ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/2/20

    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠣᠷᠣᠨ ᠤ ᠲᠤᠰᠬᠠᠶ ᠠᠰᠢᠭ ᠤᠨ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠲᠤᠯᠭᠠᠭᠤᠷᠢᠯᠠᠬᠤ ᠶᠢᠨ ᠲᠥᠯᠥᠭᠡ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ ︵ᠲᠤᠷᠰᠢᠨ ᠬᠡᠷᠡᠭᠵᠢᠭᠦᠯᠬᠦ︶︾ ᠭᠡᠵᠦ ᠲᠣᠪᠴᠢᠯᠠᠨ᠎ᠠ︶ ᠶᠢ ᠲᠤᠭᠤᠷᠪᠢᠵᠤ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠷᠠᠭ᠎ᠠ᠂ ᠨᠡᠶᠢᠲᠡᠯᠡᠭᠰᠡᠨ ᠠᠬᠤᠶ ᠪᠠᠶᠢᠳᠠᠯ ᠪᠠ ᠠᠴᠢ ᠬᠤᠯᠪᠣᠭᠳᠠᠯ᠂ ᠶᠠᠪᠤᠴᠠ᠂ ᠭᠤᠤᠯ ᠠᠭᠤᠯᠭ᠎ᠠ᠂ ᠲᠠᠶᠢᠯᠤᠮᠵᠢ ᠬᠢᠬᠦ ᠬᠡᠯᠪᠡᠷᠢ ᠪᠠ ᠠᠷᠭ᠎ᠠ ᠵᠠᠮ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠥᠷᠨᠢᠭᠦᠯᠪᠡ᠃

ᠨᠢᠭᠡ᠂ ᠲᠤᠭᠤᠷᠪᠢᠭᠰᠠᠨ ᠠᠬᠤᠶ ᠪᠠᠶᠢᠳᠠᠯ ᠵᠢᠴᠢ ᠠᠴᠢ ᠬᠤᠯᠪᠣᠭᠳᠠᠯ

    ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠢᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠪᠣᠯ ᠲᠤᠰᠬᠠᠢ ᠠᠰᠢᠭ ᠤᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠴᠢᠬᠤᠯᠠ ᠬᠡᠯᠪᠡᠷᠢ ᠪᠣᠯᠣᠨ᠎ᠠ᠃ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠲᠦᠷᠢᠮ ᠤᠨ ᠦᠢᠯᠡᠳᠦᠯ ᠢ ᠪᠠᠳᠠᠷᠠᠭᠤᠯᠬᠤ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 - 2035 ᠣᠨ︶ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠠ ᠬᠡᠷᠡᠭᠯᠡᠬᠦ ᠲᠥᠯᠥᠪᠵᠢᠭᠦᠯᠭᠡ︾ ᠶᠢᠨ ᠴᠢᠬᠤᠯᠠ ᠠᠭᠤᠯᠭ᠎ᠠ ᠪᠣᠯᠤᠨ᠎ᠠ᠃ 2022 ᠣᠨ ᠤ 7 ᠳ᠋ᠤᠭᠠᠷ ᠰᠠᠷ᠎ᠠ ᠳᠤ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ᠂ ᠬᠠᠤᠯᠢ ᠴᠠᠭᠠᠵᠠ ᠶᠢᠨ ᠶᠠᠮᠤᠨ ᠠᠴᠠ ᠮᠠᠨ ᠤ ᠣᠷᠣᠨ ᠢ ᠭᠤᠷᠪᠠᠳᠤᠭᠠᠷ ᠪᠦᠯᠦᠭ ᠤᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢᠶᠠᠷ ᠲᠣᠭᠲᠠᠭᠠᠵᠤ᠂ ᠮᠠᠨ ᠤ ᠣᠷᠣᠨ ᠢ ᠬᠤᠶᠠᠷ ᠵᠢᠯ ᠤᠨ ᠳᠣᠲᠣᠷ᠎ᠠ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠵᠢᠷᠤᠮ ᠪᠠ ᠵᠢᠷᠤᠮᠵᠢᠯ ᠢ ᠨᠠᠷᠢᠯᠢᠬᠵᠢᠭᠤᠯᠤᠨ᠂ ᠲᠤᠰᠬᠠᠶ ᠠᠰᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠡᠶᠢᠮᠦ ᠠᠴᠠ᠂ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠢ ᠵᠢᠷᠤᠮᠵᠢᠭᠤᠯᠤᠨ ᠴᠢᠩᠭᠠᠳᠬᠠᠬᠤ ᠪᠣᠯ ᠲᠤᠰᠬᠠᠢ ᠠᠰᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠠᠬᠢ ᠲᠥᠪ ᠭᠤᠣᠯᠴᠢ᠂ ᠡᠷᠬᠡ ᠲᠡᠭᠰᠢ ᠪᠠ ᠢᠯᠡ ᠲᠣᠳᠣ ᠪᠠᠶᠢᠬᠤ ᠶᠢ ᠪᠠᠲᠤᠯᠠᠬᠤ ᠬᠡᠷᠡᠭᠴᠡᠭᠡ ᠪᠣᠯᠬᠤ ᠪᠠᠷ ᠪᠠᠷᠠᠬᠤ ᠦᠭᠡᠢ᠂ ᠮᠥᠨ ᠴᠤ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢ ᠵᠢᠷᠤᠮᠵᠢᠭᠤᠯᠬᠤ ᠲᠤᠷᠰᠢᠯᠲᠠ ᠶᠢᠨ ᠠᠵᠢᠯ ᠤᠨ ᠠᠭᠤᠯᠭ᠎ᠠ ᠶᠢᠨ ᠨᠢᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠤᠯᠪᠣᠭᠳᠠᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃

ᠬᠤᠶᠠᠷ᠂ ᠲᠣᠭᠲᠠᠭᠠᠭᠰᠠᠨ ᠶᠠᠪᠤᠴᠠ

    ᠮᠠᠨ ᠤ ᠣᠷᠣᠨ ᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠦᠢᠯᠡᠳᠦᠯᠭᠡ ᠶᠢᠨ ᠳᠤᠮᠳᠠ ᠲᠤᠯᠭᠠᠷᠠᠭᠰᠠᠨ ᠵᠠᠷᠢᠮ ᠰᠢᠨ᠎ᠡ ᠠᠰᠠᠭᠤᠳᠠᠯ ᠢ ᠲᠣᠳᠣᠷᠬᠠᠶᠢᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠶ ᠠᠰᠢᠭ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠶ ᠠᠰᠢᠭ ᠤᠨ ᠬᠠᠤᠯᠢ ᠶᠢ ᠬᠡᠷᠡᠭᠵᠢᠭᠦᠯᠬᠦ ᠨᠠᠷᠢᠨ ᠳᠦᠷᠢᠮ︾ ︽ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢᠨ ᠬᠡᠷᠡᠭ ᠰᠢᠢᠳᠪᠦᠷᠢᠯᠡᠬᠦ ᠵᠦᠭᠯᠡᠭᠦᠷ︾ ︽ᠰᠢᠨ᠎ᠡ ᠴᠠᠭ ᠦᠶ᠎ᠡ ᠶᠢᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠢ ᠴᠢᠩᠭᠠᠳᠬᠠᠬᠤ ᠲᠤᠬᠠᠶ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠬᠠᠤᠯᠢ ᠴᠠᠭᠠᠵᠠ ᠶᠢᠨ ᠶᠠᠮᠤᠨ ᠤ ᠰᠠᠨᠠᠯ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠤᠭᠤᠷᠪᠢᠪᠠ᠃ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠤᠨ ᠠᠭᠤᠯᠭ᠎ᠠ ᠶᠢ ᠡᠮᠬᠢᠯᠡᠨ ᠳᠢᠭᠯᠡᠵᠦ᠂ ᠡᠬᠡ ᠨᠣᠤᠷᠠᠭ ᠢ ᠪᠣᠶ ᠪᠣᠯᠭᠠᠬᠤ ᠶᠢᠨ ᠬᠠᠮᠲᠤ ᠠᠶᠢᠮᠠᠭ ᠬᠤᠲᠠ ᠶᠢᠨ ᠲᠣᠪᠴᠢᠶ᠎ᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠲᠣᠪᠴᠢᠶ᠎ᠠ᠂ ᠬᠠᠤᠯᠢ ᠲᠣᠭᠲᠠᠭᠠᠯ ᠤᠨ ᠭᠠᠵᠠᠷ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠵᠢᠭᠦᠯᠦᠯᠲᠡ ᠶᠢ ᠠᠬᠢᠭᠤᠯᠬᠤ ᠭᠠᠵᠠᠷ᠂ ᠬᠠᠮᠠᠭᠠᠯᠠᠬᠤ ᠲᠥᠪ ᠂ ᠣᠷᠣᠯᠠᠨ ᠭᠦᠢᠴᠡᠳᠬᠡᠬᠦ ᠭᠠᠵᠠᠷ ᠠᠴᠠ ᠰᠠᠨᠠᠯ ᠬᠤᠷᠢᠶᠠᠵᠤ᠂ ᠳᠡᠭᠡᠳᠦ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠠᠴᠠ ᠰᠠᠨᠠᠯ ᠬᠤᠷᠢᠶᠠᠵᠤ᠂ ᠨᠡᠶᠢᠲᠡ 75 ᠵᠦᠢᠯ ᠤᠨ ᠰᠠᠨᠠᠯ ᠬᠤᠷᠢᠶᠠᠵᠤ᠂ 69 ᠵᠦᠢᠯ ᠢ ᠭᠥᠯᠢᠶᠡᠨ ᠠᠪᠴᠤ᠂ 6 ᠵᠦᠢᠯ ᠢ ᠭᠥᠯᠢᠶᠡᠨ ᠠᠪᠤᠭᠰᠠᠨ ᠥᠬᠡᠶ᠂ ᠠᠩᠬᠠᠨ ᠤ ᠡᠬᠡ ᠨᠣᠣᠷᠠᠭ ᠢ ᠪᠣᠶ ᠪᠣᠯᠭᠠᠭᠰᠠᠨ ᠤ ᠳᠠᠷᠠᠭ᠎ᠠ ᠭᠠᠵᠠᠷ ᠤᠨ ᠳᠣᠲᠣᠭᠠᠳᠤ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ︽ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠪᠣᠶ ᠪᠣᠯᠭᠠᠪᠠ᠃ ᠡᠭᠦᠨ ᠤ ᠵᠣᠷᠢᠯᠭ᠎ᠠ ᠨᠢ ᠲᠤᠰᠬᠠᠶ ᠠᠰᠢᠭ ᠤᠨ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠵᠢᠷᠤᠮ ᠢ ᠨᠠᠷᠢᠯᠢᠬᠵᠢᠭᠤᠯᠵᠤ᠂ ᠮᠠᠨ ᠤ ᠣᠷᠣᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ ᠶᠤᠮ᠃

ᠭᠤᠷᠪᠠ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ

    ︽ᠠᠷᠭ᠎ᠠ ︵ᠲᠣᠷᠰᠢᠨ ᠬᠡᠷᠡᠭᠵᠢᠭᠦᠯᠬᠦ︶︾ ᠳᠤ 53 ᠵᠦᠢᠯ ᠪᠠᠶᠢᠵᠤ᠂ ᠶᠢᠰᠦᠨ ᠪᠦᠯᠦᠭ ᠬᠤᠪᠢᠶᠠᠵᠤ᠂ ᠶᠡᠷᠦᠩᠬᠡᠢ ᠳᠦᠷᠢᠮ᠂ ᠬᠠᠷᠢᠶᠠᠯᠠᠯᠲᠠ᠂ ᠬᠦᠯᠢᠶᠡᠨ ᠠᠪᠴᠤ ᠰᠢᠢᠳᠪᠦᠷᠢᠯᠡᠬᠦ ᠪᠠ ᠬᠡᠷᠡᠭ ᠪᠣᠯᠭᠠᠨ ᠳᠠᠩᠰᠠᠯᠠᠬᠤ᠂ ᠭᠡᠷᠡᠴᠢ ᠪᠠᠷᠢᠮᠲᠠ ᠶᠢ ᠪᠠᠶᠢᠴᠠᠭᠠᠬᠤ᠂ ᠰᠢᠭᠦᠬᠦ᠂ ᠡᠶᠡᠳᠡᠭᠦᠯᠬᠦ ᠪᠠ ᠲᠠᠰᠤᠯᠤᠨ ᠲᠣᠭᠲᠠᠭᠠᠬᠤ᠂ ᠭᠦᠢᠴᠡᠳᠬᠡᠬᠦ ᠪᠠ ᠢᠯᠡ ᠪᠣᠯᠭᠠᠬᠤ᠂ ᠬᠤᠭᠤᠴᠠᠭᠠᠨ ᠳᠤ ᠬᠦᠷᠭᠡᠬᠦ᠂ ᠳᠠᠭᠠᠯᠳᠤᠭᠤᠯᠤᠭᠰᠠᠨ ᠳᠦᠷᠢᠮ ᠵᠡᠷᠭᠡ ᠲᠠᠯ᠎ᠠ ᠠᠴᠠ ᠪᠦᠬᠦ ᠣᠷᠣᠨ ᠤ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠵᠢᠷᠤᠮᠵᠢᠭᠤᠯᠪᠠ᠃

︵ᠨᠢᠭᠡ︶ ᠶᠡᠷᠦᠩᠬᠡᠢ ᠳᠦᠷᠢᠮ

    ᠲᠣᠰ ᠬᠡᠰᠡᠭ ᠲᠤ ᠨᠡᠶᠢᠲᠡ 6 ᠵᠦᠢᠯ ᠪᠠᠶᠢᠵᠤ᠂ ︽ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠲᠣᠭᠲᠠᠭᠠᠭᠰᠠᠨ ᠠᠴᠢ ᠬᠤᠯᠪᠣᠭᠳᠠᠯ᠂ ᠵᠣᠷᠢᠯᠭ᠎ᠠ᠂ ᠲᠤᠬᠠᠶ ᠶᠢᠨ ᠬᠥᠮᠦᠨ ᠤ ᠦᠨᠳᠦᠰᠦᠨ ᠡᠷᠬᠡ ᠵᠢᠴᠢ ᠬᠡᠷᠡᠭᠯᠡᠬᠦ ᠬᠡᠪᠴᠢᠶᠡᠨ ᠳᠤ ᠲᠣᠳᠣᠷᠬᠠᠶᠢᠯᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠪᠥᠬᠦ ᠣᠷᠣᠨ ᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠢ ᠵᠢᠯᠣᠭᠤᠳᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠬᠤ ᠶᠢ ᠲᠣᠳᠣᠷᠬᠠᠶᠢᠯᠠᠪᠠ᠃

︵ᠬᠤᠶᠠᠷ︶ ᠬᠠᠷᠢᠶᠠᠯᠠᠯᠲᠠ

    ᠲᠤᠰ ᠬᠡᠰᠡᠭ ᠲᠤ ᠨᠡᠶᠢᠲᠡ 4 ᠵᠦᠢᠯ ᠪᠠᠶᠢᠵᠤ᠂  ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢᠨ ᠬᠡᠷᠡᠭ ᠤᠨ ᠬᠠᠷᠢᠶᠠᠯᠠᠯᠲᠠ ᠶᠢᠨ ᠡᠷᠬᠡ ᠶᠢᠨ ᠬᠠᠷᠢᠶᠠᠯᠠᠯ ᠢ ᠲᠣᠭᠲᠠᠭᠠᠵᠤ᠂ ᠬᠠᠷᠢᠶᠠᠯᠠᠯᠲᠠ ᠶᠢᠨ ᠡᠷᠬᠡ ᠶᠢᠨ ᠮᠠᠷᠭᠤᠯᠳᠤᠭᠠᠨ ᠲᠠᠢ ᠬᠡᠷᠡᠭ ᠤᠨ ᠰᠢᠢᠳᠪᠦᠷᠢᠯᠡᠯᠲᠡ ᠶᠢ ᠲᠣᠳᠣᠷᠬᠠᠶᠢᠯᠠᠪᠠ︔ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠣᠷᠣᠨ ᠠᠯᠤᠰᠯᠠᠭᠰᠠᠨ ᠬᠦᠨᠳᠦ ᠶᠡᠭᠡ᠂ ᠨᠠᠷᠢᠨ ᠪᠤᠳᠤᠯᠢᠶᠠᠨᠲᠠᠶ᠂ ᠨᠡᠯᠢᠶᠡᠳ ᠶᠡᠭᠡ ᠨᠥᠯᠥᠭᠡ ᠲᠠᠢ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠬᠡᠷᠡᠭ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠬᠠᠷᠢᠭᠤᠴᠠᠨ ᠵᠣᠬᠢᠴᠠᠭᠤᠯᠤᠨ ᠰᠢᠢᠳᠪᠦᠷᠢᠯᠡᠨ᠎ᠡ᠃ ︽ᠴᠢᠬᠤᠯᠠ ᠶᠡᠭᠡ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠷᠭ᠎ᠠ︾ ᠳᠤ ᠲᠣᠭᠲᠠᠭᠠᠯ ᠳᠤ ᠬᠠᠷᠢᠶᠠᠯᠠᠭᠳᠠᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠳᠤ ᠭᠤᠶᠤᠴᠢᠯᠠᠯ ᠭᠠᠷᠭᠠᠨ᠎ᠠ᠃

︵ᠭᠤᠷᠪᠠ︶ ᠬᠦᠯᠢᠶᠡᠨ ᠠᠪᠬᠤ ᠪᠠ ᠬᠡᠷᠡᠭ ᠪᠣᠯᠭᠠᠨ ᠳᠠᠩᠰᠠᠯᠠᠬᠤ

    ᠲᠣᠰ ᠬᠡᠰᠡᠭ ᠲᠤ ᠨᠡᠶᠢᠲᠡ 11 ᠵᠦᠢᠯ ᠪᠠᠶᠢᠵᠤ᠂ ᠬᠡᠷᠡᠭ ᠪᠣᠯᠭᠠᠨ ᠳᠠᠩᠰᠠᠯᠠᠭᠰᠠᠨ ᠤ ᠳᠠᠷᠠᠭᠠᠬᠢ ᠰᠢᠢᠳᠪᠦᠷᠢᠯᠡᠬᠦ ᠵᠢᠷᠤᠮ ᠤᠨ ᠵᠦᠢᠯᠡᠰ ᠲᠤ ᠲᠣᠭᠲᠠᠭᠠᠯ ᠭᠠᠷᠭᠠᠪᠠ᠃ ᠲᠤᠰᠬᠠᠢ ᠠᠰᠢᠭ ᠤᠨ ᠡᠷᠭᠡ ᠳᠤ ᠬᠠᠯᠳᠠᠬᠰᠡᠨ ᠵᠠᠭᠤᠷᠠᠯᠳᠤᠭᠠᠨ ᠢ ᠬᠥᠯᠢᠶᠡᠨ ᠠᠪᠬᠤ ᠨᠥᠬᠦᠴᠡᠯ᠂ ᠭᠤᠶᠤᠴᠢᠯᠠᠯ ᠤᠨ ᠪᠢᠴᠢᠭ ᠤᠨ ᠠᠭᠤᠯᠭ᠎ᠠ᠂ ᠭᠡᠷᠡᠴᠢ ᠪᠠᠷᠢᠮᠳᠠ ᠪᠠ ᠭᠡᠷᠡᠴᠢᠯᠡᠬᠦ ᠮᠠᠲ᠋ᠧᠷᠢᠶᠠᠯ᠂ ᠭᠡᠷᠡᠭ ᠪᠤᠯᠭᠠᠨ ᠲᠠᠩᠰᠠᠯᠠᠬᠤ ᠶᠢ ᠭᠢᠨᠠᠨ ᠪᠠᠶᠢᠴᠠᠭᠠᠬᠤ ᠠᠭᠤᠯᠭ᠎ᠠ ᠳᠤ ᠴᠢᠭᠯᠡᠬᠦᠯᠦᠨ ᠪᠤᠳᠠᠳᠠᠢ ᠲᠠᠶᠢᠯᠪᠤᠷᠢᠯᠠᠯᠳᠠ ᠬᠢᠵᠤ᠂ ᠲᠤᠬᠠᠢ ᠶᠢᠨ ᠬᠥᠮᠤᠨ ᠤ ᠭᠡᠷᠡᠭ ᠪᠤᠯᠭᠠᠬᠤ ᠠᠴᠠ ᠡᠮᠤᠨ᠎ᠠ ᠪᠡᠯᠡᠳᠭᠡᠬᠦ ᠴᠢᠬᠤᠯᠳᠠᠢ ᠪᠢᠴᠢᠭ ᠮᠠᠲ᠋ᠧᠷᠢᠶᠠᠯ᠂ ᠬᠠᠷᠢᠶᠠᠯᠠᠯᠲᠠ ᠶᠢᠨ ᠡᠷᠭᠡ ᠶᠢᠨ ᠲᠤᠬᠠᠢ ᠤᠨᠳᠤᠤ ᠰᠠᠨᠠᠯ ᠵᠡᠷᠭᠡ ᠳᠤ ᠲᠤᠳᠤᠷᠬᠠᠶᠢᠯᠠᠯᠳᠠ ᠬᠢᠭᠰᠡᠨ ᠤ ᠬᠠᠮᠳᠤ᠂ ᠲᠤᠰᠬᠠᠢ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠤᠨ ᠭᠡᠷᠡᠭ ᠪᠤᠯᠭᠠᠬᠤ ᠥᠶ᠎ᠠ ᠶᠢᠨ ᠶᠠᠪᠤᠴᠠ᠂ ᠠᠵᠢᠯᠯᠠᠬᠤ ᠴᠠᠭ ᠬᠤᠭᠤᠴᠠᠭ᠎ᠠ᠂ ᠵᠠᠶᠢᠯᠠᠬᠤ ᠨᠥᠭᠦᠴᠡᠯ ᠳᠤ ᠲᠤᠳᠤᠷᠬᠠᠢ ᠲᠤᠬᠳᠠᠭᠠᠯ ᠭᠠᠷᠭᠠᠪᠠ᠃

︵ᠲᠦᠷᠪᠡ︶ ᠭᠡᠷᠡᠴᠢ ᠪᠠᠷᠢᠮᠳᠠ ᠶᠢᠨ ᠪᠠᠶᠢᠴᠠᠭᠠᠯᠳᠠ

    ᠲᠣᠰ ᠬᠡᠰᠡᠭ ᠲᠤ ᠨᠡᠶᠢᠲᠡ 8 ᠵᠦᠢᠯ ᠪᠠᠶᠢᠵᠤ᠂ ᠬᠡᠷᠡᠭ ᠤᠨ ᠭᠡᠷᠡᠴᠢ ᠪᠠᠷᠢᠮᠲᠠ ᠶᠢ ᠴᠤᠭᠯᠠᠭᠤᠯᠬᠤ᠂ ᠲᠣᠭᠲᠠᠮᠠᠯ ᠪᠣᠯᠭᠠᠬᠤ᠂ ᠬᠠᠳᠠᠭᠠᠯᠠᠬᠤ᠂ ᠲᠡᠮᠳᠡᠭᠯᠡᠯ ᠵᠣᠬᠢᠶᠠᠬᠤ ᠲᠠᠯ᠎ᠠ ᠪᠠᠷ ᠪᠣᠳᠠᠲᠠᠶ ᠲᠣᠳᠣᠷᠬᠠᠶᠢᠯᠠᠵᠤ᠂ ᠭᠡᠷᠡᠴᠢ ᠪᠠᠷᠢᠮᠲᠠ ᠶᠢᠨ ᠴᠢᠩᠭ᠎ᠠ ᠲᠦᠷᠢᠮ ᠢ ᠲᠣᠭᠲᠠᠭᠠᠨ᠂ ᠲᠤᠰᠬᠠᠶ ᠠᠰᠢᠭ ᠤᠨ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢᠨ ᠬᠡᠷᠡᠭ ᠤᠨ ᠭᠡᠷᠡᠴᠢ ᠪᠠᠷᠢᠮᠲᠠ ᠨᠢ ᠬᠠᠤᠯᠢ ᠶᠣᠰᠣᠨ ᠤ᠂ ᠬᠦᠴᠦᠨ ᠲᠠᠢ ᠪᠠᠶᠢᠬᠤ ᠶᠢ ᠦᠨᠡᠨ ᠬᠦ ᠪᠠᠲᠤᠯᠠᠪᠠ᠃ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠬᠡᠷᠡᠭ ᠢ ᠰᠢᠢᠳᠪᠦᠷᠢᠯᠡᠬᠦ ᠶᠠᠪᠤᠴᠠ ᠳᠤ᠂ ᠬᠡᠷᠡᠭ ᠲᠤ ᠬᠤᠯᠪᠣᠭᠳᠠᠭᠰᠠᠨ ᠮᠡᠷᠭᠡᠵᠢᠯ ᠤᠨ ᠣᠨᠴᠠᠯᠢᠭ᠂ ᠮᠡᠷᠭᠡᠵᠢᠯ ᠤᠨ ᠲᠥᠰᠥᠯ᠂ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠮᠠᠭᠠᠳᠯᠠᠨ ᠲᠣᠭᠲᠠᠭᠠᠬᠤ ᠳᠤ ᠪᠡᠷᠬᠡᠲᠡᠢ ᠪᠠᠶᠢᠪᠠᠯ᠂ ᠲᠤᠰᠬᠠᠢ ᠠᠰᠢᠭ ᠤᠨ ᠠᠵᠢᠯ ᠢ ᠬᠠᠮᠢᠶᠠᠷᠴᠤ ᠪᠠᠶᠢᠭ᠎ᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠮᠡᠷᠭᠡᠵᠢᠯ ᠤᠨ ᠪᠠᠶᠢᠴᠠᠭᠠᠯᠲᠠ ᠶᠢᠨ ᠳᠠᠷᠤᠭ᠎ᠠ ᠶᠢ ᠲᠣᠮᠢᠯᠠᠨ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯᠯᠠᠭ᠎ᠠ ᠳᠤ ᠣᠷᠣᠯᠴᠠᠭᠤᠯᠵᠤ᠂ ᠬᠡᠷᠡᠭ ᠤᠨ ᠮᠡᠷᠭᠡᠵᠢᠯ ᠤᠨ ᠪᠣᠳᠠᠲᠤ ᠬᠡᠷᠡᠭ ᠢ ᠪᠠᠶᠢᠴᠠᠭᠠᠨ ᠳᠣᠲᠣᠯᠠᠬᠤ ᠳᠤ ᠠᠰᠠᠭᠤᠨ ᠯᠠᠪᠯᠠᠬᠤ᠂ ᠮᠡᠷᠭᠡᠵᠢᠯ ᠤᠨ ᠪᠠᠶᠢᠴᠠᠭᠠᠯᠲᠠ ᠬᠢᠬᠦ ᠰᠠᠨᠠᠯ ᠪᠠ ᠪᠤᠰᠤᠳ ᠴᠢᠬᠤᠯᠠ ᠪᠦᠬᠦᠢ ᠮᠡᠷᠭᠡᠵᠢᠯ ᠤᠨ ᠬᠠᠪᠰᠤᠷᠤᠯᠭ᠎ᠠ ᠦᠵᠡᠭᠦᠯᠵᠦ ᠪᠣᠯᠣᠨ᠎ᠠ᠃

︵ᠲᠠᠪᠤ︶ ᠰᠢᠭᠦᠨ ᠰᠢᠢᠳᠪᠦᠷᠢᠯᠡᠬᠦ

    ᠲᠣᠰ ᠬᠡᠰᠡᠭ ᠲᠤ ᠨᠡᠶᠢᠲᠡ 10 ᠵᠦᠢᠯ ᠪᠠᠶᠢᠵᠤ᠂ ᠬᠡᠷᠡᠭ ᠢ ᠰᠢᠭᠦᠨ ᠰᠢᠢᠳᠪᠦᠷᠢᠯᠡᠬᠦ ᠶᠠᠪᠤᠴᠠ ᠳᠤ ᠲᠣᠳᠣᠷᠬᠠᠢ ᠲᠣᠭᠲᠠᠭᠠᠯ ᠭᠠᠷᠭᠠᠵᠤ᠂ ᠪᠢᠴᠢᠭ ᠤᠨ ᠬᠡᠯᠪᠡᠷᠢ ᠪᠠᠷ ᠰᠢᠭᠦᠨ ᠰᠢᠢᠳᠪᠦᠷᠢᠯᠡᠬᠦ ᠨᠥᠬᠦᠴᠡᠯ᠂ ᠠᠮᠠ ᠪᠠᠷ ᠰᠢᠭᠦᠨ ᠰᠢᠢᠳᠪᠦᠷᠢᠯᠡᠬᠦ ᠶᠠᠪᠤᠴᠠ᠂ ᠰᠦᠯᠵᠢᠶᠡᠨ ᠳᠡᠭᠡᠷ᠎ᠡ ᠠᠮᠠ ᠪᠠᠷ ᠰᠢᠭᠦᠨ ᠰᠢᠢᠳᠪᠦᠷᠢᠯᠡᠬᠦ᠂ ᠬᠡᠷᠡᠭ ᠢ ᠵᠣᠭᠰᠣᠭᠠᠬᠤ ᠵᠢᠷᠤᠮ ᠵᠡᠷᠭᠡ ᠶᠢ ᠪᠠᠭᠲᠠᠭᠠᠵᠤ᠂ ᠲᠤᠰᠬᠠᠢ ᠠᠰᠢᠭ ᠤᠨ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢᠨ ᠰᠢᠭᠦᠬᠦ ᠵᠢᠷᠤᠮ ᠢ ᠨᠠᠷᠢᠯᠢᠭᠵᠢᠭᠤᠯᠵᠤ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠬᠡᠷᠡᠭ ᠢ ᠰᠢᠭᠦᠨ ᠰᠢᠢᠳᠪᠦᠷᠢᠯᠡᠬᠦ ᠵᠢᠷᠤᠮ ᠤᠨ ᠲᠥᠪ ᠭᠤᠣᠯᠴᠢ᠂ ᠡᠷᠬᠡ ᠲᠡᠭᠰᠢ ᠪᠠ ᠢᠯᠡ ᠲᠣᠳᠣ ᠪᠠᠶᠢᠬᠤ ᠶᠢ ᠦᠨᠡᠨ ᠬᠦ ᠪᠠᠲᠤᠯᠠᠪᠠ᠃

︵ᠵᠢᠷᠭᠤᠭ᠎ᠠ︶ ᠡᠶᠡᠳᠡᠭᠦᠯᠬᠦ ᠪᠠ ᠲᠠᠰᠤᠯᠤᠨ ᠲᠣᠭᠲᠠᠭᠠᠬᠤ

    ᠲᠣᠰ ᠬᠡᠰᠡᠭ ᠲᠤ ᠨᠡᠶᠢᠲᠡ 5 ᠵᠦᠢᠯ ᠪᠠᠶᠢᠵᠤ᠂ ᠬᠡᠷᠡᠭ ᠢ ᠡᠶᠡᠳᠡᠭᠦᠯᠬᠦ ᠪᠠ ᠲᠠᠰᠤᠯᠤᠨ ᠲᠣᠭᠲᠠᠭᠠᠬᠤ ᠵᠢᠷᠤᠮ ᠳᠤ ᠲᠣᠭᠲᠠᠭᠠᠯ ᠭᠠᠷᠭᠠᠪᠠ᠂ ᠡᠭᠦᠨ ᠳᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠪᠠ ᠠᠷᠠᠳ ᠤᠨ ᠡᠶᠡᠳᠡᠭᠦᠯᠭᠡ ᠶᠢ ᠵᠣᠯᠭᠠᠯᠳᠤᠭᠤᠯᠬᠤ᠂ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢᠨ ᠪᠢᠴᠢᠭ ᠢ ᠵᠣᠬᠢᠶᠠᠬᠤ᠂ ᠲᠤᠰᠬᠠᠶ ᠠᠰᠢᠭ ᠤᠨ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢᠨ ᠴᠠᠭ ᠤᠨ ᠬᠢᠵᠠᠭᠠᠷ ᠪᠠ ᠬᠤᠭᠤᠴᠠᠭᠠᠯᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠶᠢᠨ ᠵᠢᠷᠤᠮ ᠵᠡᠷᠭᠡ ᠶᠢ ᠪᠠᠭᠲᠠᠭᠠᠵᠤ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠢᠷᠤᠮ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠲᠤᠬᠠᠶ ᠶᠢᠨ ᠬᠥᠮᠦᠨ ᠳᠤ ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠡᠰᠢᠵᠢᠭᠰᠡᠨ ᠠᠷᠭ᠎ᠠ ᠵᠠᠮ ᠬᠠᠩᠭᠠᠪᠠ᠃

︵ᠳᠤᠯᠤᠭ᠎ᠠ︶ ᠭᠦᠢᠴᠡᠳᠬᠡᠬᠦ ᠪᠠ ᠢᠯᠡ ᠪᠤᠯᠭᠠᠬᠤ

    ᠲᠤᠰ ᠬᠡᠰᠡᠭ ᠲᠤ ᠨᠡᠶᠢᠲᠡ 3 ᠵᠦᠢᠯ ᠪᠠᠶᠢᠵᠤ ᠂ ᠲᠠᠰᠤᠯᠤᠨ ᠲᠣᠭᠲᠠᠭᠠᠯᠲᠠ ᠶᠢᠨ ᠦᠷ᠎ᠡ ᠳ᠋ᠦᠩ ᠭᠠᠷᠭᠠᠭᠰᠠᠨ ᠤ ᠳᠠᠷᠠᠭ᠎ᠠ ᠭᠦᠢᠴᠡᠳᠬᠡᠬᠦ ᠪᠠ ᠢᠯᠡ ᠪᠣᠯᠭᠠᠬᠤ ᠠᠵᠢᠯ ᠳᠤ ᠲᠣᠭᠲᠠᠭᠠᠯ ᠭᠠᠷᠭᠠᠪᠠ᠂ ᠡᠭᠦᠨ ᠳᠤ ᠡᠷᠬᠡ ᠳᠤ ᠬᠠᠯᠳᠠᠭᠰᠠᠨ ᠢ ᠵᠣᠭᠰᠣᠭᠠᠬᠤ᠂ ᠦᠢᠯᠡᠳᠬᠦᠨ ᠵᠢᠴᠢ ᠦᠢᠯᠡᠳᠪᠦᠷᠢᠯᠡᠯ ᠤᠨ ᠪᠠᠭᠠᠵᠢ ᠶᠢ ᠤᠰᠠᠳᠬᠠᠬᠤ᠂ ᠪᠣᠷᠣᠯᠠᠭᠤᠯᠬᠤ ᠶᠢ ᠵᠣᠭᠰᠣᠭᠠᠬᠤ᠂ ᠳᠡᠯᠭᠡᠨ ᠦᠵᠡᠭᠦᠯᠬᠦ ᠶᠢ ᠵᠣᠭᠰᠣᠭᠠᠬᠤ ᠵᠡᠷᠭᠡ ᠪᠠᠭᠲᠠᠨ᠎ᠠ᠂ ᠲᠠᠰᠤᠯᠤᠨ ᠲᠣᠭᠲᠠᠭᠠᠭᠰᠠᠨ ᠦᠷ᠎ᠡ ᠳ᠋ᠦᠩ ᠢ ᠢᠯᠡ ᠪᠣᠯᠭᠠᠭᠰᠠᠨ ᠮᠡᠳᠡᠭᠡ ᠵᠠᠩᠭᠢ᠂ ᠠᠷᠭ᠎ᠠ ᠬᠡᠯᠪᠡᠷᠢ᠂ ᠬᠤᠭᠤᠴᠠᠭᠠᠯᠠᠯ᠂ ᠠᠯᠪᠠᠲᠠᠨ ᠭᠦᠢᠴᠡᠳᠬᠡᠭᠦᠯᠬᠦ ᠪᠠ ᠢᠲᠡᠭᠡᠮᠵᠢ ᠠᠯᠳᠠᠭᠰᠠᠳ ᠶᠢ ᠵᠠᠯᠬᠠᠭᠠᠨ ᠴᠡᠭᠡᠷᠯᠡᠭᠦᠯᠬᠦ᠂ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠭᠠᠷᠭᠠᠭᠰᠠᠨ ᠤ ᠳᠠᠷᠠᠭ᠎ᠠ ᠨᠠᠢᠳᠠᠪᠤᠷᠢᠵᠢᠭᠤᠯᠤᠨ ᠭᠦᠢᠴᠡᠳᠬᠡᠬᠦ ᠶᠢ ᠪᠠᠲᠤᠯᠠᠪᠠ᠃

︵ᠨᠠᠢᠮᠠ︶ ᠬᠤᠭᠤᠴᠠᠭᠠᠯᠠᠯ᠂ ᠬᠦᠷᠭᠡᠬᠦ

    ᠲᠣᠰ ᠬᠡᠰᠡᠭ ᠲᠤ ᠨᠡᠶᠢᠲᠡ 3 ᠵᠦᠢᠯ ᠪᠠᠶᠢᠵᠤ᠂ ᠬᠡᠷᠡᠭ ᠤᠨ ᠬᠡᠷᠡᠭ ᠰᠢᠢᠳᠪᠦᠷᠢᠯᠡᠬᠦ ᠬᠤᠭᠤᠴᠠᠭ᠎ᠠ᠂ ᠦᠷ᠎ᠡ ᠳ᠋ᠦᠩ ᠤᠨ ᠬᠦᠷᠭᠡᠯᠲᠡ ᠳᠤ ᠪᠣᠳᠠᠲᠠᠶ ᠲᠠᠶᠢᠯᠪᠤᠷᠢᠯᠠᠯᠲᠠ ᠬᠢᠵᠦ᠂ ᠡᠭᠦᠨ ᠳᠤ ᠬᠤᠭᠤᠴᠠᠭ᠎ᠠ ᠶᠢ ᠵᠠᠭᠠᠭᠯᠠᠨ ᠲᠣᠭᠲᠠᠭᠠᠬᠤ᠂ ᠬᠡᠷᠡᠭ ᠳᠠᠭᠤᠰᠬᠠᠭᠰᠠᠨ ᠪᠢᠴᠢᠭ ᠬᠠᠷ᠎ᠠ ᠶᠢᠨ ᠠᠭᠤᠯᠭ᠎ᠠ ᠬᠢᠭᠡᠳ ᠵᠣᠬᠢᠶᠠᠬᠤ᠂ ᠬᠦᠷᠭᠡᠬᠦ ᠠᠷᠭ᠎ᠠ ᠮᠠᠶ᠋ᠢᠭ᠂ ᠡᠳᠦᠷ ᠬᠤᠭᠤᠴᠠᠭ᠎ᠠ ᠶᠢ ᠲᠣᠭᠲᠠᠭᠠᠬᠤ ᠵᠡᠷᠭᠡ ᠠᠭᠤᠯᠭ᠎ᠠ ᠶᠢ ᠪᠠᠭᠲᠠᠭᠠᠵᠤ᠂ ᠪᠣᠳᠠᠲᠠᠶ ᠬᠡᠷᠡᠭ ᠰᠢᠢᠳᠪᠦᠷᠢᠯᠡᠬᠦ ᠪᠣᠳᠠᠲᠠᠶ ᠪᠠᠶᠢᠳᠠᠯ ᠢ ᠪᠣᠳᠣᠯᠬᠢᠯᠠᠵᠤ᠂ ᠣᠷᠣᠰᠢᠵᠤ ᠮᠡᠳᠡᠬᠦ ᠬᠦᠷᠭᠡᠵᠦ ᠮᠡᠳᠡᠬᠦ ᠪᠠᠶᠢᠳᠠᠯ ᠢ ᠲᠣᠳᠣᠷᠬᠠᠶ ᠪᠣᠯᠭᠠᠵᠤ᠂ ᠲᠤᠬᠠᠶ ᠶᠢᠨ ᠬᠥᠮᠦᠨ ᠤ ᠬᠤᠶᠠᠷ ᠲᠠᠯ᠎ᠠ ᠶᠢᠨ ᠬᠡᠷᠡᠭ ᠰᠢᠢᠳᠪᠦᠷᠢᠯᠡᠭᠰᠡᠨ ᠦᠷ᠎ᠡ ᠳ᠋ᠦᠩ ᠢ ᠣᠯᠵᠤ ᠳᠡᠶᠢᠯᠬᠦ ᠶᠢ ᠪᠠᠲᠤᠯᠠᠪᠠ᠃

︵ᠶᠢᠰᠦ︶ ᠲᠠᠭᠠᠯᠳᠤᠭᠤᠯᠤᠭᠰᠠᠨ ᠲᠦᠷᠢᠮ

    ᠲᠣᠰ ᠬᠡᠰᠡᠭ ᠲᠤ ᠨᠡᠶᠢᠲᠡ 3 ᠵᠦᠢᠯ ᠪᠠᠶᠢᠵᠤ᠂ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠬᠡᠯᠪᠡᠷᠢ ᠶᠢᠨ ᠯᠠᠪᠯᠠᠯᠲᠠ ᠶᠢᠨ ᠢᠷᠡᠯᠲᠡ ᠳᠤ ᠲᠣᠳᠣᠷᠬᠠᠶᠢᠯᠠᠯᠲᠠ ᠬᠢᠵᠦ᠂ ᠵᠠᠷᠢᠮ ᠳᠠᠭᠤᠰᠤᠭᠠᠳᠤᠶ ᠤᠴᠢᠷ ᠶᠠᠪᠤᠳᠠᠯ ᠳᠤ ᠲᠣᠭᠲᠠᠭᠠᠯ ᠭᠠᠷᠭᠠᠵᠤ᠂ ᠬᠤᠶᠢᠰᠢᠳᠠ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠳᠤ ᠲᠥᠬᠦᠮ ᠦᠵᠡᠭᠦᠯᠪᠡ᠃

ᠲᠦᠷᠪᠡ᠂ ᠲᠠᠶᠢᠯᠤᠮᠵᠢ ᠶᠢᠨ ᠬᠡᠯᠪᠡᠷᠢ ᠪᠠ ᠠᠷᠭ᠎ᠠ ᠵᠠᠮ

    ︽ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠵᠠᠰᠠᠭ ᠤᠨ ᠣᠷᠳᠣᠨ ᠤ ᠰᠦᠯᠵᠢᠶ᠎ᠡ᠂ ᠰᠣᠨᠢᠨ ᠮᠡᠳᠡᠭᠡᠨ ᠤ ᠰᠦᠯᠵᠢᠶ᠎ᠡ᠂ ᠣᠯᠠᠨ ᠨᠡᠶᠢᠲᠡ ᠶᠢᠨ ᠸᠢᠴᠠᠲ ᠲᠠᠪᠴᠠᠩ ᠵᠡᠷᠭᠡ ᠣᠯᠠᠨ ᠨᠡᠶᠢᠲᠡ ᠶᠢᠨ ᠵᠠᠮ ᠮᠥᠷ ᠢᠶᠠᠷ ᠳᠠᠮᠵᠢᠭᠤᠯᠤᠨ ᠰᠦᠯᠵᠢᠶᠡᠨ ᠳᠤ ᠡᠯᠭᠦᠵᠦ ᠲᠠᠶᠢᠯᠤᠮᠵᠢ ᠬᠢᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠶᠢ ᠴᠢᠩᠭᠠᠳᠬᠠᠨ᠂ ᠲᠠᠶᠢᠯᠤᠮᠵᠢ ᠶᠢᠨ ᠮᠡᠳᠡᠭᠡ ᠵᠠᠩᠭᠢ ᠶᠢ ᠬᠦᠯᠢᠶᠡᠨ ᠠᠪᠤᠭᠴᠢᠳ ᠤᠨ ᠬᠡᠪᠴᠢᠶ᠎ᠡ ᠶᠢ ᠥᠷᠭᠡᠳᠬᠡᠨ᠎ᠡ᠃

 

ᠢᠷᠡᠯᠲᠡ᠄ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠯᠭᠡ ᠶᠢᠨ ᠥᠮᠴᠢᠯᠡᠯ ᠤᠨ