︽2024 ᠣᠨ ᠤ ᠪᠥᠬᠦ ᠤᠯᠤᠰ ᠤᠨ ᠪᠠᠷᠢᠮᠵᠢᠶᠠᠵᠢᠯ ᠤᠨ ᠠᠵᠢᠯ ᠤᠨ ᠭᠤᠤᠯᠳᠠᠯᠭ᠎ᠠ︾ ᠶᠢ ᠳᠠᠷᠤᠮᠠᠯᠯᠠᠨ ᠲᠠᠷᠬᠠᠭᠠᠵᠤ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ 300 ᠶᠢ ᠳᠠᠪᠠᠭᠤᠯᠤᠨ᠎ᠠ ᠭᠡᠵᠦ ᠲᠣᠳᠣᠷᠬᠠᠶ ᠲᠣᠭᠲᠠᠭᠠᠵᠠᠶ
ᠨᠡᠶᠢᠲᠡᠯᠡᠭᠰᠡᠨ ᠴᠠᠭ᠄
2024/2/26

ᠣᠶᠢᠷ᠎ᠠ ᠳᠤ᠂ ᠤᠯᠤᠰ ᠤᠨ ᠪᠠᠷᠢᠮᠵᠢᠶ᠎ᠠ ᠶᠢᠨ ᠵᠥᠪᠯᠡᠯ ︽2024 ᠣᠨ ᠤ ᠪᠥᠬᠦ ᠤᠯᠤᠰ ᠤᠨ ᠪᠠᠷᠢᠮᠵᠢᠶᠠᠵᠢᠯ ᠶᠢᠨ ᠠᠵᠢᠯ ᠤᠨ ᠭᠤᠤᠯᠳᠠᠯᠭ᠎ᠠ︾ ︵ᠳᠣᠷᠣᠭᠰᠢ ︽ᠠᠵᠢᠯ ᠤᠨ ᠭᠤᠤᠯᠳᠠᠯᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠶᠠᠰᠤ ᠴᠢᠨᠠᠷ ᠤᠨ ᠲᠤᠯᠭᠠᠭᠤᠷᠢᠯᠠᠯ ᠪᠠ ᠪᠠᠷᠢᠮᠵᠢᠶ᠎ᠠ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠨ᠂ ︽ᠤᠯᠤᠰ ᠤᠨ ᠪᠠᠷᠢᠮᠵᠢᠶᠠᠵᠢᠯ ᠶᠢᠨ ᠬᠥᠭᠵᠢᠯᠲᠡ ᠶᠢᠨ ᠬᠥᠲᠥᠯᠪᠦᠷᠢ︾ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢᠨ ᠬᠡᠷᠡᠭᠵᠢᠭᠦᠯᠦᠯᠲᠡ ᠶᠢ ᠭᠦᠨᠵᠡᠭᠡᠶ ᠠᠬᠢᠭᠤᠯᠪᠠ᠃

︽ᠠᠵᠢᠯ ᠤᠨ ᠭᠤᠣᠯᠳᠠᠯᠭ᠎ᠠ︾ ᠨᠢ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠰᠢᠨ᠎ᠡ ᠨᠢᠭᠡ ᠡᠭᠡᠯᠵᠢ ᠶᠢᠨ ᠪᠠᠷᠢᠮᠵᠢᠶ᠎ᠠ ᠶᠢᠨ ᠲᠡᠰ ᠳᠡᠪᠰᠢᠬᠦ ᠶᠢ ᠲᠦᠷᠭᠡᠳᠬᠡᠨ ᠠᠬᠢᠭᠤᠯᠬᠤ︔ ᠤᠯᠠᠨ ᠤᠯᠤᠰ ᠤᠨ ᠥᠷᠢᠰᠥᠯᠳᠦᠭᠡᠨ ᠤ ᠬᠠᠮᠲᠤᠷᠠᠯᠴᠠᠭᠠᠨ ᠤ ᠰᠢᠨ᠎ᠡ ᠳᠠᠪᠠᠭᠤᠯᠢᠭ ᠢ ᠪᠤᠶᠢᠵᠢᠭᠤᠯᠵᠤ᠂ ᠪᠠᠷᠢᠮᠵᠢᠶ᠎ᠠ ᠶᠢᠨ ᠳᠡᠯᠡᠬᠡᠶᠢᠵᠢᠯᠲᠡ ᠶᠢᠨ ᠦᠰᠦᠷᠦᠯᠲᠡ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠬᠦ︔ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠶᠡᠬᠡᠪᠡᠷ ᠪᠠᠶᠢᠭᠤᠯᠵᠤ᠂ ᠨᠢᠭᠡ ᠪᠦᠯᠦᠭ ᠪᠠᠷᠢᠮᠵᠢᠶ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠢ ᠬᠦᠴᠦ ᠪᠠᠨ ᠲᠥᠪᠯᠡᠷᠡᠭᠦᠯᠦᠨ ᠥᠷᠨᠢᠭᠦᠯᠬᠦ︔ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠬᠡᠯᠪᠡᠷᠢ ᠶᠢᠨ ᠪᠠᠷᠢᠮᠵᠢᠶ᠎ᠠ ᠶᠢᠨ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠵᠦ᠂ ᠪᠠᠷᠢᠮᠵᠢᠶ᠎ᠠ ᠶᠢᠨ ᠬᠡᠷᠡᠭᠵᠢᠭᠦᠯᠦᠯᠲᠡ ᠬᠡᠷᠡᠭᠯᠡᠯᠲᠡ ᠶᠢ ᠭᠤᠣᠯᠳᠠᠯᠭ᠎ᠠ ᠲᠠᠢ ᠴᠢᠩᠭᠠᠳᠬᠠᠬᠤ︔ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ᠪᠠᠷᠢᠮᠵᠢᠶ᠎ᠠ ᠶᠢᠨ ᠲᠦᠷᠢᠮ ᠤᠨ ᠬᠡᠯᠪᠡᠷᠢ ᠶᠢᠨ ᠨᠡᠭᠡᠭᠡᠯᠳᠡ ᠶᠢ ᠯᠠᠪᠳᠠᠭᠤᠨ ᠢᠶᠠᠷ ᠥᠷᠭᠡᠳᠬᠡᠬᠦ︔ ᠪᠠᠷᠢᠮᠵᠢᠶᠠᠵᠢᠯ ᠤᠨ ᠦᠢᠯᠡᠰ ᠤᠨ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠪᠠᠷᠢᠮᠵᠢᠶᠠᠵᠢᠯ ᠤᠨ ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠬᠢᠵᠢᠭᠦᠯᠬᠦ᠂ ᠪᠠᠷᠢᠮᠵᠢᠶᠠᠵᠢᠯ ᠤᠨ ᠨᠥᠯᠥᠭᠡᠯᠡᠬᠦ ᠬᠦᠴᠦᠨ ᠢ ᠥᠷᠭᠡᠳᠬᠡᠬᠦ ᠵᠡᠷᠭᠡ 6 ᠲᠠᠯ᠎ᠠ ᠠᠴᠠ 2024 ᠣᠨ ᠤ ᠪᠦᠬᠦ ᠤᠯᠤᠰ ᠤᠨ ᠪᠠᠷᠢᠮᠵᠢᠶᠠᠵᠢᠯ ᠤᠨ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃

ᠪᠣᠳᠠᠲᠠᠢ ᠪᠠᠷ ᠠᠪᠴᠤ ᠦᠵᠡᠪᠡᠯ᠂ ︽ᠠᠵᠢᠯ ᠤᠨ ᠭᠤᠣᠯᠳᠠᠯᠭ᠎ᠠ︾ ᠶᠢ ᠨᠡᠶᠢᠳᠡ 90 ᠵᠤᠷᠪᠤᠰ ᠪᠣᠯᠭᠠᠨ ᠨᠠᠷᠢᠯᠢᠬᠵᠢᠭᠤᠯᠪᠠ᠃ ᠡᠭᠦᠨ ᠳᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠱᠠᠭᠠᠷᠳᠠᠯᠭ᠎ᠠ ᠶᠢ ᠥᠷᠭᠡᠳᠬᠡᠬᠦ ᠲᠠᠯ᠎ᠠ ᠪᠠᠷ᠂ ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ᠂ ᠦᠢᠯᠡᠳᠬᠦᠨ ᠤ ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠶᠢᠨ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠳᠤ ᠱᠠᠯᠠᠪᠳᠠᠨ ᠵᠠᠰᠠᠪᠤᠷᠢ ᠣᠷᠣᠭᠤᠯᠬᠤ᠂ ᠤᠯᠠᠮᠵᠢᠯᠠᠯᠲᠤ ᠠᠵᠢᠯ ᠲᠥᠷᠥᠯ ᠢ ᠲᠠᠰ ᠳᠡᠪᠰᠢᠭᠦᠯᠦᠨ ᠥᠭᠡᠷᠡᠴᠢᠯᠡᠬᠦ ᠶᠢ ᠬᠥᠲᠥᠯᠦᠨ ᠳᠠᠭᠠᠭᠤᠯᠬᠤ ᠵᠡᠷᠭᠡ ᠶᠢ ᠪᠠᠭᠲᠠᠭᠠᠬᠤ ᠮᠥᠷᠲᠡᠭᠡᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠵᠡᠷᠭᠡ ᠬᠦᠷᠢᠶᠡᠨ ᠳᠤ ᠨᠢᠭᠡ ᠪᠦᠯᠦᠭ ᠰᠢᠨ᠎ᠡ ᠪᠠᠷᠢᠮᠵᠢᠶ᠎ᠠ ᠶᠢ ᠤᠷᠢᠳᠴᠢᠯᠠᠨ ᠪᠠᠶᠢᠷᠢᠯᠠᠭᠤᠯᠬᠤ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠬᠥᠲᠥᠯᠦᠨ ᠵᠢᠯᠣᠭᠤᠳᠬᠤ ᠶᠢ ᠪᠠᠭᠲᠠᠭᠠᠨ᠎ᠠ᠃ ᠪᠠᠷᠢᠮᠵᠢᠶ᠎ᠠ ᠶᠢᠨ ᠳᠡᠯᠡᠬᠡᠶᠢᠵᠢᠯᠲᠡ ᠶᠢᠨ ᠦᠰᠦᠷᠦᠯᠲᠡ ᠶᠢᠨ ᠢᠨᠵᠧᠨᠧᠷᠢᠩ ᠢ ᠬᠡᠷᠡᠭᠵᠢᠭᠦᠯᠬᠦ ᠲᠠᠯ᠎ᠠ ᠪᠠᠷ᠂ ︽ᠠᠵᠢᠯ ᠤᠨ ᠭᠤᠣᠯᠳᠠᠯᠭ᠎ᠠ︾ ᠳᠤ ᠲᠣᠳᠣᠷᠬᠠᠶᠢᠯᠠᠭᠰᠠᠨ ᠨᠢ᠂ ᠡᠯ᠎ᠡ ᠲᠠᠯ᠎ᠠ ᠶᠢᠨ ᠬᠢᠨ ᠤ ᠡᠯ᠎ᠡ ᠳᠡᠯᠡᠬᠡᠢ ᠶᠢᠨ ᠴᠢᠨᠠᠷᠲᠠᠢ ᠲᠤᠰᠬᠠᠢ ᠮᠡᠷᠭᠡᠵᠢᠯ ᠤᠨ ᠪᠠᠷᠢᠮᠵᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠳᠤ ᠨᠡᠩ ᠥᠷᠭᠡᠨ ᠢᠶᠠᠷ ᠣᠷᠣᠯᠴᠠᠬᠤ ᠶᠢ ᠵᠣᠷᠢᠭᠵᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠣᠩᠭᠤᠴᠠ ᠰᠠᠯ᠂ ᠬᠢᠲᠠᠳ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠤᠯᠠᠨ ᠤᠯᠤᠰ ᠤᠨ ᠪᠠᠷᠢᠮᠵᠢᠶ᠎ᠠ ᠶᠢᠨ ᠰᠠᠨᠠᠯ ᠳᠤᠷᠠᠳᠤᠯᠭ᠎ᠠ ᠶᠢ ᠳᠤᠷᠠᠳᠴᠠᠢ᠃

ᠪᠦᠬᠦ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠠᠴᠠ᠂ ᠨᠢᠭᠡ ᠪᠦᠯᠦᠭ ᠪᠠᠷᠢᠮᠵᠢᠶ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠬᠡᠯᠬᠢᠶ᠎ᠡ ᠶᠢᠨ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠶ ᠲᠥᠷᠥᠯ ᠵᠦᠢᠯ ᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠪᠠ᠂ ᠰᠤᠷᠪᠤᠯᠵᠢᠯᠠᠭᠴᠢ ᠶᠢᠨ ᠠᠩᠬᠠᠷᠤᠭᠰᠠᠨ ᠢᠶᠠᠷ᠂ ︽ᠠᠵᠢᠯ ᠤᠨ ᠭᠤᠤᠯᠳᠠᠯᠭ᠎ᠠ︾ ᠳᠠᠬᠢ ᠲᠡᠭᠦᠨ ᠯᠦᠭᠡ ᠬᠤᠯᠪᠣᠭᠳᠠᠬᠤ ᠵᠦᠢᠯ ᠨᠡᠶᠢᠲᠡ 14 ᠵᠤᠷᠪᠤᠰ ᠪᠠᠶᠢᠨ᠎ᠠ᠂ ᠡᠲᠡᠭᠡᠷ ᠲᠥᠷᠥᠯ ᠵᠦᠢᠯ ᠳᠤ ᠭᠤᠣᠯᠯᠠᠬᠤ ᠰᠡᠯᠪᠢᠭ ᠲᠣᠨᠤᠭ ︵ᠲᠣᠨᠣᠭᠯᠠᠭᠠᠰᠤ︶᠂ ᠵᠠᠩᠭᠢᠯᠠᠭ᠎ᠠ ᠶᠢᠨ ᠰᠠᠭᠤᠷᠢ ᠮᠠᠲ᠋ᠧᠷᠢᠶᠠᠯ᠂ ᠲᠡᠷᠢᠭᠦᠨ ᠤ ᠰᠠᠭᠤᠷᠢ ᠠᠵᠤ ᠦᠢᠯᠡᠳᠪᠦᠷᠢ᠂ ᠠᠵᠤ ᠦᠢᠯᠡᠰ ᠤᠨ ᠮᠡᠷᠭᠡᠵᠢᠯ ᠤᠨ ᠰᠠᠭᠤᠷᠢ ᠵᠡᠷᠭᠡ ᠠᠵᠤ ᠦᠢᠯᠡᠰ ᠤᠨ ᠰᠠᠭᠤᠷᠢ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠭᠦᠯᠬᠦ ᠶᠢ ᠪᠠᠭᠲᠠᠭᠠᠵᠤ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠠᠵᠤ ᠦᠢᠯᠡᠳᠪᠦᠷᠢ ᠶᠢᠨ ᠳᠠᠭᠤᠷᠢᠶᠠᠮᠠᠯ᠂ ᠳ᠋ᠠᠶᠢᠲ᠋ᠠ ᠶᠢᠨ ᠬᠥᠮᠥᠷᠭᠡ ᠵᠡᠷᠭᠡ ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠪᠠᠷᠢᠮᠵᠢᠶ᠎ᠠ ᠶᠢ ᠲᠦᠷᠭᠡᠳᠬᠡᠨ ᠲᠣᠭᠲᠠᠭᠠᠵᠤ᠂ ᠬᠤᠪᠣᠷ ᠰᠢᠷᠣᠶ ᠶᠢᠨ ᠨᠠᠷᠢᠯᠢᠭ ᠬᠦᠳᠡᠷ ᠢ ᠮᠠᠯᠲᠠᠵᠤ ᠰᠢᠯᠢᠬᠦ᠂ ᠬᠤᠪᠣᠷ ᠰᠢᠷᠣᠶ ᠪᠣᠯᠪᠠᠰᠤᠷᠠᠭᠤᠯᠵᠤ ᠰᠠᠯᠭᠠᠬᠤ᠂ ᠳᠡᠭᠡᠳᠦ ᠲᠠᠰ ᠤᠨ ᠬᠤᠪᠣᠷ ᠰᠢᠷᠣᠶ ᠶᠢ ᠪᠣᠯᠪᠠᠰᠤᠷᠠᠭᠤᠯᠬᠤ᠂ ᠬᠤᠪᠣᠷ ᠰᠢᠷᠣᠶ ᠶᠢᠨ ᠬᠤᠶᠠᠳᠠᠬᠢ ᠤᠳᠠᠭᠠᠨ ᠤ ᠡᠬᠢ ᠪᠠᠶᠠᠯᠢᠭ ᠢ ᠡᠭᠡᠭᠦᠯᠦᠨ ᠬᠤᠷᠢᠶᠠᠬᠤ ᠵᠡᠷᠭᠡ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠵᠦ᠂ ᠳᠠᠬᠢᠯᠲᠠ ᠪᠣᠯᠣᠳ ᠲᠡᠮᠦᠷ ᠤᠨ ᠲᠦᠭᠦᠬᠡᠶ ᠮᠠᠲ᠋ᠧᠷᠢᠶᠠᠯ᠂ ᠳᠠᠬᠢᠯᠲᠠ ᠥᠨᠳᠥᠷ ᠳᠤᠯᠠᠭᠠᠨ ᠤ ᠬᠠᠶᠢᠯᠤᠰᠢ ᠶᠢᠨ ᠲᠦᠭᠦᠬᠡᠶ ᠮᠠᠲ᠋ᠧᠷᠢᠶᠠᠯ᠂ ᠳᠠᠬᠢᠯᠲᠠ ᠰᠦᠯᠢᠶᠣᠣ ᠪᠠ ᠭᠤᠮ ᠵᠡᠷᠭᠡ ᠳᠠᠬᠢᠯᠲᠠ ᠮᠠᠲ᠋ᠧᠷᠢᠶᠠᠯ ᠤᠨ ᠪᠠᠷᠢᠮᠵᠢᠶ᠎ᠠ ᠶᠢ ᠲᠦᠷᠭᠡᠪᠴᠢᠯᠡᠨ ᠰᠤᠳᠤᠯᠤᠨ ᠪᠦᠲᠦᠭᠡᠵᠦ᠂ ᠤᠶᠤᠨᠲᠤ ᠰᠦᠯᠵᠢᠶᠡᠨ ᠤ ᠬᠤᠯᠪᠣᠭᠠᠯᠠᠭᠰᠠᠨ ᠮᠠᠰᠢᠨ ᠲᠡᠷᠭᠡ ᠵᠢᠯᠣᠭᠤᠳᠬᠤ ᠳᠤ ᠲᠤᠰᠠᠯᠠᠬᠤ ᠠᠮᠤᠷ ᠲᠦᠪᠰᠢᠨ ᠤ ᠲᠣᠭᠤᠷᠢᠨ ᠳᠤ᠂ ᠲᠡᠷᠢᠭᠦᠨ ᠤ ᠵᠢᠯᠣᠭᠤᠳᠬᠤ ᠳᠤ ᠲᠤᠰᠠᠯᠠᠬᠤ ᠰᠢᠰᠲ᠋ᠧᠮ ︵ADAS︶ ᠤᠨ ᠰᠢᠷᠢᠰ ᠠᠮᠤᠷ ᠲᠦᠪᠰᠢᠨ ᠤ ᠪᠠᠷᠢᠮᠵᠢᠶ᠎ᠠ ᠵᠡᠷᠭᠡ ᠶᠢ ᠨᠡᠶᠢᠲᠡᠯᠡᠨ ᠬᠡᠷᠡᠭᠵᠢᠭᠦᠯᠦᠨ᠎ᠡ᠃

︽ᠤᠯᠤᠰ ᠤᠨ ᠪᠠᠷᠢᠮᠵᠢᠶᠠᠵᠢᠯ ᠶᠢᠨ ᠬᠥᠭᠵᠢᠯᠲᠡ ᠶᠢᠨ ᠬᠥᠲᠥᠯᠪᠦᠷᠢ︾ ᠳᠤ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠤᠨ᠎ᠠ ᠭᠡᠵᠦ ᠳᠤᠷᠠᠳᠴᠠᠢ᠃ 2023 ᠣᠨ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠪᠠᠷᠢᠮᠵᠢᠶ᠎ᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠤᠨ ᠪᠠᠷᠢᠮᠵᠢᠶ᠎ᠠ᠂ ᠮᠡᠷᠭᠡᠵᠢᠯ᠂ ᠦᠢᠯᠡᠴᠢᠯᠡᠭᠡ ᠵᠢᠴᠢ ᠬᠠᠮᠢᠶᠠᠷᠤᠯᠲᠠ ᠶᠢ ᠬᠠᠷᠢᠯᠴᠠᠨ ᠬᠥᠳᠡᠯᠦᠯᠴᠡᠵᠦ ᠬᠥᠭᠵᠢᠭᠦᠯᠬᠦ ᠲᠠᠯ᠎ᠠ ᠪᠠᠷ ᠬᠢ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ ︽ᠠᠵᠢᠯ ᠤᠨ ᠭᠤᠤᠯᠳᠠᠯᠭ᠎ᠠ︾ ᠳᠤ᠂ 2024 ᠣᠨ ᠳᠤ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ 300 ᠭᠠᠷᠤᠶ ᠳᠠᠪᠠᠭᠤᠯᠬᠤ ᠶᠢᠨ ᠬᠠᠮᠲᠤ ᠠᠵᠤ ᠠᠬᠤᠶᠢᠯᠠᠯ ᠤᠨ ᠪᠠᠷᠢᠮᠵᠢᠶ᠎ᠠ ᠶᠢᠨ ︽ᠳᠠᠭᠠᠭᠤᠯᠤᠭᠴᠢ︾ ᠶᠢ ᠴᠢᠷᠮᠠᠶᠢᠨ ᠡᠭᠦᠳᠬᠦ ᠶᠢ ᠵᠣᠷᠢᠭᠵᠢᠭᠤᠯᠵᠤ᠂ ᠪᠠᠷᠢᠮᠵᠢᠶ᠎ᠠ ᠳᠤ ᠬᠠᠷᠭᠤᠭᠤᠯᠵᠤ ᠪᠠᠷᠢᠮᠵᠢᠶ᠎ᠠ ᠳᠤ ᠬᠦᠷᠦᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ︔ ᠨᠢᠭᠡ ᠪᠦᠯᠦᠭ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠰᠢᠨ᠎ᠡ ᠪᠠᠷ ᠵᠥᠪᠰᠢᠶᠡᠷᠡᠨ ᠪᠥᠲᠥᠭᠡᠨ ᠪᠠᠶᠢᠭᠤᠯᠵᠤ᠂ ︽ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ᠂ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠂ ᠮᠡᠷᠭᠡᠵᠢᠯ ᠤᠨ ᠪᠣᠭᠤᠮᠲᠠ ᠰᠢᠪᠲᠤᠯᠬᠤ᠂ ᠪᠠᠷᠢᠮᠵᠢᠶ᠎ᠠ ᠶᠢ ᠰᠤᠳᠤᠯᠤᠨ ᠪᠦᠲᠦᠭᠡᠬᠦ᠂ ᠠᠵᠤ ᠦᠢᠯᠡᠰ ᠢ ᠳᠡᠯᠭᠡᠷᠡᠭᠦᠯᠬᠦ ᠶᠢ ᠵᠡᠷᠭᠡᠪᠡᠷ ᠠᠬᠢᠭᠤᠯᠵᠤ᠂ ᠲᠡᠷᠢᠭᠦᠨ ᠤ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠠᠭ ᠲᠤᠬᠠᠶ ᠳᠤᠨᠢ ᠪᠠᠷᠢᠮᠵᠢᠶ᠎ᠠ ᠳᠤ ᠠᠭᠤᠰᠤᠯᠴᠠᠭᠤᠯᠵᠤ᠂ ᠪᠠᠷᠢᠮᠵᠢᠶ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠭᠡᠵᠦ ᠲᠣᠳᠣᠷᠬᠠᠶᠢᠯᠠᠪᠠ᠃

ᠢᠷᠡᠯᠲᠡ᠄ ᠳᠤᠮᠳᠠᠳᠤ ᠤᠯᠤᠰ ᠤᠨ ᠶᠠᠰᠤ ᠴᠢᠨᠠᠷ ᠤᠨ ᠰᠣᠨᠢᠨ