ᠭᠡᠷ ᠤᠨ ᠬᠠᠶᠠᠭᠳᠠᠮᠠᠯ ᠬᠠᠭᠤᠴᠢᠨ ᠲᠣᠮᠣ ᠡᠳ᠋ᠯᠡᠯ ᠤᠳ ᠢ ᠬᠡᠷᠬᠢᠨ ᠰᠢᠢᠳᠪᠦᠷᠢᠯᠡᠬᠦ ᠪᠣᠢ︖
ᠨᠡᠶᠢᠲᠡᠯᠡᠭᠰᠡᠨ ᠴᠠᠭ᠄
2024/3/12

  ᠡᠨᠡ ᠵᠢᠯ ᠤᠨ 2 ᠳ᠋ᠤᠭᠠᠷ ᠰᠠᠷ᠎ᠠ ᠳᠤ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠠᠴᠠ᠂ ᠶᠡᠭᠡ ᠬᠡᠪᠴᠢᠶ᠎ᠡ ᠪᠠᠷ ᠡᠭᠡᠭᠦᠯᠦᠨ ᠬᠤᠷᠢᠶᠠᠵᠤ ᠠᠰᠢᠭᠯᠠᠬᠤ ᠶᠢ ᠠᠬᠢᠭᠤᠯᠵᠤ᠂ ︽ᠰᠢᠨ᠎ᠡ ᠪᠠᠷ ᠰᠣᠯᠢᠬᠤ + ᠡᠭᠡᠭᠦᠯᠦᠨ ᠬᠤᠷᠢᠶᠠᠬᠤ︾ ᠪᠠᠷᠠᠭᠠᠨ ᠤ ᠭᠦᠢᠯᠭᠡᠭᠡᠨ ᠤ ᠰᠢᠰᠲ᠋ᠧᠮ ᠪᠠ ᠰᠢᠨ᠎ᠡ ᠵᠠᠭᠪᠤᠷ ᠤᠨ ᠬᠥᠭᠵᠢᠯᠲᠡ ᠶᠢ ᠴᠢᠩᠭᠠᠳᠬᠠᠬᠤ ᠬᠡᠷᠡᠭᠲᠡᠢ ᠭᠡᠵᠦ ᠳᠤᠷᠠᠳᠪᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ 2024 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ ᠨᠢ ᠤᠯᠤᠰ ᠤᠨ ᠳᠣᠲᠣᠭᠠᠳᠤ ᠶᠢᠨ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠥᠷᠭᠡᠳᠬᠡᠵᠦ᠂ ᠠᠵᠤ ᠠᠬᠤᠢ ᠶᠢᠨ ᠰᠠᠶᠢᠨ ᠣᠷᠴᠢᠯ ᠢ ᠪᠡᠶᠡᠯᠡᠭᠦᠯᠬᠦ ᠶᠢ ᠠᠬᠢᠭᠤᠯᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠵᠣᠷᠢᠭᠵᠢᠭᠤᠯᠤᠨ ᠠᠬᠢᠭᠤᠯᠬᠤ ᠬᠡᠷᠡᠭᠲᠡᠢ ᠭᠡᠵᠦ ᠳᠤᠷᠠᠳᠴᠠᠢ᠃

  ᠮᠠᠰᠢ ᠣᠯᠠᠨ ᠬᠡᠷᠡᠭᠯᠡᠭᠴᠢ ᠶᠢᠨ ᠭᠡᠷ ᠤᠨ ᠬᠡᠷᠡᠭᠰᠡᠯ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠶᠢᠨ ᠠᠰᠠᠭᠤᠳᠠᠯ ᠨᠢ ᠪᠦᠷ ᠬᠠᠭᠤᠴᠢᠨ ᠭᠡᠷ ᠤᠨ ᠬᠡᠷᠡᠭᠰᠡᠯ ᠢ ᠰᠢᠢᠳᠪᠦᠷᠢᠯᠡᠬᠦ ᠭᠤᠭᠴᠤᠭ᠎ᠠ ᠳᠡᠭᠡᠷ᠎ᠡ ᠪᠠᠶᠢᠳᠠᠭ᠃ ᠭᠡᠷ ᠤᠨ ᠲᠣᠮᠣ ᠡᠳ᠋ᠯᠡᠯ ᠢᠶᠠᠨ ᠰᠣᠯᠢᠬᠤ ᠴᠢᠬᠤᠯᠠᠲᠠᠢ ᠦᠶ᠎ᠡ ᠳᠤ ᠬᠠᠭᠤᠴᠢᠨ ᠢᠶᠠᠨ ᠶᠠᠭᠠᠬᠢᠵᠤ ᠰᠢᠢᠳᠪᠦᠷᠢᠯᠡᠪᠡᠯ ᠵᠣᠬᠢᠬᠤ ᠪᠤᠢ︖ ᠶᠠᠮᠠᠷ ᠶᠠᠮᠠᠷ ᠢᠳᠡᠪᠬᠢᠲᠡᠢ ᠰᠥᠪᠡᠭᠴᠢᠯᠡᠯᠲᠡ ᠪᠠ ᠲᠤᠷᠰᠢᠯᠲᠠ ᠪᠠᠶᠢᠬᠤ ᠪᠤᠢ︖

  ᠲᠣᠮᠣ ᠡᠳ᠋ᠯᠡᠯ ᠢ ᠬᠡᠷᠬᠢᠨ ᠰᠢᠢᠳᠪᠦᠷᠢᠯᠡᠬᠦ ᠪᠤᠢ︖

  ᠬᠠᠭᠤᠴᠢᠨ ᠭᠡᠷ ᠤᠨ ᠡᠳ᠋ᠯᠡᠯ ᠬᠡᠷᠡᠭᠰᠡᠯ ᠤᠨ ᠵᠠᠬ᠎ᠠ ᠳᠡᠯᠭᠡᠭᠦᠷ ᠲᠤ ᠨᠢᠭᠡ ᠦᠷᠳᠡᠭᠡᠯᠢᠭ ᠲᠠᠪᠴᠠᠩ ᠪᠠᠶᠢᠭᠤᠯᠬᠤ ᠴᠢᠬᠤᠯᠠᠲᠠᠶ

  ᠭᠡᠷ ᠤᠨ ᠲᠣᠮᠣ ᠡᠳ᠋ᠯᠡᠯ ᠢ ᠰᠢᠢᠳᠪᠦᠷᠢᠯᠡᠬᠦ ᠶᠠᠮᠠᠷ ᠶᠠᠮᠠᠷ ᠠᠷᠭ᠎ᠠ ᠪᠠᠶᠢᠳᠠᠭ ᠪᠤᠢ︖ ᠪᠡᠭᠡᠵᠢᠩ ᠬᠤᠲᠠ ᠶᠢᠨ ᠲᠤᠭ᠎ᠠ ᠪᠦᠷᠢᠳᠭᠡᠯ ᠤᠨ ᠲᠣᠪᠴᠢᠶ᠎ᠠ ᠶᠢᠨ ᠣᠶᠢᠷ᠎ᠠ ᠶᠢᠨ ᠬᠤᠭᠤᠴᠠᠭᠠᠨ ᠤ ᠪᠠᠶᠢᠴᠠᠭᠠᠯᠲᠠ ᠶᠢᠨ ᠳ᠋ᠦᠩ ᠢ ᠦᠨᠳᠦᠰᠦᠯᠡᠪᠡᠯ᠂ ᠪᠠᠶᠢᠴᠠᠭᠠᠯᠲᠠ ᠳᠤ ᠣᠷᠣᠯᠴᠠᠭᠰᠠᠨ 3000 ᠭᠠᠷᠤᠢ ᠬᠤᠲᠠ ᠶᠢᠨ ᠠᠷᠠᠳ ᠤᠨ ᠳᠣᠲᠣᠷ᠎ᠠ 11.1% ᠨᠢ ᠨᠢᠳᠤᠨᠤᠨ ᠬᠠᠶᠠᠭᠳᠠᠮᠠᠯ ᠲᠣᠮᠣ ᠭᠡᠷ ᠤᠨ ᠡᠳ᠋ᠯᠡᠯ ᠭᠠᠷᠴᠤ᠂ ᠪᠤᠰᠤᠳ ᠲᠤ ᠪᠡᠯᠡᠭᠯᠡᠬᠦ ᠪᠠ ᠥᠭᠡᠷᠡᠴᠢᠯᠡᠵᠦ ᠳᠠᠬᠢᠨ ᠠᠰᠢᠭᠯᠠᠬᠤ ᠠᠴᠠ ᠭᠠᠳᠠᠨ᠎ᠠ᠂ 46.5% ᠨᠢ ᠬᠠᠶᠠᠭᠳᠠᠮᠠᠯ ᠪᠣᠳᠠᠰ ᠪᠣᠯᠭᠠᠨ ᠬᠤᠳᠠᠯᠳᠤᠭᠰᠠᠨ ᠪᠠᠶᠢᠨ᠎ᠠ᠃

  ᠵᠠᠬ᠎ᠠ ᠳᠡᠯᠭᠡᠭᠦᠷᠴᠢᠯᠡᠯᠲᠡ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠬᠢᠨ ᠲᠣᠭᠲᠠᠭᠠᠭᠰᠠᠨ ᠲᠤᠬᠠᠶ᠂ ᠨᠢᠭᠡᠨ ᠬᠤᠷᠢᠶᠠᠨ ᠠᠪᠬᠤ ᠺᠣᠮᠫᠠᠨᠢ ᠶᠢᠨ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠰᠦᠢᠳᠬᠡᠯ ᠬᠤᠷᠢᠶᠠᠬᠤ ᠪᠦᠷᠢᠯᠳᠦᠯ ᠳᠤ ᠭᠤᠤᠯᠳᠠᠭᠤ ᠭᠤᠷᠪᠠᠨ ᠬᠡᠰᠡᠭ ᠪᠠᠶᠢᠵᠤ᠂ ᠲᠤᠰ ᠲᠤᠰ ᠠᠵᠢᠯᠴᠢᠨ ᠤ ᠵᠥᠭᠡᠭᠡᠪᠦᠷᠢ ᠶᠢᠨ ᠵᠠᠷᠤᠳᠠᠯ ᠪᠣᠯᠤᠨ ᠵᠠᠳᠠᠯᠵᠤ ᠠᠴᠢᠶᠠᠯᠠᠬᠤ ᠵᠠᠷᠤᠳᠠᠯ᠂ ᠲᠡᠷᠭᠡᠨ ᠤ ᠰᠦᠢᠳᠬᠡᠯ ᠵᠢᠴᠢ ᠬᠤᠭ ᠨᠣᠪᠰᠢ ᠶᠢᠨ ᠰᠦᠢᠳᠬᠡᠯ ᠪᠣᠯᠤᠨ᠎ᠠ᠃ ᠵᠢᠱᠢᠶᠡᠯᠡᠪᠡᠯ᠂ ᠨᠢᠭᠡ ᠴᠡᠭ ᠨᠠᠢᠮᠠᠨ ᠮᠧᠲᠷ ᠤᠷᠲᠤ ᠣᠷᠣ ᠶᠢ ᠡᠭᠡᠭᠦᠯᠦᠨ ᠬᠤᠷᠢᠶᠠᠬᠤ ᠰᠦᠢᠳᠬᠡᠯ ᠨᠢ 200 ᠲᠥᠭᠦᠷᠢᠭ ᠣᠷᠴᠢᠮ ᠪᠠᠶᠢᠵᠤ᠂ ᠠᠳᠠᠯᠢ ᠪᠤᠰᠤ ᠭᠠᠵᠠᠷ ᠣᠷᠣᠨ ᠤ ᠲᠡᠭᠡᠭᠡᠪᠦᠷᠢ ᠶᠢᠨ ᠥᠪᠡᠷ ᠤᠨ ᠥᠷᠲᠡᠭ ᠪᠠ ᠬᠥᠮᠦᠨ ᠤ ᠬᠦᠴᠦᠨ ᠤ ᠥᠪᠡᠷ ᠤᠨ ᠥᠷᠲᠡᠭ ᠨᠢ ᠵᠥᠷᠢᠶ᠎ᠡ ᠲᠠᠢ ᠪᠠᠶᠢᠳᠠᠭ᠃

家里的.png

  ᠳᠣᠰ ᠬᠠᠷᠢᠭᠤᠴᠠᠯᠭᠠᠲᠠᠨ ᠲᠠᠨᠢᠯᠴᠠᠭᠤᠯᠣᠬᠰᠠᠨ ᠨᠢ᠂ ᠲᠡᠳᠡ ᠴᠢᠨᠠᠷ ᠰᠠᠶᠢᠨ᠂ ᠨᠡᠷᠡᠲᠦ ᠲᠥᠷᠥᠯ ᠲᠡᠮᠳᠡᠭ ᠤᠨ ᠭᠡᠷ ᠤᠨ ᠬᠡᠷᠡᠭᠰᠡᠯ ᠢ ᠰᠦᠢᠳᠬᠡᠯ ᠲᠠᠢ ᠬᠤᠷᠢᠶᠠᠵᠤ᠂ ᠭᠠᠷ ᠳᠠᠮᠵᠢᠭᠰᠠᠨ ᠵᠠᠬ᠎ᠠ ᠳᠡᠯᠭᠡᠭᠦᠷ ᠲᠤ ᠳᠠᠮᠵᠢᠭᠤᠯᠤᠨ ᠬᠤᠳᠠᠯᠳᠤᠳᠠᠭ ᠪᠠᠶᠢᠨ᠎ᠠ᠃

  ᠨᠢᠭᠡᠨ ᠭᠠᠷ ᠳᠠᠮᠵᠢᠭᠰᠠᠨ ᠭᠡᠷ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ᠂ ᠪᠣᠳᠠ ᠮᠣᠳᠣᠨ ᠤ ᠲᠥᠷᠥᠯ ᠤᠨ᠂ ᠵᠣᠬᠢᠬᠤ ᠬᠤᠷᠢᠶᠠᠨ ᠬᠠᠳᠠᠭᠠᠯᠠᠬᠤ ᠦᠨ᠎ᠡ ᠥᠷᠲᠡᠭ ᠲᠠᠢ ᠬᠠᠭᠤᠴᠢᠨ ᠭᠡᠷ ᠤᠨ ᠬᠡᠷᠡᠭᠰᠡᠯ ᠤᠨ ᠪᠣᠷᠣᠯᠠᠭᠤᠯᠭ᠎ᠠ ᠨᠢ ᠬᠠᠷᠢᠴᠠᠩᠭᠤᠶ ᠪᠠᠷ ᠰᠠᠶᠢᠨ ᠪᠠᠶᠢᠳᠠᠭ᠃

  ᠣᠶᠢᠯᠠᠭᠠᠭᠰᠠᠨ ᠢᠶᠠᠷ᠂ ᠡᠨᠡ ᠬᠦ ᠭᠠᠷ ᠳᠠᠮᠵᠢᠭᠰᠠᠨ ᠵᠠᠬ᠎ᠠ ᠳᠡᠯᠭᠡᠭᠦᠷ ᠲᠤ ᠵᠠᠭᠤ ᠭᠠᠷᠤᠶ ᠺᠣᠮᠫᠠᠨᠢ ᠪᠠᠶᠢᠵᠤ᠂ ᠡᠨᠡ ᠬᠤᠶᠠᠷ ᠵᠢᠯ ᠳᠤ ᠭᠠᠷ ᠳᠠᠮᠵᠢᠭᠰᠠᠨ ᠬᠡᠷ ᠤᠨ ᠬᠡᠷᠡᠭᠰᠡᠯ ᠤᠨ ᠠᠵᠢᠯ ᠲᠥᠷᠥᠯ ᠤᠨ ᠥᠷᠢᠰᠥᠯᠳᠦᠭᠡᠨ ᠲᠦᠢᠯ ᠤᠨ ᠬᠤᠷᠴᠠ ᠰᠢᠷᠦᠭᠦᠨ ᠪᠠᠶᠢᠵᠤ᠂ ︽ᠦᠨ᠎ᠡ ᠬᠠᠩᠰᠢ ᠶᠢᠨ ᠳᠠᠶᠢᠯᠠᠯᠳᠤᠭᠠᠨ︾ ᠤ ᠳᠤᠮᠳᠠ ᠬᠡᠰᠡᠭ ᠺᠣᠮᠫᠠᠨᠢ ᠶᠢᠨ ᠡᠵᠡᠩᠨᠡᠯᠲᠡ ᠮᠠᠰᠢ ᠶᠡᠭᠡ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃

  ᠴᠥᠭᠡᠨ ᠪᠤᠰᠤ ᠬᠤᠳᠠᠯᠳᠤᠭᠠᠨ ᠤ ᠡᠷᠦᠬᠡ ᠳᠤ ᠠᠪᠴᠤ ᠬᠡᠯᠡᠪᠡᠯ᠂ ᠬᠡᠷᠬᠢᠨ ᠬᠤᠳᠠᠯᠳᠤᠨ ᠠᠪᠤᠭᠴᠢ ᠶᠢ ᠡᠷᠢᠬᠦ ᠨᠢ ᠨᠢᠭᠡ ᠪᠡᠷᠬᠡ ᠠᠰᠠᠭᠤᠳᠠᠯ ᠪᠣᠯᠣᠭᠠᠳ ᠪᠠᠶᠢᠨ᠎ᠠ᠃ ᠨᠢᠭᠡ ᠲᠠᠯ᠎ᠠ ᠪᠠᠷ ᠬᠡᠷᠡᠭᠯᠡᠭᠴᠢᠳ ᠬᠠᠭᠤᠴᠢᠨ ᠢᠶᠠᠷ ᠰᠢᠨ᠎ᠡ ᠶᠢ ᠰᠣᠯᠢᠭᠰᠠᠨ ᠭᠡᠷ ᠤᠨ ᠬᠡᠷᠡᠭᠰᠡᠯ ᠨᠢ ᠬᠤᠳᠠᠯᠳᠤᠵᠤ ᠭᠠᠷᠬᠤ ᠦᠭᠡᠢ᠂ ᠨᠢᠭᠡ ᠲᠠᠯ᠎ᠠ ᠪᠠᠷ ᠭᠠᠭᠴᠠ ᠬᠤᠳᠠᠯᠳᠤᠭᠠᠨ ᠤ ᠡᠷᠦᠬᠡ ᠶᠢᠨ ᠬᠦᠴᠦᠨ ᠳᠤ ᠲᠦᠰᠢᠭᠯᠡᠨ᠂ ᠯᠤᠲᠤ ᠶᠡᠭᠡ ᠬᠡᠷᠡᠭᠴᠡᠭᠡ ᠶᠢ ︽ᠠᠭᠤᠳᠠᠯᠬᠤ ᠳᠤ ᠪᠡᠷᠬᠡ︾᠂ ᠡᠨᠡ ᠠᠵᠢᠯ ᠲᠥᠷᠥᠯ ᠤᠨ ᠲᠥᠭᠵᠢᠷᠡᠯ ᠢ ᠬᠡᠷᠬᠢᠨ ᠨᠡᠪᠲᠡᠷᠡᠭᠦᠯᠬᠦ ᠪᠤᠢ︖

  ᠳᠤᠮᠳᠠᠳᠤ ᠤᠯᠤᠰ ᠤᠨ ᠭᠡᠷ ᠤᠨ ᠬᠡᠷᠡᠭᠰᠡᠯ ᠤᠨ ᠨᠡᠶᠢᠭᠡᠮᠯᠢᠭ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠲᠦ᠋ ᠴᠢ ᠶᠢᠨ ᠲᠠᠨᠢᠯᠴᠠᠭᠤᠯᠤᠭᠰᠠᠨ ᠢᠶᠠᠷ᠂ ︽ᠪᠢᠳᠡ ᠲᠠᠪᠴᠠᠩ ᠤᠨ ᠬᠤᠯᠪᠣᠯᠲᠠ ᠶᠢᠨ ᠦᠢᠯᠡᠳᠦᠯ ᠢ ᠨᠡᠪᠲᠡᠷᠡᠭᠦᠯᠵᠦ᠂ ᠠᠵᠢᠯ ᠲᠥᠷᠥᠯ ᠤᠨ ᠳᠣᠲᠣᠷᠠᠬᠢ ᠵᠠᠷᠢᠮ ᠲᠣᠯᠣᠭᠠᠶᠢᠯᠠᠭᠴᠢ ᠠᠵᠤ ᠠᠬᠤᠶᠢᠯᠠᠯ ᠢ ᠬᠥᠳᠡᠯᠭᠡᠵᠦ᠂ ᠪᠣᠳᠠᠰ ᠤᠨ ᠬᠤᠯᠪᠣᠭ᠎ᠠ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠭᠡᠭᠦᠯᠦᠨ ᠬᠤᠷᠢᠶᠠᠬᠤ ᠲᠠᠪᠴᠠᠩ ᠭᠠᠷᠭᠠᠬᠤ ᠴᠢᠬᠤᠯᠠᠲᠠᠢ︾᠃

  ᠡᠭᠡᠭᠦᠯᠦᠨ ᠬᠤᠷᠢᠶᠠᠬᠤ — ᠵᠠᠳᠠᠯᠬᠤ — ᠡᠨᠧᠷᠭᠢ ᠪᠣᠯᠭᠠᠨ ᠳᠠᠬᠢᠨ ᠠᠰᠢᠭᠯᠠᠬᠤ

  ᠲᠣᠮᠣ ᠡᠳ᠋ᠯᠡᠯ ᠨᠢ ᠠᠰᠢᠭᠯᠠᠵᠤ ᠪᠣᠯᠬᠤ ᠳᠠᠬᠢᠯᠲᠠ ᠡᠬᠢ ᠪᠠᠶᠠᠯᠢᠭ ᠪᠣᠯᠪᠠ

  ᠣᠶᠢᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 9 ᠰᠠᠯᠠᠭ᠎ᠠ ᠮᠦᠴᠢᠷ ᠤᠨ ᠭᠡᠷ ᠤᠨ ᠬᠠᠶᠠᠭᠳᠠᠮᠠᠯ ᠡᠳ᠋ᠯᠡᠯ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠰᠢᠰᠲ᠋ᠧᠮ ᠢ ᠲᠡᠭᠦᠯᠳᠡᠷᠵᠢᠭᠦᠯᠬᠦ ᠲᠤᠬᠠᠶ ᠮᠡᠳᠡᠭᠳᠡᠯ ᠳᠤ ᠂ ᠡᠭᠡᠭᠦᠯᠦᠨ ᠬᠤᠷᠢᠶᠠᠬᠤ ᠰᠦᠯᠵᠢᠶᠡᠨ ᠤ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠶ ᠭᠡᠵᠦ ᠳᠤᠷᠠᠳᠪᠠ᠃ ᠭᠡᠷ ᠤᠨ ᠲᠣᠮᠣ ᠡᠳ᠋ᠯᠡᠯ ᠬᠡᠷᠡᠭᠰᠡᠯ ᠢ ᠰᠢᠢᠳᠪᠦᠷᠢᠯᠡᠬᠦ ᠳᠤ ᠬᠦᠴᠢᠷ ᠠᠰᠠᠭᠤᠳᠠᠯ ᠤᠳ ᠤᠨ ᠡᠮᠦᠨ᠎ᠡ᠂ ᠵᠠᠷᠢᠮ ᠭᠠᠵᠠᠷ ᠣᠷᠣᠨ ᠳᠤ ᠨᠢᠭᠡᠨᠲᠡ ᠤᠷᠢᠳᠠᠪᠠᠷ ᠬᠢᠵᠦ ᠤᠷᠢᠳᠠᠪᠠᠷ ᠲᠤᠷᠰᠢᠭᠰᠠᠨ ᠠᠷᠭ᠎ᠠ ᠬᠡᠮᠵᠢᠶ᠎ᠡ ᠲᠠᠢ ᠪᠣᠯᠵᠤ᠂ ᠨᠡᠶᠢᠭᠡᠮ ᠲᠣᠭᠤᠷᠢᠭ ᠠᠴᠠ ᠵᠡᠭᠡᠯᠢ ᠭᠤᠳᠤᠮᠵᠢ ᠬᠦᠷᠲᠡᠯᠡᠬᠢ ᠭᠤᠷᠪᠠᠨ ᠱᠠᠲᠤᠨ ᠤ ᠡᠭᠡᠭᠦᠯᠦᠨ ᠬᠤᠷᠢᠶᠠᠬᠤ ᠲᠣᠤᠷ ᠰᠦᠯᠵᠢᠶ᠎ᠡ ᠶᠢ ᠪᠠᠶᠢᠭᠤᠯᠪᠠ᠃

  ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠨᠢᠭᠡ ᠳᠠᠬᠢᠯᠲᠠ ᠡᠬᠢ ᠪᠠᠶᠠᠯᠢᠭ ᠢ ᠢᠯᠭᠠᠵᠤ ᠰᠠᠯᠭᠠᠬᠤ ᠲᠥᠪ ᠲᠤ᠂ ᠨᠢᠭᠡ ᠢᠵᠢ ᠬᠤᠶᠠᠷ ᠳᠠᠪᠬᠤᠷ ᠠᠰᠠᠷ ᠥᠨᠳᠥᠷ ᠠᠦ᠋ᠲ᠋ᠣᠴᠢᠯᠠᠭᠰᠠᠨ ᠲᠣᠨᠤᠭ ᠲᠥᠬᠦᠭᠡᠷᠦᠮᠵᠢ ᠠᠵᠢᠯᠯᠠᠵᠤ ᠪᠠᠶᠢᠨ᠎ᠠ᠃ 2023 ᠣᠨ ᠳᠤ 19 ᠲᠦᠮᠡᠨ ᠬᠠᠶᠠᠭᠳᠠᠮᠠᠯ ᠬᠠᠭᠤᠴᠢᠨ ᠱᠠᠹᠠ᠂ ᠰᠢᠷᠡᠭᠡ ᠰᠠᠨᠳᠠᠯᠢ ᠵᠡᠷᠭᠡ ᠲᠣᠮᠣ ᠬᠤᠭ ᠨᠣᠪᠰᠢ ᠨᠢ ᠠᠳᠡ ᠢᠯᠭᠠᠵᠤ ᠵᠠᠳᠠᠯᠤᠭᠳᠠᠨ ᠰᠢᠢᠳᠪᠦᠷᠢᠯᠡᠭᠳᠡᠪᠡ᠃

  ᠬᠠᠢ ᠳ᠋ᠢᠶᠠᠨ ᠲᠣᠭᠤᠷᠢᠭ ᠤᠨ ᠡᠳ᠋ ᠪᠣᠳᠠᠰ ᠢ ᠬᠤᠷᠢᠶᠠᠨ ᠠᠪᠬᠤ ᠺᠣᠮᠫᠠᠨᠢ ᠶᠢᠨ ᠳᠡᠳ᠋ ᠳᠠᠭᠠᠭᠠᠮᠠᠯ ᠵᠤᠤ ᠵᠢᠢ ᠲᠠᠨᠢᠯᠴᠠᠭᠤᠯᠬᠤ ᠳᠠᠭᠠᠨ᠂ ᠤᠤᠯ ᠨᠢ ᠬᠤᠶᠠᠷ ᠪᠣᠯᠪᠠᠰᠤᠷᠠᠩᠭᠤᠶ ᠠᠵᠢᠯᠴᠢᠨ ᠨᠢᠭᠡ ᠱᠠᠹᠠ ᠶᠢ ᠵᠠᠳᠠᠯᠬᠤ ᠳᠤ 20 ᠮᠢᠨᠦ᠋ᠲ ᠣᠷᠴᠢᠮ ᠬᠡᠷᠡᠭᠰᠡᠵᠦ᠂ ᠮᠧᠬᠠᠨᠢᠭᠵᠢᠭᠤᠯᠤᠭᠰᠠᠨ ᠵᠠᠳᠠᠯᠬᠤ ᠲᠥᠬᠦᠭᠡᠷᠦᠮᠵᠢ ᠲᠠᠢ ᠪᠣᠯᠣᠭᠰᠠᠨ ᠤ ᠳᠠᠷᠠᠭ᠎ᠠ᠂ ᠴᠠᠭ ᠪᠦᠷᠢ 100 ᠠᠴᠠ 120 ᠬᠤᠪᠢ ᠣᠷᠴᠢᠮ ᠢ ᠵᠠᠳᠠᠯᠵᠤ᠂ ᠢᠯᠭᠠᠯᠲᠠ ᠶᠢᠨ ᠦᠷ᠎ᠡ ᠪᠦᠲᠦᠮᠵᠢ ᠶᠡᠭᠡ ᠪᠠᠷ ᠳᠡᠭᠡᠭᠰᠢᠯᠡᠵᠡᠶ᠃

  ᠠᠳᠡ᠂ ᠭᠡᠷ ᠤᠨ ᠲᠣᠮᠣ ᠬᠡᠷᠡᠭᠰᠡᠯ ᠨᠢ ᠥᠨᠳᠥᠷ ᠪᠥᠲᠥᠮᠵᠢᠲᠡᠶ ᠰᠢᠢᠳᠪᠦᠷᠢᠯᠡᠭᠳᠡᠭᠰᠡᠨ ᠢᠶᠠᠷ ᠪᠠᠷᠠᠬᠤ ᠦᠭᠡᠶ ᠠᠰᠢᠭᠯᠠᠵᠤ ᠪᠣᠯᠬᠤ ᠲᠠᠬᠢᠯᠲᠠ ᠡᠬᠢ ᠪᠠᠶᠠᠯᠢᠭ ᠪᠣᠯᠵᠤ ᠬᠤᠪᠢᠷᠠᠭᠰᠠᠨ ᠪᠠᠶᠢᠨ᠎ᠠ᠃

  ᠭᠡᠷ ᠤᠨ ᠬᠡᠷᠡᠭᠰᠡᠯ ᠳᠣᠲᠣᠷᠠᠬᠢ ᠪᠣᠯᠣᠳ ᠮᠠᠲ᠋ᠤᠷᠢᠶᠠᠯ ᠨᠢ ᠰᠣᠷᠢᠨᠵᠢᠨ ᠰᠣᠩᠭᠤᠯᠲᠠ ᠶᠢᠨ ᠰᠢᠰᠲ᠋ᠧᠮ ᠢᠶᠠᠷ ᠰᠢᠯᠢᠭᠳᠡᠨ ᠭᠠᠷᠴᠠᠢ᠃ ᠨᠠᠷᠢᠯᠢᠬᠵᠢᠭᠤᠯᠵᠤ ᠲᠥᠷᠥᠯ ᠬᠤᠪᠢᠶᠠᠬᠤ ᠪᠠᠷ ᠳᠡᠮᠵᠢᠨ᠂ ᠪᠣᠯᠣᠳ ᠤᠲᠠᠰᠤ ᠶᠢ ᠳᠣᠣᠷᠠᠳᠤ ᠤᠷᠤᠰᠬᠠᠯ ᠤᠨ ᠪᠣᠯᠣᠳ ᠲᠡᠮᠦᠷ ᠤᠨ ᠦᠢᠯᠡᠳᠪᠦᠷᠢ ᠳᠤ ᠬᠦᠷᠭᠡᠵᠦ᠂ ᠮᠣᠳᠣᠨ ᠦᠷᠦᠪᠳᠡᠰᠦ ᠶᠢ ᠮᠣᠳᠣᠨ ᠮᠠᠲ᠋ᠧᠷᠢᠶᠠᠯ ᠤᠨ ᠦᠢᠯᠡᠳᠪᠦᠷᠢ ᠳᠤ ᠬᠦᠷᠭᠡᠵᠦ ᠡᠬᠢ ᠪᠠᠶᠠᠯᠢᠭᠵᠢᠭᠤᠯᠤᠨ ᠳᠠᠬᠢᠨ ᠠᠰᠢᠭᠯᠠᠵᠤ ᠪᠣᠯᠤᠨ᠎ᠠ᠃ ᠨᠢᠭᠡ ᠲᠤᠨ ᠮᠣᠳᠣᠨ ᠦᠷᠦᠪᠳᠡᠰᠦ ᠨᠢ 0.6 ᠠᠴᠠ 0.8 ᠲᠤᠨ ᠲᠦᠭᠦᠬᠡᠢ ᠮᠣᠳᠣ ᠶᠢ ᠠᠷᠪᠢᠯᠠᠵᠤ ᠪᠣᠯᠤᠨ᠎ᠠ᠃ ᠪᠤᠴᠠᠭᠠᠨ ᠠᠪᠴᠤ ᠦᠯᠦ ᠪᠣᠯᠬᠤ ᠬᠠᠶᠠᠭᠳᠠᠮᠠᠯ ᠮᠣᠳᠣ᠂ ᠠᠷᠠᠰᠤ ᠰᠢᠷᠢ᠂ ᠬᠠᠶᠢᠮᠢᠶᠠᠨ ᠵᠡᠷᠭᠡ ᠬᠤᠯᠢᠮᠠᠭ ᠡᠳ᠋ ᠢ ᠴᠠᠬᠢᠯᠭᠠᠨ ᠭᠠᠷᠭᠠᠬᠤ ᠦᠢᠯᠡᠳᠪᠦᠷᠢ ᠳᠤ ᠬᠦᠷᠭᠡᠵᠦ ᠳᠠᠬᠢᠨ ᠠᠰᠢᠭᠯᠠᠵᠤ ᠪᠣᠯᠤᠨ᠎ᠠ᠃

  ᠢᠯᠭᠠᠬᠤ ᠲᠥᠪ ᠤᠨ ᠣᠶᠤᠨᠴᠢ ᠲᠣᠮᠣ ᠳᠡᠯᠭᠡᠴᠡ ᠳᠤ᠂ ᠲᠣᠮᠣ ᠬᠤᠭ ᠨᠣᠪᠰᠢ ᠶᠢ ᠰᠢᠢᠳᠪᠦᠷᠢᠯᠡᠬᠦ ᠭᠤᠭᠴᠤᠭ᠎ᠠ ᠨᠢᠭᠡᠪᠦᠷᠢ ᠶᠢ ᠲᠣᠳᠣᠷᠬᠠᠢ ᠬᠠᠷᠠᠭᠤᠯᠤᠭᠰᠠᠨ ᠪᠠᠢᠨ᠎ᠠ᠃ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠳᠣᠬᠠᠨ ᠳᠤ ᠪᠡᠭᠡᠵᠢᠩ ᠤᠨ ᠬᠠᠶ ᠳ᠋ᠢᠶᠠᠨ ᠲᠣᠭᠤᠷᠢᠭ ᠲᠤ ᠨᠢᠭᠡᠨᠲᠡ ᠲᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠳᠠᠮᠵᠢᠭᠤᠯᠬᠤ 29 ᠥᠷᠲᠡᠭᠡ ᠪᠠᠶᠢᠭᠤᠯᠵᠤ᠂ ᠡᠨᠡ ᠵᠢᠯ ᠳᠠᠮᠵᠢᠭᠤᠯᠬᠤ ᠥᠷᠲᠡᠭᠡ ᠪᠠᠷ ᠳᠡᠮᠵᠢᠨ ᠬᠤᠷᠢᠶᠠᠨ ᠠᠪᠬᠤ ᠵᠠᠬᠢᠶᠠᠯᠠᠭ᠎ᠠ ᠨᠢ ᠨᠢᠭᠡᠨᠲᠡ ᠬᠤᠶᠠᠷ ᠲᠦᠮᠡᠨ ᠬᠤᠪᠢ ᠪᠣᠯᠵᠣ᠂ ᠡᠲᠡᠭᠡᠷ ᠳᠠᠮᠵᠢᠭᠤᠯᠬᠤ ᠥᠷᠲᠡᠭᠡ ᠨᠢ ᠴᠦ ︽ᠨᠡᠶᠢᠭᠡᠮ ᠲᠣᠭᠤᠷᠢᠭ ᠤᠨ ᠬᠡᠷ ᠤᠨ ᠡᠭᠦᠳᠡ︾ ᠪᠣᠯᠤᠨ ᠢᠯᠭᠠᠬᠤ ᠲᠥᠪ ᠤᠨ ᠬᠤᠭᠤᠷᠣᠨᠳᠣᠬᠢ ᠬᠥᠭᠦᠷᠭᠡ ᠪᠣᠯᠤᠭᠰᠠᠨ ᠪᠠᠶᠢᠨ᠎ᠠ᠃

  ᠬᠠᠶ ᠳ᠋ᠢᠶᠠᠨ ᠲᠣᠭᠤᠷᠢᠭ ᠤᠨ ᠨᠢᠭᠡᠨ ᠰᠠᠭᠤᠭᠠᠯᠢ ᠠᠷᠠᠳ ᠤᠨ ᠲᠣᠭᠤᠷᠢᠭ ᠲᠤ ᠬᠥᠮᠥᠰ ᠥᠪᠡᠷ ᠤᠨ ᠬᠠᠶᠠᠭᠳᠠᠮᠠᠯ ᠭᠡᠷ ᠤᠨ ᠬᠡᠷᠡᠭᠰᠡᠯ ᠢᠶᠠᠨ ᠲᠣᠭᠤᠷᠢᠭ ᠤᠨ ᠲᠣᠬᠢᠷᠠᠭᠤᠯᠤᠭᠰᠠᠨ ᠲᠣᠮᠣ ᠬᠤᠭ ᠨᠣᠪᠰᠢ ᠲᠤᠰᠢᠶᠠᠬᠤ ᠴᠡᠭ ᠲᠤ ᠲᠠᠯᠪᠢᠵᠤ᠂ ᠬᠤᠭ ᠨᠣᠪᠰᠢ ᠶᠢ ᠰᠢᠢᠳᠪᠦᠷᠢᠯᠡᠬᠦ ᠵᠠᠷᠤᠳᠠᠯ ᠢ ᠵᠠᠰᠠᠭ ᠤᠨ ᠣᠷᠳᠣᠨ ᠠᠴᠠ ᠡᠭᠦᠷᠭᠡᠯᠡᠵᠦ᠂ ᠢᠯᠡᠭᠦᠴᠡ ᠰᠦᠢᠳᠬᠡᠯ ᠲᠤᠰᠢᠶᠠᠬᠤ ᠴᠢᠬᠤᠯᠠ ᠦᠭᠡᠢ ᠶᠤᠮ᠃ ᠬᠡᠷᠪᠡ ᠰᠠᠭᠤᠭᠠᠯᠢ ᠠᠷᠠᠳ ᠤᠨ ᠭᠡᠷ ᠤᠨ ᠡᠳ᠋ᠯᠡᠯ ᠨᠢ ᠵᠥᠭᠡᠭᠡᠪᠦᠷᠢᠯᠡᠬᠦ ᠳᠤ ᠳᠥᠭᠦᠮ ᠦᠭᠡᠢ ᠪᠣᠯ᠂ ᠲᠡᠳᠡ ᠪᠠᠰᠠ ᠭᠠᠷ ᠤᠲᠠᠰᠤᠨ ᠳᠡᠭᠡᠷᠡᠬᠢ ᠵᠢᠵᠢᠭ ᠫᠷᠣᠭ᠍ᠷᠠᠮ ᠢ ᠬᠡᠷᠡᠭᠯᠡᠵᠦ᠂ ᠰᠦᠢᠳᠬᠡᠯ ᠲᠤᠰᠢᠶᠠᠵᠤ ᠬᠦᠷᠴᠦ ᠡᠭᠡᠭᠦᠯᠦᠨ ᠬᠤᠷᠢᠶᠠᠬᠤ ᠦᠢᠯᠡᠴᠢᠯᠡᠭᠡ ᠶᠢ ᠰᠣᠩᠭᠤᠵᠤ ᠪᠣᠯᠣᠨ᠎ᠠ᠃

  ᠴᠢᠩᠬᠤᠸᠠ ᠶᠡᠭᠡ ᠰᠤᠷᠭᠠᠭᠤᠯᠢ ᠶᠢᠨ ᠣᠷᠴᠢᠨ ᠲᠣᠭᠤᠷᠢᠨ ᠤ ᠳᠡᠭᠡᠳᠦ ᠰᠤᠷᠭᠠᠭᠤᠯᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠵᠡᠮᠳᠡᠬᠦ ᠪᠠ ᠡᠬᠢ ᠪᠠᠶᠠᠯᠢᠭᠵᠢᠭᠤᠯᠬᠤ ᠵᠢᠭᠠᠨ ᠰᠤᠳᠤᠯᠬᠤ ᠭᠠᠵᠠᠷ ᠤᠨ ᠳᠠᠷᠤᠭ᠎ᠠ ᠯᠢᠦ ᠵᠢᠶᠠᠨ ᠭᠦᠸᠧ ᠲᠠᠨᠢᠯᠴᠠᠭᠤᠯᠬᠤ ᠳᠠᠭᠠᠨ᠂ ᠤᠯᠤᠰ ᠠᠴᠠ ᠨᠡᠶᠢᠲᠡᠯᠡᠭᠰᠡᠨ ᠪᠢᠴᠢᠭ ᠮᠠᠲ᠋ᠧᠷᠢᠶᠠᠯ ᠳᠤ᠂ ᠬᠤᠷᠢᠶᠠᠨ ᠠᠪᠬᠤ ᠰᠦᠯᠵᠢᠶ᠎ᠡ ᠶᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠲᠥᠯᠥᠪᠵᠢᠭᠦᠯᠭᠡ ᠳᠤ ᠣᠷᠣᠭᠤᠯᠤᠨ᠎ᠠ ᠭᠡᠵᠦ ᠲᠣᠳᠣᠷᠬᠠᠶᠢᠯᠠᠪᠠ᠂ ᠡᠭᠦᠨ ᠤ ᠳᠣᠲᠣᠷᠠᠬᠢ ᠮᠠᠰᠢ ᠴᠢᠬᠤᠯᠠ ᠨᠢ ᠭᠠᠵᠠᠷ ᠬᠡᠷᠡᠭᠯᠡᠬᠦ ᠲᠠᠯ᠎ᠠ ᠶᠢᠨ ᠪᠠᠲᠤᠯᠠᠭ᠎ᠠ ᠶᠢ ᠬᠠᠩᠭᠠᠵᠤ᠂ ᠡᠨᠡ ᠬᠦ ᠠᠰᠠᠭᠤᠳᠠᠯ ᠢ ᠬᠡᠷᠪᠡ ᠰᠢᠢᠳᠪᠦᠷᠢᠯᠡᠵᠦ ᠳᠡᠶᠢᠯᠪᠡᠯ ᠲᠣᠮᠣ ᠵᠦᠢᠯ ᠤᠨ ᠬᠤᠭ ᠨᠣᠪᠰᠢ ᠶᠢ ᠬᠤᠷᠢᠶᠠᠨ ᠠᠪᠬᠤ ᠮᠡᠷᠭᠡᠵᠢᠯ ᠤᠨ ᠬᠢᠷᠢ ᠲᠦᠪᠰᠢᠨ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠮᠠᠰᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ ᠴᠢᠳᠠᠨ᠎ᠠ᠃ ᠢᠷᠡᠭᠡᠳᠦᠢ ᠳᠤ ᠭᠡᠷ ᠤᠨ ᠬᠡᠷᠡᠭᠰᠡᠯ ᠦᠢᠯᠡᠳᠪᠦᠷᠢᠯᠡᠬᠦ ᠪᠣᠷᠣᠯᠠᠭᠤᠯᠬᠤ ᠬᠤᠳᠠᠯᠳᠤᠭᠠᠴᠢᠨ ᠪᠠᠰᠠ ᠲᠣᠮᠣ ᠬᠤᠭ ᠨᠣᠪᠰᠢ ᠶᠢ ᠬᠤᠷᠢᠶᠠᠨ ᠠᠪᠬᠤ ᠬᠠᠷᠢᠭᠤᠴᠠᠯᠭ᠎ᠠ ᠶᠢ ᠠᠯᠬᠤᠮ ᠠᠯᠬᠤᠮ ᠢᠶᠠᠷ ᠡᠭᠦᠷᠭᠡᠯᠡᠬᠦ ᠬᠡᠷᠡᠭᠲᠡᠢ᠃

  ︽ᠰᠢᠨ᠎ᠡ ᠪᠠᠷ ᠰᠣᠯᠢᠬᠤ + ᠡᠭᠡᠭᠦᠯᠦᠨ ᠬᠤᠷᠢᠶᠠᠬᠤ︾ ᠬᠡᠪ ᠵᠠᠭᠪᠤᠷ

  ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ‌‍ᠪᠠᠳᠠᠷᠠᠭᠤᠯᠤᠨ᠎ᠠ

  2023 ᠣᠨ ᠤ ᠵᠢᠯ ᠤᠨ ᠡᠴᠦᠰ ᠲᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠶᠢ ᠳᠤᠷᠠᠳᠪᠠ᠂ ᠡᠭᠦᠨ ᠠᠴᠠ ᠬᠤᠶᠢᠰᠢ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠪᠠᠷ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ ᠤᠯᠤᠰ ᠤᠨ ᠠᠯᠢ ᠣᠯᠠᠨ ᠪᠠᠢᠷᠢᠯᠠᠭᠤᠯᠤᠯᠲᠠ ᠶᠢ ᠴᠤᠤᠷᠢᠶᠠᠲᠤᠨ ᠳᠠᠭᠠᠬᠤ ᠶᠢᠨ ᠲᠥᠯᠥᠭᠡ᠂ ᠵᠠᠷᠢᠮ ᠭᠠᠵᠠᠷ ᠣᠷᠣᠨ ᠪᠠ ᠠᠵᠤ ᠠᠬᠤᠶᠢᠯᠠᠯ ᠤᠳ ᠤᠨ ᠰᠢᠨ᠎ᠡ ᠶᠢ ᠰᠣᠯᠢᠬᠤ ᠲᠠᠯ᠎ᠠ ᠪᠠᠷ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠤᠢ︖

  ᠣᠶᠢᠷ᠎ᠠ ᠶᠢᠨ ᠡᠳᠦᠷ᠂ ᠱᠠᠩᠬᠠᠢ ︽ᠬᠠᠪᠤᠷ ᠢ ᠤᠭᠲᠤᠬᠤ ᠬᠡᠷᠡᠭᠯᠡᠭᠡᠨ ᠤ ᠤᠯᠠᠷᠢᠯ︾ ᠢ ᠡᠬᠢᠯᠡᠭᠦᠯᠵᠦ᠂ ᠠᠵᠢᠯᠯᠠᠭ᠎ᠠ ᠨᠢ ᠳᠥᠷᠪᠡᠳᠦᠭᠡᠷ ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠬᠦ ᠪᠣᠯᠤᠨ᠎ᠠ᠃ ᠡᠯ᠎ᠡ ᠭᠤᠤᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠠᠵᠢᠯᠯᠠᠭ᠎ᠠ ᠶᠢᠨ ᠬᠤᠭᠤᠴᠠᠭᠠᠨ ᠳᠤ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ ᠬᠡᠷ ᠤᠨ ᠡᠳ᠋ᠯᠡᠯ ᠬᠡᠷᠡᠭᠰᠡᠯ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡ ᠶᠢ ᠠᠬᠢᠭᠤᠯᠬᠤ ᠠᠯᠢ ᠣᠯᠠᠨ ᠠᠵᠢᠯᠯᠠᠭ᠎ᠠ ᠥᠷᠨᠢᠭᠦᠯᠦᠨ᠎ᠡ᠃

  ᠨᠢᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠨᠢᠭᠡ ᠬᠡᠰᠡᠭ ᠬᠤᠭᠤᠴᠠᠭᠠᠨ ᠤ ᠬᠠᠶᠢᠨ ᠰᠦᠪᠡᠭᠴᠢᠯᠡᠯᠲᠡ ᠪᠠᠷ ᠳᠠᠮᠵᠢᠭᠠᠳ᠂ ᠲᠡᠳᠡ ᠨᠢᠭᠡᠨᠲᠡ ︽ᠬᠠᠭᠤᠴᠢᠨ ᠢ ᠠᠷᠢᠯᠭᠠᠬᠤ︾ ᠪᠠᠶᠢᠭᠰᠠᠨ ᠠᠴᠠ ᠪᠠᠨ ︽ᠬᠠᠭᠤᠴᠢᠨ ᠢ ᠵᠠᠳᠠᠯᠬᠤ︾ ᠬᠦᠷᠲᠡᠯᠡᠬᠢ ᠳᠠᠬᠢᠨ ︽ᠰᠢᠨ᠎ᠡ ᠪᠠᠷ ᠰᠣᠯᠢᠬᠤ︾ ᠤᠶᠢᠯᠡᠴᠢᠯᠡᠭᠡᠨ ᠤ ᠰᠢᠰᠲ᠋ᠧᠮ ᠢ ᠪᠠᠶᠢᠭᠤᠯᠤᠭᠰᠠᠨ ᠪᠠᠶᠢᠨ᠎ᠠ᠃ ᠬᠠᠭᠤᠴᠢᠨ ᠭᠡᠷ ᠤᠨ ᠬᠡᠷᠡᠭᠰᠡᠯ ᠢ ᠬᠤᠷᠢᠶᠠᠨ ᠠᠪᠬᠤ ᠳᠤ ᠰᠠᠭᠠᠳ ᠦᠭᠡᠢ ᠪᠠᠶᠢᠪᠠᠯ ᠬᠡᠷᠡᠭᠯᠡᠭᠴᠢᠳ ᠰᠠᠶ᠋ᠢ ᠰᠢᠨ᠎ᠡ ᠦᠢᠯᠡᠳᠬᠦᠨ ᠢ ᠰᠠᠨᠠᠭ᠎ᠠ ᠠᠮᠤᠷ ᠬᠤᠳᠠᠯᠳᠤᠨ ᠠᠪᠬᠤ ᠶᠢ ᠠᠬᠢᠭᠤᠯᠵᠤ ᠴᠢᠳᠠᠨ᠎ᠠ᠃

  ᠲᠤᠰᠬᠠᠶ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠥᠯᠭᠢᠨ ᠠᠬᠢᠭᠤᠯᠬᠤ ᠳᠤ ᠦᠢᠯᠡᠳᠪᠦᠷᠢᠯᠡᠯ  ᠬᠠᠩᠭᠠᠯᠭ᠎ᠠ ᠪᠣᠷᠣᠯᠠᠭᠤᠯᠭ᠎ᠠ᠂ ᠳᠡᠭᠡᠳᠦ ᠳᠣᠤᠷᠠᠳᠤ ᠤᠷᠤᠰᠬᠠᠯ᠂ ᠵᠠᠰᠠᠭ ᠠᠵᠤ ᠠᠬᠤᠶᠢᠯᠠᠯ ᠬᠠᠮᠵᠢᠯᠴᠠᠨ ᠬᠤᠯᠪᠣᠯᠳᠤᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠴᠢᠬᠤᠯᠠᠲᠠᠶ ᠪᠥᠭᠡᠳ ᠪᠠᠰᠠ ᠦᠢᠯᠡᠳᠪᠦᠷᠢᠯᠡᠬᠦ᠂ ᠪᠣᠷᠣᠯᠠᠭᠤᠯᠬᠤ ᠵᠡᠷᠭᠡ ᠣᠯᠠᠨ ᠭᠤᠭᠴᠤᠭ᠎ᠠ᠂ ᠪᠥᠬᠦ ᠬᠡᠯᠬᠢᠶᠡᠨ ᠤ ᠣᠯᠠᠨ ᠠᠵᠤ ᠠᠬᠤᠶᠢᠯᠠᠯ ᠲᠣᠰ ᠪᠡᠶ᠎ᠡ ᠶᠢᠨ ᠡᠬᠢ ᠪᠠᠶᠠᠯᠢᠭ ᠢᠶᠠᠨ ᠭᠦᠨᠵᠡᠭᠡᠶ ᠠᠭᠤᠳᠠᠯᠵᠤ᠂ ᠨᠠᠩ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ᠂ ᠨᠠᠩ ᠳᠥᠭᠦᠮ ᠳᠥᠲᠡ ᠲᠠᠰ ᠳᠠᠷᠠᠭᠠᠯᠠᠯ ᠤᠨ ᠭᠤᠭᠴᠤᠭ᠎ᠠ ᠶᠢᠨ ᠵᠢᠷᠤᠭ ᠲᠥᠯᠥᠪᠯᠡᠭᠡ ᠪᠠᠷ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠠᠩ ᠦᠷ᠎ᠡ ᠪᠦᠲᠦᠮᠵᠢ ᠲᠠᠢ᠂ ᠨᠠᠩ ᠦᠷᠭᠦᠯᠵᠢᠯᠡᠬᠦ ᠶᠢ ᠳᠥᠯᠭᠢᠨ ᠠᠬᠢᠭᠤᠯᠬᠤ ᠬᠡᠷᠡᠭᠲᠡᠶ ᠭᠡᠵᠡᠶ᠃


ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠸᠢᠴᠠᠲ