ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠳᠤ ᠬᠦᠴᠦ ᠨᠡᠮᠡᠷᠢᠯᠡᠬᠦ 28 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ
ᠨᠡᠶᠢᠲᠡᠯᠡᠭᠰᠡᠨ ᠴᠠᠭ᠄
2024/2/23

2 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ︽ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠳᠤ ᠬᠦᠴᠦ ᠨᠡᠮᠡᠷᠢᠯᠡᠬᠦ ᠲᠤᠬᠠᠶ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠠᠮᠵᠢᠯᠴᠠᠨ ᠬᠥᠭᠵᠢᠭᠦᠯᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠶᠢᠨ ᠲᠣᠭᠤᠷᠢᠨ ᠳᠤ᠂ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠶᠢᠨ ᠵᠠᠩᠭᠢᠯᠠᠭ᠎ᠠ ᠶᠢᠨ ᠲᠦᠭᠵᠢᠷᠡᠯ ᠢ ᠬᠦᠴᠦᠯᠡᠨ ᠨᠡᠪᠲᠡᠷᠡᠭᠦᠯᠬᠦ ᠵᠡᠷᠭᠡ ᠲᠠᠯ᠎ᠠ ᠪᠠᠷ ᠭᠤᠤᠯᠯᠠᠭᠤᠯᠤᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠦᠷᠢᠮ ᠤᠨ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠳᠤ ᠨᠠᠩ ᠰᠠᠶᠢᠲᠤᠷ ᠦᠢᠯᠡᠴᠢᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃

︽ᠠᠷᠭ᠎ᠠ ᠬᠡᠮᠵᠢᠶ᠎ᠡ ᠨᠦᠭᠦᠳ︾ ᠢ ᠠᠷᠪᠠᠨ ᠬᠡᠰᠡᠭ ᠬᠤᠪᠢᠶᠠᠵᠤ᠂ ᠬᠤᠷᠢᠨ ᠨᠠᠢᠮᠠᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃

ᠨᠢᠭᠡᠳᠦᠭᠡᠷ ᠬᠡᠰᠡᠭ ᠨᠢ ᠲᠤᠰᠬᠠᠶ ᠠᠰᠢᠭ ᠤᠨ ᠬᠠᠳᠠᠭᠠᠯᠠᠯᠲᠠ ᠶᠢᠨ ᠬᠡᠮᠵᠢᠶ᠎ᠡ ᠶᠢ ᠪᠠᠶᠢᠴᠠᠭᠠᠨ ᠪᠦᠷᠢᠳᠬᠡᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠨ ᠳᠢᠭᠯᠡᠵᠦ᠂ ᠲᠤᠰᠬᠠᠶ ᠠᠰᠢᠭ ᠤᠨ ᠥᠷᠲᠡᠭ ᠤᠨ ᠦᠨᠡᠯᠡᠨ ᠵᠢᠱᠢᠯᠲᠡ ᠶᠢ ᠥᠷᠨᠢᠭᠦᠯᠦᠨ᠎ᠡ᠃

ᠬᠤᠶᠠᠳᠤᠭᠠᠷ ᠬᠡᠰᠡᠭ ᠲᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠯᠬᠢᠶ᠎ᠡ ᠶᠢ ᠬᠦᠴᠦᠷᠬᠡᠭᠵᠢᠭᠦᠯᠵᠦ ᠠᠵᠤ ᠠᠬᠤᠶᠢᠯᠠᠯ ᠢ ᠲᠤᠰᠠᠯᠠᠬᠤ ᠲᠤᠰᠬᠠᠶ ᠠᠵᠢᠯᠯᠠᠭ᠎ᠠ ᠥᠷᠨᠢᠭᠦᠯᠬᠦ ᠶᠢ ᠲᠣᠳᠣᠷᠬᠠᠶ ᠲᠣᠭᠲᠠᠭᠠᠪᠠ᠃

ᠭᠤᠷᠪᠠᠳᠤᠭᠠᠷ ᠬᠡᠰᠡᠭ ᠨᠢ ᠲᠤᠰᠬᠠᠶ ᠠᠰᠢᠭ ᠨᠢᠭᠲᠠᠷᠠᠭᠰᠠᠨ ᠬᠡᠯᠪᠡᠷᠢ ᠶᠢᠨ ᠦᠢᠯᠡᠳᠬᠦᠨ ᠳᠤ ᠪᠤᠶᠢᠵᠢᠭᠤᠯᠬᠤ ᠪᠠ ᠳᠠᠩᠰᠠᠯᠠᠭᠤᠯᠬᠤ ᠠᠵᠢᠯ ᠢ ᠥᠷᠨᠢᠭᠦᠯᠵᠦ᠂ ᠲᠤᠰᠬᠠᠶ ᠠᠰᠢᠭ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠤᠨ GDP ᠳᠠᠬᠢ ᠡᠵᠡᠯᠡᠬᠦ ᠬᠤᠪᠢ ᠶᠢᠨ ᠵᠢᠩ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃

ᠳᠥᠷᠪᠡᠳᠦᠭᠡᠷ ᠬᠡᠰᠡᠭ ᠨᠢ ᠲᠤᠰᠬᠠᠶ ᠠᠰᠢᠭ ᠢᠶᠠᠨ ᠬᠤᠪᠢᠷᠠᠭᠤᠯᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ᠠᠰᠢᠭ ᠢᠶᠠᠨ ᠬᠤᠪᠢᠷᠠᠭᠤᠯᠤᠨ ᠰᠢᠨ᠎ᠡ ᠶᠢ ᠡᠭᠦᠳᠬᠦ ᠲᠤᠷᠰᠢᠯᠲᠠ ᠶᠢᠨ ᠠᠵᠢᠯ ᠢ ᠥᠷᠨᠢᠭᠦᠯᠦᠨ᠎ᠡ᠃

ᠲᠠᠪᠤᠳᠤᠭᠠᠷ ᠬᠡᠰᠡᠭ ᠨᠢ ᠲᠤᠰᠬᠠᠢ ᠠᠰᠢᠭ ᠤᠨ ᠶᠠᠰᠤ ᠴᠢᠨᠠᠷ ᠢ ᠴᠢᠩᠭᠠᠳᠬᠠᠵᠤ᠂ ᠲᠤᠰᠬᠠᠢ ᠠᠰᠢᠭ ᠢ ᠬᠤᠪᠢᠷᠠᠭᠤᠯᠬᠤ ᠦᠷ᠎ᠡ ᠠᠰᠢᠭ ᠢ ᠴᠢᠳᠠᠪᠤᠷᠢᠲᠠᠨ ᠤ ᠦᠨᠡᠯᠡᠯᠲᠡ᠂ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠵᠡᠷᠭᠡ ᠲᠠᠯ᠎ᠠ ᠶᠢᠨ ᠴᠢᠬᠤᠯᠠ ᠯᠠᠪᠯᠠᠯᠲᠠ ᠪᠣᠯᠭᠠᠨ᠎ᠠ᠃

ᠵᠢᠷᠭᠤᠳᠤᠭᠠᠷ ᠬᠡᠰᠡᠭ ᠨᠢ 6 ᠵᠣᠷᠪᠤᠰ ᠤᠨ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠦᠢᠯᠡᠴᠢᠯᠡᠭᠡᠨ ᠤ ᠬᠡᠯᠬᠢᠶᠡᠨ ᠤ ᠠᠷᠭ᠎ᠠ ᠬᠡᠮᠵᠢᠶ᠎ᠡ᠂ ᠲᠤᠰᠬᠠᠢ ᠠᠰᠢᠭ ᠤᠨ ᠡᠷᠬᠡ ᠶᠢ ᠰᠢᠯᠵᠢᠭᠦᠯᠦᠨ ᠥᠭᠬᠦ ᠶᠢ ᠳᠠᠩᠰᠠᠯᠠᠬᠤ ᠲᠣᠭᠲᠠᠴᠠ ᠶᠢ ᠲᠣᠳᠣᠷᠬᠠᠢ ᠲᠡᠭᠦᠯᠳᠡᠷᠵᠢᠭᠦᠯᠵᠦ᠂ ᠦᠷ᠎ᠡ ᠪᠦᠲᠦᠭᠡᠯ ᠢ ᠳᠡᠩᠰᠡᠯᠡᠵᠦ ᠬᠠᠮᠲᠤ ᠪᠠᠷ ᠡᠳ᠋ᠯᠡᠬᠦ ᠨᠢᠭᠡᠳᠦᠯᠲᠡᠢ ᠲᠠᠪᠴᠠᠩ ᠢ ᠪᠠᠶᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠠᠬᠢᠭᠤᠯᠵᠤ᠂ ︽ᠨᠢᠭᠡ ᠥᠷᠲᠡᠭᠡᠨ ᠤ ᠮᠠᠶ᠋ᠢᠭ︾ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠣᠩᠬᠤᠪᠴᠢ ᠶᠢ ᠪᠠᠶᠢᠭᠤᠯᠬᠤ ᠵᠡᠷᠭᠡ ᠶᠢ ᠬᠠᠮᠤᠷᠪᠠ᠃

ᠳᠣᠯᠣᠳᠤᠭᠠᠷ ᠬᠡᠰᠡᠭ ᠨᠢ ᠲᠤᠰᠬᠠᠶ ᠠᠰᠢᠭ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠬᠠᠷᠠᠯᠲᠠ ᠶᠢᠨ ᠲᠣᠭᠤᠷᠢᠨ ᠳᠤ᠂ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃

ᠨᠠᠢᠮᠠᠳᠤᠭᠠᠷ ᠬᠡᠰᠡᠭ ᠲᠤ ᠣᠯᠠᠨ ᠡᠰᠢᠲᠦ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠥᠩᠭᠦᠨ ᠭᠦᠢᠯᠭᠡᠭᠡᠨ ᠤ ᠳᠡᠮᠵᠢᠯᠭᠡ ᠶᠢ ᠠᠬᠢᠭᠤᠯᠬᠤ ᠶᠢ ᠲᠣᠳᠣᠷᠬᠠᠢᠯᠠᠪᠠ᠃

ᠶᠢᠰᠦᠳᠦᠬᠡᠷ ᠬᠡᠰᠡᠭ ᠲᠤ ᠮᠡᠳᠡᠯᠭᠡ ᠶᠢᠨ ᠦᠮᠴᠢᠯᠡᠯ ᠤᠨ ᠡᠷᠭᠡ ᠶᠢᠨ ᠤᠷᠤᠨ ᠪᠦᠰᠡ ᠶᠢᠨ ᠬᠠᠮᠵᠢᠯᠴᠠᠨ ᠬᠦᠭᠵᠢᠬᠦ ᠶᠢ ᠠᠬᠢᠭᠤᠯᠵᠦ᠂ ᠲᠠᠯᠠᠢ ᠲᠠᠭᠠᠦ ᠭᠠᠵᠠᠷ ᠤᠷᠤᠨ ᠵᠢᠴᠢ ᠡᠷᠬᠢᠨ ᠲᠤᠭᠤᠷᠢᠨ ᠤ ᠮᠤᠵᠢ ᠤᠷᠤᠨ ᠯᠤᠭ᠎ᠠ ᠶᠢᠨ ᠮᠡᠳᠡᠯᠭᠡ ᠶᠢᠨ ᠦᠮᠴᠢᠯᠡᠯ ᠤᠨ ᠡᠷᠭᠡ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢ ᠴᠢᠩᠭᠠᠳᠬᠠᠵᠦ᠂ ︽ᠬᠦᠬᠡᠬᠤᠳᠠ ᠪᠤᠭᠤᠳᠤ ᠤᠷᠳᠤᠰ ᠤᠯᠠᠭᠠᠨᠴᠠᠪ︾ ᠤᠨ ᠮᠡᠳᠡᠯᠭᠡ ᠶᠢᠨ ᠦᠮᠴᠢᠯᠡᠯ ᠤᠨ ᠡᠷᠭᠡ ᠶᠢᠨ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ︔ ᠤᠯᠠᠨ ᠤᠯᠤᠰ ᠤᠨ ᠲᠠᠯ᠎ᠠ ᠪᠠᠷ  ᠣᠷᠣᠰ᠂ ᠮᠣᠩᠭᠤᠯ ᠤᠯᠤᠰ ᠵᠡᠷᠭᠡ ᠯᠦᠭᠡ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃

ᠠᠷᠪᠠᠳᠤᠭᠠᠷ ᠬᠡᠰᠡᠭ ᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠡᠮᠵᠢᠵᠦ ᠪᠠᠲᠤᠯᠠᠬᠤ᠂ ᠬᠢᠨᠠᠨ ᠰᠢᠯᠭᠠᠵᠤ ᠦᠨᠡᠯᠡᠨ ᠵᠢᠱᠢᠬᠦ ᠶᠢ ᠴᠢᠩᠭᠠᠳᠬᠠᠬᠤ ᠲᠤᠬᠠᠢ ᠱᠠᠭᠠᠷᠳᠠᠯᠭ᠎ᠠ ᠳᠤᠷᠠᠳᠪᠠ᠃

︽ᠠᠷᠭ᠎ᠠ ᠬᠡᠮᠵᠢᠶ᠎ᠡ ᠨᠦᠭᠦᠳ︾ ᠨᠢ ᠲᠤᠰᠬᠠᠶ ᠠᠰᠢᠭ ᠤᠨ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠶᠢ ᠴᠢᠩᠭᠠᠳᠬᠠᠬᠤ ᠬᠤᠶᠠᠷ ᠲᠠᠯ᠎ᠠ ᠪᠠᠷ ᠬᠦᠴᠦᠯᠡᠵᠦ᠂ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠰᠠᠶᠢᠨ ᠰᠠᠶᠢᠬᠠᠨ ᠠᠮᠢ ᠠᠬᠤᠶ ᠶᠢ ᠪᠤᠶᠢᠵᠢᠭᠤᠯᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠨᠠᠷ ᠰᠠᠶᠢᠲᠠᠶ ᠬᠥᠭᠵᠢᠯᠲᠡ ᠳᠤ ᠲᠦᠷᠢᠮ ᠤᠨ ᠪᠠᠲᠤᠯᠠᠭ᠎ᠠ ᠬᠠᠩᠭᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠨᠠᠷ ᠰᠠᠶᠢᠲᠠᠶ ᠡᠭᠦᠳᠦᠯᠲᠡ᠂ ᠥᠨᠳᠥᠷ ᠬᠢᠷᠢ ᠲᠦᠪᠰᠢᠨ ᠪᠥᠬᠦᠶ ᠬᠠᠮᠠᠭᠠᠯᠠᠯᠲᠠ ᠪᠠ ᠥᠨᠳᠥᠷ ᠦᠷ᠎ᠡ ᠠᠰᠢᠭ ᠲᠠᠢ ᠬᠡᠷᠡᠭᠯᠡᠯᠲᠡ ᠶᠢ ᠨᠠᠩ ᠰᠠᠶᠢᠲᠤᠷ ᠬᠥᠲᠥᠯᠦᠨ ᠳᠠᠭᠠᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠨᠠᠩ ᠪᠦᠲᠦᠮᠵᠢᠲᠡᠶ ᠪᠠᠷ ᠬᠥᠭᠵᠢᠭᠡᠨ᠎ᠡ᠃

ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠶᠢᠨ ᠬᠦᠴᠦᠯᠡᠬᠦ ᠴᠡᠭ ᠪᠠ ᠲᠤᠰᠤᠯᠲᠠ ᠶᠢ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠳᠡᠭᠡᠷ᠎ᠡ ᠲᠠᠯᠪᠢᠵᠤ᠂ ᠭᠤᠣᠯᠳᠠᠯᠭ᠎ᠠ ᠲᠠᠢ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠯᠬᠢᠶ᠎ᠡ ᠶᠢ ᠬᠦᠴᠦᠷᠬᠡᠭᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ︽ᠠᠷᠭ᠎ᠠ ᠬᠡᠮᠵᠢᠶ᠎ᠡ ᠨᠦᠭᠦᠳ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠂ ᠲᠤᠰᠬᠠᠢ ᠠᠰᠢᠭ ᠢ ᠬᠤᠪᠢᠷᠠᠭᠤᠯᠬᠤ ᠪᠠᠷ ᠭᠠᠷᠳᠠᠴᠠ ᠪᠣᠯᠭᠠᠵᠤ᠂ ᠥᠨᠳᠥᠷ ᠥᠷᠲᠡᠭ ᠲᠠᠢ ᠦᠢᠯᠡᠳᠬᠦᠨ᠂ ᠥᠨᠳᠥᠷ ᠥᠷᠲᠡᠭ ᠲᠠᠢ ᠠᠵᠤ ᠦᠢᠯᠡᠰ᠂ ᠥᠨᠳᠥᠷ ᠥᠷᠲᠡᠭ ᠲᠠᠢ ᠵᠠᠬ᠎ᠠ ᠳᠡᠯᠭᠡᠭᠦᠷ ᠢ ᠳᠠᠶᠢᠴᠢᠯᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠡᠩ ᠬᠦᠴᠦᠲᠡᠢ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ᠃

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ