ᠳᠠᠷᠠᠭ᠎ᠠ ᠰᠠᠷ᠎ᠠ ᠠᠴᠠ ᠡᠬᠢᠯᠡᠨ ᠬᠠᠮᠤᠭ ᠤᠨ ᠰᠢᠨ᠎ᠡ ᠲᠣᠭᠲᠠᠭᠠᠯ ᠢ ᠬᠡᠷᠡᠭᠵᠢᠭᠦᠯᠦᠨ᠎ᠡ᠂ ᠲᠦᠷᠭᠡᠨ ᠬᠦᠷᠭᠡᠯᠲᠡ ᠢ ᠳᠤᠷ᠎ᠠ ᠪᠠᠷ ᠢᠶᠠᠨ ᠥᠷᠲᠡᠭᠡ ᠪᠠ ᠲᠦᠷᠭᠡᠨ ᠬᠦᠷᠭᠡᠯᠲᠡ ᠶᠢᠨ ᠬᠤᠷᠭᠤ ᠳᠤ ᠲᠠᠯᠪᠢᠵᠤ ᠪᠣᠯᠬᠤ ᠦᠭᠡᠢ︕
ᠨᠡᠶᠢᠲᠡᠯᠡᠭᠰᠡᠨ ᠴᠠᠭ᠄
2024/2/27

ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠦᠯᠵᠢᠶᠡᠨ ᠤ ᠮᠡᠳᠡᠭᠡ ᠶᠢ ᠦᠨᠳᠦᠰᠦᠯᠡᠪᠡᠯ᠂ 2023 ᠣᠨ ᠤ 12 ᠳ᠋ᠤᠭᠠᠷ ᠰᠠᠷ᠎ᠠ ᠶᠢᠨ 8 ᠤ ᠡᠳᠦᠷ 28 ᠳ᠋ᠤᠭᠠᠷ ᠤᠳᠠᠭᠠᠨ ᠤ ᠶᠠᠮᠤᠨ ᠤ ᠶᠠᠪᠤᠳᠠᠯ ᠤᠨ ᠬᠤᠷᠠᠯ ᠠᠴᠠ ᠪᠠᠲᠤᠯᠠᠭᠰᠠᠨ ︽ᠲᠦᠷᠭᠡᠨ ᠬᠦᠷᠭᠡᠯᠲᠡ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2023 ᠣᠨ ᠤ 22 ᠳ᠋ᠤᠭᠠᠷ ᠲᠣᠭᠠᠲᠤ︶ ᠶᠢ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

︽ᠠᠷᠭ᠎ᠠ︾ ᠳᠤ᠂ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠡᠵᠡᠩᠨᠡᠵᠦ ᠪᠠᠶᠢᠭ᠎ᠠ ᠠᠵᠤ ᠠᠬᠤᠶᠢᠯᠠᠯ ᠨᠢ ᠤᠯᠤᠰ ᠤᠨ ᠲᠣᠭᠲᠠᠭᠠᠯ ᠶᠣᠰᠣᠭᠠᠷ᠂ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠪᠠᠷᠢᠮᠵᠢᠶᠠᠵᠢᠭᠤᠯᠬᠤ᠂ ᠡᠷᠭᠢᠯᠳᠦᠭᠦᠯᠬᠦ᠂ ᠬᠡᠮᠵᠢᠶ᠎ᠡ ᠶᠢ ᠨᠢ ᠪᠠᠭᠠᠰᠬᠠᠬᠤ᠂ ᠬᠤᠣᠷᠳᠠᠭᠤᠯᠤᠯ ᠦᠭᠡᠢ ᠪᠣᠯᠭᠠᠬᠤ ᠶᠢ ᠠᠬᠢᠭᠤᠯᠵᠤ᠂ ᠬᠡᠲᠦᠷᠡᠲᠡᠯ᠎ᠡ ᠪᠣᠭᠤᠳᠠᠯᠯᠠᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠲᠣᠭᠲᠠᠭᠠᠵᠠᠢ᠃ ᠲᠦᠷᠭᠡᠨ ᠬᠦᠷᠭᠡᠯᠲᠡ ᠶᠢᠨ ᠠᠵᠢᠯ ᠢ ᠡᠵᠡᠩᠨᠡᠵᠦ ᠪᠠᠶᠢᠭ᠎ᠠ ᠠᠵᠤ ᠠᠬᠤᠶᠢᠯᠠᠯ ᠣᠷᠴᠢᠨ ᠲᠣᠭᠤᠷᠢᠨ ᠢ ᠬᠠᠮᠠᠭᠠᠯᠠᠬᠤ ᠳᠤ ᠠᠰᠢᠭᠲᠠᠢ ᠦᠢᠯᠡᠳᠬᠦᠨ ᠢ ᠡᠩ ᠲᠡᠷᠢᠭᠦᠨ ᠳᠤ ᠬᠤᠳᠠᠯᠳᠤᠨ ᠠᠪᠴᠤ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠨᠡᠶᠢᠴᠡᠭᠰᠡᠨ ᠪᠣᠭᠤᠳᠠᠯᠯᠠᠬᠤ ᠦᠢᠯᠡᠳᠬᠦᠨ ᠢ ᠬᠡᠷᠡᠭᠯᠡᠬᠦ ᠬᠡᠷᠡᠭᠲᠡᠶ᠂ ᠬᠡᠷᠡᠭᠯᠡᠬᠦ ᠶᠢ ᠤᠯᠤᠰ ᠠᠴᠠ ᠴᠠᠭᠠᠵᠠᠯᠠᠭᠰᠠᠨ ᠰᠦᠯᠢᠶᠣᠤ ᠦᠢᠯᠡᠳᠬᠦᠨ ᠢ ᠬᠡᠷᠡᠭᠯᠡᠵᠦ ᠪᠣᠯᠬᠤ ᠦᠭᠡᠶ‌‍ᠭᠡᠵᠦ ᠲᠣᠭᠲᠠᠭᠠᠵᠠᠢ᠃

︽ᠠᠷᠭ᠎ᠠ︾ ᠳᠤ᠂ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠢ ᠡᠵᠡᠩᠨᠡᠵᠦ ᠪᠠᠶᠢᠭ᠎ᠠ ᠠᠵᠤ ᠠᠬᠤᠶᠢᠯᠠᠯ ᠨᠢ ᠬᠡᠷᠡᠭᠯᠡᠭᠴᠢ ᠶᠢᠨ ᠵᠥᠪᠰᠢᠶᠡᠷᠡᠯ ᠦᠭᠡᠢ ᠪᠠᠷ ᠲᠦᠷᠭᠡᠨ ᠬᠦᠷᠭᠡᠯᠲᠡ ᠶᠢᠨ ᠵᠦᠢᠯ ᠢ ᠣᠷᠣᠯᠠᠨ ᠬᠤᠷᠢᠶᠠᠨ ᠠᠪᠤᠭᠰᠠᠨ ᠢ ᠨᠤᠲᠠᠯᠠᠵᠤ ᠪᠣᠯᠬᠤ ᠦᠭᠡᠢ᠂ ᠲᠦᠷᠭᠡᠨ ᠬᠦᠷᠭᠡᠯᠲᠡ ᠶᠢᠨ ᠵᠦᠢᠯ ᠢ ᠤᠶᠤᠨᠲᠤ ᠲᠦᠷᠭᠡᠨ ᠬᠦᠷᠭᠡᠯᠲᠡ ᠶᠢᠨ ᠵᠦᠢᠯ ᠤᠨ ᠬᠠᠶᠢᠷᠴᠠᠭ᠂ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠥᠷᠲᠡᠭᠡ ᠵᠡᠷᠭᠡ ᠲᠦᠷᠭᠡᠨ ᠬᠦᠷᠭᠡᠯᠲᠡ ᠶᠢᠨ ᠵᠦᠢᠯ ᠤᠨ ᠲᠥᠬᠦᠭᠡᠷᠦᠮᠵᠢ ᠳᠤ ᠳᠤᠷ᠎ᠠ ᠪᠠᠷ ᠢᠶᠠᠨ ᠬᠦᠷᠭᠡᠵᠦ ᠪᠣᠯᠬᠤ ᠦᠭᠡᠢ ᠭᠡᠵᠦ ᠱᠠᠭᠠᠷᠳᠠᠪᠠ᠃

︽ᠠᠷᠭ᠎ᠠ︾ ᠳᠤ ᠵᠢᠭᠠᠵᠤ ᠭᠠᠷᠭᠠᠭᠰᠠᠨ ᠨᠢ᠂ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠡᠵᠡᠩᠨᠡᠭᠰᠡᠨ ᠠᠵᠤ ᠠᠬᠤᠶᠢᠯᠠᠯ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠰᠡᠷᠡᠮᠵᠢᠯᠡᠭᠦᠯᠬᠦ ᠪᠤᠶᠤ ᠨᠡᠪᠲᠡᠷᠡᠭᠦᠯᠦᠨ ᠰᠢᠭᠦᠮᠵᠢᠯᠡᠵᠦ᠂ 1 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ ᠪᠣᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ 1 ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠬᠡᠷᠡᠭᠯᠡᠭᠴᠢ ᠶᠢᠨ ᠵᠥᠪᠰᠢᠶᠡᠷᠡᠯ ᠦᠭᠡᠢ ᠪᠠᠷ ᠲᠦᠷᠭᠡᠨ ᠬᠦᠷᠭᠡᠯᠲᠡ ᠶᠢᠨ ᠵᠦᠢᠯ ᠢ ᠣᠷᠣᠯᠠᠨ ᠬᠦᠯᠢᠶᠡᠨ ᠠᠪᠤᠭᠰᠠᠨ ᠢ ᠨᠤᠲᠠᠯᠠᠭᠰᠠᠨ︔ ᠬᠡᠷᠡᠭᠯᠡᠭᠴᠢ ᠶᠢᠨ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠤᠶᠤᠨᠲᠤ ᠲᠦᠷᠭᠡᠨ ᠬᠦᠷᠭᠡᠯᠲᠡ ᠶᠢᠨ ᠵᠦᠢᠯ ᠤᠨ ᠬᠠᠶᠢᠷᠴᠠᠭ᠂ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠥᠷᠲᠡᠭᠡ ᠵᠡᠷᠭᠡ ᠠᠷᠭ᠎ᠠ ᠮᠠᠶ᠋ᠢᠭ ᠢᠶᠠᠷ ᠲᠦᠷᠭᠡᠨ ᠬᠦᠷᠭᠡᠯᠲᠡ ᠶᠢᠨ ᠵᠦᠢᠯ ᠢ ᠬᠦᠷᠭᠡᠵᠦ ᠥᠭᠭᠦᠭᠰᠡᠨ︔ ᠲᠦᠷᠭᠡᠨ ᠬᠦᠷᠭᠡᠯᠲᠡ ᠶᠢᠨ ᠵᠦᠢᠯ ᠢ ᠬᠠᠶᠠᠵᠤ ᠰᠢᠳᠡᠭᠰᠡᠨ᠂ ᠭᠢᠰᠬᠢᠯᠡᠭᠰᠡᠨ ᠪᠣᠯ ᠰᠢᠢᠳᠬᠡᠨ᠎ᠡ᠃

ᠡᠭᠦᠨ ᠳᠤ᠂ ᠬᠤᠷᠢᠨ ᠵᠢᠷᠭᠤᠳᠤᠭᠠᠷ ᠵᠦᠢᠯ ᠳᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠡᠵᠡᠩᠨᠡᠵᠦ ᠪᠠᠶᠢᠭ᠎ᠠ ᠠᠵᠤ ᠠᠬᠤᠶᠢᠯᠠᠯ ᠨᠢ ᠦᠢᠯᠡᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠪᠠ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠵᠢᠷᠤᠮᠵᠢᠯ ᠪᠠᠶᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠬᠤ ᠶᠢᠨ ᠬᠠᠮᠲᠤ ᠳᠣᠤᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠭᠡᠵᠦ ᠳᠤᠷᠠᠳᠤᠭᠰᠠᠨ ᠪᠠᠶᠢᠨ᠎ᠠ᠄ ᠬᠠᠤᠯᠢ ᠶᠣᠰᠣᠭᠠᠷ ᠢᠯᠡᠭᠡᠭᠴᠢ ᠶᠢᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠪᠠᠶᠢᠴᠠᠭᠠᠨ ᠰᠢᠯᠭᠠᠵᠤ᠂ ᠳᠠᠩᠰᠠᠯᠠᠬᠤ ᠬᠡᠷᠡᠭᠲᠡᠢ᠂ ᠢᠯᠡᠭᠡᠭᠴᠢ ᠨᠢ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠪᠠᠨ ᠬᠠᠩᠭᠠᠬᠤ ᠦᠭᠡᠢ ᠪᠤᠶᠤ ᠬᠠᠩᠭᠠᠭᠰᠠᠨ ᠨᠢ ᠦᠨᠡᠨ ᠪᠣᠳᠠᠲᠠᠶ ᠪᠤᠰᠤ ᠪᠠᠶᠢᠪᠠᠯ᠂ ᠬᠦᠯᠢᠶᠡᠨ ᠠᠪᠴᠤ ᠢᠯᠡᠭᠡᠵᠦ ᠪᠣᠯᠬᠤ ᠦᠭᠡᠶ︔ ᠢᠯᠡᠭᠡᠭᠴᠢ ᠶᠢᠨ ᠲᠤᠰᠢᠶᠠᠨ ᠥᠭᠭᠦᠭᠰᠡᠨ ᠵᠠᠬᠢᠳᠡᠯ ᠪᠢᠴᠢᠭ ᠠᠴᠠ ᠪᠤᠰᠤᠳ ᠡᠳ᠋ ᠪᠠᠷᠠᠭ᠎ᠠ ᠶᠢ ᠪᠠᠶᠢᠴᠠᠭᠠᠨ ᠰᠢᠯᠭᠠᠵᠤ᠂ ᠳᠣᠲᠣᠭᠠᠳᠤ ᠡᠳ᠋ ᠪᠠᠷᠠᠭ᠎ᠠ ᠶᠢᠨ ᠨᠡᠷ᠎ᠡ ᠵᠡᠷᠭᠡ ᠮᠡᠳᠡᠭᠡ ᠵᠠᠩᠭᠢ ᠶᠢ ᠲᠡᠮᠳᠡᠭᠯᠡᠵᠦ᠂ ᠢᠯᠡᠭᠡᠭᠴᠢ ᠨᠢ ᠳᠣᠲᠣᠭᠠᠳᠤ ᠶᠢᠨ ᠡᠳ᠋ ᠪᠠᠷᠠᠭ᠎ᠠ ᠶᠢᠨ ᠮᠡᠳᠡᠭᠡ ᠵᠠᠩᠭᠢ ᠶᠢ ᠬᠠᠩᠭᠠᠬᠤ ᠦᠭᠡᠶ ᠪᠤᠶᠤ ᠬᠠᠩᠭᠠᠭᠰᠠᠨ ᠳᠣᠲᠣᠭᠠᠳᠤ ᠡᠳ᠋ ᠪᠠᠷᠠᠭ᠎ᠠ ᠶᠢᠨ ᠮᠡᠳᠡᠭᠡ ᠵᠠᠩᠭᠢ ᠪᠣᠯᠤᠨ ᠪᠠᠶᠢᠴᠠᠭᠠᠨ ᠰᠢᠯᠭᠠᠭᠰᠠᠨ ᠪᠠᠶᠢᠳᠠᠯ ᠲᠠᠢ ᠨᠡᠶᠢᠴᠡᠬᠦ ᠦᠭᠡᠶ ᠪᠣᠯ ᠬᠤᠷᠢᠶᠠᠨ ᠠᠪᠴᠤ ᠢᠯᠡᠭᠡᠵᠦ ᠪᠣᠯᠬᠤ ᠦᠭᠡᠶ︔ ᠡᠰᠡᠷᠭᠦᠴᠡᠭᠳᠡᠰᠢ ᠦᠭᠡᠶ ᠬᠦᠴᠦᠨ ᠵᠦᠢᠯ ᠠᠴᠠ ᠭᠠᠳᠠᠨ᠎ᠠ᠂ ᠪᠣᠯᠵᠣᠨ ᠲᠣᠭᠲᠠᠭᠰᠠᠨ ᠶᠣᠰᠣᠭᠠᠷ ᠠᠮᠠᠯᠠᠭᠰᠠᠨ ᠴᠠᠭ ᠬᠤᠭᠤᠴᠠᠭᠠᠨ ᠤ ᠳᠣᠲᠣᠷ᠎ᠠ ᠲᠦᠷᠭᠡᠨ ᠬᠦᠷᠭᠡᠯᠲᠡ ᠶᠢᠨ ᠵᠦᠢᠯ ᠢ ᠬᠦᠯᠢᠶᠡᠨ ᠠᠪᠬᠤ ᠬᠠᠶ᠋ᠢᠭ᠂ ᠬᠦᠯᠢᠶᠡᠨ ᠠᠪᠤᠭᠴᠢ ᠵᠡᠷᠭᠡ ᠳᠤ ᠬᠦᠷᠭᠡᠬᠦ ᠬᠡᠷᠡᠭᠲᠡᠶ᠃

ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠬᠡᠷᠡᠭᠯᠡᠭᠴᠢ ᠶᠢᠨ ᠦᠵᠦᠭᠦᠷ