ᠡᠷᠡᠭᠦᠯᠵᠢᠯ ᠤᠨ ᠢᠳᠡᠭᠡᠨ ᠤ ᠮᠡᠳᠡᠯᠭᠡ ᠶᠢᠨ ᠠᠰᠠᠭᠤᠯᠲᠠ ᠬᠠᠷᠢᠭᠤᠯᠲᠠ ︵ᠠᠷᠪᠠᠨ ᠭᠤᠷᠪᠠ︶
ᠨᠡᠶᠢᠲᠡᠯᠡᠭᠰᠡᠨ ᠴᠠᠭ᠄
2024/1/9

ᠣᠷᠬᠤᠳᠠᠢ᠂ ᠤᠮᠠᠷᠠᠲᠤ ᠠᠮᠧᠷᠢᠺᠠ ᠶᠢᠨ ᠣᠷᠬᠤᠳᠠᠢ᠂ ᠪᠢᠯᠢᠭᠲᠦ ᠳᠡᠯᠳᠡᠦ ᠭᠤᠷᠪᠠᠨ ᠵᠦᠢᠯ ᠤᠨ ᠲᠦᠭᠦᠬᠡᠢ ᠮᠠᠲ᠋ᠧᠷᠢᠶᠠᠯ ᠢ ᠡᠷᠡᠭᠦᠯᠵᠢᠯ ᠤᠨ ᠢᠳᠡᠭᠡᠨ ᠤ ᠲᠦᠭᠦᠬᠡᠢ ᠮᠠᠲ᠋ᠧᠷᠢᠶᠠᠯ ᠤᠨ ᠭᠠᠷᠴᠠᠭ ᠲᠤ ᠤᠷᠤᠭᠤᠯᠤᠭᠰᠠᠨ ᠨᠢ ᠶᠠᠮᠠᠷ ᠶᠠᠮᠠᠷ ᠠᠩᠬᠠᠷᠤᠭᠤᠰᠢᠲᠠᠢ ᠲᠠᠯ᠎ᠠ ᠪᠠᠶᠢᠬᠤ ᠪᠣᠢ︖

A᠄ 2023 ᠣᠨ ᠤ 12 ᠳ᠋ᠤᠭᠠᠷ ᠰᠠᠷ᠎ᠠ ᠶᠢᠨ 31 ᠤ ᠡᠳᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ ᠲᠠᠢ ᠬᠠᠮᠲᠤᠷᠠᠨ ︽ᠡᠷᠡᠭᠦᠯᠵᠢᠯ ᠤᠨ ᠢᠳᠡᠭᠡᠨ ᠤ ᠲᠦᠭᠦᠬᠡᠶ ᠮᠠᠲ᠋ᠧᠷᠢᠶᠠᠯ ᠤᠨ ᠭᠠᠷᠴᠠᠭ᠂ ᠣᠷᠬᠤᠳᠠᠢ︾᠂ ︽ᠡᠷᠡᠭᠦᠯᠵᠢᠯ ᠤᠨ ᠢᠳᠡᠭᠡᠨ ᠤ ᠲᠦᠭᠦᠬᠡᠶ ᠮᠠᠲ᠋ᠧᠷᠢᠶᠠᠯ ᠤᠨ ᠭᠠᠷᠴᠠᠭ᠂ ᠤᠮᠠᠷᠠᠲᠤ ᠠᠮᠧᠷᠢᠺᠠ ᠶᠢᠨ ᠣᠷᠬᠤᠳᠠᠢ︾᠂ ︽ᠡᠷᠡᠭᠦᠯᠵᠢᠯ ᠤᠨ ᠢᠳᠡᠭᠡᠨ ᠤ ᠲᠦᠭᠦᠬᠡᠶ ᠮᠠᠲ᠋ᠧᠷᠢᠶᠠᠯ ᠤᠨ ᠭᠠᠷᠴᠠᠭ᠂ ᠪᠢᠯᠢᠭᠲᠦ ᠳᠡᠯᠳᠡᠦ︾ ᠵᠢᠴᠢ ᠭᠠᠷᠴᠠᠭ ᠤᠨ ᠲᠠᠶᠢᠯᠪᠤᠷᠢᠯᠠᠯᠲᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠪᠡ᠃ ᠳᠠᠩᠰᠠᠯᠠᠭᠤᠯᠬᠤ ᠲᠦᠭᠦᠬᠡᠶ ᠮᠠᠲ᠋ᠧᠷᠢᠶᠠᠯ ᠤᠨ ᠭᠠᠷᠴᠠᠭ ᠤᠨ ᠱᠠᠭᠠᠷᠳᠠᠯᠭ᠎ᠠ ᠳᠤ ᠨᠡᠶᠢᠴᠡᠬᠦ ᠡᠷᠡᠭᠦᠯᠵᠢᠯ ᠤᠨ ᠢᠳᠡᠭᠡᠨ ᠢ ᠳᠠᠩᠰᠠᠯᠠᠭᠤᠯᠵᠤ ᠬᠢᠨᠠᠨ ᠵᠥᠪᠰᠢᠶᠡᠷᠡᠭᠦᠯᠬᠦ ᠶᠠᠪᠤᠴᠠ ᠪᠠᠷ ᠳᠠᠬᠢᠵᠤ ᠶᠠᠪᠤᠭᠤᠯᠬᠤ᠂ ᠪᠦᠷᠢᠳᠬᠡᠨ ᠳᠠᠩᠰᠠᠯᠠᠵᠤ ᠬᠠᠮᠢᠶᠠᠷᠬᠤ ᠦᠭᠡᠶ᠃

ᠣᠷᠬᠤᠳᠠᠢ ᠶᠢᠨ ᠤᠷᠭᠤᠯᠲᠠ ᠶᠢᠨ ᠵᠢᠯ ᠤᠨ ᠬᠤᠭᠤᠴᠠᠭ᠎ᠠ ᠶᠢ ᠬᠢᠵᠠᠭᠠᠷᠯᠠᠬᠤ ᠦᠭᠡᠢ᠄ ᠲᠤᠰ ᠤᠳᠠᠭ᠎ᠠ ᠣᠷᠬᠤᠳᠠᠢ ᠶᠢ ᠡᠷᠡᠭᠦᠯᠵᠢᠯ ᠤᠨ ᠢᠳᠡᠭᠡᠨ ᠤ ᠳᠠᠩᠰᠠᠯᠠᠯᠲᠠ ᠶᠢᠨ ᠲᠦᠭᠦᠬᠡᠶ ᠮᠠᠲ᠋ᠧᠷᠢᠶᠠᠯ ᠤᠨ ᠭᠠᠷᠴᠠᠭ ᠲᠤ ᠣᠷᠤᠭᠤᠯᠤᠭᠰᠠᠨ ᠨᠢ᠂ ᠤᠤᠯ ᠤᠨ ᠡᠷᠡᠭᠦᠯ ᠬᠠᠮᠠᠭᠠᠯᠠᠯ ᠤᠨ ᠶᠠᠮᠤᠨ ᠤ 2012 ᠣᠨ ᠤ ᠰᠢᠨ᠎ᠡ ᠡᠬᠢ ᠪᠠᠶᠠᠯᠢᠭ ᠤᠨ ᠢᠳᠡᠭᠡᠨ ᠢ ᠣᠷᠤᠭᠤᠯᠤᠭᠰᠠᠨ ᠲᠠᠢ ᠠᠳᠠᠯᠢ ᠦᠭᠡᠢ᠂ ᠲᠦᠭᠦᠬᠡᠶ ᠮᠠᠲ᠋ᠧᠷᠢᠶᠠᠯ ᠤᠨ ᠨᠡᠷᠡᠶᠢᠳᠦᠯ ᠪᠠ ᠲᠦᠷᠦᠯ ᠵᠦᠢᠯ ᠤᠨ ᠢᠷᠡᠯᠲᠡ ᠨᠢ ᠣᠳᠣ ᠶᠢᠨ ᠬᠡᠷᠡᠭᠵᠢᠭᠦᠯᠵᠦ ᠪᠠᠶᠢᠭ᠎ᠠ ︽ᠳᠤᠮᠳᠠᠳᠤ ᠤᠯᠤᠰ ᠤᠨ ᠡᠮ ᠤᠨ ᠲᠤᠯᠢ︾ ᠶᠢᠨ ᠢᠵᠢᠯ ᠡᠭᠦᠯᠳᠡᠷ ᠤᠨ ᠳᠣᠣᠷ᠎ᠠ ᠠᠭᠤᠯᠭ᠎ᠠ ᠨᠢ ᠨᠢᠭᠡᠳᠦᠯᠲᠡᠶ ᠪᠠᠶᠢᠵᠤ᠂ ᠣᠷᠬᠤᠳᠠᠢ ᠶᠢᠨ ᠤᠷᠭᠤᠯᠲᠠ ᠶᠢᠨ ᠵᠢᠯ ᠤᠨ ᠬᠤᠭᠤᠴᠠᠭ᠎ᠠ ᠶᠢ ᠬᠢᠵᠠᠭᠠᠷᠯᠠᠬᠤ ᠦᠭᠡᠢ᠃

ᠡᠷᠡᠭᠦᠯᠵᠢᠯ ᠤᠨ ᠴᠢᠳᠠᠪᠬᠢ ᠲᠠᠢ ᠭᠡᠳᠡᠭ ᠨᠢ ᠰᠢᠨᠵᠢᠯᠡᠬᠦ ᠤᠬᠠᠭᠠᠨ ᠤ ᠦᠨᠳᠦᠰᠦᠯᠡᠯ ᠲᠠᠢ ᠪᠠᠶᠢᠬᠤ ᠬᠡᠷᠡᠭᠲᠡᠢ᠄ ᠲᠤᠰ ᠤᠳᠠᠭ᠎ᠠ ᠶᠢᠨ ᠨᠡᠶᠢᠲᠡᠯᠡᠭᠰᠡᠨ ᠡᠷᠡᠭᠦᠯᠵᠢᠯ ᠤᠨ ᠢᠳᠡᠭᠡᠨ ᠤ ᠳᠠᠩᠰᠠᠯᠠᠭᠤᠯᠤᠯᠲᠠ ᠶᠢᠨ ᠲᠦᠭᠦᠬᠡᠢ ᠮᠠᠲ᠋ᠧᠷᠢᠶᠠᠯ ᠤᠨ ᠭᠠᠷᠴᠠᠭ ᠲᠤ᠂ ᠣᠷᠬᠤᠳᠠᠢ᠂ ᠤᠮᠠᠷᠠᠲᠤ ᠠᠮᠧᠷᠢᠺᠠ ᠶᠢᠨ ᠣᠷᠬᠤᠳᠠᠢ ᠶᠢᠨ ᠡᠷᠡᠭᠦᠯᠵᠢᠯ ᠤᠨ ᠴᠢᠳᠠᠪᠬᠢ ᠨᠢ ᠪᠡᠶ᠎ᠡ ᠶᠢᠨ ᠳᠠᠷᠬᠠᠯᠠᠭ᠎ᠠ ᠶᠢ ᠰᠠᠶᠢᠵᠢᠷᠠᠭᠤᠯᠬᠤ ᠪᠠ ᠶᠠᠳᠠᠷᠠᠭ᠎ᠠ ᠶᠢ ᠲᠠᠶᠢᠯᠬᠤ ᠳᠤ ᠲᠤᠰᠠᠲᠠᠢ᠃ ᠪᠢᠯᠢᠭᠲᠦ ᠳᠡᠯᠳᠡᠦ ᠶᠢᠨ ᠡᠷᠡᠭᠦᠯᠵᠢᠯ ᠤᠨ ᠴᠢᠳᠠᠪᠬᠢ ᠨᠢ ᠪᠡᠶ᠎ᠡ ᠶᠢᠨ ᠳᠠᠷᠬᠠᠯᠠᠭ᠎ᠠ ᠶᠢ ᠰᠠᠶᠢᠵᠢᠷᠠᠭᠤᠯᠬᠤ ᠳᠤ ᠲᠤᠰᠠᠳᠠᠢ᠃ ᠭᠤᠷᠪᠠᠨ ᠭᠠᠷᠴᠠᠭ ᠤᠨ ᠲᠠᠶᠢᠯᠤᠮᠵᠢ ᠬᠢᠬᠦ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠨᠢ᠂ ᠡᠷᠡᠭᠦᠯᠵᠢᠯ ᠤᠨ ᠢᠳᠡᠭᠡᠨ ᠤ ᠲᠦᠭᠦᠬᠡᠶ ᠮᠠᠲ᠋ᠧᠷᠢᠶᠠᠯ ᠤᠨ ᠭᠠᠷᠴᠠᠭ ᠲᠤ ᠣᠷᠣᠭᠤᠯᠤᠭᠰᠠᠨ ᠣᠷᠬᠤᠳᠠᠢ᠂ ᠤᠮᠠᠷᠠᠲᠤ ᠠᠮᠧᠷᠢᠺᠠ ᠶᠢᠨ ᠣᠷᠬᠤᠳᠠᠢ ᠶᠢᠨ ᠦᠢᠯᠡᠳᠬᠦᠨ ᠢ ᠳᠠᠩᠰᠠᠯᠠᠭᠤᠯᠬᠤ ᠦᠶ᠎ᠡ ᠳᠤ᠂ ᠳᠠᠩᠰᠠᠯᠠᠭᠤᠯᠤᠭᠴᠢ ᠠᠴᠠ ᠲᠡᠭᠦᠨ ᠤ ᠳᠣᠲᠣᠷᠠᠬᠢ ᠨᠢᠭᠡ ᠵᠦᠢᠯ ᠤᠨ ᠡᠷᠡᠭᠦᠯᠵᠢᠯ ᠤᠨ ᠴᠢᠳᠠᠮᠵᠢ ᠶᠢ ᠲᠤᠳᠤᠷᠬᠠᠶᠢᠯᠠᠬᠤ ᠪᠤᠶᠤ ᠬᠤᠶᠠᠷ ᠵᠦᠢᠯ ᠤᠨ ᠡᠷᠡᠭᠦᠯᠵᠢᠯ ᠤᠨ ᠴᠢᠳᠠᠮᠵᠢ ᠶᠢ ᠬᠠᠮᠲᠤ ᠳᠤ ᠨᠢ ᠲᠣᠳᠣᠷᠬᠠᠶᠢᠯᠠᠬᠤ ᠶᠢ ᠵᠥᠪᠰᠢᠶᠡᠷᠡᠨ᠎ᠡ᠃

ᠡᠭᠦᠨ ᠠᠴᠠ ᠭᠠᠳᠠᠨ᠎ᠠ᠂ ᠲᠠᠶᠢᠯᠤᠮᠵᠢ ᠬᠢᠬᠦ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠲᠣᠰ ᠤᠳᠠᠭ᠎ᠠ ᠡᠷᠡᠭᠦᠯᠵᠢᠯ ᠤᠨ ᠢᠳᠡᠭᠡᠨ ᠤ ᠲᠦᠭᠦᠬᠡᠶ ᠮᠠᠲ᠋ᠧᠷᠢᠶᠠᠯ ᠤᠨ ᠭᠠᠷᠴᠠᠭ ᠲᠤ ᠣᠷᠣᠭᠤᠯᠤᠭᠰᠠᠨ ᠲᠦᠭᠦᠬᠡᠶ ᠮᠠᠲ᠋ᠧᠷᠢᠶᠠᠯ ᠤᠨ ᠦᠢᠯᠡᠳᠬᠦᠨ ᠢ ᠳᠠᠩᠰᠠᠯᠠᠭᠤᠯᠬᠤ ᠦᠶ᠎ᠡ ᠳᠤ᠂ ᠵᠥᠪᠬᠡᠨ ᠭᠠᠭᠴᠠ ᠲᠠᠯ᠎ᠠ ᠶᠢᠨ ᠲᠦᠭᠦᠬᠡᠶ ᠮᠠᠲ᠋ᠧᠷᠢᠶᠠᠯ ᠢ ᠬᠡᠷᠡᠭᠯᠡᠵᠦ᠂ ᠪᠤᠰᠤᠳ ᠲᠦᠭᠦᠬᠡᠶ ᠮᠠᠲ᠋ᠧᠷᠢᠶᠠᠯ ᠲᠠᠢ ᠨᠡᠶᠢᠯᠡᠭᠦᠯᠦᠨ ᠬᠡᠷᠡᠭᠯᠡᠵᠦ ᠪᠣᠯᠬᠤ ᠥᠬᠡᠶ︔ ᠣᠯᠠᠨ ᠲᠥᠷᠥᠯ ᠵᠦᠢᠯ ᠤᠨ ᠢᠷᠡᠯᠲᠡ ᠲᠠᠢ ᠲᠦᠭᠦᠬᠡᠶ ᠮᠠᠲ᠋ᠧᠷᠢᠶᠠᠯ ᠤᠨ ᠦᠢᠯᠡᠳᠬᠦᠨ ᠢ ᠳᠠᠩᠰᠠᠯᠠᠭᠤᠯᠬᠤ ᠦᠶ᠎ᠡ ᠳᠤ ᠬᠡᠷᠡᠭᠯᠡᠭᠰᠡᠨ ᠲᠥᠷᠥᠯ ᠵᠦᠢᠯ ᠢᠶᠠᠨ ᠲᠤᠳᠤᠷᠬᠠᠶᠢᠯᠠᠬᠤ ᠬᠡᠷᠡᠭᠲᠡᠶ᠃

 ᠳᠣᠬᠢᠷᠠᠬᠤ ᠦᠭᠡᠢ ᠬᠦᠮᠦᠰ ᠤᠨ ᠬᠢᠲᠠᠳ ᠡᠮᠨᠡᠯᠭᠡ ᠶᠢᠨ ᠢᠯᠡᠳᠭᠡᠯ ᠢ ᠨᠡᠮᠡᠬᠦ ᠬᠡᠷᠡᠭᠲᠡᠢ᠄ ᠬᠢᠲᠠᠳ ᠡᠮ ᠤᠨ ᠮᠠᠲ᠋ᠧᠷᠢᠶᠠᠯ ᠤᠨ ᠲᠦᠭᠦᠬᠡᠶ ᠮᠠᠲ᠋ᠧᠷᠢᠶᠠᠯ ᠢ ᠠᠩᠬ᠎ᠠ ᠤᠳᠠᠭ᠎ᠠ ᠡᠷᠡᠭᠦᠯᠵᠢᠯ ᠤᠨ ᠢᠳᠡᠭᠡᠨ ᠤ ᠳᠠᠩᠰᠠᠯᠠᠭᠤᠯᠬᠤ ᠲᠦᠭᠦᠬᠡᠶ ᠮᠠᠲ᠋ᠧᠷᠢᠶᠠᠯ ᠤᠨ ᠭᠠᠷᠴᠠᠭ ᠲᠤ ᠣᠷᠤᠭᠤᠯᠵᠤ ᠪᠠᠶᠢᠬᠤ ᠠᠴᠠ᠂ ᠲᠤᠰ ᠤᠳᠠᠭ᠎ᠠ ᠣᠷᠬᠤᠳᠠᠶ ᠪᠠ ᠤᠮᠠᠷᠠᠲᠤ ᠠᠮᠧᠷᠢᠺᠠ ᠶᠢᠨ ᠣᠷᠬᠤᠳᠠᠢ ᠶᠢᠨ ᠳᠠᠩᠰᠠᠯᠠᠭᠤᠯᠬᠤ ᠲᠦᠭᠦᠬᠡᠶ ᠮᠠᠲ᠋ᠧᠷᠢᠶᠠᠯ ᠤᠨ ᠭᠠᠷᠴᠠᠭ ᠲᠤ ᠲᠣᠬᠢᠷᠠᠬᠤ ᠦᠭᠡᠶ ᠬᠥᠮᠦᠰ ᠪᠠ ᠠᠩᠬᠠᠷᠬᠤ ᠵᠦᠢᠯ ᠤᠨ ᠲᠠᠯ᠎ᠠ ᠪᠠᠷ ᠬᠢᠲᠠᠳ ᠡᠮᠨᠡᠯᠭᠡ ᠶᠢᠨ ᠢᠯᠡᠳᠭᠡᠯ ᠢ ᠨᠡᠮᠡᠭᠰᠡᠨ ᠪᠠᠶᠢᠨ᠎ᠠ᠃ ︽ᠪᠠᠭᠠᠴᠤᠳ ᠬᠡᠤᠬᠡᠳ᠂ ᠵᠢᠷᠮᠦᠰᠦᠨ ᠡᠮᠡᠭᠲᠡᠶ᠂ ᠬᠦᠬᠦᠭᠦᠯ ᠡᠬᠡ︾ ᠵᠡᠷᠭᠡ ᠲᠣᠬᠢᠷᠠᠬᠤ ᠥᠬᠡᠶ ᠬᠥᠮᠦᠰ ᠠᠴᠠ ᠭᠠᠳᠠᠨ᠎ᠠ᠂ ᠣᠷᠬᠤᠳᠠᠢ ᠶᠢᠨ ᠲᠦᠭᠦᠬᠡᠶ ᠮᠠᠲ᠋ᠧᠷᠢᠶᠠᠯ ᠤᠨ ᠭᠠᠷᠴᠠᠭ ᠲᠤ ᠪᠠᠰᠠ ︽ᠴᠢᠭᠢᠭᠯᠢᠭ ᠬᠠᠯᠠᠭᠤᠨ ᠪᠡᠶ᠎ᠡ ᠮᠠᠬᠠᠪᠣᠳ᠂ ᠪᠢᠯᠢᠭ ᠪᠠᠭᠤᠷᠠᠢ ᠪᠡᠶ᠎ᠡ ᠮᠠᠬᠠᠪᠤᠳ ᠲᠠᠢ ᠡᠲᠡᠭᠡᠳ︾ ᠲᠤ ᠲᠣᠬᠢᠷᠠᠬᠤ ᠦᠭᠡᠢ ᠭᠡᠵᠦ ᠣᠨᠴᠠᠭᠠᠶᠢᠯᠠᠨ ᠨᠡᠮᠡᠬᠦ ᠶᠢᠨ ᠬᠠᠮᠲᠤ ᠦᠢᠯᠡᠳᠬᠦᠨ ᠤ ᠠᠩᠬᠠᠷᠬᠤ ᠵᠦᠢᠯ ᠳᠤ ︽ᠠᠭᠰᠢᠷᠭ᠎ᠠ᠂ ᠣᠯᠪᠤ ᠬᠤᠯᠣᠭᠠᠨ᠎ᠠ ᠶᠢᠨ ᠪᠠᠭᠠᠰᠤ ᠶᠢ ᠠᠬᠤᠭᠤᠯᠤᠭᠰᠠᠨ ᠬᠢᠲᠠᠳ ᠡᠪᠡᠰᠦᠨ ᠡᠮ ᠵᠢᠴᠢ ᠲᠡᠭᠦᠨ ᠤ ᠪᠦᠲᠦᠭᠡᠭᠳᠡᠬᠦᠨ ᠲᠠᠢ ᠬᠠᠮᠲᠤ ᠬᠡᠷᠡᠭᠯᠡᠵᠦ ᠪᠣᠯᠬᠤ ᠦᠭᠡᠢ᠃ ᠬᠢᠮᠤᠷᠠᠭ᠎ᠠ᠂ ᠬᠡᠯᠡᠨ ᠤ ᠥᠩᠭᠦᠷ ᠵᠣᠵᠠᠭᠠᠨ ᠲᠤᠰᠤᠯᠢᠭ᠂ ᠠᠮᠠᠷᠬᠠᠨ ᠬᠠᠯᠠᠭᠤᠳᠠᠳᠠᠭ ᠬᠦᠮᠦᠰ ᠬᠡᠷᠡᠭᠯᠡᠬᠦ ᠶᠢ ᠰᠠᠨᠠᠭᠠᠴᠢᠯᠠᠬᠤ ᠦᠭᠡᠢ᠃ ᠣᠷᠳᠣ ᠬᠤᠭᠤᠴᠠᠭ᠎ᠠ ᠪᠠᠷ ᠬᠡᠷᠡᠭᠯᠡᠬᠦ ᠳᠤ ᠬᠤᠪᠢ ᠬᠥᠮᠦᠨ ᠤ ᠪᠡᠶ᠎ᠡ ᠶᠢᠨ ᠪᠠᠶᠢᠳᠠᠯ ᠢᠶᠠᠨ ᠦᠵᠡᠵᠦ ᠬᠡᠷᠡᠭᠯᠡᠬᠦ ᠬᠡᠷᠡᠭᠲᠡᠢ︾ ᠵᠡᠷᠭᠡ ᠠᠭᠤᠯᠭ᠎ᠠ ᠶᠢ ᠲᠤᠳᠤᠷᠬᠠᠶᠢᠯᠠᠵᠤ᠂ ᠬᠡᠷᠡᠭᠯᠡᠭᠴᠢᠳ ᠤᠨ ᠬᠡᠷᠡᠭᠴᠡᠭᠡ ᠲᠠᠢ ᠪᠣᠯ ᠰᠢᠨᠵᠢᠯᠡᠬᠦ ᠤᠬᠠᠭᠠᠨᠴᠢ ᠪᠠᠷ ᠡᠶᠢᠮᠦᠷᠬᠦᠦ ᠵᠦᠢᠯ ᠤᠨ ᠡᠷᠡᠭᠦᠯᠵᠢᠯ ᠤᠨ ᠢᠳᠡᠭᠡᠨ ᠢ ᠰᠣᠩᠭᠤᠬᠤ ᠶᠢ ᠰᠠᠨᠠᠭᠤᠯᠬᠤ ᠬᠡᠷᠡᠭᠲᠡᠢ᠃

ᠢᠷᠡᠯᠲᠡ᠄ ᠣᠨᠴᠠᠭᠠᠶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ