ᠭᠡᠮᠲᠦ ᠵᠢᠩᠯᠡᠭᠦᠷ ᠤᠨ ᠮᠡᠬᠡᠯᠡᠯ ᠢ ᠰᠡᠷᠭᠡᠶᠢᠯᠡᠬᠦ ᠡᠳᠡᠭᠡᠷ ᠠᠷᠭ᠎ᠠ ᠶᠢ ᠡᠵᠡᠮᠰᠢᠭᠡᠷᠡᠢ ᠁
ᠨᠡᠶᠢᠲᠡᠯᠡᠭᠰᠡᠨ ᠴᠠᠭ᠄
2024/2/22

ᠡᠯᠧᠺᠲᠷᠣᠨ ᠵᠢᠩᠯᠡᠭᠦᠷ ᠪᠣᠯ ᠣᠯᠠᠨ ᠤ ᠡᠳᠦᠷ ᠳᠣᠳᠣᠮ ᠤᠨ ᠠᠮᠢᠳᠤᠷᠠᠯ ᠳᠤ ᠦᠷᠭᠦᠯᠵᠢ ᠬᠠᠷᠠᠭᠳᠠᠳᠠᠭ ︽ᠪᠢᠴᠢᠬᠠᠨ ᠬᠠᠪᠰᠤᠷᠤᠭᠴᠢ︾ ᠪᠣᠯᠤᠨ᠎ᠠ᠂ ᠨᠣᠭᠤᠭᠠᠨ ᠤ ᠵᠠᠬ᠎ᠠ ᠳᠡᠯᠭᠡᠭᠦᠷ ᠲᠤ ᠣᠴᠢᠵᠤ ᠨᠣᠭᠤᠭ᠎ᠠ ᠬᠤᠳᠠᠯᠳᠤᠨ ᠠᠪᠬᠤ᠂ ᠬᠡᠳᠦ ᠳᠡᠯᠭᠡᠭᠦᠷ ᠲᠤ ᠣᠴᠢᠵᠤ ᠵᠢᠮᠢᠰ ᠠᠪᠬᠤ ᠳᠤ ᠪᠦᠷ ᠲᠡᠭᠦᠨ ᠢ ᠬᠡᠷᠡᠭᠯᠡᠵᠦ ᠪᠠᠷᠠᠭ᠎ᠠ ᠲᠠᠸᠠᠷ ᠤᠨ ᠬᠦᠨᠳᠦ ᠶᠢ ᠬᠡᠮᠵᠢᠳᠡᠭ᠂ ᠭᠡᠪᠡᠴᠦ ᠁

ᠲᠠ ᠭᠡᠮᠲᠦ ᠵᠢᠩᠯᠡᠭᠦᠷ ᠲᠠᠢ ᠲᠠᠭᠠᠷᠠᠯᠳᠤᠵᠤ ᠥᠩᠭᠡᠷᠡᠭᠰᠡᠨ ᠤᠤ︖

ᠲᠠᠨ ᠤ ᠰᠠᠭᠤᠭᠳᠠᠯ ᠳᠣᠲᠣᠷᠠᠬᠢ ᠭᠡᠮᠲᠦ ᠵᠢᠩᠯᠡᠭᠦᠷ ᠨᠢ ᠶᠠᠮᠠᠷ ᠪᠠᠶᠢᠳᠠᠭ ᠪᠤᠢ︖

︽ᠭᠡᠮᠲᠦ ᠵᠢᠩᠯᠡᠭᠦᠷ︾ ᠢ ᠶᠠᠭᠠᠬᠢᠵᠤ ᠦᠵᠡᠵᠦ ᠭᠠᠷᠳᠠᠭ ᠪᠤᠢ︖

ᠨᠠᠶᠢᠷᠠᠭᠤᠯᠤᠭᠴᠢ ᠲᠠᠨ ᠳᠤ ᠵᠢᠭᠠᠵᠤ ᠥᠭᠭᠦᠶ᠎ᠡ

ᠡᠯᠧᠺᠲᠷᠣᠨ ᠦᠨ᠎ᠡ ᠪᠣᠳᠣᠬᠤ ᠵᠢᠩᠯᠡᠭᠦᠷ ᠨᠢ ᠡᠶᠢᠮᠦ ᠳᠡᠯᠭᠡᠴᠡ ᠲᠠᠢ ᠪᠠᠶᠢᠳᠠᠭ

ᠡᠯᠧᠺᠲᠷᠣᠨ ᠦᠨ᠎ᠡ ᠪᠣᠳᠣᠬᠤ ᠵᠢᠩᠯᠡᠭᠦᠷ ᠳᠡᠭᠡᠷ᠎ᠡ ᠨᠢᠭᠡ ᠵᠠᠩᠭᠢᠯᠠᠭ᠎ᠠ ᠶᠢᠨ ᠳᠠᠷᠤᠭᠤᠯ — ︽ᠬᠠᠯᠢᠰᠤ ᠶᠢ ᠠᠷᠢᠯᠭᠠᠬᠤ︾ ᠭᠡᠵᠦ ᠪᠠᠶᠢᠳᠠᠭ

 ᠦᠷᠭᠦᠯᠵᠢ ᠲᠣᠬᠢᠶᠠᠯᠳᠤᠳᠠᠭ ᠳᠣᠣᠷ᠎ᠠ ᠳᠡᠰ ᠤᠨ ᠭᠡᠮ ᠬᠢᠬᠦ ᠠᠷᠭ᠎ᠠ

ᠲᠠᠪᠠᠭ ᠲᠠᠢ ᠨᠢ ᠬᠠᠮᠲᠤ ᠬᠤᠳᠠᠯᠳᠤᠬᠤ ᠠᠷᠭ᠎ᠠ

ᠲᠠ ᠡᠯᠧᠺᠲᠷᠣᠨ ᠵᠢᠩᠯᠡᠭᠦᠷ ᠤᠨ ᠳᠡᠯᠭᠡᠴᠡ ᠶᠢᠨ ᠲᠤᠭ᠎ᠠ ᠶᠢ ᠦᠵᠡᠬᠦ ᠦᠶᠡᠰ᠂ ᠬᠤᠳᠠᠯᠳᠤᠭᠠᠴᠢᠨ ᠲᠠᠨ ᠤ ᠡᠮᠦᠨ᠎ᠡ ᠵᠢᠩᠯᠡᠭᠦᠷ ᠤᠨ ᠲᠠᠪᠠᠭ ᠢ ᠪᠠᠷᠠᠭ᠎ᠠ ᠲᠠᠢ ᠬᠠᠮᠲᠤ ᠳᠤᠨᠢ ᠡᠯᠧᠺᠲᠷᠣᠨ ᠵᠢᠩᠯᠡᠭᠦᠷ ᠳᠡᠭᠡᠷ᠎ᠡ ᠲᠠᠯᠪᠢᠵᠤ᠂ ᠲᠠᠪᠠᠭ ᠤᠨ ᠬᠦᠨᠳᠦ ᠨᠢ ᠴᠤ ᠲᠠᠸᠠᠷ ᠤᠨ ᠬᠦᠨᠳᠦ ᠳᠤ ᠣᠷᠣᠳᠠᠭ ᠢ ᠲᠠ ᠠᠩᠬᠠᠷᠤᠭᠰᠠᠨ ᠦᠭᠡᠢ ᠪᠢᠵᠡ᠃ ᠬᠡᠷᠪᠡ ᠨᠢᠭᠡ ᠬᠥᠩᠭᠡᠨ ᠴᠠᠭᠠᠨ ᠤ ᠵᠢᠩᠯᠡᠭᠦᠷ ᠤᠨ ᠲᠠᠪᠠᠭ ᠤᠨ ᠬᠦᠨᠳᠦ ᠨᠢ 300 ᠭᠷᠠᠮ ᠪᠠᠶᠢᠪᠠᠯ᠂ ᠲᠠ ᠤᠴᠢᠷ ᠤᠬᠠᠭᠠᠨ ᠢ ᠨᠢ ᠮᠡᠳᠡᠬᠦ ᠦᠭᠡᠢ ᠪᠠᠷ ᠢᠯᠡᠭᠦᠦ 300 ᠭᠷᠡᠮ ᠤᠨ ᠵᠣᠭᠤᠰ ᠢ ᠭᠠᠷᠭᠠᠬᠤ ᠪᠣᠯᠣᠨ᠎ᠠ᠃

ᠤᠰᠤ ᠲᠦᠷᠭᠡᠨ ᠬᠢᠵᠦ ᠬᠦᠨᠳᠦ ᠶᠢ ᠨᠢ ᠨᠡᠮᠡᠭᠳᠡᠭᠦᠯᠬᠦ ᠠᠷᠭ᠎ᠠ

ᠳᠠᠯᠠᠢ ᠶᠢᠨ ᠢᠳᠡᠭᠡᠨ ︵ᠵᠢᠱᠢᠶᠡᠯᠡᠪᠡᠯ ᠰᠠᠮ ᠬᠤᠷᠣᠬᠠᠢ︶ ᠬᠤᠳᠠᠯᠳᠤᠨ ᠠᠪᠬᠤ ᠦᠶ᠎ᠡ ᠳᠤ᠂ ᠬᠤᠳᠠᠯᠳᠤᠭᠠᠴᠢᠨ ᠳᠠᠯᠠᠢ ᠶᠢᠨ ᠢᠳᠡᠭᠡᠨ ᠢ ᠰᠠᠪᠠᠯᠠᠬᠤ ᠦᠶ᠎ᠡ ᠳᠤ᠂ ᠳᠠᠭᠠᠤ ᠳᠤ ᠨᠢ ᠮᠠᠰᠢ ᠲᠦᠷᠭᠡᠨ ᠢᠶᠠᠷ ᠣᠯᠠᠨ ᠤᠳᠠᠭ᠎ᠠ ᠤᠰᠤ ᠶᠢ ᠪᠠᠰᠠ ᠤᠭᠤᠲᠠᠨ ᠳᠤ ᠬᠢᠵᠦ ᠣᠷᠣᠭᠤᠯᠵᠤ᠂ ᠲᠠᠸᠠᠷ ᠤᠨ ᠬᠦᠨᠳᠦ ᠶᠢ ᠨᠡᠮᠡᠭᠳᠡᠭᠦᠯᠳᠡᠭ᠃

 ᠳᠣᠣᠷ᠎ᠠ ᠲᠡᠰ ᠤᠨ ᠭᠡᠮ ᠬᠢᠬᠦ ᠠᠷᠭ᠎ᠠ ᠪᠠᠶᠢᠬᠤ ᠪᠠᠷ ᠪᠠᠷᠠᠬᠤ ᠦᠭᠡᠢ ᠲᠠᠰ ᠳᠡᠪᠰᠢᠭᠰᠡᠨ ᠭᠡᠮ ᠬᠢᠬᠦ ᠠᠷᠭ᠎ᠠ ᠴᠤ ᠪᠠᠶᠢᠳᠠᠭ —

ᠲᠠᠰ ᠳᠡᠪᠰᠢᠭᠰᠡᠨ ᠭᠡᠮ ᠬᠢᠬᠦ ᠠᠷᠭ᠎ᠠ

ᠳᠡᠭᠡᠰᠦ ᠲᠠᠲᠠᠵᠤ ᠭᠡᠮ ᠬᠢᠬᠦ ᠠᠷᠭ᠎ᠠ

ᠡᠯᠧᠺᠲᠷᠦᠨ ᠵᠢᠩᠯᠡᠭᠦᠷ ᠳᠡᠭᠡᠷ᠎ᠡ ᠳᠡᠭᠡᠰᠦ ᠪᠤᠶᠤ ᠰᠤᠨᠳᠠᠭ ᠶᠢ ᠵᠠᠯᠭᠠᠵᠤ᠂ ᠲᠠᠸᠠᠷ ᠤᠨ ᠬᠦᠨᠳᠦ ᠶᠢ ᠬᠡᠮᠵᠢᠬᠦ ᠦᠶ᠎ᠡ ᠳᠤ ᠳᠡᠭᠡᠰᠦ ᠪᠤᠶᠤ ᠰᠤᠨᠳᠠᠭ ᠢ ᠬᠥᠩᠭᠡᠬᠡᠨ ᠲᠠᠲᠠᠵᠤ ᠬᠦᠨᠳᠦ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠳᠡᠭᠡᠰᠦ ᠪᠤᠶᠤ ᠰᠤᠨᠳᠠᠭ ᠨᠢ ᠬᠤᠳᠠᠯᠳᠤᠭᠠᠴᠢᠨ ᠤ ᠲᠠᠯ᠎ᠠ ᠳᠤ ᠪᠠᠶᠢᠬᠤ ᠤᠴᠢᠷ ᠠᠴᠠ ᠬᠤᠳᠠᠯᠳᠤᠨ ᠠᠪᠤᠭᠴᠢ ᠠᠮᠠᠷᠬᠠᠨ ᠰᠡᠷᠡᠵᠦ ᠮᠡᠳᠡᠳᠡᠭ ᠦᠭᠡᠢ᠃

ᠮᠡᠬᠡᠯᠡᠯ ᠢ ᠰᠡᠷᠭᠡᠶᠢᠯᠡᠬᠦ ᠠᠷᠭ᠎ᠠ᠄

ᠬᠤᠳᠠᠯᠳᠤᠨ ᠠᠪᠤᠭᠴᠢ ᠲᠠᠸᠠᠷ ᠢᠶᠠᠨ ᠳᠠᠬᠢᠨ ᠨᠢᠭᠡ ᠤᠳᠠᠭ᠎ᠠ ᠵᠢᠩᠯᠡᠭᠦᠯᠵᠦ ᠦᠵᠡᠬᠦ ᠬᠡᠷᠡᠭᠲᠡᠶ᠂ ᠤᠴᠢᠷ ᠨᠢ ᠤᠳᠠᠭ᠎ᠠ ᠪᠦᠷᠢ ᠶᠢᠨ ᠳᠡᠭᠡᠰᠦ ᠪᠤᠶᠤ ᠰᠤᠨᠳᠠᠭ ᠤᠨ ᠲᠠᠲᠠᠬᠤ ᠬᠦᠴᠦ ᠨᠢ ᠠᠳᠠᠯᠢ ᠦᠭᠡᠶ ᠪᠠᠶᠢᠵᠤ᠂ ᠲᠠᠸᠠᠷ ᠤᠨ ᠬᠦᠨᠳᠦ ᠶᠢᠨ ᠦᠷ᠎ᠡ ᠳ᠋ᠦᠩ ᠨᠢ ᠵᠢᠩᠯᠡᠬᠦ ᠪᠦᠷᠢ ᠳᠤ ᠬᠤᠪᠢᠷᠠᠯᠲᠠ ᠭᠠᠷᠳᠠᠭ᠃

ᠳᠡᠭᠡᠳᠦ ᠳᠡᠰ ᠤᠨ ᠭᠡᠮ ᠬᠢᠬᠦ ᠠᠷᠭ᠎ᠠ

ᠳᠠᠷᠤᠪᠴᠢ ᠶᠢᠨ ᠫᠠᠷᠠᠮᠧᠲᠷ ᠢ ᠥᠭᠡᠷᠡᠴᠢᠯᠡᠭᠡᠳ ᠭᠡᠮ ᠬᠢᠬᠦ ᠡᠯᠧᠺᠲᠷᠣᠨ ᠵᠢᠩᠯᠡᠬᠦᠷ

ᠡᠯᠧᠺᠲᠷᠣᠨ ᠵᠢᠩᠯᠡᠭᠦᠷ ᠤᠨ ᠴᠠᠬᠢᠮ ᠵᠥᠭᠡᠯᠡᠨ ᠬᠡᠷᠡᠭᠰᠡᠯ ᠳᠤ ᠳᠠᠷᠤᠪᠴᠢ ᠪᠠᠷ ᠨᠢᠭᠤᠴᠠ ᠨᠣᠮᠧᠷ ᠣᠷᠣᠭᠤᠯᠬᠤ ᠪᠠᠷ ᠳᠠᠮᠵᠢᠭᠤᠯᠤᠨ ᠬᠡᠮᠵᠢᠯᠲᠡ ᠶᠢᠨ ᠫᠠᠷᠠᠮᠧᠲᠷ ᠤᠨ ᠲᠡᠰ ᠳᠠᠷᠠᠭᠠᠯᠠᠯ ᠢ ᠥᠭᠡᠷᠡᠴᠢᠯᠡᠳᠡᠭ᠂ ᠲᠤᠰᠬᠠᠢ ᠨᠢᠭᠤᠴᠠ ᠨᠣᠮᠧᠷ ᠣᠷᠣᠭᠤᠯᠵᠤ ᠲᠤᠰᠬᠠᠢ ᠳᠠᠰ ᠳᠠᠷᠠᠭᠠᠯᠠᠯ ᠢᠶᠠᠷ ᠬᠡᠮᠵᠢᠯᠲᠡ ᠶᠢᠨ ᠫᠠᠷᠠᠮᠧᠲᠷ ᠢ ᠥᠭᠡᠷᠡᠴᠢᠯᠡᠪᠡᠯ᠂ ᠡᠯᠧᠺᠲᠷᠣᠨ ᠵᠢᠩᠯᠡᠭᠦᠷ ᠤᠨ ᠬᠡᠮᠵᠢᠯᠲᠡ ᠶᠢᠨ ᠫᠠᠷᠠᠮᠧᠲᠷ ᠢ ᠶᠠᠮᠠᠷ ᠨᠢᠭᠡ ᠬᠠᠷᠢᠴᠠᠯᠲᠤ ᠬᠡᠮᠵᠢᠭᠳᠡᠯ ︵ᠵᠢᠱᠢᠶᠡᠯᠡᠪᠡᠯ ︽9 ᠯᠠᠩ︾ ᠤᠨ ᠵᠢᠩᠯᠡᠭᠦᠷ᠂ ︽8 ᠯᠠᠩ︾ ᠤᠨ ᠵᠢᠩᠯᠡᠭᠦᠷ ᠴᠢᠨᠠᠭᠰᠢᠯᠠᠪᠠᠯ ︽5 ᠯᠠᠩ︾︶ ᠪᠣᠯᠭᠠᠨ ᠥᠭᠡᠷᠡᠴᠢᠯᠡᠵᠦ ᠪᠣᠯᠳᠠᠭ᠂ ᠡᠭᠦᠨ ᠢᠶᠠᠷ ᠳᠠᠮᠵᠢᠵᠤ ᠬᠤᠳᠠᠯᠳᠤᠨ ᠠᠪᠤᠭᠴᠢ ᠶᠢ ᠮᠡᠬᠡᠯᠡᠳᠡᠭ᠃ ᠠᠳᠠᠯᠢ ᠪᠤᠰᠤ ᠦᠢᠯᠡᠳᠪᠦᠷᠢ ᠶᠢᠨ ᠡᠯᠧᠺᠲᠷᠣᠨ ᠵᠢᠩᠯᠡᠭᠦᠷ ᠤᠨ ᠨᠢᠭᠤᠴᠠ ᠨᠣᠮᠧᠷ ᠨᠢ ᠠᠳᠠᠯᠢ ᠦᠭᠡᠶ᠂ ᠫᠠᠷᠠᠮᠧᠲᠷ ᠢ ᠥᠭᠡᠷᠡᠴᠢᠯᠡᠬᠦ ᠳᠡᠰ ᠳᠠᠷᠠᠭᠠᠯᠠᠯ ᠨᠢ ᠴᠦ ᠠᠳᠠᠯᠢ ᠦᠭᠡᠶ ᠪᠠᠶᠢᠵᠤ᠂ ᠭᠡᠮ ᠬᠢᠬᠦ ᠦᠢᠯᠡ ᠠᠵᠢᠯᠯᠠᠭ᠎ᠠ ᠶᠢ ᠲᠤᠷᠰᠢᠨ ᠪᠠᠶᠢᠴᠠᠭᠠᠬᠤ ᠬᠦᠴᠢᠷᠳᠡᠯ ᠢ ᠨᠡᠮᠡᠭᠳᠡᠭᠦᠯᠵᠡᠢ᠃

ᠨᠡᠭᠡᠭᠡᠯᠭᠡᠳᠦ ᠭᠡᠮ ᠬᠢᠬᠦ ᠡᠯᠧᠺᠲᠷᠣᠨ ᠵᠢᠩᠯᠡᠭᠦᠷ

ᠪᠠᠰᠠ ︽ᠠᠯᠤᠰ ᠡᠵᠡᠮᠰᠢᠯᠲᠦ ᠵᠢᠩᠯᠡᠭᠦᠷ︾ ᠭᠡᠳᠡᠭ᠂ ᠲᠤᠰ ᠲᠥᠷᠥᠯ ᠤᠨ ᠡᠯᠧᠺᠲᠷᠣᠨ ᠵᠢᠩᠯᠡᠭᠦᠷ ᠨᠢ ᠳᠣᠲᠣᠭᠠᠳᠤ ᠶᠢᠨ ᠤᠤᠯ ᠴᠠᠬᠢᠯᠭᠠᠨ ᠬᠡᠯᠬᠢᠶ᠎ᠡ ᠪᠠᠨ ᠥᠭᠡᠷᠡᠴᠢᠯᠡᠭᠰᠡᠨ ᠪᠥᠭᠡᠳ ᠭᠡᠮ ᠬᠢᠬᠦ ᠲᠣᠨᠣᠭᠯᠠᠯ ᠤᠭᠰᠠᠷᠠᠵᠤ᠂ ᠭᠠᠳᠠᠷ ᠪᠠᠶᠢᠳᠠᠯ ᠠᠴᠠ ᠨᠢ ᠦᠵᠡᠪᠡᠯ ᠬᠡᠪ ᠤᠨ ᠵᠢᠩᠯᠡᠭᠦᠷ ᠲᠠᠢ ᠢᠯᠭᠠᠭ᠎ᠠ ᠦᠭᠡᠢ ᠪᠠᠶᠢᠳᠠᠭ᠃ ᠤᠯᠠᠭᠠᠨ ᠤ ᠭᠠᠳᠠᠨᠠᠬᠢ ᠠᠯᠤᠰ ᠠᠴᠠ ᠵᠢᠯᠣᠭᠤᠳᠬᠤ ᠪᠠᠭᠠᠵᠢ ᠪᠠᠷ ᠳᠠᠮᠵᠢᠭᠤᠯᠤᠨ ᠭᠡᠮ ᠬᠢᠬᠦ ᠨᠡᠭᠡᠭᠡᠯᠭᠡ ᠶᠢ ᠨᠡᠭᠡᠭᠡᠵᠦ ᠪᠣᠯᠳᠠᠭ᠂ ᠲᠡᠭᠦᠨ ᠤ ᠦᠨᠳᠦᠰᠦᠯᠡᠯ ᠨᠢ ᠲᠣᠭᠲᠠᠮᠠᠯ ᠭᠦᠶᠦᠳᠡᠯ ᠤᠨ ᠰᠣᠯᠢᠭᠳᠠᠯ ᠢ ᠵᠠᠯᠭᠠᠬᠤ ᠨᠡᠭᠡᠭᠡᠯᠭᠡ ᠶᠢ ᠬᠡᠮᠵᠢᠬᠦ ᠬᠡᠯᠬᠢᠶ᠎ᠡ ᠳᠡᠭᠡᠷ᠎ᠡ ᠴᠠᠬᠢᠯᠭᠠᠨ ᠡᠰᠡᠷᠭᠦᠴᠡᠯ ᠨᠡᠮᠡᠵᠦ ᠤᠭᠰᠠᠷᠠᠵᠤ᠂ ᠴᠠᠬᠢᠯᠭᠠᠨ ᠬᠦᠴᠦᠳᠡᠯ ᠢ ᠬᠤᠪᠢᠷᠠᠭᠤᠯᠬᠤ ᠪᠠᠷ ᠳᠠᠮᠵᠢᠨ ᠬᠠᠭᠤᠷᠴᠤ ᠮᠡᠬᠡᠯᠡᠬᠦ ᠵᠣᠷᠢᠯᠭ᠎ᠠ ᠳᠠᠭᠠᠨ ᠬᠦᠷᠳᠡᠭ᠃ ᠵᠢᠩᠯᠡᠬᠦ ᠦᠶ᠎ᠡ ᠳᠤ ᠡᠵᠡᠩᠨᠡᠭᠴᠢ ᠨᠢ ᠬᠡᠪ ᠤᠨ ᠪᠤᠰᠤ ᠠᠯᠤᠰ ᠡᠵᠡᠮᠰᠢᠭᠦᠷ ᠤᠨ ᠡᠯᠧᠺᠲᠷᠣᠨ ᠨᠡᠭᠡᠭᠡᠯᠭᠡ ᠨᠦᠭᠦᠳ ᠢ ᠬᠡᠷᠡᠭᠯᠡᠵᠦ ᠪᠠᠶᠢᠬᠤ ᠡᠰᠡᠬᠦ ᠶᠢ ᠠᠩᠬᠠᠷᠪᠠᠯ᠂ ᠭᠡᠮ ᠬᠢᠬᠦ ᠦᠢᠯᠡ ᠠᠵᠢᠯᠯᠠᠭ᠎ᠠ ᠶᠢ ᠨᠢ ᠠᠮᠠᠷᠬᠠᠨ ᠢᠯᠡᠷᠡᠭᠦᠯᠵᠦ ᠴᠢᠳᠠᠨ᠎ᠠ᠃

ᠳᠠᠷᠤᠪᠴᠢ ᠶᠢ ᠳᠠᠷᠤᠵᠤ ᠭᠡᠮ ᠬᠢᠬᠦ ᠡᠯᠧᠺᠲᠷᠣᠨ ᠵᠢᠩᠯᠡᠭᠦᠷ

ᠡᠵᠡᠩᠨᠡᠭᠴᠢ ᠨᠢ ᠴᠠᠬᠢᠯᠭᠠᠨ ᠬᠡᠯᠬᠢᠶ᠎ᠡ ᠶᠢ ᠥᠭᠡᠷᠡᠴᠢᠯᠡᠬᠦ ᠪᠤᠶᠤ ᠨᠡᠮᠡᠵᠦ ᠤᠭᠰᠠᠷᠠᠬᠤ᠂ ᠡᠰᠡᠬᠦᠯ᠎ᠡ ᠳᠠᠷᠤᠪᠴᠢ ᠶᠢᠨ ᠴᠢᠳᠠᠮᠵᠢ ᠵᠡᠷᠭᠡ ᠶᠢ ᠨᠢᠭᠤᠨ ᠳᠠᠯᠳᠠᠯᠠᠬᠤ ᠪᠠᠷ ᠳᠠᠮᠵᠢᠭᠤᠯᠤᠨ᠂ ᠤᠷᠢᠳᠠᠪᠠᠷ ᠡᠯᠧᠺᠲᠷᠣᠨ ᠵᠢᠩᠯᠡᠭᠦᠷ ᠤᠨ ᠨᠢᠭᠡᠴᠢ ᠦᠨ᠎ᠡ 1᠂ ᠨᠢᠭᠡᠴᠢ ᠦᠨ᠎ᠡ 2 ︵M1᠂ M2 ᠵᠡᠷᠭᠡ︶ ᠭᠡᠬᠦ ᠳᠠᠷᠤᠪᠴᠢ ᠳᠡᠭᠡᠷ᠎ᠡ ᠬᠦᠨᠳᠦ ᠶᠢᠨ ᠬᠡᠮᠵᠢᠶ᠎ᠡ ᠶᠢᠨ ᠨᠡᠮᠡᠭᠳᠡᠯ ᠲᠤᠭ᠎ᠠ ᠶᠢ ᠤᠷᠢᠳᠴᠢᠯᠠᠨ ᠲᠣᠬᠢᠷᠠᠭᠤᠯᠵᠤ᠂ ᠵᠢᠱᠢᠶᠡᠯᠡᠪᠡᠯ ᠬᠡᠷᠡᠭᠯᠡᠭᠴᠢᠳ 1 ᠮᠢᠩᠭᠠᠨ ᠭᠷᠠᠮ ᠲᠠᠸᠠᠷ ᠢ ᠵᠢᠩᠯᠡᠬᠦ ᠳᠤ᠂ ᠡᠵᠡᠩᠨᠡᠭᠴᠢᠳ ᠨᠢ ᠨᠢᠭᠡᠴᠢ ᠦᠨ᠎ᠡ ᠶᠢᠨ ᠲᠤᠭ᠎ᠠ ᠶᠢ ᠣᠷᠣᠭᠤᠯᠬᠤ ᠶᠠᠪᠤᠴᠠ ᠳᠤ ᠨᠢᠭᠡᠴᠢ ᠦᠨ᠎ᠡ 1 ︵M1︶ ᠶᠢ ᠳᠠᠷᠤᠭᠰᠠᠨ ᠪᠠᠶᠢᠪᠠᠯ ᠲᠠᠸᠠᠷ ᠤᠨ ᠬᠦᠨᠳᠦ ᠨᠢ 1.1 ᠮᠢᠩᠭᠠᠨ ᠭᠷᠡᠮ ᠪᠣᠯᠵᠤ᠂ ᠨᠢᠭᠡᠴᠢ ᠦᠨ᠎ᠡ 2 ᠶᠢ ᠳᠠᠷᠤᠭᠰᠠᠨ ᠪᠠᠶᠢᠪᠠᠯ ᠲᠠᠸᠠᠷ ᠤᠨ ᠬᠦᠨᠳᠦ ᠨᠢ 1.2 ᠮᠢᠩᠭᠠᠨ ᠭᠷᠡᠮ ᠪᠣᠯᠴᠢᠬᠠᠳᠠᠭ᠃

ᠳᠦᠭᠦᠮᠬᠡᠨ ᠪᠥᠭᠡᠳ ᠦᠵᠡᠮᠡᠭᠴᠡ ᠰᠤᠷᠴᠢᠬᠠᠳᠠᠭ ᠰᠡᠷᠭᠡᠶᠢᠯᠡᠬᠦ ᠠᠷᠭ᠎ᠠ ᠪᠠᠶᠢᠨ᠎ᠠ ᠤᠤ︖

ᠤᠷᠢᠳᠠᠪᠠᠷ ᠭᠤᠣᠯᠴᠢ ᠵᠢᠩᠯᠡᠭᠦᠷ ᠳᠡᠭᠡᠷ᠎ᠡ ᠵᠢᠩᠯᠡᠵᠦ ᠦᠵᠡᠨ᠎ᠡ᠂ ᠬᠤᠳᠠᠯᠳᠤᠨ ᠠᠪᠬᠤ ᠠᠴᠠ ᠡᠮᠦᠨ᠎ᠡ ᠭᠠᠷ ᠤᠲᠠᠰᠤ ᠪᠠᠨ ᠵᠢᠩᠯᠡᠭᠦᠷ ᠳᠡᠭᠡᠷ᠎ᠡ ᠲᠠᠯᠪᠢᠪᠠᠯ ᠭᠡᠮ ᠬᠢᠭᠰᠡᠨ ᠡᠰᠡᠬᠦ ᠶᠢ ᠲᠡᠷᠡ ᠳᠣᠣᠷ᠎ᠠ ᠨᠢ ᠮᠡᠳᠡᠴᠢᠬᠡᠨ᠎ᠡ᠃

ᠵᠠᠬ᠎ᠠ ᠳᠡᠯᠭᠡᠭᠦᠷ ᠠᠴᠠ ᠲᠠᠸᠠᠷ ᠬᠤᠳᠠᠯᠳᠤᠨ ᠠᠪᠬᠤ ᠳᠤ᠂ ᠵᠢᠩ ᠯᠠᠩ ᠳᠤᠲᠠᠭᠰᠠᠨ ᠪᠠᠶᠢᠳᠠᠯ ᠢ ᠮᠡᠳᠡᠭᠰᠡᠨ ᠪᠤᠶᠤ ᠰᠡᠵᠢᠭᠯᠡᠵᠦ ᠪᠠᠶᠢᠪᠠᠯ ᠢᠩᠭᠢᠵᠦ ᠬᠢᠵᠦ ᠪᠣᠯᠣᠨ᠎ᠠ

ᠳᠠᠬᠢᠨ ᠵᠢᠩᠯᠡᠬᠦ

ᠵᠢᠩᠬᠢᠨᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠴᠥᠮ ᠭᠤᠤᠯᠴᠢ ᠵᠢᠩᠯᠡᠭᠦᠷ ᠲᠣᠬᠢᠷᠠᠭᠤᠯᠤᠭᠰᠠᠨ ᠪᠠᠶᠢᠳᠠᠭ᠂ ᠬᠤᠳᠠᠯᠳᠤᠨ ᠠᠪᠤᠭᠰᠠᠨ ᠲᠠᠸᠠᠷ ᠤᠨ ᠬᠦᠨᠳᠦ ᠶᠢᠨ ᠬᠡᠮᠵᠢᠶ᠎ᠡ ᠳᠤ ᠮᠠᠳᠠᠭ ᠲᠠᠢ ᠪᠠᠶᠢᠪᠠᠯ᠂ ᠤᠷᠢᠳᠠᠪᠠᠷ ᠵᠠᠬ᠎ᠠ ᠳᠡᠯᠭᠡᠭᠦᠷ ᠤᠨ ᠭᠤᠤᠯᠴᠢ ᠵᠢᠩᠯᠡᠭᠦᠷ ᠢᠶᠠᠷ ᠵᠢᠩᠯᠡᠵᠦ ᠪᠣᠯᠤᠨ᠎ᠠ︔ ᠬᠡᠷᠪᠡ ᠬᠤᠳᠠᠯᠳᠤᠭᠠᠴᠢᠨ ᠤ ᠵᠢᠩᠯᠡᠭᠰᠡᠨ ᠬᠦᠨᠳᠦ ᠶᠢᠨ ᠬᠡᠮᠵᠢᠶ᠎ᠡ ᠲᠠᠢ ᠠᠳᠠᠯᠢ ᠦᠭᠡᠢ ᠪᠠᠶᠢᠪᠠᠯ᠂ ᠬᠤᠳᠠᠯᠳᠤᠭᠠᠴᠢᠳ ᠲᠠᠢ ᠵᠥᠪᠳᠡᠯᠴᠡᠨ ᠰᠢᠢᠳᠪᠦᠷᠢᠯᠡᠵᠦ ᠪᠣᠯᠤᠨ᠎ᠠ᠃

ᠨᠢᠭᠤᠷᠳᠠᠨ ᠰᠢᠢᠳᠪᠦᠷᠢᠯᠡᠬᠦ

ᠬᠤᠳᠠᠯᠳᠤᠭᠠᠴᠢᠨ ᠲᠠᠢ ᠵᠥᠪᠳᠡᠯᠴᠡᠭᠰᠡᠨ ᠤ ᠳᠠᠷᠠᠭ᠎ᠠ ᠰᠢᠢᠳᠪᠦᠷᠢᠯᠡᠵᠦ ᠳᠡᠶᠢᠯᠬᠦ ᠦᠭᠡᠢ ᠪᠣᠯ ᠵᠠᠬ᠎ᠠ ᠳᠡᠯᠭᠡᠭᠦᠷ ᠡᠷᠬᠢᠯᠡᠭᠰᠡᠨ ᠲᠠᠯ᠎ᠠ ᠶᠢᠨ ᠬᠠᠪᠰᠤᠷᠤᠯᠭ᠎ᠠ ᠳᠣᠣᠷ᠎ᠠ᠂ ᠡᠵᠡᠩᠨᠡᠯᠲᠡ ᠶᠢᠨ ᠡᠷᠦᠬᠡ ᠳᠤ ᠬᠦᠷᠴᠦ ᠬᠠᠮᠢᠶ᠎ᠠ ᠪᠦᠬᠦᠢ ᠫᠢᠶᠣᠣ ᠪᠠᠷᠢᠮᠲᠠ ︵ᠫᠢᠶᠣᠣ ᠪᠠᠷᠢᠮᠲᠠ ᠳᠤ ᠬᠤᠳᠠᠯᠳᠤᠨ ᠠᠪᠤᠭᠰᠠᠨ ᠲᠠᠸᠠᠷ ᠤᠨ ᠲᠥᠷᠥᠯ ᠵᠦᠢᠯ ᠪᠠ ᠬᠦᠨᠳᠦ ᠶᠢᠨ ᠬᠡᠮᠵᠢᠶ᠎ᠡ ᠶᠢ ᠪᠠᠭᠲᠠᠭᠠᠨ᠎ᠠ︶ ᠭᠠᠷᠭᠠᠭᠤᠯᠤᠨ᠎ᠠ︔ ᠵᠠᠬ᠎ᠠ ᠳᠡᠯᠭᠡᠭᠦᠷ ᠡᠷᠬᠢᠯᠡᠭᠰᠡᠨ ᠲᠠᠯ᠎ᠠ ᠶᠢᠨ ᠭᠡᠷᠡᠴᠢᠯᠡᠯ ᠳᠣᠣᠷ᠎ᠠ᠂ ᠵᠠᠬ᠎ᠠ ᠳᠡᠯᠭᠡᠭᠦᠷ ᠤᠨ ᠭᠤᠤᠯᠴᠢ ᠵᠢᠩᠯᠡᠭᠦᠷ ᠳᠡᠭᠡᠷ᠎ᠡ ᠵᠢᠩᠯᠡᠬᠦ ᠶᠢᠨ ᠬᠠᠮᠲᠤ ᠭᠡᠷᠡᠯ ᠵᠢᠷᠤᠭ ᠠᠪᠴᠤ ᠭᠡᠷᠡᠴᠢ ᠪᠣᠯᠭᠠᠨ ᠦᠯᠡᠳᠡᠭᠡᠨ ᠬᠠᠳᠠᠭᠠᠯᠠᠨ᠎ᠠ᠃

12315 ᠪᠤᠶᠤ 12345 ᠤᠲᠠᠰᠤ ᠪᠠᠷ ᠵᠠᠭᠠᠯᠳᠤᠨ᠎ᠠ

ᠬᠡᠷᠪᠡ ᠵᠢᠭᠤᠷᠠᠯᠳᠤᠭᠠᠨ ᠤ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠥᠬᠡᠶ ᠪᠣᠯ 12315 ᠪᠤᠶᠤ 12345 ᠳᠤ ᠤᠲᠠᠰᠤᠳᠠᠵᠤ ᠵᠠᠭᠠᠯᠳᠤᠯᠭ᠎ᠠ ᠬᠢᠵᠦ ᠪᠣᠯᠤᠨ᠎ᠠ᠃

ᠣᠯᠠᠨ ᠳᠤ ᠰᠠᠨᠠᠭᠤᠯᠬᠤ ᠨᠢ᠂ ᠡᠯᠧᠺᠲᠷᠣᠨ ᠵᠢᠩᠯᠡᠭᠦᠷ ᠢ ᠵᠢᠯ ᠪᠦᠷᠢ ᠴᠥᠮ ᠰᠢᠯᠭᠠᠨ ᠲᠣᠭᠲᠠᠭᠠᠬᠤ ᠴᠢᠬᠤᠯᠠᠲᠠᠢ ᠪᠠᠶᠢᠵᠤ᠂ ᠡᠯᠧᠺᠲᠷᠣᠨ ᠵᠢᠩᠯᠡᠭᠦᠷ ᠤᠨ ᠰᠢᠯᠭᠠᠨ ᠲᠣᠭᠲᠠᠭᠠᠭᠰᠠᠨ ᠬᠦᠴᠦᠨ ᠲᠠᠢ ᠢ ᠬᠤᠭᠤᠴᠠᠭ᠎ᠠ ᠶᠢ ᠴᠠᠭ ᠲᠤᠬᠠᠢ ᠳᠤᠨᠢ ᠠᠩᠬᠠᠷᠬᠤ ᠬᠡᠷᠡᠭᠲᠡᠢ᠃

ᠳᠠᠬᠢᠨ ᠳᠠᠪᠲᠠᠨ ᠴᠢᠬᠤᠯᠠᠴᠢᠯᠠᠬᠤ ᠨᠢ᠂ ᠬᠡᠷᠪᠡ ᠬᠡᠷᠡᠭᠯᠡᠭᠡᠨ ᠤ ᠶᠠᠪᠤᠴᠠ ᠳᠤ ᠬᠤᠳᠠᠯᠳᠤᠭᠠᠴᠢᠨ ᠵᠢᠩ ᠯᠠᠩ ᠢ ᠳᠤᠲᠠᠭᠠᠭᠰᠠᠨ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠭᠡᠷᠡᠴᠢ ᠪᠠᠷᠢᠮᠲᠠ ᠴᠤᠭᠯᠠᠭᠤᠯᠵᠤ᠂ 12315 ᠪᠤᠶᠤ 12345 ᠳᠤ ᠤᠲᠠᠰᠤᠳᠠᠵᠤ ᠵᠠᠭᠠᠯᠳᠤᠵᠤ ᠢᠯᠡᠴᠢᠯᠡᠨ ᠮᠡᠳᠡᠭᠦᠯᠦᠭᠡᠷᠡᠢ᠃

ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠭᠠᠰ ᠰᠠᠷ᠎ᠠ ᠶᠢᠨ ᠴᠤᠭᠯᠠᠭᠠᠨ