶ᠎ᠡ ᠶᠢᠨ ᠰᠠᠷ᠎ᠠ ᠪᠠᠷ ᠪᠦᠷᠢᠳᠭᠡᠭᠰᠡᠨ ᠬᠦᠰᠦᠨᠦᠭᠲᠦ ︵ᠨᠢᠭᠡᠴᠢ᠄ ᠬᠤᠪᠢ︶

 

8.png 

 

ᠪᠦᠬᠦ ᠵᠢᠯ ᠤᠨ ᠰᠢᠢᠳᠪᠦᠷᠢᠯᠡᠭᠰᠡᠨ ᠬᠡᠮᠵᠢᠶᠡᠨ ᠤ ᠰᠠᠷ᠎ᠠ ᠶᠢᠨ ᠬᠠᠨᠳᠤᠰᠢ ᠶᠢᠨ ᠵᠢᠷᠤᠭ᠄

 

9.png

 

    ᠪᠥᠬᠦ ᠵᠢᠯ ᠤᠨ ᠡᠯ᠎ᠡ ᠰᠠᠷ᠎ᠠ ᠳᠤ ᠭᠥᠯᠢᠶᠡᠨ ᠠᠪᠴᠤ ᠰᠢᠢᠳᠪᠦᠷᠢᠯᠡᠭᠰᠡᠨ ᠬᠡᠮᠵᠢᠶᠡᠨ ᠤ ᠬᠠᠨᠳᠤᠰᠢ ᠠᠴᠠ ᠦᠵᠡᠪᠡᠯ᠂ 1 ᠳ᠋ᠦ᠋ᠭᠡᠷ ᠰᠠᠷ᠎ᠠ ᠶᠠᠭ ᠰᠠᠶ᠋ᠢᠬᠠᠨ ᠴᠠᠭᠠᠨ ᠰᠠᠷ᠎ᠠ ᠶᠢᠨ ᠬᠤᠭᠤᠴᠠᠭᠠᠨ ᠳᠤ ᠪᠠᠶᠢᠵᠤ᠂ ᠪᠥᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠩᠭ᠎ᠠ ᠵᠢᠷᠤᠮᠵᠢᠭᠤᠯᠤᠨ᠂ ᠬᠡᠷᠡᠭᠯᠡᠭᠡᠨ ᠤ ᠣᠷᠴᠢᠨ ᠤ ᠨᠥᠬᠦᠴᠡᠯ ᠡᠳᠦᠷ ᠢᠷᠡᠬᠦᠶ᠎ᠡ ᠲᠣᠭᠲᠠᠭᠤᠨ ᠪᠠ ᠡᠷᠡᠭᠦᠯ ᠴᠢᠬᠢᠷᠠᠭᠵᠢᠵᠤ᠂ ᠡᠯ᠎ᠡ ᠵᠦᠢᠯ ᠤᠨ ᠲᠤᠭ᠎ᠠ ᠪᠠᠷᠢᠮᠲᠠ ᠨᠡᠯᠢᠶᠡᠳ ᠪᠠᠭ᠎ᠠ ᠪᠠᠶᠢᠪᠠ︔ 3 ᠳ᠋ᠤᠭᠠᠷ ᠰᠠᠷ᠎ᠠ ᠳᠤ ︽3 · 15︾ ᠤ ᠠᠵᠢᠯᠯᠠᠭ᠎ᠠ ᠶᠢᠨ ᠨᠥᠯᠥᠭᠡ ᠪᠠᠷ᠂ ᠬᠡᠷᠡᠭᠯᠡᠭᠴᠢᠳ 3 ᠳ᠋ᠤᠭᠠᠷ ᠰᠠᠷ᠎ᠠ ᠶᠢᠨ 15 ᠤ ᠬᠤᠭᠤᠴᠠᠭᠠᠨ ᠳᠤ ᠥᠪᠡᠷ ᠤᠨ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠵᠤ᠂ ᠬᠡᠷᠡᠭᠯᠡᠭᠡᠨ ᠤ ᠵᠢᠭᠤᠷᠠᠯᠳᠤᠭᠠᠨ ᠢ ᠰᠢᠢᠳᠪᠦᠷᠢᠯᠡᠬᠦ ᠶᠢ ᠬᠦᠰᠡᠵᠦ᠂ ᠡᠯ᠎ᠡ ᠵᠦᠢᠯ ᠤᠨ ᠲᠤᠭ᠎ᠠ ᠪᠠᠷᠢᠮᠲᠠ ᠶᠡᠭᠡ ᠪᠠᠷ ᠨᠡᠮᠡᠭᠳᠡᠪᠡ︔ 4 ᠳ᠋ᠦ᠋ᠭᠡᠷ ᠰᠠᠷ᠎ᠠ ᠠᠴᠠ ᠬᠤᠶᠢᠰᠢ ᠲᠤᠭ᠎ᠠ ᠪᠠᠷᠢᠮᠲᠠ ᠶᠡᠷᠦᠩᠬᠡᠶ ᠳᠤ ᠪᠠᠨ ᠲᠣᠭᠲᠠᠭᠤᠨ ᠪᠠᠶᠢᠪᠠ᠃ 7᠂ 8 ᠳ᠋ᠤᠭᠠᠷ ᠰᠠᠷ᠎ᠠ ᠶᠠᠭ ᠰᠠᠶ᠋ᠢᠬᠠᠨ ᠵᠣᠨ ᠤ ᠠᠮᠠᠷᠠᠯᠲᠠ ᠶᠢᠨ ᠬᠤᠭᠤᠴᠠᠭ᠎ᠠ ᠪᠠᠶᠢᠵᠤ᠂ ᠭᠠᠳᠠᠭᠰᠢ ᠭᠠᠷᠴᠤ ᠬᠡᠷᠡᠭᠯᠡᠭᠡ ᠬᠢᠬᠦ ᠨᠡᠮᠡᠭᠳᠡᠭᠰᠡᠨ᠂ ᠰᠣᠷᠣᠭᠴᠢ ᠶᠢᠨ ᠣᠯᠠᠩᠬᠢ ᠨᠢ ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠠᠴᠠ ᠵᠠᠭᠠᠯᠳᠤᠯᠭ᠎ᠠ ᠬᠠᠷᠢᠴᠠᠩᠭᠤᠢ ᠣᠯᠠᠰᠢᠷᠠᠪᠠ︔ 11 ᠳ᠋ᠦ᠋ᠭᠡᠷ ᠰᠠᠷ᠎ᠠ ᠳᠤ ᠰᠦᠯᠵᠢᠶᠡᠨ ᠠᠴᠠ ᠬᠤᠳᠠᠯᠳᠤᠨ ᠠᠪᠬᠤ ᠪᠠᠶᠠᠷ ᠤᠨ ᠡᠳᠦᠷ ᠤᠨ ᠨᠥᠯᠥᠭᠡ ᠠᠴᠠ᠂ ᠪᠣᠳᠠᠲᠤ ᠴᠣᠭᠴᠠ ᠶᠢᠨ ᠳᠡᠯᠭᠡᠭᠦᠷ ᠴᠦ ᠬᠤᠶᠢᠨ᠎ᠠ ᠬᠤᠶᠢᠨ᠎ᠠ ᠠᠴᠠ ᠪᠠᠨ ᠬᠠᠷᠠᠭᠠᠯᠵᠠᠯ ᠦᠵᠡᠭᠦᠯᠦᠨ ᠬᠢᠮᠳᠠᠷᠠᠬᠤ ᠠᠵᠢᠯᠯᠠᠭ᠎ᠠ ᠥᠷᠨᠢᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠡᠮᠵᠢᠶ᠎ᠡ ᠢᠯᠡᠳᠲᠡ ᠨᠡᠮᠡᠭᠳᠡᠪᠡ︔ 12 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 12315 ᠬᠠᠯᠠᠮᠰᠢᠯ ᠤᠲᠠᠰᠤᠨ ᠳᠤ ᠲᠦᠰᠢᠭᠯᠡᠨ ᠢᠯᠴᠢ ᠬᠠᠩᠭᠠᠬᠤ ᠦᠢᠯᠡᠴᠢᠯᠡᠭᠡ ᠨᠢ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠤᠯᠪᠤᠭᠳᠠᠯ ᠪᠥᠬᠦᠶ ᠰᠦᠪᠡᠭᠴᠢ ᠶᠢ ᠢᠯᠡ ᠪᠠᠷ ᠴᠤᠭᠯᠠᠭᠤᠯᠵᠤ᠂ ᠠᠰᠠᠭᠤᠨ ᠯᠠᠪᠯᠠᠬᠤ ᠬᠡᠮᠵᠢᠶ᠎ᠡ ᠶᠡᠭᠡ ᠪᠠᠷ ᠨᠡᠮᠡᠭᠳᠡᠪᠡ᠃

    ᠬᠤᠶᠠᠷ᠂ ᠵᠠᠭᠠᠯᠳᠤᠭᠰᠠᠨ ᠪᠠᠶᠢᠳᠠᠯ ᠤᠨ ᠲᠤᠭ᠎ᠠ ᠪᠠᠷᠢᠮᠳᠠ ᠶᠢᠨ ᠪᠦᠷᠢᠳᠬᠡᠯ

    ᠪᠦᠬᠦ ᠵᠢᠯ ᠳᠤ ᠬᠡᠷᠡᠭᠯᠡᠭᠴᠢᠳ ᠤᠨ ᠵᠠᠭᠠᠯᠳᠤᠯᠭ᠎ᠠ ᠶᠢ ᠨᠡᠶᠢᠲᠡ 142668 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 27.21% ᠪᠠᠷ ᠨᠡᠮᠡᠭᠳᠡᠪᠡ᠃ ᠡᠭᠦᠨ ᠳᠤ᠂ ᠲᠠᠸᠠᠷ ᠤᠨ ᠲᠥᠷᠥᠯ ᠳᠤ ᠬᠤᠯᠪᠣᠭᠳᠠᠭᠰᠠᠨ 80037 ᠬᠤᠪᠢ᠂ ᠦᠢᠯᠡᠴᠢᠯᠡᠭᠡᠨ ᠤ ᠲᠥᠷᠥᠯ ᠳᠤ ᠬᠤᠯᠪᠣᠭᠳᠠᠭᠰᠠᠨ 62631 ᠬᠤᠪᠢ ᠪᠠᠶᠢᠨ᠎ᠠ᠃ ᠮᠠᠷᠭᠤᠭᠠᠨ ᠳᠤ ᠬᠤᠯᠪᠣᠭᠳᠠᠭᠰᠠᠨ ᠵᠣᠭᠤᠰ ᠤᠨ ᠲᠤᠭ᠎ᠠ 3.02 ᠳ᠋ᠦᠩᠰᠢᠭᠤᠷ ᠲᠥᠭᠦᠷᠢᠭ ᠲᠤ ᠬᠦᠷᠴᠦ᠂ ᠬᠡᠷᠡᠭᠯᠡᠭᠴᠢᠳ ᠲᠤ 6947.84 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠪᠡ᠃ 2024 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ ᠪᠣᠯᠲᠠᠯ᠎ᠠ 138219 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 96.88% ᠪᠠᠶᠢᠪᠠ᠃

ᠬᠡᠷᠡᠭᠯᠡᠭᠡ ᠬᠢᠭᠰᠡᠨ ᠲᠥᠷᠥᠯ ᠢᠯᠭᠠᠯ ᠢᠶᠠᠷ ᠬᠤᠪᠢᠶᠠᠷᠢᠯᠠᠭᠰᠠᠨ ᠬᠦᠰᠦᠨᠦᠭᠲᠦ ︵ᠨᠢᠭᠡ︶᠂ ︵ᠬᠤᠶᠠᠷ︶᠄

︵ᠨᠢᠭᠡ︶ ᠲᠠᠸᠠᠷ ᠤᠨ ᠲᠥᠷᠥᠯ ᠳᠤ ᠬᠤᠯᠪᠤᠭᠳᠠᠭᠰᠠᠨ ︵ᠨᠢᠭᠡᠴᠢ᠄ ᠬᠤᠪᠢ︶

 

10.png

 

11.png

 

 12.png

 

    ᠲᠠᠸᠠᠷ ᠤᠨ ᠲᠥᠷᠥᠯ ᠤᠨ ᠵᠠᠭᠠᠯᠳᠤᠯᠭ᠎ᠠ ᠠᠳᠠᠯᠢ ᠬᠤᠭᠤᠴᠠᠭᠠᠨ ᠤ ᠬᠢ ᠠᠴᠠ 34.05% ᠪᠠᠷ ᠨᠡᠮᠡᠭᠳᠡᠪᠡ᠃ ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤᠨ ᠪᠠᠶᠢᠷᠢ ᠳᠤ ᠪᠠᠶᠢᠭ᠎ᠠ ᠲᠠᠸᠠᠷ ᠤᠨ ᠶᠡᠭᠡ ᠲᠦᠷᠦᠯ ᠨᠢ ᠲᠤᠰ ᠪᠦᠷᠢ ᠢᠳᠡᠭᠡᠨ ᠤ ᠵᠦᠢᠯ 36471 ᠬᠤᠪᠢ᠂ ᠬᠤᠪᠴᠠᠰᠤ ᠱᠠᠬᠠᠢ ᠮᠠᠯᠠᠭᠠᠢ 7528 ᠬᠤᠪᠢ᠂ ᠵᠠᠮ ᠬᠠᠷᠢᠯᠴᠠᠭᠠᠨ ᠤ ᠪᠠᠭᠠᠵᠢ 5725 ᠬᠤᠪᠢ᠂ ᠭᠡᠷ ᠤᠨ ᠡᠳ᠋ᠯᠡᠯ ᠬᠡᠷᠡᠭᠰᠡᠯ 4332 ᠬᠤᠪᠢ  ᠂ ᠴᠢᠮᠡᠭᠡ ᠬᠤᠯᠪᠣᠭᠠᠨ ᠤ ᠦᠢᠯᠡᠳᠬᠦᠨ 3237 ᠬᠤᠪᠢ ᠪᠠᠶᠢᠪᠠ᠃

    ᠵᠠᠭᠠᠯᠳᠤᠯᠭ᠎ᠠ ᠶᠢᠨ ᠬᠡᠮᠵᠢᠶ᠎ᠡ ᠶᠢᠨ ᠡᠮᠦᠨ᠎ᠡ ᠲᠠᠪᠤ ᠳᠤ ᠪᠠᠶᠢᠭ᠎ᠠ ᠲᠠᠸᠠᠷ ᠤᠨ ᠶᠡᠭᠡ ᠲᠦᠷᠦᠯ ᠤᠨ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ ᠡᠵᠡᠯᠡᠬᠦ ᠬᠠᠷᠢᠴᠠᠯ ᠤᠨ ᠳᠤᠭᠤᠢ ᠬᠡᠯᠪᠡᠷᠢᠲᠦ ᠵᠢᠷᠤᠭ᠄

 

 13.png

 

    ᠵᠠᠭᠠᠯᠳᠤᠯᠭ᠎ᠠ ᠶᠢᠨ ᠬᠡᠮᠵᠢᠶ᠎ᠡ ᠨᠢ ᠨᠢᠭᠡᠳᠦᠭᠡᠷ ᠲᠤ ᠵᠢᠭᠰᠠᠭᠠᠭᠳᠠᠭᠰᠠᠨ ᠢᠳᠡᠭᠡᠨ ᠤ ᠵᠦᠢᠯ 36471 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 45.57% ᠶᠢ ᠡᠵᠡᠯᠡᠪᠡ᠃ ᠲᠤᠰ ᠲᠥᠷᠥᠯ ᠤᠨ ᠵᠠᠭᠠᠯᠳᠤᠯᠭ᠎ᠠ ᠳᠤ᠂ ᠡᠩ ᠤᠨ ᠢᠳᠡᠭᠡᠨ 28241 ᠬᠤᠪᠢ᠂ ᠠᠷᠢᠬᠢ ᠪᠠ ᠤᠮᠳᠠᠭᠠᠨ 4043 ᠬᠤᠪᠢ᠂ ᠢᠳᠡᠰᠢᠨ ᠤ ᠲᠠᠷᠢᠶᠠᠯᠠᠩ ᠤᠨ ᠦᠢᠯᠡᠳᠬᠦᠨ 3209 ᠬᠤᠪᠢ᠂ ᠢᠳᠡᠭᠡᠨ ᠤ ᠬᠤᠯᠪᠤᠭᠳᠠᠯ ᠪᠦᠬᠦᠢ ᠦᠢᠯᠡᠳᠬᠦᠨ 365 ᠬᠤᠪᠢ᠂ ᠡᠷᠡᠭᠦᠯᠵᠢᠯ ᠤᠨ ᠢᠳᠡᠭᠡᠨ 360 ᠬᠤᠪᠢ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ 236 ᠬᠤᠪᠢ᠂ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ 17 ᠬᠤᠪᠢ ᠪᠠᠶᠢᠪᠠ᠃ ᠵᠠᠭᠠᠯᠳᠤᠯᠭ᠎ᠠ ᠨᠢ ᠭᠤᠣᠯᠳᠠᠭᠤ ᠦᠢᠯᠡᠳᠬᠦᠨ ᠤ ᠶᠠᠰᠤ ᠴᠢᠨᠠᠷ ᠪᠣᠯᠣᠨ ᠦᠨ᠎ᠡ ᠬᠠᠩᠰᠢ ᠶᠢᠨ ᠠᠰᠠᠭᠤᠳᠠᠯ ᠢ ᠲᠤᠰᠬᠠᠪᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠬᠤᠶᠠᠳᠤᠭᠠᠷ ᠲᠤ ᠵᠢᠭᠰᠠᠭᠠᠭᠳᠠᠭᠰᠠᠨ ᠬᠤᠪᠴᠠᠰᠤ ᠱᠠᠬᠠᠢ ᠮᠠᠯᠠᠭᠠᠢ ᠶᠢᠨ ᠲᠥᠷᠥᠯ 7528 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 9.41% ᠶᠢ ᠡᠵᠡᠯᠡᠪᠡ᠃ ᠲᠤᠰ ᠲᠦᠷᠦᠯ ᠤᠨ ᠵᠠᠭᠠᠯᠳᠤᠯᠭ᠎ᠠ ᠳᠤ᠂ ᠱᠠᠬᠠᠶ 2 777 ᠬᠤᠪᠢ᠂ ᠭᠠᠳᠠᠷ ᠬᠤᠪᠴᠠᠰᠤ1711 ᠬᠤᠪᠢ᠂ ᠥᠮᠦᠳᠦ 973 ᠬᠤᠪᠢ᠂ ᠬᠠᠨᠵᠢᠶᠠᠷ 394  ᠬᠤᠪᠢ᠂ ᠪᠠᠩᠵᠠᠯ 373 ᠬᠤᠪᠢ᠂ ᠨᠣᠣᠰᠤᠨ ᠴᠠᠮᠴᠠ 239 ᠬᠤᠪᠢ ᠪᠠᠶᠢᠪᠠ᠃ ᠭᠤᠤᠯ ᠠᠰᠠᠭᠤᠳᠠᠯ ᠨᠢ ᠱᠠᠬᠠᠶ ᠬᠠᠭᠠᠷᠠᠬᠤ ᠨᠠᠭᠠᠯᠲᠠ ᠨᠢ ᠰᠠᠯᠬᠤ᠂ ᠬᠤᠪᠴᠠᠰᠤᠨ ᠤ ᠥᠩᠭᠡ ᠨᠢ ᠪᠠᠭᠤᠷᠠᠵᠤ ᠬᠡᠯᠪᠡᠷᠢ ᠨᠢ ᠬᠤᠪᠢᠷᠠᠬᠤ᠂ ᠬᠤᠳᠠᠯᠳᠤᠭᠠᠴᠢᠨ ︽ᠭᠤᠷᠪᠠ ᠶᠢ ᠳᠠᠭᠠᠭᠠᠴᠢᠯᠠᠬᠤ︾ ᠲᠣᠭᠲᠠᠭᠠᠯ ᠢ ᠭᠦᠢᠴᠡᠳᠭᠡᠬᠦ ᠥᠬᠡᠶ ᠵᠢᠴᠢ ᠬᠤᠳᠠᠯᠳᠤᠭᠰᠠᠨ ᠤ ᠳᠠᠷᠠᠭᠠᠬᠢ ᠬᠠᠷᠢᠭᠤᠴᠠᠯᠭ᠎ᠠ ᠶᠢᠨ ᠮᠠᠷᠭᠤᠭᠠᠨ ᠵᠡᠷᠭᠡ ᠪᠣᠯᠤᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠭᠤᠷᠪᠠᠳᠤᠭᠠᠷ ᠲᠤ ᠵᠢᠭᠰᠠᠭᠠᠭᠳᠠᠭᠰᠠᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠲᠥᠷᠥᠯ 5725 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 7.15% ᠶᠢ ᠡᠵᠡᠯᠡᠪᠡ᠃ ᠲᠤᠰ ᠲᠦᠷᠦᠯ ᠤᠨ ᠵᠠᠭᠠᠯᠳᠤᠯᠭ᠎ᠠ ᠳᠤ᠂ ᠮᠠᠰᠢᠨ ᠲᠡᠷᠭᠡ ᠪᠠ ᠮᠠᠰᠢᠨ ᠲᠡᠷᠭᠡᠨ ᠤ ᠰᠡᠯᠪᠢᠭ ᠲᠣᠨᠤᠭ 4461 ᠬᠤᠪᠢ᠂ ᠮᠣᠲ᠋ᠣᠷ ᠲᠡᠷᠭᠡᠨ ᠤ ᠲᠤᠰᠠᠯᠠᠬᠤ ᠬᠦᠴᠦᠨ ᠤ ᠲᠡᠷᠭᠡ 808 ᠬᠤᠪᠢ᠂ ᠳᠤᠭᠤᠢ ᠲᠡᠷᠭᠡ ᠵᠢᠴᠢ ᠰᠡᠯᠪᠢᠭ ᠲᠣᠨᠤᠭ 450 ᠬᠤᠪᠢ ᠪᠠᠶᠢᠪᠠ᠃ ᠲᠤᠰᠬᠠᠯ ᠬᠠᠷᠢᠴᠠᠩᠭᠤᠢ ᠲᠥᠪᠯᠡᠷᠡᠵᠦ ᠪᠠᠶᠢᠭ᠎ᠠ ᠨᠢ ᠮᠠᠰᠢᠨ ᠲᠡᠷᠭᠡ ᠬᠤᠳᠠᠯᠳᠤᠨ ᠠᠪᠤᠭᠰᠠᠨ ᠬᠤᠯᠪᠤᠭᠳᠠᠯ ᠪᠥᠬᠦᠶ ᠭᠡᠷ᠎ᠡ ᠶᠢᠨ ᠮᠠᠷᠭᠤᠭᠠᠨ ᠪᠠᠶᠢᠵᠤ᠂ ᠮᠠᠰᠢᠨ ᠲᠡᠷᠭᠡ ᠶᠢᠨ ︽ᠭᠤᠷᠪᠠ ᠶᠢ ᠳᠠᠭᠠᠭᠠᠴᠢᠯᠠᠬᠤ︾ ᠵᠢᠴᠢ ᠬᠤᠳᠠᠯᠳᠤᠭᠰᠠᠨ ᠤ ᠳᠠᠷᠠᠭ᠎ᠠ ᠰᠡᠯᠪᠢᠨ ᠵᠠᠰᠠᠬᠤ᠂ ᠮᠠᠰᠢᠨ ᠲᠡᠷᠭᠡᠨ ᠤ ᠰᠡᠯᠪᠢᠭ ᠲᠣᠨᠤᠭ ᠤᠨ ᠶᠠᠰᠤ ᠴᠢᠨᠠᠷ ᠤᠨ ᠠᠰᠠᠭᠤᠳᠠᠯ ᠵᠡᠷᠭᠡ ᠪᠣᠯᠣᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠳᠥᠷᠪᠡᠳᠦᠭᠡᠷ ᠲᠤ ᠵᠢᠭᠰᠠᠭᠠᠭᠳᠠᠭᠰᠠᠨ ᠭᠡᠷ ᠤᠨ ᠬᠡᠷᠡᠭᠰᠡᠯ ᠤᠨ ᠲᠥᠷᠥᠯ 4332 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 5.41% ᠶᠢ ᠡᠵᠡᠯᠡᠪᠡ᠃ ᠲᠤᠰ ᠲᠥᠷᠥᠯ ᠤᠨ ᠵᠠᠭᠠᠯᠳᠤᠯᠭ᠎ᠠ ᠳᠤ᠂ ᠭᠡᠷ ᠤᠨ ᠬᠡᠷᠡᠭᠰᠡᠯ 2355 ᠬᠤᠪᠢ᠂ ᠲᠣᠭᠤᠭᠠᠨ ᠭᠡᠷ ᠤᠨ ᠬᠡᠷᠡᠭᠰᠡᠯ 449 ᠬᠤᠪᠢ᠂ ᠨᠢᠳᠦᠨ ᠰᠢᠯ 382 ᠬᠤᠪᠢ᠂ ᠡᠳᠦᠷ ᠲᠤᠲᠤᠮ ᠤᠨ ᠬᠡᠷᠡᠭᠯᠡᠭᠡᠨ ᠤ ᠵᠦᠢᠯ 348 ᠬᠤᠪᠢ᠂ ᠴᠠᠭ 304 ᠬᠤᠪᠢ᠂ ᠠᠪᠳᠠᠷ᠎ᠠ ᠪᠣᠭᠴᠣ 176 ᠬᠤᠪᠢ᠂ ᠣᠷᠣ ᠶᠢᠨ ᠬᠡᠷᠡᠭᠰᠡᠯ 159 ᠬᠤᠪᠢ ᠪᠠᠶᠢᠪᠠ᠃ ᠵᠠᠭᠠᠯᠳᠤᠯᠭ᠎ᠠ ᠶᠢᠨ ᠭᠤᠣᠯ ᠠᠰᠠᠭᠤᠳᠠᠯ ᠨᠢ ᠲᠠᠸᠠᠷ ᠤᠨ ᠶᠠᠰᠤ ᠴᠢᠨᠠᠷ ᠤᠨ ᠮᠠᠷᠭᠤᠭᠠᠨ ᠪᠠᠶᠢᠵᠤ᠂ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠲᠠᠸᠠᠷ ᠬᠠᠩᠭᠠᠵᠤ ᠥᠭᠭᠦᠭᠰᠡᠨ ᠦᠭᠡᠢ᠂ ᠬᠤᠳᠠᠯᠳᠤᠭᠰᠠᠨ ᠤ ᠳᠠᠷᠠᠭᠠᠬᠢ ᠡᠭᠦᠷᠭᠡ ᠶᠢᠨ ᠮᠠᠷᠭᠤᠭᠠᠨ ᠵᠢᠴᠢ ᠵᠠᠬᠢᠶᠠᠯᠠᠭ᠎ᠠ ᠶᠢᠨ ᠮᠥᠩᠭᠦ ᠶᠢ ᠪᠤᠴᠠᠭᠠᠵᠤ ᠥᠭᠬᠦ ᠶᠠᠪᠤᠳᠠᠯ ᠪᠣᠯᠤᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠲᠠᠪᠤᠳᠤᠭᠠᠷ ᠲᠤ ᠵᠢᠭᠰᠠᠭᠠᠭᠳᠠᠭᠰᠠᠨ ᠴᠢᠮᠡᠭᠡ ᠬᠤᠯᠪᠣᠭᠠᠨ ᠤ ᠦᠢᠯᠡᠳᠬᠦᠨ ᠤ ᠲᠥᠷᠥᠯ 3237 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 4.04% ᠶᠢ ᠡᠵᠡᠯᠡᠪᠡ᠃ ᠲᠤᠰ ᠲᠦᠷᠦᠯ ᠤᠨ ᠵᠠᠭᠠᠯᠳᠤᠯᠭ᠎ᠠ ᠳᠤ᠂ ᠰᠢᠯᠵᠢᠮᠡᠯ ᠳ᠋ᠢᠶᠠᠩᠬᠤᠸᠠ ᠵᠢᠴᠢ ᠰᠡᠯᠪᠢᠭ ᠲᠣᠨᠤᠭ 3019 ᠬᠤᠪᠢ᠂ ᠲᠣᠭᠲᠠᠮᠠᠯ ᠳ᠋ᠢᠶᠠᠩᠬᠤᠸᠠ 22 ᠬᠤᠪᠢ᠂ ᠶᠠᠷᠢᠯᠴᠠᠬᠤ ᠮᠠᠰᠢᠨ 6 ᠬᠤᠪᠢ ᠪᠠᠶᠢᠪᠠ᠃ ᠵᠠᠭᠠᠯᠳᠤᠯᠭ᠎ᠠ ᠶᠢᠨ ᠲᠤᠰᠬᠠᠯ ᠨᠡᠯᠢᠶᠡᠳ ᠣᠯᠠᠨ ᠪᠠᠶᠢᠭ᠎ᠠ ᠨᠢ ᠦᠢᠯᠡᠳᠬᠦᠨ ᠤ ᠶᠠᠰᠤ ᠴᠢᠨᠠᠷ ᠵᠢᠴᠢ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠠᠰᠠᠭᠤᠳᠠᠯ ᠪᠣᠯᠣᠨ᠎ᠠ᠃

    ᠪᠥᠬᠦ ᠵᠢᠯ ᠤᠨ ᠲᠠᠸᠠᠷ ᠤᠨ ᠵᠠᠭᠠᠯᠳᠤᠯᠭ᠎ᠠ ᠶᠢᠨ ᠬᠠᠯᠠᠮᠰᠢᠯ ᠴᠡᠭ ᠤᠨ ᠡᠮᠦᠨ᠎ᠡ ᠠᠷᠪᠠ ᠳᠤ ᠪᠠᠶᠢᠭ᠎ᠠ ᠨᠢ ᠡᠩ ᠤᠨ ᠰᠠᠭᠤᠬᠤ ᠲᠡᠷᠭᠡ 3367 ᠬᠤᠪᠢ᠂ ᠭᠠᠷ ᠤᠲᠠᠰᠤ 2703 ᠬᠤᠪᠢ᠂ ᠠᠮᠤ ᠭᠤᠯᠢᠷ ᠵᠢᠴᠢ ᠲᠡᠭᠦᠨ ᠤ ᠦᠢᠯᠡᠳᠬᠦᠨ ︵ᠥᠪᠡᠷ ᠢᠶᠠᠨ ᠦᠢᠯᠡᠳᠦᠭᠰᠡᠨ︶ 2022 ᠬᠤᠪᠢ᠂ ᠮᠢᠬᠠᠨ ᠤ ᠦᠢᠯᠡᠳᠬᠦᠨ ︵ᠥᠪᠡᠷ ᠢᠶᠠᠨ ᠦᠢᠯᠡᠳᠦᠭᠰᠡᠨ︶ 1723 ᠬᠤᠪᠢ᠂ ᠲᠠᠮᠢᠷ ᠤᠨ ᠱᠠᠬᠠᠶ 1392 ᠬᠤᠪᠢ᠂ ᠬᠠᠲᠠᠭᠠᠮᠠᠯ ᠮᠢᠬ᠎ᠠ ᠶᠢᠨ ᠲᠦᠷᠦᠯ 1283 ᠬᠤᠪᠢ᠂ ᠪᠠᠺᠲ᠋ᠧᠷᠢ ᠤᠰᠠᠳᠬᠠᠭᠰᠠᠨ ᠰᠦ 993 ᠬᠤᠪᠢ᠂ ᠣᠨᠴᠠᠭᠠᠶ ᠪᠤᠰᠤ ᠬᠡᠷᠡᠭᠴᠡᠭᠡᠨ ᠤ ᠭᠤᠶᠤᠯᠠᠯ ᠤᠨ ᠡᠳ᠋ 892 ᠬᠤᠪᠢ᠂ ᠡᠩ ᠤᠨ ᠣᠷᠣᠨ ᠰᠠᠭᠤᠴᠠ 822 ᠬᠤᠪᠢ᠂ ᠲᠠᠯᠬ᠎ᠠ 797 ᠬᠤᠪᠢ ︵ᠭᠥᠯᠢᠶᠡᠨ ᠠᠪᠤᠭᠰᠠᠨ ᠬᠡᠮᠵᠢᠶ᠎ᠡ ᠳᠠᠬᠢ ᠪᠤᠶ ᠪᠦᠬᠦᠢ ︽ᠪᠤᠰᠤᠳ︾ ᠢ ᠵᠢᠭᠰᠠᠭᠠᠯᠲᠠ ᠳᠤ ᠪᠤᠳᠤᠵᠤ ᠣᠷᠣᠭᠤᠯᠬᠤ ᠦᠭᠡᠶ︶ ᠪᠠᠶᠢᠵᠤ᠂ ᠬᠤᠳᠠᠯᠳᠤᠭᠠᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 19.98% ᠶᠢ ᠡᠵᠡᠯᠡᠪᠡ᠃

    ︵ᠬᠤᠶᠠᠷ︶ ᠦᠢᠯᠡᠴᠢᠯᠡᠭᠡᠨ ᠤ ᠲᠥᠷᠥᠯ ᠳᠤ ᠬᠤᠯᠪᠤᠭᠳᠠᠭᠰᠠᠨ ︵ᠨᠢᠭᠡᠴᠢ᠄ ᠬᠤᠪᠢ︶

 

14.png

 

 15.png


    ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠠᠳᠠᠯᠢ ᠬᠤᠭᠤᠴᠠᠭᠠᠨ ᠤ ᠬᠢ ᠠᠴᠠ 19.43% ᠪᠠᠷ ᠨᠡᠮᠡᠭᠳᠡᠪᠡ᠃ ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠵᠢᠭᠰᠠᠭᠠᠭᠳᠠᠭᠰᠠᠨ ᠦᠢᠯᠡᠴᠢᠯᠡᠭᠡᠨ ᠤ ᠶᠡᠭᠡ ᠲᠥᠷᠥᠯ ᠲᠣᠰ ᠲᠣᠰ ᠪᠣᠷᠤᠯᠠᠭᠤᠯᠭ᠎ᠠ ᠶᠢᠨ ᠦᠢᠯᠡᠴᠢᠯᠡᠭᠡ 14349 ᠬᠤᠪᠢ᠂ ᠢᠳᠡᠭᠡᠨ ᠤᠮᠳᠠᠭᠠᠨ ᠪᠠ ᠬᠤᠨᠤᠭ ᠤᠨ ᠦᠢᠯᠡᠴᠢᠯᠡᠭᠡ 13504 ᠬᠤᠪᠢ᠂ ᠰᠤᠷᠭᠠᠨ ᠬᠥᠮᠦᠵᠢᠯ ᠪᠣᠯᠪᠠᠰᠤᠷᠠᠯ ᠤᠨ ᠦᠢᠯᠡᠴᠢᠯᠡᠭᠡ 6075 ᠬᠤᠪᠢ᠂ ᠵᠢᠰᠦ ᠭᠤᠶᠣᠯᠠᠵᠤ ᠭᠡᠵᠢᠭᠡ ᠵᠠᠰᠠᠬᠤ ᠤᠬᠢᠶᠠᠯ ᠤᠨ ᠦᠢᠯᠡᠴᠢᠯᠡᠭᠡ 4025 ᠬᠤᠪᠢ᠂ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ 3911 ᠬᠤᠪᠢ ᠪᠠᠶᠢᠪᠠ᠃

    ᠵᠠᠭᠠᠯᠳᠤᠯᠭ᠎ᠠ ᠶᠢᠨ ᠬᠡᠮᠵᠢᠶ᠎ᠡ ᠶᠢᠨ ᠡᠮᠦᠨ᠎ᠡ ᠲᠠᠪᠤ ᠳᠤ ᠪᠠᠶᠢᠭ᠎ᠠ ᠲᠠᠸᠠᠷ ᠤᠨ ᠶᠡᠭᠡ ᠲᠦᠷᠦᠯ ᠤᠨ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ ᠡᠵᠡᠯᠡᠬᠦ ᠬᠠᠷᠢᠴᠠᠯ ᠤᠨ ᠳᠤᠭᠤᠢ ᠬᠡᠯᠪᠡᠷᠢᠲᠦ ᠵᠢᠷᠤᠭ᠄


16.png

 

    ᠵᠠᠭᠠᠯᠳᠤᠯᠭ᠎ᠠ ᠶᠢᠨ ᠬᠡᠮᠵᠢᠶ᠎ᠡ ᠨᠢ ᠨᠢᠭᠡᠳᠦᠭᠡᠷ ᠲᠤ ᠵᠢᠭᠰᠠᠭᠠᠭᠳᠠᠭᠰᠠᠨ ᠪᠣᠷᠣᠯᠠᠭᠤᠯᠭ᠎ᠠ ᠶᠢᠨ ᠦᠢᠯᠡᠴᠢᠯᠡᠭᠡ 14349 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 22.91% ᠶᠢ ᠡᠵᠡᠯᠡᠪᠡ᠃ ᠲᠤᠰ ᠲᠦᠷᠦᠯ ᠤᠨ ᠵᠠᠭᠠᠯᠳᠤᠯᠭ᠎ᠠ ᠳᠤ᠂ ᠤᠷᠢᠳᠴᠢᠯᠠᠨ ᠲᠦᠯᠦᠬᠦ ᠺᠠᠷᠲ ᠤᠨ ᠦᠢᠯᠡᠴᠢᠯᠡᠭᠡ 9848 ᠬᠤᠪᠢ᠂ ᠵᠢᠵᠢᠭᠯᠡᠨ ᠬᠤᠳᠠᠯᠳᠤᠬᠤ ᠦᠢᠯᠡᠴᠢᠯᠡᠭᠡ 1592 ᠬᠤᠪᠢ᠂ ᠤᠷᠢᠳᠴᠢᠯᠠᠨ ᠪᠣᠷᠤᠯᠠᠭᠤᠯᠬᠤ ᠦᠢᠯᠡᠴᠢᠯᠡᠭᠡ 528 ᠬᠤᠪᠢ᠂ ᠢᠨᠲ᠋ᠧᠷ ᠰᠦᠯᠵᠢᠶᠡᠨ ᠤ ᠰᠢᠭᠤᠳ ᠪᠣᠷᠣᠯᠠᠭᠤᠯᠬᠤ ᠦᠢᠯᠡᠴᠢᠯᠡᠭᠡ 489 ᠬᠤᠪᠢ᠂ ᠵᠠᠬᠢᠶᠠᠯᠠᠨ ᠠᠪᠬᠤ ᠦᠢᠯᠡᠴᠢᠯᠡᠭᠡ 422 ᠬᠤᠪᠢ᠂ ᠬᠠᠷᠠᠭᠠᠯᠵᠠᠯ ᠤᠨ ᠺᠠᠷᠲ ᠪᠣᠷᠣᠯᠠᠭᠤᠯᠬᠤ ᠦᠢᠯᠡᠴᠢᠯᠡᠭᠡ 352 ᠬᠤᠪᠢ ᠪᠠᠶᠢᠪᠠ᠃ ᠭᠤᠤᠯ ᠠᠰᠠᠭᠤᠳᠠᠯ ᠨᠢ ᠡᠵᠡᠩᠨᠡᠭᠴᠢ ᠦᠢᠯᠡᠴᠢᠯᠡᠭᠡᠨ ᠤ ᠠᠭᠤᠯᠭ᠎ᠠ ᠪᠠ ᠲᠠᠯᠠᠪᠤᠷ ᠭᠠᠵᠠᠷ ᠢ ᠳᠤᠷ᠎ᠠ ᠪᠠᠷ ᠢᠶᠠᠨ ᠬᠤᠪᠢᠷᠠᠭᠤᠯᠬᠤ ᠵᠡᠷᠭᠡ ᠭᠡᠷ᠎ᠡ ᠳᠤ ᠪᠣᠯᠵᠣᠨ ᠲᠣᠭᠲᠠᠭᠰᠠᠨ ᠵᠦᠢᠯᠡᠰ᠂ ᠡᠵᠡᠩᠨᠡᠭᠴᠢ ᠠᠵᠢᠯ ᠢᠶᠠᠨ ᠵᠣᠭᠰᠣᠭᠠᠭᠰᠠᠨ ᠤ ᠳᠠᠷᠠᠭ᠎ᠠ ᠤᠷᠢᠳᠴᠢᠯᠠᠨ ᠲᠦᠯᠦᠬᠦ ᠮᠦᠩᠬᠦ ᠶᠢ ᠪᠤᠴᠠᠭᠠᠵᠤ ᠥᠭᠬᠦ ᠡᠭᠦᠷᠭᠡ ᠠᠴᠠ ᠵᠠᠶᠢᠯᠠᠭᠰᠠᠨ ᠵᠡᠷᠭᠡ ᠪᠣᠯᠤᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠬᠤᠶᠠᠳᠤᠭᠠᠷ ᠲᠤ ᠵᠢᠭᠰᠠᠭᠠᠭᠳᠠᠭᠰᠠᠨ ᠢᠳᠡᠭᠡᠨ ᠤᠮᠳᠠᠭᠠᠨ ᠪᠠ ᠬᠤᠨᠤᠭ ᠤᠨ ᠦᠢᠯᠡᠴᠢᠯᠡᠭᠡ 13504 ᠬᠤᠪᠢ ᠪᠠᠶᠢᠵᠤ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 21.56% ᠶᠢ ᠡᠵᠡᠯᠡᠪᠡ᠃ ᠲᠤᠰ ᠲᠦᠷᠦᠯ ᠤᠨ ᠵᠠᠭᠠᠯᠳᠤᠯᠭ᠎ᠠ ᠳᠤ᠂ ᠢᠳᠡᠭᠡᠨ ᠤᠮᠳᠠᠭᠠᠨ ᠤ ᠦᠢᠯᠡᠴᠢᠯᠡᠭᠡ 8885 ᠬᠤᠪᠢ᠂ ᠬᠤᠨᠤᠭ ᠤᠨ ᠦᠢᠯᠡᠴᠢᠯᠡᠭᠡ 4619 ᠬᠤᠪᠢ ᠪᠠᠶᠢᠪᠠ᠃ ᠭᠤᠣᠯ ᠠᠰᠠᠭᠤᠳᠠᠯ ᠨᠢ ᠬᠤᠭᠤᠯᠠᠯᠠᠬᠤ ᠵᠢᠴᠢ ᠣᠷᠣᠵᠤ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠡᠯᠪᠡᠷᠢᠵᠢᠭᠰᠡᠨ ᠭᠡᠷ᠎ᠡ᠂ ᠤᠬᠠᠭᠤᠯᠭ᠎ᠠ ᠨᠢ ᠪᠣᠳᠠᠲᠠᠢ ᠲᠠᠢ ᠨᠡᠶᠢᠴᠡᠬᠦ ᠦᠭᠡᠢ᠂ ᠤᠷᠢᠳᠴᠢᠯᠠᠨ ᠲᠥᠯᠦᠬᠦ ᠬᠡᠷᠡᠭᠯᠡᠭᠡᠨ ᠤ ᠵᠢᠭᠤᠷᠠᠯᠳᠤᠭᠠᠨ ᠵᠡᠷᠭᠡ ᠲᠠᠯ᠎ᠠ ᠪᠠᠷ ᠲᠥᠪᠯᠡᠷᠡᠵᠦ ᠪᠠᠶᠢᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠭᠤᠷᠪᠠᠳᠤᠭᠠᠷ ᠲᠤ ᠵᠢᠭᠰᠠᠭᠠᠭᠳᠠᠭᠰᠠᠨ ᠰᠤᠷᠭᠠᠨ ᠬᠥᠮᠦᠵᠢᠯ ᠪᠣᠯᠪᠠᠰᠤᠷᠠᠯ ᠤᠨ ᠦᠢᠯᠡᠴᠢᠯᠡᠭᠡ 6075 ᠬᠤᠪᠢ ᠪᠠᠶᠢᠵᠤ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 9.70% ᠶᠢ ᠡᠵᠡᠯᠡᠪᠡ᠃ ᠲᠤᠰ ᠲᠦᠷᠦᠯ ᠤᠨ ᠵᠠᠭᠠᠯᠳᠤᠯᠭ᠎ᠠ ᠳᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠢᠯᠡᠴᠢᠯᠡᠭᠡ 4230 ᠬᠤᠪᠢ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 914 ᠬᠤᠪᠢ᠂ ᠠᠩᠬ᠎ᠠ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 816 ᠬᠤᠪᠢ᠂ ᠳᠤᠮᠳᠠ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 115 ᠬᠤᠪᠢ ᠪᠠᠶᠢᠪᠠ᠃ ᠲᠤᠰᠬᠠᠭᠰᠠᠨ ᠭᠤᠣᠯ ᠠᠰᠠᠭᠤᠳᠠᠯ ᠨᠢ ᠨᠠᠰᠤᠨ ᠳᠤ ᠬᠦᠷᠦᠭᠰᠡᠳ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠵᠢᠴᠢ ᠬᠡᠦᠬᠡᠳ ᠤᠨ ᠰᠤᠷᠭᠠᠨ ᠬᠥᠮᠦᠵᠢᠯ ᠪᠣᠯᠪᠠᠰᠤᠷᠠᠯ ᠤᠨ ᠬᠢᠴᠢᠶᠡᠯ ᠤᠨ ᠴᠠᠭ ᠤᠨ ᠲᠤᠬᠢᠷᠠᠭᠤᠯᠤᠯᠳᠠ᠂ ᠪᠠᠭᠰᠢ ᠶᠢᠨ ᠬᠦᠴᠦᠨ ᠬᠦᠷᠦᠯᠴᠡᠬᠦ ᠦᠭᠡᠢ᠂ ᠭᠡᠷ᠎ᠡ ᠶᠢ ᠭᠦᠢᠴᠡᠳᠬᠡᠬᠦ ᠶᠢᠨ ᠠᠷᠭ᠎ᠠ ᠦᠭᠡᠢ᠂ ᠬᠢᠴᠢᠶᠡᠯ ᠵᠣᠭᠰᠣᠵᠤ ᠠᠵᠢᠯ ᠢᠶᠠᠨ ᠵᠣᠭᠰᠤᠭᠠᠭᠰᠠᠨ ᠵᠡᠷᠭᠡ ᠠᠴᠠ ᠪᠣᠯᠣᠭᠰᠠᠨ ᠰᠦᠢᠳᠬᠡᠯ ᠪᠤᠴᠠᠭᠠᠬᠤ ᠵᠢᠭᠤᠷᠠᠯᠳᠤᠭᠠᠨ ᠤ ᠪᠠᠶᠢᠳᠠᠯ ᠨᠡᠯᠢᠶᠡᠳ ᠲᠤᠪᠤᠶᠢᠮ᠎ᠠ ᠪᠠᠶᠢᠪᠠ᠃

ᠵᠠᠭᠠᠯᠳᠤᠯᠭ᠎ᠠ ᠶᠢᠨ ᠬᠡᠮᠵᠢᠶ᠎ᠡ ᠨᠢ ᠳᠥᠷᠪᠡᠳᠦᠭᠡᠷ ᠲᠤ ᠵᠢᠭᠰᠠᠭᠠᠭᠳᠠᠭᠰᠠᠨ ᠵᠢᠰᠦ ᠭᠤᠶᠣᠯᠠᠵᠤ ᠭᠡᠵᠢᠭᠡ ᠵᠠᠰᠠᠬᠤ ᠤᠭᠢᠶᠠᠯ ᠤᠨ ᠦᠢᠯᠡᠴᠢᠯᠡᠭᠡ 4025 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 6.43% ᠶᠢ ᠡᠵᠡᠯᠡᠪᠡ᠃ ᠲᠤᠰ ᠲᠦᠷᠦᠯ ᠤᠨ ᠵᠠᠭᠠᠯᠳᠤᠯᠭ᠎ᠠ ᠳᠤ᠂ ᠵᠢᠰᠦ ᠭᠤᠶᠣᠯᠠᠵᠤ ᠭᠡᠵᠢᠭᠡ ᠵᠠᠰᠠᠬᠤ ᠦᠢᠯᠡᠴᠢᠯᠡᠭᠡ 2656 ᠬᠤᠪᠢ᠂ ᠪᠡᠶ᠎ᠡ ᠤᠬᠢᠶᠠᠬᠤ ᠢᠯᠢᠯᠭᠡ ᠵᠠᠰᠠᠯᠭ᠎ᠠ ᠶᠢᠨ ᠦᠢᠯᠡᠴᠢᠯᠡᠭᠡ 1369 ᠬᠤᠪᠢ ᠪᠠᠶᠢᠪᠠ᠃ ᠭᠤᠣᠯ ᠠᠰᠠᠭᠤᠳᠠᠯ ᠨᠢ ᠬᠤᠳᠠᠯ ᠬᠠᠭᠤᠷᠮᠠᠭ ᠤᠬᠠᠭᠤᠯᠭ᠎ᠠ ᠪᠠᠷ ᠦᠢᠯᠡᠴᠢᠯᠡᠭᠡᠨ ᠤ ᠦᠷ᠎ᠡ ᠪᠦᠲᠦᠮᠵᠢ ᠶᠢ ᠶᠡᠬᠡᠰᠬᠡᠵᠦ᠂ ᠬᠡᠷᠡᠭᠯᠡᠭᠴᠢᠳ ᠦᠢᠯᠡᠴᠢᠯᠡᠭᠡ ᠬᠦᠯᠢᠶᠡᠭᠰᠡᠨ ᠤ ᠳᠠᠷᠠᠭ᠎ᠠ ᠬᠡᠪ ᠤᠨ ᠪᠠᠶᠢᠳᠠᠯ ᠪᠣᠰᠤ ᠪᠠᠶᠢᠳᠠᠯ ᠢᠯᠡᠷᠡᠵᠦ᠂ ᠪᠣᠯᠵᠣᠨ ᠲᠣᠭᠲᠠᠭᠰᠠᠨ ᠶᠣᠰᠣᠭᠠᠷ ᠦᠢᠯᠡᠴᠢᠯᠡᠭᠡ ᠬᠠᠩᠭᠠᠭᠰᠠᠨ ᠦᠭᠡᠢ ᠮᠥᠷᠲᠡᠭᠡᠨ ᠡᠵᠡᠩᠨᠡᠯᠲᠡ ᠪᠠᠨ ᠵᠣᠭᠰᠤᠭᠠᠭᠰᠠᠨ ᠤ ᠳᠠᠷᠠᠭ᠎ᠠ ᠤᠷᠢᠳᠴᠢᠯᠠᠨ ᠲᠦᠯᠦᠬᠦ ᠺᠠᠷᠲ᠂ vip ᠺᠠᠷᠲ ᠤᠨ ᠵᠣᠭᠤᠰ ᠵᠡᠷᠭᠡ ᠶᠢ ᠪᠣᠴᠠᠭᠠᠬᠤ ᠶᠢ ᠲᠡᠪᠴᠢᠭᠰᠡᠨ ᠵᠡᠷᠭᠡ ᠬᠡᠷᠡᠭᠯᠡᠭᠡᠨ ᠤ ᠵᠢᠭᠤᠷᠠᠯᠳᠤᠭᠠᠨ ᠪᠣᠯᠣᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠲᠠᠪᠤᠳᠤᠭᠠᠷ ᠲᠤ ᠵᠢᠭᠰᠠᠭᠠᠭᠳᠠᠭᠰᠠᠨ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ 3911 ᠬᠤᠪᠢ ᠪᠠᠶᠢᠵᠤ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 6.24% ᠶᠢ ᠡᠵᠡᠯᠡᠪᠡ᠃ ᠲᠤᠰ ᠲᠦᠷᠦᠯ ᠤᠨ ᠵᠠᠭᠠᠯᠳᠤᠯᠭ᠎ᠠ ᠳᠤ᠂ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ 1718 ᠬᠤᠪᠢ᠂ ᠲᠣᠭᠤᠷᠢᠨ ᠦᠵᠡᠬᠦ ᠵᠤᠭ᠎ᠠ ᠴᠡᠩᠭᠡᠯ ᠤᠨ ᠦᠢᠯᠡᠴᠢᠯᠡᠭᠡ 1186 ᠬᠤᠪᠢ᠂ ᠺᠢᠨᠣ᠋ ᠭᠠᠷᠭᠠᠬᠤ ᠦᠢᠯᠡᠴᠢᠯᠡᠭᠡ 616 ᠬᠤᠪᠢ᠂ ᠲᠣᠭᠯᠠᠯᠲᠠ ᠤᠷᠠᠯᠢᠭ ᠤᠨ ᠦᠢᠯᠡᠴᠢᠯᠡᠭᠡ 359 ᠬᠤᠪᠢ᠂ ᠨᠣᠮ ᠤᠨ ᠰᠠᠩ ᠤᠨ ᠲᠠᠩᠰᠠ ᠡᠪᠬᠡᠮᠡᠯ ᠤᠨ ᠣᠷᠳᠣᠨ ᠤ ᠦᠢᠯᠡᠴᠢᠯᠡᠭᠡ 28 ᠬᠤᠪᠢ᠂ ᠦᠵᠡᠰᠬᠦᠯᠡᠩ ᠤᠨ ᠦᠢᠯᠡᠴᠢᠯᠡᠭᠡ 4 ᠬᠤᠪᠢ ᠪᠠᠶᠢᠪᠠ᠃ ᠭᠤᠣᠯ ᠠᠰᠠᠭᠤᠳᠠᠯ ᠨᠢ ᠡᠵᠡᠩᠨᠡᠭᠴᠢᠳ ᠭᠡᠷ᠎ᠡ ᠶᠢᠨ ᠪᠣᠯᠵᠤᠭ᠎ᠠ ᠠᠴᠠ ᠵᠥᠷᠢᠴᠡᠨ ᠦᠢᠯᠡᠴᠢᠯᠡᠭᠡᠨ ᠤ ᠠᠭᠤᠯᠭ᠎ᠠ᠂ ᠲᠠᠯᠠᠪᠤᠷ ᠭᠠᠵᠠᠷ ᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠭᠡᠷ᠎ᠡ ᠳᠤ ᠪᠣᠯᠵᠣᠨ ᠲᠣᠭᠲᠠᠭᠰᠠᠨ ᠵᠦᠢᠯᠡᠰ ᠢ ᠭᠦᠢᠴᠡᠳᠬᠡᠬᠦ ᠶᠢ ᠲᠡᠪᠴᠢᠬᠦ᠂ ᠡᠵᠡᠩᠨᠡᠭᠴᠢ ᠠᠴᠠ ᠠᠵᠢᠯ ᠢᠶᠠᠨ ᠵᠣᠭᠰᠣᠭᠠᠭᠰᠠᠨ ᠤ ᠳᠠᠷᠠᠭ᠎ᠠ ᠤᠷᠢᠳᠴᠢᠯᠠᠨ ᠲᠦᠯᠦᠬᠦ ᠮᠥᠩᠭᠦ ᠶᠢ ᠪᠤᠴᠠᠭᠠᠵᠤ ᠥᠭᠬᠦ ᠡᠭᠦᠷᠭᠡ ᠠᠴᠠ ᠵᠠᠶᠢᠯᠠᠬᠤ ᠵᠡᠷᠭᠡ ᠠᠰᠠᠭᠤᠳᠠᠯ ᠳᠤ ᠲᠥᠪᠯᠡᠷᠡᠪᠡ᠃

    ᠦᠢᠯᠡᠴᠢᠯᠡᠭᠡᠨ ᠤ ᠵᠠᠭᠠᠯᠳᠤᠯᠭ᠎ᠠ ᠶᠢᠨ ᠬᠠᠯᠠᠮᠰᠢᠯ ᠴᠡᠭ ᠤᠨ ᠡᠮᠦᠨ᠎ᠡ ᠠᠷᠪᠠ ᠳᠤ ᠪᠠᠶᠢᠭ᠎ᠠ ᠨᠢ ᠤᠷᠢᠳᠴᠢᠯᠠᠨ ᠲᠦᠯᠦᠬᠦ ᠺᠠᠷᠲ ᠤᠨ ᠦᠢᠯᠡᠴᠢᠯᠡᠭᠡ 9848 ᠬᠤᠪᠢ᠂ ᠬᠤᠭᠤᠯᠠᠨ ᠭᠡᠷ ᠤᠨ ᠦᠢᠯᠡᠴᠢᠯᠡᠭᠡ 5908 ᠬᠤᠪᠢ᠂ ᠵᠣᠴᠢᠳ ᠤᠨ ᠪᠠᠭᠤᠳᠠᠯ ᠤᠨ ᠬᠠᠨᠤᠭ ᠤᠨ ᠦᠢᠯᠡᠴᠢᠯᠡᠭᠡ 4407 ᠬᠤᠪᠢ᠂ ᠵᠢᠵᠢᠭᠯᠡᠨ ᠬᠤᠳᠠᠯᠳᠤᠬᠤ ᠦᠢᠯᠡᠴᠢᠯᠡᠭᠡ 1592 ᠬᠤᠪᠢ᠂ ᠰᠢᠯᠭᠠᠯᠲᠠ ᠳᠤ ᠦᠢᠯᠡᠴᠢᠯᠡᠬᠦ ᠪᠣᠯᠪᠠᠰᠤᠷᠠᠯ ᠤᠨ ᠦᠢᠯᠡᠴᠢᠯᠡᠭᠡ 1030 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢᠯᠡᠴᠢᠯᠡᠭᠡ 1011 ᠬᠤᠪᠢ᠂ ᠬᠤᠪᠢ ᠬᠥᠮᠥᠨ ᠤ ᠭᠡᠷᠡᠯ ᠵᠢᠷᠤᠭ ᠤᠨ ᠦᠢᠯᠡᠴᠢᠯᠡᠭᠡ 988 ᠬᠤᠪᠢ᠂ ᠵᠢᠯᠣᠭᠤᠴᠢ ᠶᠢᠨ ᠪᠣᠯᠪᠠᠰᠤᠷᠠᠯ ᠤᠨ ᠦᠢᠯᠡᠴᠢᠯᠡᠭᠡ 930 ᠬᠤᠪᠢ᠂ ᠵᠢᠭᠤᠯᠴᠢᠯᠠᠯ ᠤᠨ ᠵᠠᠭᠤᠴᠢ ᠶᠢᠨ ᠦᠢᠯᠡᠴᠢᠯᠡᠭᠡ 871 ᠬᠤᠪᠢ᠂ ᠬᠠᠭᠤᠷᠠᠶ ᠤᠭᠢᠶᠠᠯᠭ᠎ᠠ ᠶᠢᠨ ᠦᠢᠯᠡᠴᠢᠯᠡᠭᠡ 716 ᠬᠤᠪᠢ ︵ᠭᠥᠯᠢᠶᠡᠨ ᠠᠪᠤᠭᠰᠠᠨ ᠬᠡᠮᠵᠢᠶ᠎ᠡ ᠳᠠᠬᠢ ᠪᠤᠶ ᠪᠦᠬᠦᠢ ︽ᠪᠤᠰᠤᠳ︾ ᠢ ᠵᠢᠭᠰᠠᠭᠠᠯᠲᠠ ᠳᠤ ᠪᠣᠳᠣᠵᠤ ᠣᠷᠣᠭᠤᠯᠬᠤ ᠦᠭᠡᠢ︶᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠢ ᠲᠣᠭᠠᠨ ᠤ ᠨᠡᠶᠢᠲᠡ 43.59% ᠶᠢ ᠡᠵᠡᠯᠡᠪᠡ᠃

    ᠵᠠᠭᠠᠯᠳᠤᠯᠭ᠎ᠠ ᠶᠢ ᠬᠦᠯᠢᠶᠡᠨ ᠠᠪᠤᠭᠰᠠᠨ ᠪᠠᠶᠢᠳᠠᠯ ᠢ ᠬᠤᠯᠪᠣᠭᠳᠠᠬᠤ ᠠᠰᠠᠭᠤᠳᠠᠯ ᠤᠨ ᠶᠣᠰᠣᠭᠠᠷ ᠠᠩᠭᠢᠯᠠᠭᠰᠠᠨ ᠵᠢᠷᠤᠭ᠄


17.png

 

    ᠬᠤᠯᠪᠣᠭᠳᠠᠬᠤ ᠠᠰᠠᠭᠤᠳᠠᠯ ᠢᠶᠠᠷ ᠨᠢ ᠲᠥᠷᠥᠯ ᠬᠤᠪᠢᠶᠠᠨ᠂ ᠡᠯᠳᠡᠪ ᠬᠤᠳᠠᠯ ᠬᠠᠭᠤᠷᠮᠠᠭ ᠶᠠᠭᠤᠮ᠎ᠠ ᠬᠤᠯᠢᠬᠤ᠂ ᠬᠠᠭᠤᠷᠮᠠᠭ ᠢᠶᠠᠷ ᠵᠢᠩᠬᠢᠨᠢ ᠶᠢ ᠣᠷᠣᠯᠠᠭᠤᠯᠬᠤ᠂ ᠮᠠᠭᠤ ᠪᠠᠷ ᠰᠠᠶᠢᠨ ᠢ ᠣᠷᠣᠯᠠᠭᠤᠯᠬᠤ᠂ ᠭᠡᠷ᠎ᠡ ᠳᠤ ᠪᠣᠯᠵᠣᠨ ᠲᠣᠭᠲᠠᠭᠰᠠᠨ ᠡᠭᠦᠷᠭᠡ ᠪᠠᠨ ᠭᠦᠢᠴᠡᠳᠬᠡᠬᠦ ᠦᠭᠡᠶ᠂ ᠭᠤᠷᠪᠠ ᠶᠢ ᠳᠠᠭᠠᠭᠠᠴᠢᠯᠠᠬᠤ ᠡᠭᠦᠷᠭᠡ ᠪᠠᠨ ᠭᠦᠢᠴᠡᠳᠬᠡᠬᠦ ᠦᠭᠡᠶ᠂ ᠦᠨ᠎ᠡ ᠬᠠᠩᠰᠢ ᠶᠢᠨ ᠵᠠᠭᠠᠯᠳᠤᠯᠭ᠎ᠠ᠂ ᠠᠮᠤᠷ ᠲᠦᠪᠰᠢᠨ ᠤ ᠳᠠᠯᠳᠠ ᠭᠡᠮ ᠣᠷᠤᠰᠢᠵᠤ ᠪᠠᠶᠢᠬᠤ᠂ ᠬᠤᠳᠠᠯ ᠬᠠᠭᠤᠷᠮᠠᠭ ᠵᠠᠷ ᠮᠡᠳᠡᠭᠡ ᠶᠢ ᠠᠰᠢᠭᠯᠠᠨ ᠬᠡᠷᠡᠭᠯᠡᠭᠴᠢᠳ ᠢ ᠪᠤᠷᠤᠭᠤ ᠪᠠᠷ ᠵᠢᠯᠣᠭᠤᠳᠬᠤ ᠵᠡᠷᠭᠡ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠨ᠎ᠠ᠃

    ᠭᠤᠷᠪᠠ᠂ ᠢᠯᠡᠴᠢᠯᠡᠨ ᠮᠡᠳᠡᠭᠦᠯᠦᠭᠰᠡᠨ ᠪᠠᠶᠢᠳᠠᠯ ᠤᠨ ᠲᠤᠭ᠎ᠠ ᠪᠠᠷᠢᠮᠲᠠ ᠶᠢᠨ ᠲᠤᠭ᠎ᠠ ᠪᠦᠷᠢᠳᠭᠡᠯ

    ᠪᠦᠬᠦ ᠵᠢᠯ ᠳᠤ ᠨᠡᠶᠢᠲᠡ 32501 ᠬᠤᠪᠢ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 12.60% ᠪᠠᠷ ᠨᠡᠮᠡᠭᠳᠡᠪᠡ᠃ ᠡᠭᠦᠨ ᠳᠤ᠂ ᠲᠠᠸᠠᠷ ᠤᠨ ᠲᠥᠷᠥᠯ ᠳᠤ ᠬᠤᠯᠪᠤᠭᠳᠠᠬᠤ 16203 ᠬᠤᠪᠢ ᠪᠣᠢ︔ ᠦᠢᠯᠡᠴᠢᠯᠡᠭᠡᠨ ᠤ ᠲᠥᠷᠥᠯ ᠳᠤ ᠬᠤᠯᠪᠤᠭᠳᠠᠬᠤ16298 ᠬᠤᠪᠢ ᠪᠠᠶᠢᠨ᠎ᠠ᠃ 2023 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ ᠪᠣᠯᠲᠠᠯ᠎ᠠ ᠨᠢᠭᠡᠨᠲᠡ 31457 ᠬᠤᠪᠢ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 96.79% ᠪᠠᠶᠢᠪᠠ᠃

    ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠬᠡᠮᠵᠢᠶ᠎ᠡ ᠨᠢ ᠡᠮᠦᠨ᠎ᠡ ᠲᠠᠪᠤ ᠳᠤ ᠵᠢᠭᠰᠠᠭᠠᠭᠳᠠᠭᠰᠠᠨ ᠲᠠᠸᠠᠷ᠂ ᠦᠢᠯᠡᠴᠢᠯᠡᠭᠡ ᠶᠢ ᠠᠩᠭᠢᠯᠠᠭᠰᠠᠨ ᠬᠦᠰᠦᠨᠦᠭᠲᠦ᠄

 

18.png

 

    ᠲᠠᠸᠠᠷ ᠤᠨ ᠲᠥᠷᠥᠯ ᠤᠨ ᠢᠯᠡᠴᠢᠯᠡᠨ ᠮᠡᠳᠡᠭᠦᠯᠦᠯᠲᠡ ᠳᠤ ᠂ ᠢᠳᠡᠭᠡᠨ ᠤ ᠲᠥᠷᠥᠯ ᠨᠢ 8719 ᠬᠤᠪᠢ ᠪᠠᠷ ᠲᠦᠷᠦᠭᠦᠨ ᠳᠤ ᠵᠢᠭᠰᠠᠭᠠᠭᠳᠠᠵᠤ᠂ ᠲᠠᠸᠠᠷ ᠤᠨ ᠲᠥᠷᠥᠯ ᠤᠨ ᠢᠯᠡᠴᠢᠯᠡᠨ ᠮᠡᠳᠡᠭᠦᠯᠦᠯᠲᠡ ᠶᠢᠨ 53.81% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 45.39% ᠪᠠᠷ ᠨᠡᠮᠡᠭᠳᠡᠪᠡ᠃ ᠢᠯᠡᠴᠢᠯᠡᠨ ᠮᠡᠳᠡᠭᠦᠯᠦᠯᠲᠡ ᠨᠢ ᠭᠤᠤᠯᠳᠠᠭᠤ ᠢᠳᠡᠭᠡᠨ ᠤᠮᠳᠠᠭᠠᠨ᠂ ᠮᠢᠬᠠᠨ ᠦᠢᠯᠡᠳᠬᠦᠨ᠂ ᠤᠮᠳᠠᠭᠠᠨ᠂ ᠴᠠᠭᠠᠨ ᠢᠳᠡᠭᠡ᠂ ᠮᠠᠯ ᠵᠢᠭᠦᠷᠲᠡᠨ ᠤ ᠮᠢᠬ᠎ᠠ ᠵᠢᠴᠢ ᠲᠤᠰᠠᠯᠠᠬᠤ ᠦᠢᠯᠡᠳᠬᠦᠨ᠂ ᠠᠮᠤ ᠪᠤᠳᠠᠭ᠎ᠠ ᠶᠢᠨ ᠡᠳ᠋ᠰᠢᠭᠦᠯᠦᠭᠰᠡᠨ ᠦᠢᠯᠡᠳᠬᠦᠨ᠂ ᠠᠷᠢᠬᠢᠨ ᠤ ᠵᠦᠢᠯ ᠵᠡᠷᠭᠡ ᠳᠤ ᠬᠤᠯᠪᠣᠭᠳᠠᠵᠤ᠂ ᠭᠤᠤᠯᠳᠠᠭᠤ ᠵᠠᠷ ᠮᠡᠳᠡᠭᠡ᠂ ᠦᠨ᠎ᠡ ᠬᠠᠩᠰᠢ᠂ ᠶᠠᠰᠤ ᠴᠢᠨᠠᠷ᠂ ᠲᠠᠸᠠᠷ ᠤᠨ ᠱᠤᠰᠢᠭ᠎ᠠ ᠂ ᠵᠢᠩ ᠳᠤᠲᠠᠭᠤ ᠵᠡᠷᠭᠡ ᠠᠰᠠᠭᠤᠳᠠᠯ ᠳᠤ ᠬᠤᠯᠪᠣᠭᠳᠠᠵᠠᠶ᠃ ᠪᠤᠰᠤᠳ ᠢᠯᠡᠴᠢᠯᠡᠨ ᠮᠡᠳᠡᠭᠦᠯᠦᠭᠰᠡᠨ ᠢᠶᠠᠷ ᠨᠡᠯᠢᠶᠡᠳ ᠠᠷᠪᠢᠨ ᠪᠠᠶᠢᠭ᠎ᠠ ᠲᠠᠸᠠᠷ ᠲᠤ ᠣᠨᠴᠠᠭᠠᠶ ᠪᠤᠰᠤ ᠬᠡᠷᠡᠭᠴᠡᠭᠡᠨ ᠤ ᠭᠤᠶᠤᠯᠠᠯ ᠤᠨ ᠡᠳ᠋᠂ ᠬᠢᠲᠠᠳ ᠧᠦ᠋ᠷᠣᠫᠠ ᠪᠡᠯᠡᠨ ᠡᠮ᠂ ᠮᠠᠰᠢᠨ ᠲᠡᠷᠭᠡ ᠵᠢᠴᠢ ᠮᠠᠰᠢᠨ ᠲᠡᠷᠭᠡᠨ ᠤ ᠰᠡᠯᠪᠢᠭ ᠲᠣᠨᠤᠭ᠂ ᠡᠳᠦᠷ ᠲᠤᠲᠤᠮ ᠤᠨ ᠬᠡᠷᠡᠭᠰᠡᠯ᠂ ᠬᠢᠲᠠᠳ ᠪᠡᠯᠡᠨ ᠡᠮ᠂ ᠲᠠᠸᠠᠷ ᠤᠨ ᠭᠡᠷ᠂ ᠴᠠᠬᠢᠯᠭᠠᠨ ᠱᠠᠲᠤ᠂ ᠨᠠᠪᠴᠢᠨ ᠲᠠᠮᠠᠬᠢ ᠵᠡᠷᠭᠡ ᠪᠠᠭᠲᠠᠨ᠎ᠠ᠂ ᠭᠤᠤᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠥᠬᠡᠶ ᠡᠵᠡᠩᠨᠡᠯᠲᠡ᠂ ᠲᠠᠸᠠᠷ ᠤᠨ ᠱᠤᠰᠢᠭ᠎ᠠ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ ᠳᠤ ᠬᠤᠯᠪᠤᠭᠳᠠᠪᠠ ᠃

    ᠦᠢᠯᠡᠴᠢᠯᠡᠭᠡᠨ ᠤ ᠲᠥᠷᠥᠯ ᠤᠨ ᠢᠯᠡᠴᠢᠯᠡᠨ ᠮᠡᠳᠡᠭᠦᠯᠦᠯᠲᠡ ᠳᠤ᠂ ᠢᠳᠡᠭᠡᠨ ᠤᠮᠳᠠᠭᠠᠨ ᠪᠠ ᠬᠤᠨᠤᠭ ᠤᠨ ᠦᠢᠯᠡᠴᠢᠯᠡᠭᠡᠨ ᠤ ᠲᠥᠷᠥᠯ ᠨᠢ 4559 ᠬᠤᠪᠢ ᠪᠠᠷ ᠲᠦᠷᠦᠭᠦᠨ ᠳᠤ ᠵᠢᠭᠰᠠᠭᠠᠭᠳᠠᠵᠤ᠂ ᠦᠢᠯᠡᠴᠢᠯᠡᠭᠡᠨ ᠤ ᠲᠥᠷᠥᠯ ᠤᠨ ᠢᠯᠡᠴᠢᠯᠡᠨ ᠮᠡᠳᠡᠭᠦᠯᠦᠯᠲᠡ ᠶᠢᠨ 27.97% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 45.65% ᠪᠠᠷ ᠨᠡᠮᠡᠭᠳᠡᠪᠡ᠃ ᠢᠯᠡᠴᠢᠯᠡᠨ ᠮᠡᠳᠡᠭᠦᠯᠦᠯᠲᠡ ᠶᠢᠨ ᠭᠤᠤᠯ ᠠᠰᠠᠭᠤᠳᠠᠯ ᠨᠢ ᠶᠠᠰᠤ ᠴᠢᠨᠠᠷ᠂ ᠠᠮᠤᠷ ᠲᠦᠪᠰᠢᠨ᠂ ᠦᠨᠡᠮᠯᠡᠯ ᠦᠭᠡᠢ ᠡᠵᠡᠩᠨᠡᠯᠲᠡ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠭᠰᠡᠨ ᠢᠶᠠᠷ ᠨᠡᠯᠢᠶᠡᠳ ᠠᠷᠪᠢᠨ ᠪᠠᠶᠢᠭ᠎ᠠ ᠦᠢᠯᠡᠴᠢᠯᠡᠭᠡ ᠨᠢ ᠭᠤᠤᠯᠳᠠᠭᠤ ᠡᠮᠨᠡᠯᠭᠡ ᠶᠢᠨ ᠬᠤᠷᠢᠶᠠᠨ ᠤ ᠦᠢᠯᠡᠴᠢᠯᠡᠭᠡ᠂ ᠵᠢᠵᠢᠭᠯᠡᠨ ᠬᠤᠳᠠᠯᠳᠤᠬᠤ ᠦᠢᠯᠡᠴᠢᠯᠡᠭᠡ  ᠂ ᠵᠢᠰᠦ ᠭᠤᠶᠣᠯᠠᠵᠤ ᠦᠰᠦ ᠵᠠᠰᠠᠬᠤ ᠦᠢᠯᠡᠴᠢᠯᠡᠭᠡ  ᠂ ᠬᠡᠯᠪᠡᠷᠢᠵᠢᠭᠦᠯᠬᠦ ᠦᠢᠯᠡᠴᠢᠯᠡᠭᠡ  ᠂ ᠡᠵᠡᠩᠨᠡᠯᠲᠡ ᠶᠢᠨ ᠪᠤᠰᠤ ᠴᠢᠨᠠᠷᠲᠠᠶ ᠢᠨᠲ᠋ᠧᠷ ᠰᠦᠯᠵᠢᠶᠡᠨ ᠤ ᠦᠢᠯᠡᠴᠢᠯᠡᠭᠡ᠂ ᠲᠣᠭᠤᠷᠢᠨ ᠦᠵᠡᠬᠦ ᠵᠤᠭ᠎ᠠ ᠴᠡᠩᠭᠡᠯ ᠤᠨ ᠦᠢᠯᠡᠴᠢᠯᠡᠭᠡ᠂ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠢᠯᠡᠴᠢᠯᠡᠭᠡ᠂ ᠤᠬᠢᠶᠠᠯᠭ᠎ᠠ ᠢᠯᠢᠵᠦ ᠨᠤᠬᠤᠯᠠᠬᠤ ᠦᠢᠯᠡᠴᠢᠯᠡᠭᠡ ᠵᠡᠷᠭᠡ ᠳᠤ ᠬᠤᠯᠪᠣᠭᠳᠠᠵᠤ᠂ ᠭᠤᠤᠯ ᠠᠰᠠᠭᠤᠳᠠᠯ ᠨᠢ ᠦᠨᠡᠮᠯᠡᠯ ᠥᠬᠡᠶ ᠡᠵᠡᠩᠨᠡᠯᠲᠡ᠂ ᠬᠤᠳᠠᠯ ᠬᠠᠭᠤᠷᠮᠠᠭ ᠵᠠᠷ ᠮᠡᠳᠡᠭᠡᠨ ᠤ ᠤᠬᠠᠭᠤᠯᠭ᠎ᠠ᠂ ᠦᠢᠯᠡᠴᠢᠯᠡᠭᠡᠨ ᠤ ᠶᠠᠰᠤ ᠴᠢᠨᠠᠷ ᠮᠠᠭᠤ ᠪᠠ ᠬᠡᠷᠡᠭᠯᠡᠭᠴᠢᠳ ᠢ ᠮᠡᠬᠡᠯᠡᠭᠰᠡᠨ ᠠᠵᠢᠯᠯᠠᠭ᠎ᠠ ᠪᠣᠯᠤᠨ᠎ᠠ᠃

    ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠪᠠᠶᠢᠳᠠᠯ ᠢ ᠬᠤᠯᠪᠣᠭᠳᠠᠬᠤ ᠠᠰᠠᠭᠤᠳᠠᠯ ᠤᠨ ᠶᠣᠰᠣᠭᠠᠷ ᠲᠥᠷᠥᠯ ᠠᠩᠭᠢᠯᠠᠭᠰᠠᠨ ᠵᠢᠷᠤᠭ᠄

 

19.png


    ᠬᠤᠯᠪᠣᠭᠳᠠᠬᠤ ᠠᠰᠠᠭᠤᠳᠠᠯ ᠢᠶᠠᠷ ᠨᠢ ᠲᠥᠷᠥᠯ ᠠᠩᠭᠢᠯᠠᠵᠤ᠂ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ᠂ ᠵᠠᠷ ᠮᠡᠳᠡᠭᠡ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠵᠢᠴᠢ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠦᠢᠯᠡ ᠠᠵᠢᠯᠯᠠᠭ᠎ᠠ ᠶᠢᠨ ᠠᠰᠠᠭᠤᠳᠠᠯ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ᠂ ᠵᠦᠢ ᠶᠣᠰᠣᠨ ᠤ ᠪᠤᠰᠤ ᠥᠷᠢᠰᠥᠯᠳᠦᠭᠡᠨ᠂ ᠦᠢᠯᠡᠳᠬᠦᠨ ᠤ ᠶᠠᠰᠤ ᠴᠢᠨᠠᠷ ᠂ ᠳᠠᠩᠰᠠᠯᠠᠨ ᠬᠠᠮᠢᠶᠠᠷᠬᠤ ᠦᠢᠯᠡ ᠠᠵᠢᠯᠯᠠᠭ᠎ᠠ᠂ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠡᠮ ᠤᠨ ᠵᠦᠢᠯ ᠤᠨ ᠠᠰᠠᠭᠤᠳᠠᠯ ᠵᠡᠷᠭᠡ ᠨᠡᠯᠢᠶᠡᠳ ᠲᠣᠪᠤᠶᠢᠮ᠎ᠠ ᠪᠠᠶᠢᠨ᠎ᠠ᠃

    ᠳᠥᠷᠪᠡ᠂ ᠠᠰᠠᠭᠤᠨ ᠯᠠᠪᠯᠠᠯᠲᠠ ᠶᠢᠨ ᠪᠠᠶᠢᠳᠠᠯ ᠤᠨ ᠲᠤᠭ᠎ᠠ ᠪᠠᠷᠢᠮᠲᠠ ᠶᠢᠨ ᠪᠦᠷᠢᠳᠬᠡᠯ

    2023 ᠣᠨ ᠳᠤ ᠠᠰᠠᠭᠤᠨ ᠯᠠᠪᠯᠠᠯᠲᠠ ᠶᠢ ᠨᠡᠶᠢᠲᠡ 199648 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 8.17 % ᠪᠠᠷ ᠨᠡᠮᠡᠭᠳᠡᠵᠡᠶ᠂ ᠡᠭᠦᠨ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠬᠤᠯᠪᠣᠭᠳᠠᠭᠰᠠᠨ 17254 ᠬᠤᠪᠢ ᠪᠠᠶᠢᠵᠤ᠂ ᠠᠰᠠᠭᠤᠨ ᠯᠠᠪᠯᠠᠭᠰᠠᠨ ᠬᠡᠮᠵᠢᠶ᠎ᠡ ᠪᠠᠷ ᠨᠡᠯᠢᠶᠡᠳ ᠶᠡᠭᠡ ᠠᠰᠠᠭᠤᠳᠠᠯ ᠨᠢ᠄ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠭᠰᠡᠨ11103 ᠬᠤᠪᠢ᠂ ᠦᠢᠯᠡᠳᠬᠦᠨ ︵ᠲᠠᠸᠠᠷ︶ ᠤ ᠶᠠᠰᠤ ᠴᠢᠨᠠᠷ 792 ᠬᠤᠪᠢ᠂ ᠦᠢᠯᠡᠴᠢᠯᠡᠭᠡᠨ ᠤ ᠬᠡᠷᠡᠭᠯᠡᠭᠡᠨ ᠤ ᠬᠢᠨᠠᠯᠲᠠ ᠬᠠᠮᠢᠶᠠᠷᠤᠯᠲᠠ 693 ᠬᠤᠪᠢ᠂ ᠢᠳᠡᠭᠡᠨ ᠤ ᠬᠢᠨᠠᠯᠲᠠ ᠬᠠᠮᠢᠶᠠᠷᠤᠯᠲᠠ 250 ᠬᠤᠪᠢ᠂ ᠰᠦᠯᠵᠢᠶᠡᠨ ᠤ ᠠᠷᠠᠯᠵᠢᠶᠠᠨ ᠤ ᠬᠢᠨᠠᠯᠲᠠ ᠬᠠᠮᠢᠶᠠᠷᠤᠯᠲᠠ 218 ᠬᠤᠪᠢ ᠪᠠᠶᠢᠵᠤ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠮᠡᠳᠡᠯᠭᠡ 73635 ᠬᠤᠪᠢ ᠪᠣᠶ᠃ ᠪᠤᠰᠤᠳ ᠰᠠᠯᠠᠭ᠎ᠠ ᠮᠥᠴᠢᠷ ᠤᠨ ᠠᠰᠠᠭᠤᠨ ᠯᠠᠪᠯᠠᠯᠲᠠ ᠨᠢ ᠭᠤᠤᠯᠳᠠᠭᠤ ᠡᠷᠡᠭᠦᠯ ᠬᠠᠮᠠᠭᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ᠂ ᠰᠢᠦᠳᠠᠨ᠂ ᠭᠠᠶᠢᠯᠢ ᠶᠢᠨ ᠶᠠᠪᠤᠳᠠᠯ᠂ ᠢᠯᠴᠢ ᠬᠠᠩᠭᠠᠯᠭ᠎ᠠ᠂ ᠤᠰᠤ ᠬᠠᠩᠭᠠᠯᠭ᠎ᠠ᠂ ᠴᠠᠬᠢᠯᠭᠠᠨ ᠬᠠᠩᠭᠠᠯᠭ᠎ᠠ᠂ ᠠᠳᠠᠯ ᠠᠬᠤᠶ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠳᠤ ᠬᠤᠯᠪᠣᠭᠳᠠᠨ᠎ᠠ᠃

    ᠲᠠᠪᠤ᠂ ᠶᠡᠷᠦᠩᠬᠡᠢ ᠵᠠᠳᠠᠯᠤᠯᠲᠠ ᠶᠢᠨ ᠰᠠᠨᠠᠭᠤᠯᠭ᠎ᠠ

    ︵ᠨᠢᠭᠡ︶ 2023 ᠣᠨ ᠳᠤ ᠪᠥᠬᠦ ᠣᠷᠣᠨ ᠤ ᠬᠡᠷᠡᠭᠯᠡᠭᠴᠢᠳ ᠤᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠢᠯᠡᠳᠲᠡ ᠨᠡᠮᠡᠭᠳᠡᠪᠡ

    2023 ᠣᠨ ᠳᠤ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠷᠡᠭᠯᠡᠭᠴᠢᠳ ᠤᠨ ᠠᠰᠠᠭᠤᠨ ᠯᠠᠪᠯᠠᠯᠲᠠ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠭᠰᠠᠨ ᠨᠢ ᠢᠯᠡᠳᠲᠡ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 15.12% ᠢᠶᠠᠷ ᠨᠡᠮᠡᠭᠳᠡᠵᠦ᠂ ᠢᠯᠡᠴᠢᠯᠡᠨ ᠮᠡᠳᠡᠭᠦᠯᠦᠯᠲᠡ ᠨᠢ ᠠᠳᠠᠯᠢ ᠬᠤᠭᠤᠴᠠᠭᠠᠨ ᠤ ᠬᠢ ᠠᠴᠠ 12.60% ᠪᠠᠷ ᠨᠡᠮᠡᠭᠳᠡᠵᠦ᠂ ᠭᠤᠣᠯ ᠰᠢᠯᠲᠠᠭᠠᠨ ᠨᠢ ᠨᠢᠭᠡ ᠳᠤ᠂ ᠬᠢᠵᠢᠭ ᠤᠨ ᠪᠠᠶᠢᠳᠠᠯ ᠢ ᠪᠥᠬᠦ ᠲᠠᠯ᠎ᠠ ᠪᠠᠷ ᠴᠢᠯᠦᠭᠡᠲᠡᠢ ᠪᠣᠯᠭᠠᠭᠰᠠᠨ ᠤ ᠳᠠᠷᠠᠭ᠎ᠠ᠂ ᠠᠵᠤ ᠠᠬᠤᠢ ᠶᠢᠨ ᠰᠡᠷᠭᠦᠯᠲᠡ ᠶᠢᠨ ᠪᠠᠶᠢᠳᠠᠯ ᠰᠠᠶᠢᠵᠢᠷᠠᠵᠤ᠂ ᠬᠡᠷᠡᠭᠯᠡᠭᠴᠢᠳ ᠤᠨ ᠪᠠᠷᠠᠭ᠎ᠠ ᠬᠤᠳᠠᠯᠳᠤᠨ ᠠᠪᠬᠤ ᠳᠤᠷ᠎ᠠ ᠬᠦᠰᠡᠯ ᠳᠡᠭᠡᠭᠰᠢᠯᠡᠨ᠂ ᠡᠳᠦᠷ ᠲᠤᠲᠤᠮ ᠤᠨ ᠪᠠᠷᠠᠭ᠎ᠠ ᠬᠤᠳᠠᠯᠳᠤᠨ ᠠᠪᠬᠤ᠂ ᠵᠢᠭᠤᠯᠴᠢᠯᠠᠯ᠂ ᠭᠠᠳᠠᠭᠰᠢ ᠭᠠᠷᠬᠤ ᠠᠵᠢᠯᠯᠠᠭ᠎ᠠ ᠢᠯᠡᠳᠲᠡ ᠨᠡᠮᠡᠭᠳᠡᠵᠦ᠂ ᠬᠤᠯᠪᠤᠭᠳᠠᠯ ᠪᠦᠬᠦᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠨᠡᠮᠡᠭᠳᠡᠭᠦᠯᠪᠡ︔ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ 12315 ᠤᠲᠠᠰᠤ ᠠᠪᠬᠤ ᠲᠠᠪᠴᠠᠩ ᠢ 24 ᠴᠠᠭ ᠢᠶᠠᠷ ᠬᠥᠮᠥᠨ ᠤ ᠬᠦᠴᠦ ᠪᠠᠷ ᠵᠢᠵᠢᠭᠦᠷᠯᠡᠨ ᠰᠠᠬᠢᠵᠤ᠂ ᠵᠠᠭᠠᠯᠳᠤᠯᠭ᠎ᠠ ᠢᠯᠡᠴᠢᠯᠡᠨ᠂ ᠮᠡᠳᠡᠭᠦᠯᠦᠯᠲᠡ ᠶᠢ ᠴᠠᠭ ᠲᠤᠬᠠᠢ ᠳᠤ ᠨᠢ ᠪᠦᠲᠦᠮᠵᠢᠲᠡᠶ ᠪᠣᠯᠭᠠᠬᠤ ᠶᠢ ᠪᠠᠲᠤᠯᠠᠪᠠ︔ ᠭᠤᠷᠪᠠ ᠳᠤ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠥᠪᠡᠷ ᠢᠶᠠᠨ ᠸᠢᠴᠠᠲ ᠤᠨ ᠵᠢᠵᠢᠭ ᠫᠷᠤᠭ᠍ᠷᠠᠮ᠂ ᡁᠢ ᠹᠦ᠋ ᠪᠣᠣ ᠶᠢᠨ ᠵᠢᠵᠢᠭ ᠫᠷᠤᠭ᠍ᠷᠠᠮ ᠵᠢᠴᠢ APP ᠵᠡᠷᠭᠡ ᠣᠯᠠᠨ ᠠᠷᠭ᠎ᠠ ᠵᠠᠮ ᠢᠶᠠᠷ ᠪᠥᠬᠦ ᠤᠯᠤᠰ ᠤᠨ 12315 ᠲᠠᠪᠴᠠᠩ ᠳᠤ ᠵᠠᠭᠠᠯᠳᠤᠵᠤ ᠢᠯᠡᠴᠢᠯᠡᠨ ᠮᠡᠳᠡᠭᠦᠯᠬᠦ ᠮᠡᠳᠡᠭᠡ ᠵᠠᠩᠭᠢ ᠶᠢ ᠲᠤᠰᠢᠶᠠᠵᠤ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠪᠡᠶ᠎ᠡ ᠪᠠᠨ ᠳᠠᠭᠠᠭᠠᠭᠰᠠᠨ ᠴᠢᠨᠠᠷ᠂ ᠳᠥᠭᠦᠮ ᠳᠥᠲᠡ ᠴᠢᠨᠠᠷ ᠢ ᠳᠡᠭᠡᠭᠰᠢᠯᠡᠭᠦᠯᠪᠡ᠃

    ︵ᠬᠤᠶᠠᠷ︶ ᠲᠠᠸᠠᠷ ᠤᠨ ᠦᠢᠯᠡᠴᠢᠯᠡᠭᠡᠨ ᠤ ᠢᠯᠡᠴᠢᠯᠡᠨ ᠮᠡᠳᠡᠭᠦᠯᠦᠯᠲᠡ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠪᠠ

    2023 ᠣᠨ ᠤ ᠲᠠᠸᠠᠷ ᠤᠨ ᠶᠡᠭᠡ ᠲᠥᠷᠥᠯ ᠤᠨ ᠵᠠᠭᠠᠯᠳᠤᠯᠭ᠎ᠠ ᠳᠤ᠂ ᠵᠠᠭᠠᠯᠳᠤᠯᠭ᠎ᠠ ᠶᠢᠨ ᠬᠡᠮᠵᠢᠶ᠎ᠡ ᠨᠢ ᠲᠦᠷᠦᠭᠦᠤ 5 ᠨᠡᠷᠡᠰ ᠲᠤ ᠵᠢᠭᠰᠠᠭᠠᠭᠳᠠᠭᠰᠠᠨ ᠲᠠᠸᠠᠷ ᠤᠨ ᠶᠡᠭᠡ ᠲᠥᠷᠥᠯ ᠨᠢ ᠨᠢᠳᠤᠨᠤᠨ ᠤ ᠬᠢ ᠲᠠᠢ ᠵᠢᠭᠠᠬᠠᠨ ᠠᠳᠠᠯᠢ ᠦᠭᠡᠢ ᠪᠠᠶᠢᠵᠤ᠂ ᠢᠳᠡᠭᠡᠨ ᠤ ᠲᠥᠷᠥᠯ ᠤᠨ ᠵᠠᠭᠠᠯᠳᠤᠯᠭ᠎ᠠ ᠢᠮᠠᠭᠲᠠ ᠲᠡᠷᠢᠭᠦᠨ ᠪᠠᠶᠢᠷᠢᠨ ᠳᠤ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 57.51% ᠪᠠᠷ ᠨᠡᠮᠡᠭᠳᠡᠨ᠂ ᠭᠤᠣᠯ ᠠᠰᠠᠭᠤᠳᠠᠯ ᠨᠢ ᠢᠳᠡᠭᠡᠨ ᠤ ᠵᠦᠢᠯ ᠤᠨ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠨᠢ ᠬᠤᠪᠢᠷᠠᠭᠰᠠᠨ᠂ ᠣᠨᠳᠣᠣ ᠪᠣᠳᠠᠰ᠂ ᠬᠤᠳᠠᠯ ᠬᠠᠭᠤᠷᠮᠠᠭ ᠤᠬᠠᠭᠤᠯᠭ᠎ᠠ᠂ ᠦᠨ᠎ᠡ ᠬᠠᠩᠰᠢ ᠵᠢᠴᠢ ᠢᠳᠡᠭᠡᠨ ᠤ ᠵᠦᠢᠯ ᠤᠨ ᠪᠦᠷᠢᠯᠳᠦᠬᠦᠨ ᠨᠢ ᠤᠯᠤᠰ ᠤᠨ ᠪᠠᠷᠢᠮᠵᠢᠶ᠎ᠠ ᠠᠴᠠ ᠵᠥᠷᠢᠴᠡᠭᠰᠡᠨ ᠵᠡᠷᠭᠡ ᠠᠰᠠᠭᠤᠳᠠᠯ ᠪᠣᠯᠤᠨ᠎ᠠ︔ ᠴᠢᠮᠡᠭᠡ ᠬᠤᠯᠪᠣᠭᠠᠨ ᠤ ᠦᠢᠯᠡᠳᠬᠦᠨ ᠲᠠᠪᠤᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 56.30% ᠪᠠᠷ ᠨᠡᠮᠡᠭᠳᠡᠨ᠂ ᠭᠤᠣᠯ ᠠᠰᠠᠭᠤᠳᠠᠯ ᠨᠢ ᠳᠡᠯᠭᠡᠴᠡ᠂ ᠳ᠋ᠢᠶᠠᠨ ᡂᠢ ᠵᠡᠷᠭᠡ ᠬᠠᠲᠠᠭᠤ ᠲᠣᠨᠤᠭ ᠤᠨ ᠠᠰᠠᠭᠤᠳᠠᠯ ᠵᠢᠴᠢ ᠰᠡᠯᠪᠢᠨ ᠵᠠᠰᠠᠬᠤ ᠶᠠᠰᠤ ᠴᠢᠨᠠᠷ᠂ ᠰᠦᠢᠳᠬᠡᠯ ᠬᠤᠷᠢᠶᠠᠬᠤ ᠪᠠ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠣᠪᠣᠷ ᠵᠡᠷᠭᠡ ᠳᠤ ᠬᠤᠯᠪᠣᠭᠳᠠᠵᠠᠶ᠃

2023 ᠣᠨ ᠤ ᠦᠢᠯᠡᠴᠢᠯᠡᠭᠡᠨ ᠤ ᠶᠡᠭᠡ ᠲᠥᠷᠥᠯ ᠤᠨ ᠵᠠᠭᠠᠯᠳᠤᠯᠭ᠎ᠠ ᠳᠤ᠂ ᠵᠠᠭᠠᠯᠳᠤᠯᠭ᠎ᠠ ᠶᠢᠨ ᠬᠡᠮᠵᠢᠶ᠎ᠡ ᠨᠢ ᠲᠦᠷᠦᠭᠦᠦ 5 ᠨᠡᠷᠡᠰ ᠲᠤ ᠵᠢᠭᠰᠠᠭᠠᠭᠳᠠᠭᠰᠠᠨ ᠦᠢᠯᠡᠴᠢᠯᠡᠭᠡᠨ ᠤ ᠲᠣᠮᠣ ᠲᠥᠷᠥᠯ ᠨᠢ ᠨᠢᠳᠤᠨᠤᠨ ᠤ ᠬᠢ ᠲᠠᠢ ᠦᠨᠳᠦᠰᠦᠨ ᠳᠤ ᠪᠠᠨ ᠠᠳᠠᠯᠢ ᠪᠠᠶᠢᠵᠤ᠂ ᠪᠣᠷᠣᠯᠠᠭᠤᠯᠭ᠎ᠠ ᠶᠢᠨ ᠦᠢᠯᠡᠴᠢᠯᠡᠭᠡᠨ ᠤ ᠵᠠᠭᠠᠯᠳᠤᠯᠭ᠎ᠠ ᠨᠢ ᠮᠥᠨ ᠯᠡ ᠲᠡᠷᠢᠭᠦᠨ ᠪᠠᠶᠢᠷᠢᠨ ᠳᠤ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.38% ᠪᠠᠷ ᠪᠠᠭᠠᠰᠴᠤ᠂ ᠭᠤᠣᠯ ᠠᠰᠠᠭᠤᠳᠠᠯ ᠨᠢ ᠡᠵᠡᠩᠨᠡᠭᠴᠢ ᠦᠢᠯᠡᠴᠢᠯᠡᠭᠡᠨ ᠤ ᠠᠭᠤᠯᠭ᠎ᠠ ᠪᠠ ᠲᠠᠯᠠᠪᠤᠷ ᠭᠠᠵᠠᠷ ᠵᠡᠷᠭᠡ ᠭᠡᠷ᠎ᠡ ᠳᠤ ᠪᠣᠯᠵᠣᠨ ᠲᠣᠭᠲᠠᠭᠰᠠᠨ ᠵᠦᠢᠯᠡᠰ᠂ ᠬᠡᠷᠡᠭᠯᠡᠭᠴᠢᠳ ᠬᠢᠭᠡᠳ ᠡᠵᠡᠩᠨᠡᠭᠴᠢᠳ ᠤᠨ ᠦᠢᠯᠡᠴᠢᠯᠡᠭᠡᠨ ᠤ ᠰᠦᠢᠳᠬᠡᠯ ᠤᠨ ᠵᠢᠭᠤᠷᠠᠯᠳᠤᠭᠠᠨ᠂ ᠡᠵᠡᠩᠨᠡᠭᠴᠢᠳ ᠠᠵᠢᠯ ᠢᠶᠠᠨ ᠵᠣᠭᠰᠤᠭᠠᠭᠰᠠᠨ ᠤ ᠳᠠᠷᠠᠭ᠎ᠠ ᠤᠷᠢᠳᠴᠢᠯᠠᠨ ᠲᠦᠯᠦᠬᠦ ᠮᠦᠩᠭᠦ ᠶᠢ ᠪᠤᠴᠠᠭᠠᠬᠤ ᠡᠭᠦᠷᠭᠡ ᠠᠴᠠ ᠵᠠᠶᠢᠯᠠᠭᠰᠠᠨ ᠵᠡᠷᠭᠡ︔ ᠢᠳᠡᠭᠡᠨ ᠤᠮᠳᠠᠭᠠᠨ ᠪᠠ ᠬᠤᠨᠤᠭ ᠤᠨ ᠦᠢᠯᠡᠴᠢᠯᠡᠭᠡ᠂ ᠰᠤᠷᠭᠠᠨ ᠬᠥᠮᠦᠵᠢᠯ ᠪᠣᠯᠪᠠᠰᠤᠷᠠᠯ ᠤᠨ ᠦᠢᠯᠡᠴᠢᠯᠡᠭᠡ᠂ ᠵᠢᠰᠦ ᠭᠤᠶᠣᠯᠠᠵᠤ ᠭᠡᠵᠢᠭᠡ ᠵᠠᠰᠠᠬᠤ ᠤᠭᠢᠶᠠᠯ ᠤᠨ ᠦᠢᠯᠡᠴᠢᠯᠡᠭᠡ᠂ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ ᠮᠥᠨ ᠬᠦ ᠬᠤᠶᠠᠳᠤᠭᠠᠷ ᠠᠴᠠ ᠲᠠᠪᠤᠳᠤᠭᠠᠷ ᠲᠤ ᠵᠢᠭᠰᠠᠭᠠᠭᠳᠠᠵᠤ᠂ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 57.92%᠂ 1.06%᠂ 35.43%᠂ 43.05% ᠪᠠᠷ ᠨᠡᠮᠡᠭᠳᠡᠪᠡ᠃

    ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠤᠤᠯᠳᠠᠯᠭ᠎ᠠ ᠲᠠᠢ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠪᠣᠯᠤᠨ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠦᠢᠯᠡᠳᠬᠦᠨ ᠤ ᠶᠠᠰᠤ ᠴᠢᠨᠠᠷ᠂ ᠦᠨ᠎ᠡ ᠬᠠᠩᠰᠢ ᠪᠣᠯᠤᠨ ᠭᠦᠢᠯᠭᠡᠭᠡᠨ ᠤ ᠠᠷᠭ᠎ᠠ ᠵᠠᠮ ᠤᠨ ᠵᠦᠶ ᠶᠣᠰᠣᠴᠢ ᠴᠢᠨᠠᠷ ᠵᠢᠴᠢ ᠬᠠᠤᠯᠢ ᠶᠣᠰᠣᠴᠢ ᠴᠢᠨᠠᠷ᠂ ᠡᠵᠡᠩᠨᠡᠯᠲᠡ ᠶᠢᠨ ᠭᠤᠤᠯ ᠴᠣᠭᠴᠠ ᠶᠢᠨ ᠵᠠᠷ ᠮᠡᠳᠡᠭᠡᠨ ᠤ ᠤᠬᠠᠭᠤᠯᠭ᠎ᠠ ᠵᠢᠴᠢ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠠᠰᠠᠭᠤᠳᠠᠯ ᠳᠤ ᠴᠢᠭᠯᠡᠭᠦᠯᠦᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠣᠯᠤᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠳᠤ ᠲᠤᠯᠭᠠᠷᠠᠵᠤ ᠪᠠᠶᠢᠭ᠎ᠠ ᠬᠡᠷᠡᠭᠯᠡᠭᠡᠨ ᠤ ᠬᠦᠴᠢᠷ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠵᠦ᠂ ᠡᠷᠬᠡ ᠲᠡᠭᠰᠢ ᠡᠮᠬᠢ ᠵᠢᠷᠤᠮ ᠲᠠᠢ ᠥᠷᠢᠰᠥᠯᠳᠦᠭᠡᠨ ᠤ ᠣᠷᠴᠢᠨ ᠲᠣᠭᠤᠷᠢᠨ ᠪᠣᠯᠤᠨ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃

    ︵ᠭᠤᠷᠪᠠ︶ ᠬᠡᠷᠡᠭᠯᠡᠭᠴᠢᠳ ᠢ ᠬᠦᠲᠦᠯᠦᠨ ᠵᠢᠯᠤᠭᠤᠳᠴᠤ ᠪᠠᠶᠢᠭᠠᠳ ᠵᠥᠪ ᠬᠡᠷᠡᠭᠯᠡᠭᠡᠨ ᠤ ᠦᠵᠡᠯᠲᠡ ᠪᠠ ᠡᠵᠡᠩᠨᠡᠭᠴᠢ ᠶᠢᠨ ᠥᠪᠡᠷ ᠢ ᠪᠠᠨ ᠱᠠᠭᠠᠷᠳᠠᠬᠤ ᠤᠬᠠᠮᠰᠠᠷ ᠢ ᠪᠤᠢ ᠪᠣᠯᠭᠠᠪᠠ

    ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠶᠡᠷᠦ ᠠᠴᠠ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠲᠦᠢᠯ ᠢᠶᠠᠷ ᠴᠢᠬᠤᠯᠠᠴᠢᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠢᠮᠠᠭᠲᠠ ᠠᠷᠠᠳ ᠤᠨ ᠰᠡᠳᠬᠢᠯ ᠤᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠭᠰᠠᠭᠠᠷ ᠢᠷᠡᠵᠡᠢ᠃ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠳᠡᠭᠡᠭᠰᠢᠯᠡᠬᠦ ᠶᠢ ᠳᠠᠭᠠᠯᠳᠤᠨ᠂ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠲᠠᠰᠤᠷᠠᠯᠲᠠ ᠥᠬᠡᠶ ᠰᠠᠭᠠᠳ ᠥᠬᠡᠶ ᠨᠡᠪᠲᠡᠷᠡᠵᠦ᠂ ᠬᠡᠷᠡᠭᠯᠡᠭᠴᠢᠳ ᠤᠨ ᠵᠠᠭᠠᠯᠳᠤᠯᠭ᠎ᠠ ᠨᠠᠩ ᠳᠥᠭᠦᠮ ᠳᠥᠲᠡ ᠪᠣᠯᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠰᠠᠷ᠎ᠠ ᠰᠠᠷ᠎ᠠ 3 · 15︾᠂ ︽ᠲᠠᠪᠤᠨ ᠣᠷᠣᠭᠤᠯᠬᠤ︾ ᠵᠡᠷᠭᠡ ᠰᠦᠯᠵᠢᠶᠡᠨ ᠭᠠᠳᠠᠨᠠᠬᠢ ᠠᠵᠢᠯᠯᠠᠭ᠎ᠠ ᠪᠠ ᠢᠨᠲ᠋ᠧᠷ ᠰᠦᠯᠵᠢᠶᠡᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠬᠡᠷᠡᠭᠯᠡᠭᠴᠢᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠵᠥᠪ ᠬᠡᠷᠡᠭᠯᠡᠭᠡᠨ ᠤ ᠦᠵᠡᠯᠲᠡ ᠶᠢ ᠪᠣᠶ ᠪᠣᠯᠭᠠᠪᠠ᠃ ᠡᠭᠦᠨ ᠤ ᠬᠠᠮᠲᠤ᠂ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠲᠠᠢ ᠬᠠᠮᠵᠢᠯᠴᠠᠬᠤ ᠪᠠᠷ ᠳᠠᠮᠵᠢᠭᠤᠯᠤᠨ᠂ ᠰᠢᠷᠢᠰ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠭᠤᠤᠯᠳᠠᠯᠭ᠎ᠠ ᠲᠠᠢ ᠬᠡᠷᠡᠭᠯᠡᠭᠡᠨ ᠤ ᠬᠦᠷᠢᠶᠡᠨ ᠳᠤ ᠬᠡᠷᠡᠭᠯᠡᠭᠡ ᠶᠢ ᠪᠠᠶᠢᠴᠠᠭᠠᠨ ᠦᠵᠡᠬᠦ᠂ ᠪᠠᠶᠢᠴᠠᠭᠠᠯᠲᠠ ᠬᠢᠬᠦ ᠵᠢᠴᠢ ᠬᠡᠷᠡᠭᠯᠡᠭᠡ ᠳᠤ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠡᠵᠡᠩᠨᠡᠭᠴᠢᠳ ᠢ ᠰᠢᠮᠳᠠᠭᠤᠯᠵᠤ ᠪᠠᠶᠢᠭᠠᠳ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠨᠡᠶᠢᠭᠡᠮ ᠤᠨ ᠬᠠᠷᠢᠭᠤᠴᠠᠯᠭ᠎ᠠ ᠶᠢᠨ ᠤᠬᠠᠮᠰᠠᠷ ᠢ ᠨᠢ ᠤᠬᠠᠮᠰᠠᠷ ᠠᠴᠠ ᠪᠠᠨ ᠭᠦᠢᠴᠡᠳᠭᠡᠯᠭᠡᠪᠡ᠃

    ᠲᠠᠶᠢᠯᠪᠤᠷᠢ᠄ ᠳᠣᠰ ᠮᠠᠲᠠᠭᠦᠯᠣᠯᠲᠠ ᠶᠢᠨ ᠳᠤᠭ᠎ᠠ ᠪᠠᠷᠢᠮᠲᠠ ᠨᠢ ᠪᠦᠭᠦ ᠤᠯᠤᠰ ᠤᠨ 12315 ᠲᠠᠪᠴᠠᠩ ᠠᠴᠠ ᠢᠷᠠᠯᠲᠠ ᠲᠠᠢ

 

ᠢᠷᠡᠯᠲᠡ᠄ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ