︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠨᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠠᠯᠠ ᠲᠣᠬᠢᠷᠠᠭᠤᠯᠭ᠎ᠠ ᠶᠢᠨ ᠬᠦᠴᠢᠷᠳᠡᠯ ᠢ ᠨᠠᠮᠳᠠᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/2/23

ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠨᠠᠶᠢᠳᠠᠪᠤᠷᠢᠵᠢᠭᠤᠯᠵᠤ᠂ 2 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠲᠠᠢ ᠬᠠᠮᠲᠤᠷᠠᠨ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢ ᠨᠡᠪᠲᠡᠷᠡᠭᠦᠯᠬᠦ ᠶᠣᠰᠣᠯᠠᠯ ᠶᠠᠪᠤᠭᠤᠯᠪᠠ᠃

︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠨᠢ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠣᠯᠭᠠᠵᠤ᠂ ᠢᠲᠡᠭᠡᠮᠵᠢ ᠶᠢ ᠲᠦᠰᠢᠭᠯᠡᠬᠦ᠂ ᠪᠠᠷᠢᠴᠠᠭᠠᠯᠠᠬᠤ ᠥᠬᠡᠶ᠂ ᠳᠠᠭᠠᠭᠠᠯᠲᠠ ᠥᠬᠡᠶ᠂ ᠰᠦᠯᠵᠢᠶᠡᠨ ᠳᠡᠭᠡᠷ᠎ᠡ ᠭᠦᠢᠴᠡᠳᠬᠡᠬᠦ ᠠᠷᠭ᠎ᠠ ᠮᠠᠶ᠋ᠢᠭ ᠢ ᠠᠪᠴᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠠᠮᠤᠭ ᠤᠨ ᠥᠨᠳᠥᠷ ᠲᠡᠭᠡᠨ 500 ᠲᠦᠮᠡᠨ ᠢᠲᠡᠭᠡᠮᠵᠢᠲᠦ ᠵᠢᠭᠡᠯᠡᠯᠭᠡ ᠬᠠᠩᠭᠠᠵᠤ᠂ ᠢᠲᠡᠭᠡᠮᠵᠢ ᠶᠢ ᠦᠨᠡᠨ ᠬᠦ ᠪᠣᠳᠠᠲᠠᠶ ᠠᠰᠢᠭ ᠪᠣᠯᠭᠠᠨ ᠬᠤᠪᠢᠷᠠᠭᠤᠯᠪᠠ᠃ ᠳᠣᠣᠷᠠᠬᠢ ᠳᠥᠷᠪᠡᠨ ᠣᠨᠴᠠᠯᠢᠭ ᠲᠠᠢ᠄

ᠲᠦᠭᠡᠮᠡᠯ ᠬᠠᠷᠠᠭᠠᠯᠵᠠᠯ ᠤᠨ ᠴᠢᠨᠠᠷ᠃ ᠬᠠᠮᠤᠷᠬᠤ ᠬᠡᠪᠴᠢᠶ᠎ᠡ ᠨᠢ ᠥᠷᠭᠡᠨ᠂ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠨᠢ ᠪᠥᠬᠦ ᠣᠷᠣᠨ ᠤ ᠡᠯ᠎ᠡ ᠲᠥᠷᠥᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠮᠤᠷᠪᠠ︔ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠨᠢ ᠳᠣᠤᠷ᠎ᠠ ᠪᠠᠶᠢᠵᠤ᠂ 3.45%- 6% ᠪᠣᠯᠲᠠᠯ᠎ᠠ ᠪᠠᠭᠤᠷᠠᠵᠤ᠂ ᠴᠢᠨᠠᠷ ᠰᠠᠶᠢᠲᠠᠶ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠮᠤᠭ ᠤᠨ ᠳᠣᠤᠷ᠎ᠠ ᠬᠦᠤ ᠮᠥᠩᠭᠦ ᠶᠢᠨ ᠨᠣᠷᠮ᠎ᠠ ᠨᠢ 20% ᠣᠷᠴᠢᠮ ᠪᠠᠭᠤᠷᠠᠵᠠᠶ᠃

ᠣᠨᠣᠪᠴᠢᠲᠤ ᠴᠢᠨᠠᠷ᠃ 79 ᠲᠤᠭ᠎ᠠ ᠪᠠᠷᠢᠮᠲᠠ ᠶᠢᠨ ᠨᠢᠭᠡᠴᠢ ᠶᠢᠨ ᠨᠡᠶᠢᠲᠡ 1.7 ᠳ᠋ᠦᠩᠰᠢᠭᠤᠷ ᠵᠤᠷᠪᠤᠰ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢᠨ ᠲᠤᠭ᠎ᠠ ᠪᠠᠷᠢᠮᠲᠠ ᠶᠢ ᠭᠦᠢᠴᠡᠳ ᠠᠭᠤᠳᠠᠯᠵᠤ᠂ ᠭᠤᠷᠪᠠᠨ ᠳᠡᠰ ᠬᠤᠪᠢᠶᠠᠨ ᠨᠡᠶᠢᠲᠡ 30 ᠲᠤᠭ᠎ᠠ ᠪᠠᠷᠢᠮᠲᠠ ᠶᠢᠨ ᠭᠦᠢᠴᠡᠳᠬᠡᠯ ᠲᠤᠭ᠎ᠠ ᠪᠠᠷ ᠢᠲᠡᠭᠡᠮᠵᠢ ᠶᠢᠨ ᠪᠠᠶᠢᠳᠠᠯ ᠢ ᠣᠶᠢᠯᠠᠭᠠᠵᠤ᠂ ᠢᠲᠡᠭᠡᠮᠵᠢ ᠶᠢᠨ ᠬᠤᠪᠢ ᠲᠣᠭᠲᠠᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠭᠡᠵᠦ ᠲᠦᠭᠰᠢᠭᠦᠷᠢ ᠶᠢ ᠡᠵᠡᠮᠳᠡᠬᠦ ᠰᠢᠰᠲ᠋ᠧᠮᠵᠢ ᠲᠠᠢ ᠤᠶᠠᠯᠳᠤᠭᠤᠯᠬᠤ ᠪᠠᠷ ᠳᠠᠮᠵᠢᠭᠤᠯᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠪᠡ᠃

ᠳᠥᠬᠦᠮ ᠲᠦᠳᠡ ᠴᠢᠨᠠᠷ᠃ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠤᠶᠤᠴᠢᠯᠠᠨ ᠡᠷᠭᠢᠯᠡᠵᠦ᠂ ᠵᠢᠭᠡᠯᠡᠯᠭᠡ ᠭᠤᠶᠤᠴᠢᠯᠠᠬᠤ᠂ ᠭᠡᠷ᠎ᠡ ᠲᠣᠭᠲᠠᠬᠤ᠂ ᠵᠣᠭᠤᠰ ᠭᠠᠷᠭᠠᠨ ᠠᠪᠬᠤ ᠵᠣᠭᠤᠰ ᠬᠡᠷᠡᠭᠯᠡᠬᠦ ᠵᠡᠷᠭᠡ ᠭᠤᠭᠴᠤᠭ᠎ᠠ ᠶᠢᠨ ᠬᠢᠨᠠᠨ ᠵᠥᠪᠰᠢᠶᠡᠷᠡᠬᠦ ᠴᠠᠭ ᠢ ᠰᠦᠯᠵᠢᠶᠡᠨ ᠭᠠᠳᠠᠨᠠᠬᠢ 3 - 5 ᠠᠵᠢᠯᠯᠠᠬᠤ ᠡᠳᠦᠷ ᠠᠴᠠ ᠬᠠᠮᠤᠭ ᠤᠨ ᠬᠤᠷᠳᠤᠨ ᠳᠤ ᠪᠠᠨ ᠬᠠᠭᠠᠰ ᠴᠠᠭ ᠪᠣᠯᠭᠠᠨ ᠪᠣᠭᠤᠨᠢᠰᠬᠠᠪᠠ᠃ ᠰᠦᠯᠵᠢᠶᠡᠨ ᠭᠠᠳᠠᠨ᠎ᠠ ᠭᠦᠢᠴᠡᠳᠬᠡᠬᠦ ᠴᠢᠬᠤᠯᠠᠲᠠᠶ ᠪᠣᠯ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠢ 2200 ᠡᠵᠡᠩᠨᠡᠯᠲᠡ ᠶᠢᠨ ᠲᠣᠤᠷ ᠴᠡᠭ ᠲᠠᠢ ᠪᠠᠶᠢᠵᠤ᠂ ᠰᠦᠯᠵᠢᠶ᠎ᠡ ᠪᠠᠷ ᠡᠷᠬᠢᠯᠡᠬᠦ ᠳᠡᠰ ᠳᠠᠷᠠᠭᠠᠯᠠᠯ ᠨᠢ ᠴᠦ ᠨᠡᠯᠢᠶᠡᠳ ᠳᠥᠭᠦᠮ ᠪᠥᠭᠡᠳ ᠲᠦᠷᠭᠡᠨ᠃

ᠤᠷᠮᠠᠰᠢᠭᠤᠯᠬᠤ ᠴᠢᠨᠠᠷ᠃ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠨᠢ ᠢᠲᠡᠭᠡᠮᠵᠢ ᠶᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠳᠤ ᠬᠦᠴᠦᠨ ᠨᠡᠮᠡᠷᠢᠯᠡᠵᠦ᠂ ᠢᠲᠡᠭᠡᠮᠵᠢ ᠶᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠡᠯᠡ ᠲᠣᠬᠢᠷᠠᠭᠤᠯᠭ᠎ᠠ ᠶᠢᠨ ᠬᠦᠴᠢᠷᠳᠡᠯ ᠢ ᠨᠠᠮᠳᠠᠭᠤᠯᠵᠤ᠂ ᠢᠲᠡᠭᠡᠮᠵᠢ ᠶᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠢᠲᠡᠭᠡᠯ ᠵᠣᠷᠢᠭ ᠢ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠨᠡᠨᠴᠢ ᠢᠲᠡᠭᠡᠮᠵᠢᠲᠡᠶ ᠪᠠᠷ ᠬᠤᠳᠠᠯᠳᠤᠭ᠎ᠠ ᠡᠷᠭᠢᠯᠡᠬᠦ᠂ ᠬᠠᠤᠯᠢ ᠶᠢ ᠰᠠᠬᠢᠵᠤ ᠡᠵᠡᠩᠨᠡᠬᠦ ᠶᠢ ᠪᠦᠲᠦᠮᠵᠢᠲᠡᠶ ᠬᠥᠲᠥᠯᠦᠨ ᠵᠢᠯᠣᠭᠤᠳᠴᠤ᠂ ᠥᠪᠥᠷ ᠮᠣᠩᠭᠤᠯ ᠤᠨ ᠣᠯᠠᠨ ᠲᠦᠮᠡᠨ ᠤ ᠢᠲᠡᠭᠡᠮᠵᠢᠲᠡᠢ ᠪᠠᠷ ᠠᠮᠠᠯᠠᠯᠲᠠ ᠪᠠᠨ ᠪᠡᠶᠡᠯᠡᠭᠦᠯᠳᠡᠭ ᠰᠠᠶᠢᠨ ᠤᠯᠠᠮᠵᠢᠯᠠᠯ ᠢ ᠰᠠᠶᠢᠲᠤᠷ ᠤᠯᠠᠮᠵᠢᠯᠠᠨ ᠵᠠᠯᠭᠠᠮᠵᠢᠯᠠᠪᠠ᠃

ᠢᠷᠡᠯᠲᠡ᠄ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ