ᠰᠢ ᠶᠢᠨ ᠫᠢᠩ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠪᠥᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠵᠠᠬᠢᠳᠠᠯ ᠢᠯᠡᠭᠡᠵᠦ ᠴᠢᠬᠤᠯᠠᠴᠢᠯᠠᠭᠰᠠᠨ ᠨᠢ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠬᠥᠮᠦᠯᠢᠭ ᠦᠵᠡᠯ ᠤᠨ ᠦᠢᠯᠡᠴᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠪᠣᠯᠣᠨ ᠬᠥᠮᠥᠨ ᠲᠥᠷᠥᠯᠬᠢᠲᠡᠨ ᠤ ᠡᠩᠬᠡ ᠲᠠᠶᠢᠪᠤᠩ ᠬᠢᠭᠡᠳ ᠲᠠᠪᠰᠢᠯᠳᠠ ᠶᠢᠨ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ
ᠨᠡᠶᠢᠲᠡᠯᠡᠭᠰᠡᠨ ᠴᠠᠭ᠄
2024/10/11

    ᠬᠠᠨ ᠵᠧᠩ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠪᠦᠭᠦ ᠲᠥᠯᠥᠭᠡᠯᠡᠭᠴᠢᠳ ᠲᠠᠢ ᠠᠭᠤᠯᠵᠠᠪᠠ

    ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 9 ᠤ ᠴᠠᠭᠢᠯᠭᠠᠨ ᠮᠡᠳᠡᠭᠡ  ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠲᠠᠰᠢᠷᠠᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠵᠠᠬᠢᠳᠠᠯ ᠢᠯᠡᠭᠡᠵᠦ᠂ ᠪᠦᠭᠦ ᠤᠯᠤᠰ ᠤᠨ ᠥᠷᠭᠡᠨ ᠣᠯᠠᠨ ᠤᠯᠠᠭᠠᠨ ᠵᠠᠭᠠᠯᠮᠠᠶᠢᠲᠠᠨ ᠤ ᠠᠵᠢᠯᠲᠠᠳ᠂ ᠭᠡᠰᠢᠭᠦᠳ᠂ ᠰᠠᠶᠢᠨ ᠲᠤᠷᠠᠴᠤᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠭᠠᠨ ᠵᠠᠭᠠᠯᠮᠠᠶᠢᠲᠠᠨ ᠤ ᠠᠵᠢᠯ ᠢ ᠰᠠᠶᠢᠲᠤᠷ ᠬᠢᠬᠦ ᠲᠤᠬᠠᠢ ᠬᠦᠰᠡᠯ ᠳᠤᠷᠠᠳᠪᠠ᠃

    ᠰᠢ ᠶᠢᠨ ᠫᠢᠩ ᠵᠠᠬᠢᠳᠠᠯ ᠳᠠᠭᠠᠨ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠣᠯ ᠨᠠᠮ ᠪᠣᠯᠣᠨ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠴᠢᠩᠭᠠᠳᠬᠠᠵᠤ᠂ ᠢᠲᠡᠭᠡᠭᠦᠯᠬᠦ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠮᠦᠯᠢᠭ ᠦᠵᠡᠯ ᠤᠨ ᠦᠢᠯᠡᠴᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ ᠤᠯᠤᠰ ᠤᠨ ᠬᠥᠮᠦᠯᠢᠭ ᠦᠵᠡᠯ ᠤᠨ ᠦᠢᠯᠡᠰ ᠲᠤ ᠢᠳᠡᠪᠬᠢᠲᠡᠢ ᠣᠷᠣᠯᠴᠠᠨ ᠳᠡᠮᠵᠢᠯᠭᠡ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠪᠠ ᠬᠥᠮᠥᠨ ᠲᠥᠷᠥᠯᠬᠢᠲᠡᠨ ᠤ ᠡᠩᠬᠡ ᠲᠠᠶᠢᠪᠤᠩ ᠬᠢᠭᠡᠳ ᠲᠠᠪᠰᠢᠯᠳᠠ ᠶᠢᠨ ᠦᠢᠯᠡᠰ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃

    ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤᠯᠠᠭᠠᠨ ᠵᠠᠭᠠᠯᠮᠠᠶᠢᠲᠠᠨ ᠤ ᠠᠵᠢᠯ ᠳᠠᠬᠢ ᠤᠳᠤᠷᠢᠳᠤᠯᠭ᠎ᠠ ᠪᠣᠯᠣᠨ ᠳᠡᠮᠵᠢᠯᠭᠡ ᠪᠠᠨ ᠴᠢᠩᠭᠠᠳᠬᠠᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠣᠷᠴᠢᠨ ᠪᠣᠯᠣᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠪᠦᠭᠦ ᠤᠯᠤᠰ ᠤᠨ ᠥᠷᠭᠡᠨ ᠤᠯᠠᠨ ᠤᠯᠠᠭᠠᠨ ᠵᠠᠭᠠᠯᠮᠠᠶᠢᠳᠠᠨ ᠤ ᠠᠵᠢᠯᠲᠠᠳ᠂ ᠭᠡᠰᠢᠭᠦᠳ᠂ ᠰᠠᠶᠢᠨ ᠲᠤᠷᠠᠴᠤᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠵᠣᠷᠢᠭᠲᠠᠢ ᠲᠡᠮᠡᠴᠡᠬᠦ ᠶᠢᠨ ᠳᠠᠭᠠᠤ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠵᠠᠢ᠃

    ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ 9 ᠤ ᠡᠳᠦᠷ ᠪᠡᠭᠡᠵᠢᠩ ᠳᠤ ᠡᠬᠢᠯᠡᠵᠦ᠂ ᠬᠤᠷᠠᠯ ᠳᠡᠭᠡᠷ᠎ᠡ ᠰᠢ ᠶᠢᠨ ᠫᠢᠩ ᠤᠨ ᠢᠷᠡᠭᠦᠯᠦᠭᠰᠡᠨ ᠵᠠᠬᠢᠳᠠᠯ ᠢ ᠤᠯᠠᠮᠵᠢᠯᠠᠪᠠ᠃ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠪᠦᠭᠦ ᠲᠥᠯᠥᠭᠡᠯᠡᠭᠴᠢᠳ ᠲᠠᠢ ᠠᠭᠤᠯᠵᠠᠵᠠᠢ᠃

    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠯᠢᠦ ᠭᠦᠸᠧ ᠵᠦᠩ ᠡᠭᠢᠯᠡᠯᠲᠡ ᠶᠢᠨ ᠶᠣᠰᠣᠯᠠᠯ ᠳᠡᠭᠡᠷ᠎ᠡ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠭᠰᠡᠨ ᠪᠥᠭᠡᠳ ᠠᠭᠤᠯᠵᠠᠯᠲᠠ ᠳᠤ ᠣᠷᠣᠯᠴᠠᠪᠠ᠃ ᠲᠡᠷᠡ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠷᠪᠠᠨ ᠨᠢᠭᠡᠳᠦᠭᠡᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠨᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠠᠭᠠᠨ ᠵᠠᠭᠠᠯᠮᠠᠶᠢᠳᠠᠨ ᠤ ᠦᠢᠯᠡᠰ ᠢᠯᠡᠳᠲᠡ ᠠᠮᠵᠢᠯᠲᠠ ᠣᠯᠪᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤᠯᠠᠬᠤ ᠬᠡᠷᠡᠭᠲᠡᠢ᠃ ︽ ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠡᠬᠤ ︾ ᠲᠤᠬᠠᠶᠢᠯᠠᠭᠰᠠᠨ ᠠᠵᠢᠯ ᠢᠶᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠨᠠᠮ ᠪᠣᠯᠣᠨ ᠵᠠᠰᠠᠭ ᠤᠨ ᠣᠷᠳᠣᠨ ᠢ ᠬᠠᠮᠵᠢᠨ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠲᠣᠣᠷ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠨ᠂ ᠪᠠᠲᠤ ᠴᠢᠩᠭ᠎ᠠ ᠰᠤᠷᠲᠠᠯ ᠢ ᠳᠠᠪᠲᠠᠨ ᠪᠤᠯᠪᠠᠰᠤᠷᠠᠭᠤᠯᠵᠤ᠂ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠤᠯᠠᠭᠠᠨ ᠵᠠᠭᠠᠯᠮᠠᠶᠢᠲᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠪᠡ᠃

    ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠾᠧ ᠸᠧᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃

    ᠶᠡᠭᠡ ᠬᠤᠷᠠᠯ ᠤᠨ ᠡᠭᠢᠯᠡᠯᠲᠡ ᠶᠢᠨ ᠶᠣᠰᠣᠯᠠᠯ ᠢ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ ᠴᠧᠨ ᠵᠦ ᠡᠷᠭᠢᠯᠡᠪᠡ᠃ ᠤᠯᠠᠭᠠᠨ ᠵᠠᠭᠠᠯᠮᠠᠶᠢᠲᠠᠨ ᠤ ᠣᠯᠠᠨ ᠤᠯᠤᠰ ᠤᠨ ᠵᠥᠪᠯᠡᠯ ᠤᠨ ᠲᠥᠯᠥᠭᠡᠯᠡᠭᠴᠢ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠣᠨ ᠤᠯᠠᠭᠠᠨ ᠰᠢᠨ᠎ᠡ ᠰᠠᠷᠠᠨ ᠨᠡᠶᠢᠭᠡᠮᠯᠢᠭ ᠤᠨ ᠣᠯᠠᠨ ᠤᠯᠤᠰ ᠤᠨ ᠬᠤᠯᠪᠣᠭᠠᠲᠤ ᠬᠤᠷᠠᠯ ᠤᠨ ᠲᠥᠯᠥᠭᠡᠯᠡᠭᠴᠢ ᠲᠣᠰ ᠲᠣᠰ ᠪᠠᠶᠠᠷ ᠤᠨ ᠦᠭᠡ ᠬᠡᠯᠡᠪᠡ᠃ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠰᠢᠦᠢ ᠯᠢᠦ ᠫᠢᠩ ᠤᠯᠠᠨ ᠲᠦᠮᠡᠨ ᠤ ᠪᠦᠯᠭᠦᠮ ᠢ ᠲᠥᠯᠥᠭᠡᠯᠡᠨ ᠪᠠᠶᠠᠷ ᠤᠨ ᠦᠭᠡ ᠬᠡᠯᠡᠪᠡ᠃ ᠬᠤᠷᠠᠯ ᠠᠴᠠ ᠪᠦᠭᠦ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠢᠰᠲ᠋ᠧᠮ ᠤᠨ 32 ᠲᠡᠷᠢᠭᠦᠨ ᠤ  ᠬᠠᠮᠲᠤ ᠨᠢᠭᠡᠴᠢ  ᠪᠣᠯᠣᠨ 10 ᠲᠡᠷᠢᠭᠦᠨ ᠤ  ᠠᠵᠢᠯᠲᠠᠨ ᠢ  ᠬᠥᠬᠢᠭᠦᠯᠦᠨ  ᠰᠠᠶᠢᠰᠢᠶᠠᠪᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ