3 . 15 ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ︽ᠰᠠᠨᠠᠭ᠎ᠠ ᠠᠮᠤᠷ ᠬᠡᠷᠡᠭᠯᠡᠭᠡ ᠶᠢᠨ ᠠᠵᠢᠯᠯᠠᠭ᠎ᠠ︾ ᠶᠢᠨ ᠲᠡᠮᠳᠡᠭ ᠴᠤᠭᠯᠠᠭᠤᠯᠬᠤ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2024/3/15

      ᠬᠡᠷᠡᠭᠯᠡᠭᠡ ᠶᠢᠨ ᠥᠷᠭᠡᠳᠬᠦ ᠶᠢ ᠠᠬᠢᠭᠤᠯᠬᠤ᠂ ᠬᠡᠷᠡᠭᠯᠡᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠬᠡᠷᠡᠭᠯᠡᠭᠡ ᠶᠢᠨ ᠢᠲᠡᠭᠡᠯ ᠢ ᠤᠯᠠᠮ ᠨᠢᠭᠡ ᠠᠯᠬᠤᠮ ᠬᠥᠪᠴᠢᠯᠡᠵᠦ᠂ ᠰᠠᠨᠠᠭ᠎ᠠ ᠠᠮᠤᠷ ᠬᠡᠷᠡᠭᠯᠡᠭᠡ ᠶᠢᠨ ᠠᠵᠢᠯᠯᠠᠭ᠎ᠠ ᠶᠢ ᠤᠬᠠᠭᠤᠯᠤᠨ ᠳᠡᠯᠭᠡᠷᠡᠭᠦᠯᠵᠦ᠂ ᠪᠦᠬᠦ ᠨᠡᠶᠢᠭᠡᠮ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠶᠢᠨ ᠲᠥᠯᠥᠭᠡ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠠᠤᠯᠢ ᠬᠡᠷᠡᠭᠵᠢᠭᠦᠯᠵᠦ ᠪᠠᠶᠢᠴᠠᠭᠠᠬᠤ ᠲᠣᠪᠴᠢᠶ᠎ᠠ ᠪᠦᠬᠦ ᠤᠯᠤᠰ ᠤᠨ ︽ᠰᠠᠨᠠᠭ᠎ᠠ ᠠᠮᠤᠷ ᠬᠡᠷᠡᠭᠯᠡᠭᠡ ᠶᠢᠨ ᠠᠵᠢᠯᠯᠠᠭ᠎ᠠ︾ ᠶᠢᠨ ᠲᠡᠮᠳᠡᠭ ᠢ ᠢᠯᠡ ᠪᠠᠷ ᠴᠤᠭᠯᠠᠭᠤᠯᠵᠤ᠂ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄

        ᠨᠢᠭᠡ᠂ ᠴᠤᠭᠯᠠᠭᠤᠯᠬᠤ ᠴᠠᠭ

        ᠡᠨᠡ ᠡᠳᠦᠷ ᠠᠴᠠ ᠡᠬᠢᠯᠡᠵᠦ 2024 ᠣᠨ ᠤ 3 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠃

        ᠬᠤᠶᠠᠷ᠂ ᠴᠤᠭᠯᠠᠭᠤᠯᠬᠤ ᠡᠲᠡᠭᠡᠳ

        ᠨᠡᠶᠢᠭᠡᠮ ᠨᠡᠶᠢᠲᠡ ᠠᠴᠠ ᠢᠯᠡ ᠪᠠᠷ ᠴᠤᠭᠯᠠᠭᠤᠯᠵᠤ᠂ ᠬᠤᠪᠢ ᠬᠦᠮᠦᠨ ᠪᠣᠯᠤᠨ ᠵᠣᠬᠢᠶᠠᠨ ᠪᠠᠶᠢᠭᠤᠯᠤᠯᠲᠠ ᠪᠦᠷ ᠣᠷᠣᠯᠴᠠᠵᠤ ᠪᠣᠯᠤᠨ᠎ᠠ᠃

        ᠭᠤᠷᠪᠠ᠂ ᠪᠦᠲᠦᠭᠡᠯ ᠤᠨ ᠱᠠᠭᠠᠷᠳᠠᠯᠭ᠎ᠠ

     ᠴᠤᠭᠯᠠᠭᠤᠯᠬᠤ ᠳᠤ ᠣᠷᠣᠯᠴᠠᠬᠤ ᠪᠦᠲᠦᠭᠡᠯ ᠨᠢ ︽ᠰᠠᠨᠠᠭ᠎ᠠ ᠠᠮᠤᠷ ᠬᠡᠷᠡᠭᠯᠡᠭᠡ ᠶᠢᠨ ᠠᠵᠢᠯᠯᠠᠭ᠎ᠠ︾ ᠶᠢᠨ ᠠᠭᠤᠯᠤᠭᠳᠠᠬᠤᠨ ᠢ ᠣᠨᠣᠪᠴᠢᠲᠠᠶ ᠲᠤᠰᠬᠠᠵᠤ᠂ ᠬᠡᠷᠡᠭᠯᠡᠭᠴᠢᠳ ᠤᠨ ᠨᠡᠶᠢᠭᠡᠮ ᠢ ᠬᠠᠮᠠᠭᠠᠯᠠᠵᠤ ᠬᠠᠮᠲᠤ ᠪᠠᠷ ᠵᠠᠰᠠᠬᠤ ᠰᠢᠰᠲ᠋ᠧᠮ ᠢ ᠪᠠᠶᠢᠭᠤᠯᠬᠤ ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ᠬᠡᠷᠡᠭᠯᠡᠭᠡᠨ ᠤ ᠢᠲᠡᠭᠡᠯ ᠢ ᠬᠥᠭᠵᠢᠭᠡᠬᠦ ᠬᠡᠷᠡᠭᠲᠡᠶ᠃

       ᠲᠡᠮᠳᠡᠭ ᠨᠢ ᠭᠤᠤᠯᠳᠠᠭᠤ ᠪᠥᠬᠦ ᠤᠯᠤᠰ ᠤᠨ ᠬᠡᠪᠴᠢᠶᠡᠨ ᠳᠠᠬᠢ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠵᠢᠯᠣᠭᠤᠳᠤᠮᠵᠢ ᠳᠤ ᠬᠡᠷᠡᠭᠯᠡᠭᠳᠡᠬᠦ ᠲᠤᠯᠠ᠂ ᠴᠤᠭᠯᠠᠭᠤᠯᠬᠤ ᠳᠤ ᠣᠷᠣᠯᠴᠠᠬᠤ ᠪᠦᠲᠦᠭᠡᠯ ᠨᠢ ᠪᠥᠬᠦ ᠤᠯᠤᠰ ᠤᠨ ᠲᠦᠭᠡᠮᠡᠯ ᠴᠢᠨᠠᠷ         ᠪᠦᠬᠦᠢ ᠪᠠᠶᠢᠵᠤ᠂ ᠭᠠᠵᠠᠷ ᠣᠷᠣᠨ ᠤ ᠬᠢᠵᠠᠭᠠᠷᠯᠠᠯᠳᠤ ᠴᠢᠨᠠᠷ ᠦᠭᠡᠶ ᠪᠠᠶᠢᠵᠤ᠂ ᠣᠨᠴᠠᠭᠠᠶ ᠠᠵᠢᠯ ᠲᠥᠷᠥᠯ᠂ ᠠᠵᠤ ᠠᠬᠤᠶᠢᠯᠠᠯ ᠵᠡᠷᠭᠡ ᠶᠢᠨ ᠥᠩᠭᠡ ᠪᠤᠳᠤᠭ ᠢ ᠢᠯᠡᠷᠡᠭᠦᠯᠬᠦ ᠥᠬᠡᠶ ᠪᠠᠶᠢᠬᠤ ᠬᠡᠷᠡᠭᠲᠡᠶ᠃

      ᠴᠤᠭᠯᠠᠭᠤᠯᠬᠤ ᠳᠤ ᠣᠷᠣᠯᠴᠠᠬᠤ ᠪᠦᠲᠦᠭᠡᠯ ᠤᠨ ᠪᠦᠲᠦᠭᠡᠯᠴᠢ ᠪᠣᠳᠣᠯ ᠨᠢ ᠰᠢᠨ᠎ᠡ ᠰᠡᠪᠡᠭᠦᠨ ᠪᠥᠭᠡᠳ ᠥᠪᠡᠷᠮᠢᠴᠡ᠂ ᠵᠢᠷᠤᠭ ᠲᠥᠯᠥᠪᠯᠡᠭᠡ ᠨᠢ ᠲᠣᠪᠴᠢ ᠠᠪᠰᠠᠷᠬᠠᠨ᠂ ᠨᠡᠯᠢᠶᠡᠳ ᠴᠢᠩᠭ᠎ᠠ ᠬᠠᠷᠠᠭᠠᠨ ᠰᠡᠷᠡᠯ ᠤᠨ ᠲᠠᠲᠠᠬᠤ ᠬᠦᠴᠦᠨ ᠲᠠᠢ᠂ ᠢᠯᠭᠠᠨ ᠲᠠᠨᠢᠵᠤ ᠴᠡᠭᠡᠵᠢᠯᠡᠬᠦ ᠪᠠ ᠳᠡᠯᠭᠡᠷᠡᠭᠦᠯᠦᠨ ᠤᠬᠠᠭᠤᠯᠬᠤ ᠳᠤ ᠬᠢᠯᠪᠠᠷ᠂ ᠢᠯᠭᠠᠨ ᠲᠠᠨᠢᠭᠳᠠᠬᠤ ᠬᠡᠮᠵᠢᠶ᠎ᠡ ᠪᠠᠷ ᠥᠨᠳᠥᠷ᠂ ᠬᠡᠷᠡᠭᠯᠡᠬᠦ ᠴᠢᠨᠠᠷ ᠢᠶᠠᠷ ᠴᠢᠩᠭ᠎ᠠ᠂ ᠰᠦᠯᠵᠢᠶ᠎ᠡ ᠪᠠᠷ ᠳᠠᠮᠵᠢᠭᠤᠯᠬᠤ ᠳᠤ ᠲᠣᠬᠢᠷᠠᠮᠵᠢᠲᠠᠶ ᠪᠠᠶᠢᠬᠤ ᠬᠡᠷᠡᠭᠲᠡᠢ᠃

    ᠴᠤᠭᠯᠠᠭᠤᠯᠬᠤ ᠳᠤ ᠣᠷᠣᠯᠴᠠᠬᠤ ᠪᠦᠲᠦᠭᠡᠯ ᠤᠨ ᠬᠡᠯᠪᠡᠷᠢ ᠨᠢ ᠡᠷᠬᠡᠪᠰᠢ JPG ᠬᠡᠯᠪᠡᠷᠢ ᠶᠢᠨ ᠦᠷ᠎ᠡ ᠳ᠋ᠦᠩ ᠤᠨ ᠵᠢᠷᠤᠭ ᠪᠠ AI ᠪᠤᠶᠤ CDR ᠵᠡᠷᠭᠡ ᠸᠧᠺᠲ᠋ᠣᠷ ᠤᠨ ᠵᠢᠷᠤᠭ ᠪᠠᠶᠢᠵᠤ᠂ ᠪᠠᠰᠠ ᠪᠠᠷᠢᠮᠵᠢᠶ᠎ᠠ ᠥᠩᠭᠡ ᠪᠠ ᠲᠤᠰᠬᠠᠢ ᠦᠰᠦᠭ ᠤᠨ ᠲᠢᠭ ᠢ ᠲᠦᠰᠦᠪᠯᠡᠭᠰᠡᠨ ᠡᠬᠡ ᠪᠢᠴᠢᠭ ᠬᠠᠩᠭᠠᠬᠤ ᠬᠡᠷᠡᠭᠲᠡᠢ᠃ ᠵᠢᠷᠤᠵᠤ ᠲᠥᠯᠦᠪᠯᠡᠭᠰᠡᠨ ᠡᠬᠡ ᠪᠢᠴᠢᠭ ᠤᠨ ᠥᠩᠭᠡ ᠶᠢᠨ ᠵᠠᠭᠪᠤᠷ ᠨᠢ RGB ᠵᠠᠭᠪᠤᠷ ᠪᠠ CMYK ᠵᠠᠭᠪᠤᠷ ᠪᠠᠶᠢᠵᠤ᠂ ᠵᠢᠷᠤᠭ ᠤᠨ ᠢᠯᠭᠠᠮᠵᠢ ᠨᠢ 300dpi ᠠᠴᠠ ᠳᠡᠭᠡᠭᠰᠢ ᠪᠠᠶᠢᠪᠠᠯ ᠵᠣᠬᠢᠨ᠎ᠠ᠂ ᠶᠡᠭᠡ ᠪᠠᠭ᠎ᠠ ᠨᠢ 1M ᠠᠴᠠ ᠳᠣᠣᠷ᠎ᠠ ᠪᠠᠶᠢᠵᠤ ᠪᠣᠯᠬᠤ ᠦᠭᠡᠢ᠃ ᠡᠭᠦᠨ ᠠᠴᠠ ᠭᠠᠳᠠᠨ᠎ᠠ ᠵᠢᠷᠤᠭ ᠲᠡᠮᠳᠡᠭ ᠪᠠ ᠦᠰᠦᠭ ᠤᠨ ᠲᠢᠭ ᠤᠨ ᠪᠦᠲᠦᠭᠡᠯᠴᠢ ᠪᠣᠳᠣᠯ ᠳᠤ 200 ᠦᠰᠦᠭ ᠠᠴᠠ ᠳᠡᠭᠡᠭᠰᠢ ᠦᠰᠦᠭ ᠪᠢᠴᠢᠭ ᠤᠨ ᠲᠣᠳᠣᠷᠬᠠᠶᠢᠯᠠᠯᠲᠠ ᠬᠢᠵᠦ ᠳᠠᠭᠠᠯᠳᠤᠭᠤᠯᠵᠤ᠂ ᠵᠢᠷᠤᠭ ᠤᠨ ᠶᠡᠭᠡ ᠪᠠᠭ᠎ᠠ᠂ ᠬᠠᠷᠢᠴᠠᠯ᠂ ᠥᠩᠭᠡ᠂ ᠤᠳᠬ᠎ᠠ ᠰᠠᠨᠠᠭ᠎ᠠ᠂ ᠠᠬᠤᠢ ᠪᠠᠶᠢᠳᠠᠯ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ᠃

        ᠳᠥᠷᠪᠡ᠂ ᠰᠢᠯᠭᠠᠷᠠᠭᠤᠯᠬᠤ ᠪᠠ ᠬᠥᠬᠢᠭᠦᠯᠦᠨ ᠱᠠᠩᠨᠠᠬᠤ

        ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠬᠡᠪᠯᠡᠯ ᠤᠨ ᠬᠤᠷᠢᠶ᠎ᠠ ᠱᠠᠭᠠᠷᠳᠠᠯᠭ᠎ᠠ ᠳᠤ ᠨᠡᠶᠢᠴᠡᠭᠰᠡᠨ ᠴᠤᠭᠯᠠᠭᠤᠯᠬᠤ ᠳᠤ ᠣᠷᠣᠯᠴᠠᠭᠰᠠᠨ ᠪᠦᠬᠦ ᠪᠦᠲᠦᠭᠡᠯ ᠳᠤ ᠠᠩᠬᠠᠨ ᠤ ᠦᠨᠡᠯᠡᠯᠲᠡ ᠬᠢᠵᠦ᠂ 4 ᠪᠦᠲᠦᠭᠡᠯ ᠢ ᠰᠣᠩᠭᠤᠬᠤ ᠶᠢᠨ ᠬᠠᠮᠲᠤ ᠰᠣᠩᠭᠤᠭᠳᠠᠭᠰᠠᠨ ᠪᠦᠲᠦᠭᠡᠯ ᠤᠨ ᠵᠣᠬᠢᠶᠠᠭᠴᠢ ᠶᠢ ᠵᠢᠯᠣᠭᠤᠳᠴᠤ ᠪᠠᠶᠢᠭᠠᠳ ᠵᠢᠷᠤᠭ ᠲᠥᠯᠥᠪᠯᠡᠭᠡ ᠶᠢ ᠨᠢ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠦᠨ᠎ᠡ᠃ ᠬᠠᠮᠤᠭ ᠤᠨ ᠡᠴᠦᠰ ᠤᠨ ᠲᠣᠭᠲᠠᠭᠠᠭᠰᠠᠨ ᠪᠦᠲᠦᠭᠡᠯ ᠤᠨ ᠵᠢᠷᠤᠵᠤ ᠲᠥᠯᠥᠪᠯᠡᠭᠴᠢ ᠳᠤ 10000 ᠲᠦᠭᠦᠷᠢᠭ ᠬᠦᠬᠢᠭᠦᠯᠦᠨ ᠱᠠᠩᠨᠠᠵᠤ᠂ ᠵᠣᠬᠢᠶᠠᠭᠴᠢ ᠡᠷᠬᠡᠪᠰᠢ ︽ᠰᠠᠨᠠᠭ᠎ᠠ ᠠᠮᠤᠷ ᠬᠡᠷᠡᠭᠯᠡᠭᠡ ᠶᠢᠨ ᠠᠵᠢᠯᠯᠠᠭ᠎ᠠ︾ ᠶᠢᠨ ᠲᠡᠮᠳᠡᠭ ᠢ ᠪᠠᠭᠲᠠᠭᠠᠭᠰᠠᠨ ᠪᠦᠷᠢᠨ ᠪᠦᠲᠦᠨ ᠰᠢᠰᠲ᠋ᠧᠮᠲᠦ VI ᠬᠠᠷᠠᠭᠠᠨ ᠰᠡᠷᠡᠯ ᠤᠨ ᠢᠯᠡᠳᠭᠡᠬᠦ ᠰᠢᠰᠲ᠋ᠧᠮ ᠢ ᠬᠠᠩᠭᠠᠵᠤ᠂ ᠲᠡᠮᠳᠡᠭ ᠤᠨ ᠵᠢᠷᠤᠭ ᠳᠦᠷᠰᠦ᠂ ᠪᠠᠷᠢᠮᠵᠢᠶ᠎ᠠ ᠥᠩᠭᠡ᠂ ᠪᠠᠷᠢᠮᠵᠢᠶᠠᠲᠤ ᠦᠰᠦᠭ ᠤᠨ ᠲᠢᠭ᠂ ᠲᠡᠮᠳᠡᠭ ᠤᠨ ᠲᠠᠶᠢᠯᠪᠤᠷᠢ ᠵᠢᠴᠢ ᠪᠡᠭᠡ ᠶᠢᠨ ᠡᠬᠡ ᠪᠢᠴᠢᠭ᠂ ᠤᠷᠪᠠᠭᠤ ᠥᠩᠭᠡ ᠶᠢᠨ ᠦᠷ᠎ᠡ ᠳ᠋ᠦᠩ ᠤᠨ ᠡᠬᠡ ᠪᠢᠴᠢᠭ ᠵᠢᠴᠢ ᠪᠠᠷᠢᠮᠵᠢᠶᠠᠲᠤ ᠵᠢᠷᠤᠭ ᠵᠡᠷᠭᠡ ᠶᠢ ᠪᠠᠭᠲᠠᠭᠠᠬᠤ ᠮᠥᠷᠲᠡᠭᠡᠨ ᠡᠳᠡᠭᠡᠷ ᠲᠤ ᠬᠢᠵᠠᠭᠠᠷᠯᠠᠭᠳᠠᠬᠤ ᠦᠭᠡᠢ ᠪᠠᠶᠢᠵᠤ᠂ ᠲᠡᠮᠳᠡᠭ ᠤᠨ ᠵᠢᠷᠤᠭ ᠳᠦᠷᠰᠦ ᠪᠣᠯᠣᠨ ᠪᠠᠷᠢᠮᠵᠢᠶᠠᠲᠤ ᠦᠰᠦᠭ ᠤᠨ ᠡᠯ᠎ᠡ ᠵᠦᠢᠯ ᠤᠨ ᠨᠡᠶᠢᠯᠡᠯ᠂ ᠬᠡᠷᠡᠭᠯᠡᠯᠲᠡ ᠶᠢᠨ ᠵᠢᠷᠤᠮᠵᠢᠯ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠢ᠃ ᠪᠤᠰᠤᠳ 3 ᠬᠤᠪᠢ ᠬᠦᠷᠢᠶ᠎ᠡ ᠳᠤ ᠤᠷᠤᠭᠰᠠᠨ ᠪᠦᠲᠦᠭᠡᠯ ᠢ ᠵᠢᠷᠤᠵᠤ ᠲᠥᠯᠥᠪᠯᠡᠭᠴᠢᠳ ᠲᠤ ᠬᠥᠮᠥᠨ ᠪᠦᠷᠢ ᠳᠤ 1 000 ᠲᠥᠭᠦᠷᠢᠭ ᠱᠠᠩᠨᠠᠨ᠎ᠠ᠃

       ᠲᠠᠪᠤ᠂ ᠪᠤᠰᠤᠳ ᠱᠠᠭᠠᠷᠳᠠᠯᠭ᠎ᠠ

      ᠴᠤᠭᠯᠠᠭᠤᠯᠬᠤ ᠳᠤ ᠣᠷᠣᠯᠴᠠᠬᠤ ᠪᠦᠲᠦᠭᠡᠯ ᠨᠢ ᠡᠷᠬᠡᠪᠰᠢ ᠤᠭ ᠪᠦᠲᠦᠭᠡᠯ ᠪᠠᠶᠢᠵᠤ᠂ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠤᠨ ᠱᠠᠭᠠᠷᠳᠠᠯᠭ᠎ᠠ ᠳᠤ ᠨᠡᠶᠢᠴᠡᠵᠦ᠂ ᠡᠷᠡᠭᠦᠯ ᠪᠤᠰᠤ ᠰᠢᠯᠵᠢᠭᠰᠡᠨ‌ᠠᠭᠤᠯᠭ᠎ᠠ ᠦᠭᠡᠢ ᠪᠤᠶᠤ ᠠᠮᠠᠷᠬᠠᠨ ᠰᠠᠯᠪᠤᠷᠢ ᠤᠳᠬ᠎ᠠ ᠡᠭᠦᠰᠬᠦ ᠦᠭᠡᠢ᠂ ᠡᠭᠦᠨ ᠠᠴᠠ ᠡᠮᠦᠨ᠎ᠡ ᠶᠠᠮᠠᠷᠪᠠ ᠬᠡᠯᠪᠡᠷᠢ ᠪᠠᠷ ᠨᠡᠶᠢᠲᠡᠯᠡᠭᠰᠡᠨ ᠦᠭᠡᠢ ᠪᠠᠶᠢᠬᠤ ᠬᠡᠷᠡᠭᠲᠡᠢ᠃ ᠬᠡᠷᠪᠡ ᠪᠤᠰᠤᠳ ᠤᠨ ᠵᠣᠬᠢᠶᠠᠯ ᠪᠦᠲᠦᠭᠡᠯ ᠤᠨ ᠡᠷᠬᠡᠨ ᠳᠤ ᠬᠠᠯᠳᠠᠭᠰᠠᠨ ᠪᠠᠶᠢᠪᠠᠯ᠂ ᠲᠡᠮᠳᠡᠭ ᠠᠳᠠᠯᠢ ᠪᠤᠶᠤ ᠠᠳᠠᠯᠢᠪᠲᠤᠷ ᠵᠡᠷᠭᠡ ᠠᠴᠠ ᠪᠣᠯᠵᠤ ᠬᠠᠤᠯᠢ ᠴᠠᠭᠠᠵᠠ ᠶᠢᠨ ᠵᠢᠭᠤᠷᠠᠯᠳᠤᠭᠠᠨ ᠭᠠᠷᠤᠭᠰᠠᠨ ᠪᠠᠶᠢᠪᠠᠯ ᠴᠥᠮ ᠡᠬᠡ ᠪᠢᠴᠢᠭ ᠬᠠᠩᠭᠠᠭᠴᠢ ᠠᠴᠠ ᠪᠤᠶ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃

     ᠪᠦᠲᠦᠭᠡᠯ ᠢ ᠵᠢᠷᠤᠵᠤ ᠲᠥᠯᠥᠪᠯᠡᠭᠴᠢ ᠡᠷᠬᠡᠪᠰᠢ ᠲᠡᠭᠦᠨ ᠤ ᠪᠦᠲᠦᠭᠡᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠪᠦᠬᠦᠨ ᠢ ᠴᠤᠭᠯᠠᠭᠤᠯᠬᠤ ᠨᠢᠭᠡᠴᠢ ᠳᠤ ᠥᠮᠴᠢᠯᠡᠭᠦᠯᠬᠦ ᠪᠠᠷ ᠠᠮᠠᠯᠳᠠᠬᠤ ᠬᠡᠷᠡᠭᠲᠡᠢ᠂ ᠡᠬᠡ ᠪᠢᠴᠢᠭ ᠶᠠᠪᠤᠭᠤᠯᠤᠭᠰᠠᠨ ᠪᠦᠬᠦᠨ ᠢ ᠴᠥᠮ ᠲᠤᠰ ᠪᠣᠯᠵᠤᠭ᠎ᠠ ᠶᠢ ᠵᠥᠪᠰᠢᠶᠡᠷᠡᠭᠰᠡᠨ ᠢᠶᠠᠷ ᠦᠵᠡᠨ᠎ᠡ᠃ ᠴᠤᠭᠯᠠᠭᠤᠯᠬᠤ ᠨᠢᠭᠡᠴᠢ ᠨᠢ ᠬᠡᠪᠴᠢᠶᠡᠨ ᠳᠤ ᠤᠷᠤᠭᠰᠠᠨ ᠪᠦᠲᠦᠭᠡᠯ ᠢ ᠦᠨ᠎ᠡ ᠲᠥᠯᠥᠪᠦᠷᠢ ᠦᠭᠡᠶ ᠪᠠᠷ ᠡᠯ᠎ᠡ ᠵᠦᠢᠯ ᠤᠨ ᠬᠡᠯᠪᠡᠷᠢ ᠪᠠᠷ ᠤᠬᠠᠭᠤᠯᠬᠤ ᠵᠢᠴᠢ ᠡᠭᠦᠰᠦᠮᠡᠯ ᠦᠢᠯᠡᠳᠬᠦᠨ ᠦᠢᠯᠡᠳᠬᠦ ᠡᠷᠬᠡ ᠲᠠᠢ ᠪᠠᠶᠢᠵᠤ᠂   ᠳᠠᠬᠢᠵᠤ ᠬᠥᠯᠥᠰᠥ ᠣᠯᠭᠤᠮᠵᠢ ᠥᠭᠬᠦ ᠦᠭᠡᠢ ᠪᠥᠭᠡᠳ ᠲᠡᠭᠦᠨ ᠢ ᠪᠣᠯᠪᠠᠰᠤᠷᠠᠭᠤᠯᠤᠨ ᠵᠠᠰᠠᠵᠤ ᠳᠠᠬᠢᠨ ᠵᠣᠬᠢᠶᠠᠨ ᠪᠦᠲᠦᠭᠡᠬᠦ ᠡᠷᠬᠡ ᠲᠠᠢ᠃

      ᠰᠣᠩᠭᠤᠭᠳᠠᠭᠰᠠᠨ ︵ᠬᠦᠷᠢᠶ᠎ᠡ︶ ᠨᠡᠷ᠎ᠡ ᠮᠡᠳᠡᠭᠦᠯᠦᠭᠰᠡᠨ ᠨᠢ ᠠᠳᠠᠯᠢ ᠪᠣᠯ ᠲᠤᠰᠢᠶᠠᠭᠰᠠᠨ ᠴᠠᠭ ᠨᠢ ᠬᠠᠮᠤᠭ ᠡᠷᠲᠡ ᠪᠠᠷ ᠪᠠᠷᠢᠮᠵᠢᠶ᠎ᠠ ᠪᠣᠯᠭᠠᠨ᠎ᠠ᠃ ᠡᠬᠡ ᠪᠢᠴᠢᠭ ᠬᠠᠩᠭᠠᠭᠴᠢ ᠨᠢ ᠡᠷᠬᠡᠪᠰᠢ ᠲᠣᠭᠲᠠᠭᠰᠠᠨ ᠴᠠᠭ ᠤᠨ ᠳᠣᠲᠣᠷ᠎ᠠ ᠴᠤᠭᠯᠠᠭᠤᠯᠬᠤ ᠳᠤ ᠣᠷᠣᠯᠴᠠᠬᠤ ᠪᠦᠲᠦᠭᠡᠯ ᠢᠶᠠᠨ ᠢᠮᠧᠯ ᠤᠨ ᠬᠡᠯᠪᠡᠷᠢ ᠪᠠᠷ ᠶᠠᠪᠤᠭᠤᠯᠵᠤ᠂ ᠡᠷᠬᠡᠪᠰᠢ ᠦᠨᠡᠨ ᠪᠣᠳᠠᠲᠤ ᠣᠪᠣᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠢ᠂ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ ᠲᠣᠳᠣᠷᠬᠠᠶᠢᠯᠠᠬᠤ ᠬᠡᠷᠡᠭᠲᠡᠶ᠃

        ᠢᠮᠧᠯ᠄ xfcs12315@163.com

        ᠲᠣᠰ ᠤᠳᠠᠭᠠᠨ ᠤ ᠴᠤᠭᠯᠠᠭᠤᠯᠬᠤ ᠠᠵᠢᠯᠯᠠᠭ᠎ᠠ ᠳᠤ ᠶᠠᠮᠠᠷᠪᠠ ᠨᠡᠷ᠎ᠡ ᠮᠡᠳᠡᠭᠦᠯᠬᠦ ᠰᠦᠢᠳᠬᠡᠯ ᠪᠠ ᠰᠢᠯᠭᠠᠷᠠᠭᠤᠯᠬᠤ ᠳᠤ ᠣᠷᠣᠯᠴᠠᠬᠤ ᠰᠦᠢᠳᠬᠡᠯ ᠬᠤᠷᠢᠶᠠᠬᠤ ᠥᠬᠡᠶ᠂ ᠭᠡᠪᠡᠴᠦ ᠮᠠᠲ᠋ᠧᠷᠢᠶᠠᠯ ᠴᠤᠭᠯᠠᠭᠤᠯᠬᠤ᠂ ᠮᠡᠳᠡᠭᠡ ᠵᠠᠩᠭᠢ ᠤᠯᠬᠤ᠂ ᠲᠠᠭᠯᠠᠨ ᠪᠢᠴᠢᠬᠦ ᠪᠠ ᠲᠤᠰᠢᠶᠠᠬᠤ ᠵᠡᠷᠭᠡ ᠲᠣᠰ ᠤᠳᠠᠭᠠᠨ ᠤ ᠴᠤᠭᠯᠠᠭᠤᠯᠬᠤ ᠠᠵᠢᠯᠯᠠᠭ᠎ᠠ ᠳᠤ ᠣᠷᠣᠯᠴᠠᠭᠰᠠᠨ ᠠᠴᠠ ᠪᠣᠯᠤᠭᠰᠠᠨ ᠵᠠᠷᠤᠳᠠᠯ ᠢ ᠴᠥᠮ ᠴᠤᠭᠯᠠᠭᠤᠯᠬᠤ ᠳᠤ ᠣᠷᠣᠯᠴᠠᠭᠰᠠᠳ ᠥᠪᠡᠰᠦᠪᠡᠨ ᠡᠭᠦᠷᠭᠡᠯᠡᠨ᠎ᠡ᠃

        ᠲᠤᠰ ᠤᠳᠠᠭᠠᠨ ᠤ ᠴᠤᠭᠯᠠᠭᠤᠯᠬᠤ ᠠᠵᠢᠯᠯᠠᠭ᠎ᠠ ᠶᠢᠨ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠶᠢ ᠴᠤᠭᠯᠠᠭᠤᠯᠬᠤ ᠨᠢᠭᠡᠴᠢ ᠥᠮᠴᠢᠯᠡᠨ᠎ᠡ᠃

        ᠬᠠᠷᠢᠯᠴᠠᠬᠤ ᠣᠳᠠᠰᠣ᠄ 010-63730080

ᠢᠷᠡᠯᠲᠡ᠄ ᠵᠠᠬ᠎ᠠ ᠳᠡᠯᠭᠡᠭᠦᠷ ᠤᠨ ᠰᠢᠨ᠎ᠡ ᠪᠠᠶᠢᠳᠠᠯ