︽ᠨᠠᠰᠤᠲᠠᠶᠢᠴᠤᠳ ᠪᠠ ᠨᠢᠯᠬᠠᠰ︾ ᠲᠤ ᠬᠤᠯᠪᠣᠭᠳᠠᠬᠤ ᠡᠨᠡᠬᠦ ᠰᠢᠨ᠎ᠡ ᠲᠣᠭᠲᠠᠭᠠᠯ ᠢ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︕
ᠨᠡᠶᠢᠲᠡᠯᠡᠭᠰᠡᠨ ᠴᠠᠭ᠄
2024/2/28

ᠣᠨᠴᠠᠭᠠᠢ ᠢᠳᠡᠭᠡᠨ ᠤ ᠦᠢᠯᠡᠳᠪᠦᠷᠢᠯᠡᠯ ᠪᠣᠯᠣᠨ ᠡᠵᠡᠩᠨᠡᠯᠲᠡ ᠳᠤ ᠬᠤᠯᠪᠣᠭᠳᠠᠨ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢ ᠬᠢᠨᠠᠨ ᠰᠢᠯᠭᠠᠬᠤ ᠰᠢᠨ᠎ᠡ ᠲᠣᠭᠲᠠᠭᠠᠯ ᠢ ᠡᠨᠡ ᠵᠢᠯ ᠤᠨ 3 ᠳ᠋ᠤᠭᠠᠷ ᠰᠠᠷ᠎ᠠ ᠠᠴᠠ ᠬᠡᠷᠡᠭᠵᠢᠭᠦᠯᠦᠨ᠎ᠡ

ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠣᠶᠢᠷ᠎ᠠ ᠳᠤ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠵᠦᠭᠯᠡᠭᠦᠷ︾ ᠪᠠ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠬᠥᠲᠥᠯᠪᠦᠷᠢ︾ ᠶᠢ ᠨᠡᠶᠢᠲᠡᠯᠡᠵᠦ᠂ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠨᠡ ᠨᠢ ᠣᠨᠴᠠᠭᠠᠢ ᠢᠳᠡᠭᠡᠨ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠤᠨ ᠢᠳᠡᠭᠡᠨ ᠤ ᠠᠮᠤᠷ ᠲᠥᠪᠰᠢᠨ ᠤ ᠬᠠᠮᠢᠶᠠᠷᠤᠭᠴᠢ ᠶᠢᠨ ᠭᠤᠣᠯ ᠬᠠᠷᠢᠭᠤᠴᠠᠯᠭ᠎ᠠ ᠶᠢ ᠤᠯᠠᠮ ᠴᠢᠨᠠᠭᠰᠢᠳᠠ ᠲᠣᠳᠣᠷᠬᠠᠢ ᠪᠣᠯᠭᠠᠬᠤ ᠪᠣᠯᠤᠨ᠎ᠠ᠃

ᠣᠨᠴᠠᠭᠠᠶ ᠢᠳᠡᠭᠡᠨ ᠳᠤ ᠡᠷᠡᠭᠦᠯᠵᠢᠯ ᠤᠨ ᠢᠳᠡᠭᠡᠨ᠂ ᠠᠨᠠᠭᠠᠬᠤ ᠤᠬᠠᠭᠠᠨ ᠤ ᠣᠨᠴᠠᠭᠠᠶ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠪᠠ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠢᠳᠡᠭᠡᠨ ᠪᠠᠭᠲᠠᠵᠤ᠂ ᠡᠨᠡ ᠨᠢ ︽ᠨᠠᠰᠤᠲᠠᠶᠢᠴᠤᠳ ᠪᠠ ᠨᠢᠯᠬᠠᠰ︾ ᠵᠡᠷᠭᠡ ᠭᠤᠤᠯᠳᠠᠯᠭ᠎ᠠ ᠲᠠᠢ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠨ᠎ᠠ᠃

︽ᠵᠦᠭᠯᠡᠭᠦᠷ︾ ᠪᠠ ︽ᠬᠥᠲᠥᠯᠪᠦᠷᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠪᠡᠯ᠂ ᠣᠨᠴᠠᠭᠠᠢ ᠢᠳᠡᠭᠡᠨ ᠢ ᠦᠢᠯᠡᠳᠪᠦᠷᠢᠯᠡᠵᠦ᠂ ᠡᠵᠡᠩᠨᠡᠬᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠨᠢ ᠣᠨᠴᠠᠭᠠᠢ ᠢᠳᠡᠭᠡᠨ ᠤ ᠦᠢᠯᠡᠳᠪᠦᠷᠢᠯᠡᠯ ᠪᠠ ᠡᠵᠡᠩᠨᠡᠯᠲᠡ ᠳᠤ ᠬᠤᠯᠪᠣᠭᠳᠠᠬᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠳᠦᠷᠢᠮ ᠲᠣᠭᠲᠠᠭᠠᠯ ᠪᠣᠯᠤᠨ ᠪᠠᠷᠢᠮᠵᠢᠶ᠎ᠠ ᠶᠢᠨ ᠴᠢᠬᠤᠯᠠ ᠲᠣᠭᠲᠠᠭᠠᠯ ᠢ ᠡᠵᠡᠮᠰᠢᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠲᠣᠭᠲᠠᠭᠠᠯ ᠵᠢᠴᠢ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠳᠤ ᠰᠠᠭᠤᠷᠢᠯᠠᠭᠰᠠᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃

ᠣᠨᠴᠠᠭᠠᠢ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠨᠢ ᠦᠢᠯᠡᠳᠪᠦᠷᠢᠯᠡᠯ ᠤᠨ ᠶᠠᠪᠤᠴᠠ ᠳᠠᠬᠢ ᠵᠠᠩᠭᠢᠯᠠᠭ᠎ᠠ ᠶᠢᠨ ᠲᠦᠭᠰᠢᠭᠦᠷᠢ ᠶᠢᠨ ᠴᠡᠭ ᠪᠣᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠲᠤᠰ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠡᠵᠡᠮᠰᠢᠵᠦ᠂ ᠲᠤᠰ ᠠᠵᠤ ᠠᠬᠤᠶᠢᠯᠠᠯ ᠯᠤᠭ᠎ᠠ ᠬᠤᠯᠪᠣᠭᠳᠠᠬᠤ ᠬᠠᠤᠯᠢ ᠶᠢᠨ ᠬᠠᠷᠢᠭᠤᠴᠠᠯᠭ᠎ᠠ ᠪᠣᠯᠤᠨ ᠰᠢᠢᠳᠬᠡᠨ ᠲᠣᠷᠭᠠᠬᠤ ᠲᠣᠭᠲᠠᠭᠠᠯ ᠵᠢᠴᠢ ᠢᠳᠡᠭᠡᠨ ᠤ ᠠᠮᠤᠷ ᠲᠦᠪᠰᠢᠨ ᠤ ᠰᠠᠭᠤᠷᠢ ᠮᠡᠳᠡᠯᠭᠡ ᠵᠡᠷᠭᠡ ᠠᠭᠤᠯᠭ᠎ᠠ ᠶᠢ ᠡᠵᠡᠮᠰᠢᠬᠦ ᠬᠡᠷᠡᠭᠲᠡᠶ᠃ ᠣᠨᠴᠠᠭᠠᠢ ᠢᠳᠡᠭᠡᠨ ᠡᠵᠡᠩᠨᠡᠬᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠨᠢ ᠲᠤᠰ ᠠᠵᠤ ᠠᠬᠤᠶᠢᠯᠠᠯ ᠤᠨ ᠡᠵᠡᠩᠨᠡᠵᠦ ᠪᠠᠶᠢᠭ᠎ᠠ ᠣᠨᠴᠠᠭᠠᠢ ᠢᠳᠡᠭᠡᠨ ᠤ ᠳᠠᠩᠰᠠᠯᠠᠨ ᠲᠡᠮᠳᠡᠭᠯᠡᠭᠰᠡᠨ ᠪᠠᠶᠢᠳᠠᠯ᠂ ᠣᠨᠴᠠᠭᠠᠢ ᠢᠳᠡᠭᠡᠨ ᠢ ᠪᠣᠷᠣᠯᠠᠭᠤᠯᠬᠤ ᠣᠨᠴᠠᠭᠠᠢ ᠱᠠᠭᠠᠷᠳᠠᠯᠭ᠎ᠠ ᠵᠢᠴᠢ ᠪᠠᠷᠠᠭ᠎ᠠ ᠣᠷᠣᠭᠤᠯᠬᠤ᠂ ᠬᠤᠳᠠᠯᠳᠤᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠡᠷᠭᠡ ᠡᠵᠡᠩᠨᠡᠯᠲᠡ ᠶᠢᠨ ᠶᠠᠪᠤᠴᠠ ᠳᠠᠬᠢ ᠵᠠᠩᠭᠢᠯᠠᠭ᠎ᠠ ᠶᠢᠨ ᠲᠦᠭᠰᠢᠭᠦᠷᠢ ᠶᠢᠨ ᠴᠡᠭ ᠪᠣᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠳᠣᠷᠬᠠᠢ ᠣᠶᠢᠯᠠᠭᠠᠬᠤ ᠬᠡᠷᠡᠭᠲᠡᠶ᠃

ᠢᠷᠡᠯᠲᠡ᠄ ᠰᠢᠨᠬᠤᠸᠠ ᠬᠤᠷᠢᠶ᠎ᠠ