ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠤᠰᠬᠠᠶ ᠠᠰᠢᠭ ᠤᠨ ᠱᠠᠩᠨᠠᠯ ᠢ ᠬᠢᠨᠠᠨ ᠲᠣᠭᠲᠠᠭᠠᠵᠤ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/1/8

ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶᠄

  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ ᠪᠥᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠶᠢᠨ ᠲᠤᠰᠠᠳᠠ᠂ ︽ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠤᠰᠬᠠᠶ ᠠᠰᠢᠭ ᠤᠨ ᠱᠠᠩᠨᠠᠯ ᠢ ᠰᠢᠯᠭᠠᠷᠠᠭᠤᠯᠬᠤ ᠲᠤᠬᠠᠶ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠭᠳᠡᠯ︾ ︵ᠤᠯᠤᠰ ᠬᠥᠭᠵᠢᠭᠦᠯᠦᠯᠲᠡ ᠬᠡᠷᠡᠭᠯᠡᠯᠲᠡ ᠵᠠᠬᠢᠳᠠᠯ ﹇ 2023 ﹈ 225 ᠳ᠋ᠤᠭᠠᠷ ᠲᠣᠭᠠᠲᠤ︶ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠪᠥᠬᠦ ᠣᠷᠣᠨ ᠤ ᠬᠡᠪᠴᠢᠶᠡᠨ ᠳᠤ ᠳᠤᠮᠳᠠᠳᠤ ᠤᠯᠤᠰ ᠤᠨ ᠲᠤᠰᠬᠠᠶ ᠠᠰᠢᠭ ᠤᠨ ᠱᠠᠩᠨᠠᠯ ᠢ ᠬᠢᠨᠠᠨ ᠲᠣᠭᠲᠠᠭᠠᠵᠤ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠪᠣᠶ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠄

  ᠨᠢᠭᠡ᠂ ᠡᠯ᠎ᠡ ᠠᠶᠢᠮᠠᠭ ᠬᠤᠲᠠ ᠶᠢᠨ ᠲᠣᠪᠴᠢᠶ᠎ᠠ ᠮᠡᠳᠡᠭᠳᠡᠯ ︵ᠳᠠᠭᠠᠯᠳᠤᠭᠤᠯᠤᠯ 1 ᠳᠤ ᠦᠵᠡ ︶ ᠤᠨ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ ᠤ ᠲᠤᠰᠬᠠᠶ ᠠᠰᠢᠭ ᠤᠨ ᠱᠠᠩᠨᠠᠯ ᠢ ᠪᠠᠲᠤᠯᠠᠨ ᠲᠠᠨᠢᠯᠴᠠᠭᠤᠯᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠲᠤᠰᠬᠠᠶ ᠠᠰᠢᠭ ᠤᠨ ᠱᠠᠩᠨᠠᠯ ᠤᠨ ᠰᠢᠯᠭᠠᠷᠠᠭᠤᠯᠤᠯᠲᠠ ᠳᠤ ᠣᠷᠣᠯᠴᠠᠬᠤ ᠨᠥᠬᠦᠴᠡᠯ ᠢ ᠴᠢᠩᠭ᠎ᠠ ᠵᠢᠷᠤᠮᠯᠠᠨ ᠭᠤᠶᠤᠴᠢᠯᠠᠨ ᠮᠡᠳᠡᠭᠦᠯᠦᠭᠰᠡᠨ ᠲᠤᠰᠬᠠᠶ ᠠᠰᠢᠭ ᠲᠤ ᠬᠢᠨᠠᠨ ᠪᠠᠶᠢᠴᠠᠭᠠᠯᠲᠠ ᠬᠢᠵᠦ᠂ ᠬᠠᠮᠢᠶ᠎ᠠ ᠪᠥᠬᠦᠶ ᠮᠠᠲ᠋ᠧᠷᠢᠶᠠᠯ ᠤᠨ ᠪᠦᠷᠢᠨ ᠪᠦᠲᠦᠨ᠂ ᠦᠨᠡᠨ ᠪᠣᠳᠠᠲᠠᠶ᠂ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠥᠬᠡᠶ ᠲᠤᠰᠬᠠᠶ ᠠᠰᠢᠭ ᠢ ᠴᠥᠮ ᠪᠠᠲᠤᠯᠠᠨ ᠲᠠᠨᠢᠯᠴᠠᠭᠤᠯᠬᠤ ᠥᠬᠡᠶ᠃ ᠬᠤᠪᠢᠶᠠᠷᠢᠯᠠᠯᠳᠠ ᠶᠢ ᠥᠨᠳᠥᠰᠥᠯᠡᠨ ᠲᠠᠨᠢᠯᠴᠠᠭᠤᠯᠬᠤ ᠣᠷᠣᠨ ᠲᠤᠭ᠎ᠠ ︵ᠳᠠᠭᠠᠯᠳᠤᠭᠤᠯᠤᠯ 2 ᠲᠤ ᠦᠵᠡ︶ ᠰᠢᠯᠢᠳᠡᠭ ᠢ ᠨᠢ ᠰᠤᠩᠭᠤᠵᠤ ᠪᠠᠲᠤᠯᠠᠨ ᠲᠠᠨᠢᠯᠴᠠᠭᠤᠯᠵᠤ᠂ ᠥᠪᠡᠷᠲᠡᠭᠡᠨ ᠵᠠᠰᠠᠬᠤ ᠤᠷᠤᠨ ᠤ ᠲᠤᠰᠬᠠᠢ ᠠᠰᠢᠭ ᠤᠨ ᠱᠠᠩᠨᠠᠯ  ᠣᠯᠭᠤᠭᠰᠠᠨ ᠲᠥᠷᠥᠯ ᠵᠦᠢᠯ ᠢ ᠤᠷᠢᠳ ᠢᠶᠠᠷ ᠰᠤᠩᠭᠤᠨ ᠲᠠᠨᠢᠯᠴᠠᠭᠤᠯᠵᠤ᠂ ᠠᠯᠢᠪᠠ ᠰᠤᠩᠭᠤᠨ ᠲᠠᠨᠢᠯᠴᠠᠭᠤᠯᠬᠤ ᠲᠥᠷᠥᠯ ᠵᠦᠢᠯ ᠢ ᠢᠯᠡ ᠨᠡᠶᠢᠲᠡᠯᠡᠭᠰᠡᠨ ᠤ ︵5 ᠠᠵᠢᠯᠯᠠᠬᠤ ᠡᠳᠦᠷ︶ ᠳᠠᠷᠠᠭ᠎ᠠ᠂ ᠬᠤᠷᠢᠶᠠᠩᠭᠤᠢ ᠬᠦᠰᠦᠨᠦᠭᠲᠦ ︵ᠳᠠᠭᠠᠯᠳᠤᠭᠤᠯᠤᠯ 3 ᠳᠤ ᠦᠵᠡ︶ ᠶᠢ ᠲᠠᠭᠯᠠᠵᠤ ᠥᠪᠡᠷᠲᠡᠭᠡᠨ ᠵᠠᠰᠠᠬᠤ ᠤᠷᠤᠨ ᠤ ᠲᠤᠪᠴᠢᠶ᠎ᠠ ᠳᠤ ᠨᠢᠭᠡᠳᠥᠯᠲᠡᠢ ᠮᠡᠳᠡᠭᠦᠯᠬᠦ ᠬᠡᠷᠡᠭᠲᠡᠢ᠃

  ᠬᠤᠶᠠᠷ᠂ ᠡᠯ᠎ᠡ ᠠᠶᠢᠮᠠᠭ ᠬᠤᠲᠠ ᠶᠢᠨ ᠲᠣᠪᠴᠢᠶ᠎ᠠ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠠᠷᠢᠶ᠎ᠠ ᠭᠠᠵᠠᠷ ᠤᠨ ᠵᠢᠱᠢᠶ᠎ᠡ ᠦᠵᠡᠭᠦᠯᠬᠦ ᠬᠤᠲᠠ᠂ ᠬᠦᠷᠢᠶᠡᠯᠡᠩ ᠲᠣᠭᠤᠷᠢᠭ ᠵᠢᠴᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠱᠢᠶ᠎ᠡ ᠦᠵᠡᠭᠦᠯᠬᠦ ᠶᠡᠭᠡ ᠳᠡᠭᠡᠳᠦ ᠰᠤᠷᠭᠠᠭᠤᠯᠢ ᠪᠠ ᠠᠵᠤ ᠠᠬᠤᠶᠢᠯᠠᠯ ᠢ ᠰᠠᠶᠢᠲᠤᠷ ᠵᠣᠬᠢᠶᠠᠨ ᠪᠠᠶᠢᠭᠤᠯᠤᠨ ᠲᠠᠨᠢᠯᠴᠠᠭᠤᠯᠬᠤ ᠪᠠ ᠥᠪᠡᠷ ᠢ ᠪᠠᠨ ᠲᠠᠨᠢᠯᠴᠠᠭᠤᠯᠬᠤ ᠠᠵᠢᠯ ᠢ ᠥᠷᠨᠢᠭᠦᠯᠵᠦ᠂ ᠪᠣᠶ ᠪᠥᠬᠦᠶ ᠲᠠᠨᠢᠯᠴᠠᠭᠤᠯᠬᠤ᠂ ᠥᠪᠡᠰᠦᠪᠡᠨ ᠲᠠᠨᠢᠯᠴᠠᠭᠤᠯᠬᠤ ᠲᠥᠷᠥᠯ ᠵᠦᠢᠯ ᠵᠢᠴᠢ ᠬᠤᠯᠪᠣᠭᠳᠠᠯ ᠪᠥᠬᠦᠶ ᠮᠠᠲ᠋ᠧᠷᠢᠶᠠᠯ ᠢ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠪᠠᠷ ᠬᠢᠨᠠᠨ ᠬᠠᠷᠭᠤᠭᠤᠯᠬᠤ ᠪᠠ ᠢᠯᠡ ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠳᠤ ᠨᠢᠭᠡᠳᠦᠯᠲᠡᠶ ᠮᠡᠳᠡᠭᠦᠯᠵᠦ᠂ ᠥᠪᠡᠰᠦᠪᠡᠨ ᠲᠠᠨᠢᠯᠴᠠᠭᠤᠯᠬᠤ ᠲᠥᠷᠥᠯ ᠵᠦᠢᠯ ᠨᠢ ᠠᠶᠢᠮᠠᠭ ᠬᠤᠲᠠ ᠶᠢᠨ ᠲᠣᠪᠴᠢᠶ᠎ᠠ ᠶᠢᠨ ᠲᠠᠨᠢᠯᠴᠠᠭᠤᠯᠬᠤ ᠣᠷᠣᠨ ᠲᠤᠭ᠎ᠠ ᠶᠢ ᠡᠵᠡᠯᠡᠬᠦ ᠥᠬᠡᠶ᠃ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠳ ᠥᠪᠡᠷ ᠢᠶᠠᠨ ᠲᠠᠨᠢᠯᠴᠠᠭᠤᠯᠬᠤ ᠣᠷᠣᠨ ᠲᠤᠭ᠎ᠠ ᠪᠠᠨ ᠬᠡᠷᠡᠭᠯᠡᠵᠦ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠬᠤ ᠬᠡᠷᠡᠭᠲᠡᠢ᠃

  ᠭᠤᠷᠪᠠ᠂ ᠡᠯ᠎ᠡ ᠠᠶᠢᠮᠠᠭ ᠬᠤᠲᠠ ᠶᠢᠨ ᠲᠣᠪᠴᠢᠶ᠎ᠠ ᠬᠠᠮᠢᠶ᠎ᠠ ᠪᠥᠬᠦᠶ ᠨᠢᠭᠡᠴᠢ ᠶᠢ ᠵᠣᠬᠢᠶᠠᠨ ᠪᠠᠶᠢᠭᠤᠯᠤᠨ ᠳᠠᠶᠢᠴᠢᠯᠠᠵᠤ᠂ ᠭᠠᠳᠠᠷ ᠳᠦᠷᠰᠦ ᠶᠢᠨ ᠵᠢᠷᠤᠭ ᠲᠥᠯᠥᠪᠯᠡᠭᠡᠨ ᠤ ᠲᠤᠰᠬᠠᠶ ᠠᠰᠢᠭ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠭᠠᠳᠠᠷ ᠳᠦᠷᠰᠦ ᠶᠢᠨ ᠵᠢᠷᠤᠭ ᠲᠥᠯᠥᠪᠯᠡᠭᠡᠨ ᠤ ᠲᠤᠰᠬᠠᠶ ᠠᠰᠢᠭ ᠤᠨ ᠲᠥᠷᠥᠯ ᠵᠦᠢᠯ ᠢ ᠰᠢᠯᠢᠳᠡᠭ ᠢ ᠨᠢ ᠰᠣᠩᠭᠤᠨ ᠲᠠᠨᠢᠯᠴᠠᠭᠤᠯᠬᠤ ᠬᠡᠷᠡᠭᠲᠡᠶ᠃

  ᠳᠥᠷᠪᠡ᠂ ᠲᠤᠰᠬᠠᠶ ᠠᠰᠢᠭ ᠤᠨ ᠱᠠᠩᠨᠠᠯ ᠢ ᠪᠠᠲᠤᠯᠠᠨ ᠲᠠᠨᠢᠯᠴᠠᠭᠤᠯᠬᠤ ᠠᠵᠢᠯ ᠢ ᠴᠢᠨᠠᠷ ᠰᠠᠶᠢᠲᠠᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠰᠠᠭᠤᠷᠢ ᠰᠤᠳᠤᠯᠭᠠᠨ᠂ ᠬᠡᠷᠡᠭᠯᠡᠭᠡᠨ ᠤ ᠰᠠᠭᠤᠷᠢ ᠰᠤᠳᠤᠯᠭᠠᠨ᠂ ︽ᠪᠣᠭᠤᠮᠢ︾ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠵᠡᠷᠭᠡ ᠲᠠᠯ᠎ᠠ ᠪᠠᠷ ᠪᠣᠶ ᠪᠣᠯᠤᠭᠰᠠᠨ ᠭᠤᠤᠯᠯᠠᠬᠤ ᠲᠤᠰᠬᠠᠶ ᠠᠰᠢᠭ ᠢ ᠤᠷᠢᠳᠠᠪᠠᠷ ᠲᠠᠨᠢᠯᠴᠠᠭᠤᠯᠬᠤ ᠬᠡᠷᠡᠭᠲᠡᠶ᠃

  ᠲᠠᠪᠤ᠂ ᠲᠤᠰᠬᠠᠶ ᠠᠰᠢᠭ ᠤᠨ ᠱᠠᠩᠨᠠᠯ ᠲᠠᠨᠢᠯᠴᠠᠭᠤᠯᠬᠤ ᠠᠵᠢᠯ ᠨᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠳᠣᠪᠤᠶᠢᠯᠭᠠᠵᠤ᠂ ᠨᠡᠯᠢᠶᠡᠳ ᠶᠡᠭᠡ ᠲᠣᠭᠠᠨ ︵ᠬᠠᠷᠢᠴᠠᠯ︶ ᠤ ᠬᠡᠪ ᠤᠨ ᠪᠤᠰᠤ ᠲᠤᠰᠬᠠᠶ ᠠᠰᠢᠭ ᠭᠤᠶᠤᠴᠢᠯᠠᠭᠰᠠᠨ ᠨᠢᠭᠡᠴᠢ ᠪᠠ ᠬᠤᠪᠢ ᠬᠥᠮᠦᠨ ᠢ ᠣᠯᠵᠤ ᠮᠡᠳᠡᠪᠡᠯ᠂ ᠲᠡᠭᠦᠨ ᠤ ᠭᠤᠶᠤᠴᠢᠯᠠᠨ ᠮᠡᠳᠡᠭᠦᠯᠬᠦ᠂ ᠲᠠᠨᠢᠯᠴᠠᠭᠤᠯᠬᠤ᠂ ᠰᠢᠯᠭᠠᠷᠠᠭᠤᠯᠬᠤ ᠳᠤ ᠣᠷᠣᠯᠴᠠᠬᠤ ᠪᠠ ᠱᠠᠩᠨᠠᠯ ᠤᠯᠬᠤ ᠬᠢᠷᠢ ᠬᠡᠮ ᠢ ᠬᠦᠴᠦᠨ ᠥᠬᠡᠶ ᠪᠣᠯᠭᠠᠨ᠎ᠠ᠃

  ᠵᠢᠷᠭᠤᠭ᠎ᠠ᠂ ᠡᠯ᠎ᠡ ᠠᠶᠢᠮᠠᠭ ᠬᠤᠲᠠ ᠶᠢᠨ ᠲᠣᠪᠴᠢᠶ᠎ᠠ 2024 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ ᠠᠴᠠ ᠡᠮᠦᠨ᠎ᠡ ᠬᠢᠨᠠᠨ ᠬᠠᠷᠭᠤᠭᠤᠯᠬᠤ ᠪᠠ ᠢᠯᠡ ᠨᠡᠶᠢᠲᠡᠯᠡᠭᠰᠡᠨ ᠤ ᠳᠠᠷᠠᠭᠠᠬᠢ ᠲᠠᠨᠢᠯᠴᠠᠭᠤᠯᠬᠤ ᠲᠥᠷᠥᠯ ᠵᠦᠢᠯ ᠤᠨ ᠮᠠᠲ᠋ᠧᠷᠢᠶᠠᠯ ᠤᠨ ᠡᠯᠧᠺᠲᠷᠣᠨ ᠬᠡᠪᠯᠡᠯ ︵ᠭᠡᠷᠡᠯᠯᠢᠭ ᠳ᠋ᠢᠰᠺ︶ ᠵᠢᠴᠢ ᠴᠠᠭᠠᠰᠤᠨ ᠮᠠᠲ᠋ᠧᠷᠢᠶᠠᠯ ᠢ ᠨᠢᠭᠡ ᠬᠡᠯᠪᠡᠷᠢ ᠪᠠᠷ 6 ᠬᠤᠪᠢ ᠥᠪᠡᠷᠲᠡᠭᠡᠨ ᠵᠠᠰᠠᠬᠤ ᠣᠷᠣᠨ ᠤ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠡᠯᠧᠺᠲᠷᠣᠨ ᠬᠡᠪᠯᠡᠯ ︵PDF᠂Word ᠬᠡᠪᠯᠡᠯ︶ ᠢ ᠵᠢᠭᠠᠨ ᠲᠣᠭᠲᠠᠭᠠᠭᠰᠠᠨ ᠰᠢᠤᠳᠠᠨ ᠤ ᠬᠠᠶᠢᠷᠴᠠᠭ ᠲᠤ ᠮᠡᠳᠡᠭᠦᠯᠦᠨ ᠬᠦᠷᠭᠡᠬᠦ ᠬᠡᠷᠡᠭᠲᠡᠢ᠃

  ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ᠄

  ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ 

  ᠲᠠᠨ᠎ᠠ 0471 – 6385195

  ᠶᠠᠨ ᠵᠢᠩ 13847111510

  ᠢᠮᠧᠯ᠄ 461365986@qq. com

  ᠰᠢᠤᠳᠠᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠵᠢᠨᠴᠢᠶᠤᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠥᠷᠪᠡᠳᠦᠭᠡᠷ ᠵᠠᠮ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 723 ︵ᠯᠢ ᠸᠧᠶ ᠱᠧᠩ︶

  

  ᠳᠠᠭᠠᠯᠳᠤᠭᠤᠯᠤᠯ᠄

  1. ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠤᠰᠬᠠᠶ ᠠᠰᠢᠭ ᠤᠨ ᠱᠠᠩᠨᠠᠯ ᠢ ᠰᠢᠯᠭᠠᠷᠠᠭᠤᠯᠬᠤ ᠲᠤᠬᠠᠶ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠭᠳᠡᠯ

  2. ᠡᠯ᠎ᠡ ᠠᠶᠢᠮᠠᠭ ᠬᠤᠲᠠ ᠶᠢᠨ ᠲᠣᠪᠴᠢᠶ᠎ᠠ ᠶᠢᠨ ᠲᠤᠰᠬᠠᠶ ᠠᠰᠢᠭ ᠤᠨ ᠱᠠᠩᠨᠠᠯ ᠤᠨ ᠲᠠᠨᠢᠯᠴᠠᠭᠤᠯᠬᠤ ᠣᠷᠣᠨ ᠲᠤᠭ᠎ᠠ ᠶᠢᠨ ᠬᠤᠪᠢᠶᠠᠷᠢᠯᠠᠯᠲᠠ ᠶᠢᠨ ᠬᠦᠰᠦᠨᠦᠭᠲᠦ

  3.ᠲᠠᠨᠢᠯᠴᠠᠭᠤᠯᠬᠤ ᠲᠥᠷᠥᠯ ᠵᠦᠢᠯ ᠤᠨ ᠬᠤᠷᠢᠶᠠᠩᠭᠤᠢ ᠬᠦᠰᠦᠨᠦᠭᠲᠦ


ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠵᠢ᠊