ᠡᠨᠡ ᠬᠦ ᠠᠮᠤᠷ ᠲᠦᠪᠰᠢᠨ ᠤ ᠰᠠᠨᠠᠭᠤᠯᠤᠮᠵᠢ ᠶᠢ ᠭᠡᠷ ᠤᠨ ᠬᠥᠮᠥᠰ ᠲᠤ ᠪᠠᠨ ᠲᠠᠷᠬᠠᠭᠠᠨ ᠤᠯᠠᠮᠵᠢᠯᠠᠵᠤ ᠮᠡᠳᠡᠭᠳᠡᠭᠡᠷᠡᠢ︕
ᠨᠡᠶᠢᠲᠡᠯᠡᠭᠰᠡᠨ ᠴᠠᠭ᠄
2024/3/18

  ᠰᠢᠲᠠᠮᠠᠬᠠᠢ ᠬᠡᠢ ᠶᠢ ᠭᠡᠷ ᠪᠥᠯᠢ᠂ ᠵᠣᠴᠢᠳ ᠤᠨ ᠪᠠᠭᠤᠳᠠᠯ ᠵᠡᠷᠭᠡ ᠭᠠᠵᠠᠷ ᠲᠤ ᠥᠷᠭᠡᠨ ᠢᠶᠠᠷ  ᠬᠡᠷᠡᠭᠯᠡᠳᠡᠭ᠃

  ᠰᠢᠲᠠᠮᠠᠬᠠᠢ ᠬᠡᠢ ᠯᠡᠪᠡᠷᠡᠬᠦ ᠳᠤ ᠬᠥᠷᠪᠡᠯ ᠠᠮᠠᠷᠬᠠᠨ ᠳᠡᠯᠪᠡᠷᠡᠯᠲᠡ ᠡᠭᠦᠰᠳᠡᠭ᠃

  ᠰᠢᠲᠠᠮᠠᠬᠠᠢ ᠬᠡᠢ ᠶᠢᠨ ᠵᠤᠤᠬ᠎ᠠ ᠶᠢ ᠬᠡᠷᠡᠭᠯᠡᠬᠦ ᠳᠤ ᠶᠠᠭᠤ ᠶᠢ ᠠᠩᠬᠠᠷᠬᠤ ᠪᠤᠢ︖

  ᠰᠢᠲᠠᠮᠠᠬᠠᠢ ᠬᠡᠢ ᠯᠡᠪᠡᠷᠡᠪᠡᠯ ᠬᠡᠷᠬᠢᠨ ᠰᠢᠢᠳᠪᠦᠷᠢᠯᠡᠬᠦ ᠪᠤᠢ︖

  ᠡᠳᠡᠬᠡᠷ ᠮᠡᠳᠡᠯᠬᠡ ᠶᠢ ᠪᠠᠳᠤ ᠴᠡᠭᠡᠵᠢᠯᠡᠬᠦ ᠬᠡᠷᠡᠭᠳᠡᠢ︕

5bf10ecf9e59bebf78891efd600a1a6.png

  ᠰᠢᠲᠠᠮᠠᠬᠠᠢ ᠬᠡᠢ ᠶᠢᠨ ᠵᠤᠤᠬ᠎ᠠ ᠶᠢ ᠬᠡᠷᠬᠢᠨ ᠠᠮᠤᠷ ᠲᠦᠪᠰᠢᠨ ᠢᠶᠠᠷ ᠬᠡᠷᠡᠭᠯᠡᠬᠦ ᠪᠤᠢ︖ ᠡᠳᠡᠭᠡᠷ ᠴᠢᠬᠤᠯᠠ ᠵᠦᠢᠯ ᠢ ᠪᠠᠲᠤ ᠴᠡᠭᠡᠵᠢᠯᠡᠬᠦ ᠬᠡᠷᠡᠭᠲᠡᠢ︕

  ᠵᠠᠬ᠎ᠠ ᠳᠡᠭᠡᠷ᠎ᠡ ᠦᠷᠭᠦᠯᠵᠢ ᠬᠠᠷᠠᠭᠳᠠᠳᠠᠭ ᠰᠢᠲᠠᠮᠠᠬᠠᠢ ᠬᠡᠢ ᠶᠢᠨ ᠵᠤᠤᠬ᠎ᠠ ᠨᠢ ᠭᠤᠣᠯᠳᠠᠭᠤ ᠰᠢᠬᠢᠳᠬᠡᠮᠡᠯ ᠮᠠᠶ᠋ᠢᠭ ᠤᠨ ᠪᠠ ᠲᠠᠶᠢᠰᠠᠨ ᠮᠠᠶ᠋ᠢᠭ ᠤᠨ ᠬᠤᠶᠠᠷ ᠵᠦᠢᠯ ᠪᠠᠶᠢᠳᠠᠭ᠃

  ᠰᠢᠬᠢᠳᠬᠡᠮᠡᠯ ᠮᠠᠶ᠋ᠢᠭ ᠨᠢ ᠰᠢᠲᠠᠮᠠᠬᠠᠢ ᠬᠡᠢ ᠶᠢᠨ ᠵᠤᠤᠬ᠎ᠠ ᠶᠢ ᠬᠤᠷᠭᠤ ᠳᠤ ᠰᠢᠭᠢᠳᠬᠡᠨ ᠣᠷᠣᠭᠤᠯᠵᠤ᠂ ᠵᠤᠤᠬ᠎ᠠ ᠪᠠ ᠬᠤᠷᠭᠤ ᠶᠢᠨ ᠭᠠᠳᠠᠷᠭᠤ ᠨᠢ ᠨᠢᠭᠡ ᠲᠦᠪᠰᠢᠨ ᠳᠡᠭᠡᠷ᠎ᠡ ᠪᠠᠶᠢᠳᠠᠭ᠃

  ᠲᠠᠶᠢᠰᠠᠨ ᠮᠠᠶ᠋ᠢᠭ ᠤᠨ ᠰᠢᠳᠠᠮᠠᠬᠠᠢ ᠬᠡᠢ ᠶᠢᠨ ᠵᠣᠤᠬ᠎ᠠ ᠶᠢᠨ ᠢᠷᠤᠭᠠᠷ ᠲᠤ ᠲᠦᠷᠪᠡᠨ ᠵᠣᠤᠬ᠎ᠠ ᠶᠢᠨ ᠤᠯᠠ ᠪᠠᠶᠢᠵᠤ᠂ ᠵᠤᠤᠬᠠᠨ ᠤ ᠰᠢᠷᠡᠭᠡᠨ ᠳᠡᠭᠡᠷ᠎ᠡ ᠰᠢᠭᠤᠳ ᠲᠠᠯᠪᠢᠵᠤ ᠪᠣᠯᠳᠠᠭ᠃

  ᠰᠢᠲᠠᠮᠠᠬᠠᠢ ᠬᠡᠢ ᠶᠢᠨ ᠵᠤᠤᠬ᠎ᠠ ᠶᠢ ᠢᠯᠡ ᠦᠵᠡᠭᠳᠡᠬᠦ ᠵᠥᠭᠡᠯᠡᠨ ᠬᠤᠭᠤᠯᠠᠢ ᠪᠠᠷ ᠵᠠᠯᠭᠠᠳᠠᠭ ᠤᠴᠢᠷ ᠠᠴᠠ᠂ ᠬᠡᠷᠡᠭᠯᠡᠭᠴᠢ ᠶᠠᠮᠠᠷ ᠮᠠᠶ᠋ᠢᠭ ᠤᠨ ᠰᠢᠲᠠᠮᠠᠬᠠᠢ ᠬᠡᠢ ᠶᠢᠨ ᠵᠤᠤᠬ᠎ᠠ ᠬᠡᠷᠡᠭᠯᠡᠭᠰᠡᠨ ᠴᠤ ᠪᠦᠷ ᠳᠣᠣᠷᠠᠬᠢ ᠬᠡᠳᠦᠨ ᠵᠦᠢᠯ ᠢ ᠠᠩᠬᠠᠷᠬᠤ ᠬᠡᠷᠡᠭᠲᠡᠢ᠃

9caffc25c07d37c0f1dcd0349b00eb5.png

  1. ᠵᠤᠤᠬ᠎ᠠ ᠶᠢᠨ ᠡᠷᠭᠢᠨ ᠲᠣᠭᠤᠷᠢᠨ ᠳᠤ ᠡᠯᠳᠡᠪ ᠶᠠᠭᠤᠮ᠎ᠠ ᠪᠢᠲᠡᠭᠡᠢ ᠣᠪᠣᠭᠠᠯᠠᠭᠠᠷᠠᠢ᠃

  ᠰᠢᠲᠠᠮᠠᠬᠠᠢ ᠬᠡᠢ ᠶᠢᠨ ᠵᠤᠤᠬ᠎ᠠ ᠶᠢᠨ ᠡᠷᠭᠢᠨ ᠲᠣᠭᠤᠷᠢᠨ ᠳᠤ ᠨᠣᠴᠣᠮᠠᠲᠠᠭᠠᠶ ᠳᠡᠯᠪᠡᠷᠡᠮᠡᠲᠡᠭᠡᠶ ᠡᠳ᠋᠂ ᠠᠭᠠᠷ ᠢ ᠴᠡᠪᠡᠷᠰᠢᠭᠦᠯᠦᠭᠴᠢ᠂ ᠬᠤᠷᠤᠬᠠᠢ ᠠᠯᠠᠬᠤ ᠡᠮ ᠵᠡᠷᠭᠡ ᠳᠠᠷᠤᠯᠲᠠ ᠪᠠᠷ ᠰᠠᠪᠠᠯᠠᠭᠰᠠᠨ ᠵᠦᠢᠯ ᠢ ᠣᠪᠣᠭᠠᠯᠠᠬᠤ ᠶᠢ ᠴᠠᠭᠠᠵᠠᠯᠠᠨ᠎ᠠ᠃

  2. ᠬᠡᠷᠡᠭᠯᠡᠬᠦ ᠦᠶ᠎ᠡ ᠳᠤ ᠭᠠᠯ ᠤᠨ ᠪᠠᠶᠢᠳᠠᠯ ᠢ ᠠᠵᠢᠭᠯᠠᠬᠤ ᠬᠡᠷᠡᠭᠲᠡᠢ᠃

  ᠭᠠᠯ ᠠᠰᠠᠭᠠᠬᠤ ᠳᠠᠭᠠᠨ ᠭᠠᠯ ᠤᠨ ᠳᠥᠯᠥ ᠪᠠᠶᠢᠬᠤ ᠡᠰᠡᠬᠦ ᠶᠢ ᠠᠩᠬᠠᠷᠤᠨ ᠠᠵᠢᠭᠯᠠᠬᠤ ᠬᠡᠷᠡᠭᠲᠡᠢ᠃

  ᠵᠠᠯᠭᠠᠯᠳᠤᠭ᠎ᠠ ᠪᠠᠷ ᠭᠤᠷᠪᠠ ᠤᠳᠠᠭ᠎ᠠ ᠠᠰᠠᠭᠠᠭᠠᠳ ᠳᠡᠶᠢᠯᠦᠭᠰᠡᠨ ᠦᠭᠡᠢ ᠪᠣᠯ᠂ ᠲᠦᠷ ᠬᠦᠯᠢᠶᠡᠵᠦ ᠰᠢᠲᠠᠮᠠᠬᠠᠢ ᠬᠡᠢ ᠶᠢ ᠰᠠᠷᠨᠢᠵᠤ ᠠᠷᠢᠯᠤᠭᠰᠠᠨ ᠤ ᠳᠠᠷᠠᠭ᠎ᠠ ᠳᠠᠬᠢᠵᠤ ᠠᠰᠠᠭᠠᠨ᠎ᠠ᠃

  ᠡᠨᠡ ᠦᠶ᠎ᠡ ᠳᠤ ᠶᠠᠮᠠᠷᠪᠠ ᠴᠠᠬᠢᠯᠭᠠᠨ ᠬᠡᠷᠡᠭᠰᠡᠯ ᠢ ᠬᠡᠷᠡᠭᠯᠡᠬᠦ ᠪᠤᠶᠤ ᠭᠠᠷ ᠤᠲᠠᠰᠤ ᠪᠠᠷ ᠤᠲᠠᠰᠤᠳᠠᠵᠤ ᠪᠣᠯᠬᠤ ᠦᠭᠡᠢ᠃ ᠴᠠᠬᠢᠯᠭᠠᠨ ᠣᠴᠢ ᠡᠭᠦᠰᠴᠦ᠂ ᠠᠶᠤᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃

  ᠬᠡᠷᠪᠡ ᠵᠢᠵᠢᠭ ᠰᠢᠲᠠᠯᠲᠠ ᠶᠢᠨ ᠬᠦᠴᠦ ᠶᠢ ᠬᠡᠷᠡᠭᠯᠡᠬᠦ ᠭᠡᠪᠡᠯ᠂ ᠨᠡᠭᠡᠯᠡᠭᠡᠢ ᠶᠢ ᠴᠠᠭ ᠤᠨ ᠵᠡᠭᠦᠦ ᠶᠢᠨ ᠡᠰᠡᠷᠭᠦ ᠴᠢᠭᠯᠡᠯ ᠢᠶᠠᠷ ᠡᠷᠭᠢᠭᠦᠯᠵᠦ ᠲᠣᠬᠢᠷᠠᠭᠤᠯᠤᠨ᠎ᠠ᠃

   ᠭᠠᠯ ᠤᠨ ᠪᠠᠶᠢᠳᠠᠯ ᠲᠣᠭᠲᠠᠪᠤᠷᠢ ᠦᠭᠡᠢ ᠂ ᠭᠠᠯ ᠠᠰᠠᠭᠠᠵᠤ ᠳᠡᠶᠢᠯᠬᠦ ᠦᠭᠡᠢ ᠪᠤᠶᠤ ᠰᠠᠨᠠᠮᠰᠠᠷ ᠦᠭᠡᠢ ᠪᠠᠷ ᠤᠨᠲᠠᠷᠠᠭᠰᠠᠨ ᠪᠠᠶᠢᠪᠠᠯ᠂ ᠵᠤᠤᠬᠠᠨ ᠤ ᠡᠳ᠋ᠯᠡᠯ ᠤᠨ ᠦᠢᠯᠡᠳᠪᠦᠷᠢ ᠪᠤᠶᠤ ᠲᠤᠬᠠᠢ ᠶᠢᠨ ᠭᠠᠵᠠᠷ ᠤᠨ ᠰᠢᠲᠠᠮᠠᠬᠠᠢ ᠬᠡᠢ ᠬᠠᠩᠭᠠᠬᠤ ᠠᠵᠤ ᠠᠬᠤᠶᠢᠯᠠᠯ ᠲᠠᠢ ᠬᠠᠷᠢᠯᠴᠠᠵᠤ᠂ ᠲᠤᠰᠬᠠᠢ ᠠᠵᠢᠯᠲᠠᠨ ᠤ ᠵᠢᠯᠤᠭᠤᠳᠤᠯᠭ᠎ᠠ ᠶᠢ ᠬᠦᠯᠢᠶᠡᠵᠦ᠂ ᠳᠤᠷ᠎ᠠ ᠲᠠᠪᠠ ᠪᠠᠷ ᠢᠶᠠᠨ ᠰᠡᠯᠪᠢᠨ ᠵᠠᠰᠠᠵᠤ ᠪᠣᠯᠬᠤ ᠦᠭᠡᠢ᠃

  3. ᠭᠠᠯ ᠬᠡᠷᠡᠭᠯᠡᠬᠦ ᠳᠤ ᠬᠦᠮᠦᠨ ᠰᠠᠯᠵᠤ ᠪᠣᠯᠬᠤ ᠦᠭᠡᠢ᠃

  ᠭᠠᠯ ᠬᠡᠷᠡᠭᠯᠡᠬᠦ ᠳᠤ ᠬᠦᠮᠦᠨ ᠰᠠᠯᠵᠤ ᠪᠣᠯᠬᠤ ᠦᠭᠡᠢ᠃

  ᠭᠠᠭᠴᠠᠭᠠᠷ ᠰᠠᠭᠤᠭ᠎ᠠ ᠪᠠ ᠮᠠᠷᠲᠠᠮᠠᠲᠠᠭᠠᠢ ᠨᠠᠰᠤᠲᠠᠳ ᠤᠨ ᠭᠡᠷ ᠲᠤ ᠬᠠᠭᠤᠷᠠᠢ ᠪᠠᠷ ᠰᠢᠲᠠᠬᠤ ᠠᠴᠠ ᠰᠡᠷᠭᠡᠶᠢᠯᠡᠬᠦ ᠴᠢᠳᠠᠪᠤᠷᠢ ᠲᠠᠢ ᠰᠢᠲᠠᠮᠠᠬᠠᠢ ᠬᠡᠢ ᠶᠢᠨ ᠵᠤᠤᠬ᠎ᠠ ᠶᠢ ᠰᠣᠩᠭᠤᠨ ᠬᠤᠳᠠᠯᠳᠤᠨ ᠠᠪᠴᠤ ᠬᠡᠷᠡᠭᠯᠡᠬᠦ ᠶᠢ ᠰᠠᠨᠠᠭᠤᠯᠤᠶ᠎ᠠ᠃

  4. ᠬᠤᠭᠤᠴᠠᠭᠠᠨ ᠠᠴᠠ ᠬᠡᠲᠦᠷᠡᠭᠰᠡᠨ ᠵᠤᠤᠬᠠᠨ ᠤ ᠬᠡᠷᠡᠭᠰᠡᠯ ᠢ ᠴᠠᠭ ᠲᠤᠬᠠᠢ ᠳᠤᠨᠢ ᠰᠣᠯᠢᠬᠤ ᠬᠡᠷᠡᠭᠲᠡᠢ

  ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠪᠠᠷᠢᠮᠵᠢᠶ᠎ᠠ ᠳᠤ ᠰᠢᠲᠠᠮᠠᠬᠠᠢ ᠬᠡᠢ ᠶᠢᠨ ᠵᠤᠤᠬᠠᠨ ᠤ ᠬᠡᠷᠡᠭᠯᠡᠬᠦ ᠬᠤᠭᠤᠴᠠᠭ᠎ᠠ ᠨᠢ ᠬᠤᠳᠠᠯᠳᠤᠵᠤ ᠭᠠᠷᠭᠠᠭᠰᠠᠨ ᠡᠳᠦᠷ ᠠᠴᠠ ᠡᠬᠢᠯᠡᠨ 8 ᠵᠢᠯ ᠪᠣᠯᠣᠨ᠎ᠠ ᠭᠡᠵᠦ ᠲᠣᠭᠲᠠᠭᠠᠵᠠᠢ᠃

  ᠰᠢᠲᠠᠮᠠᠬᠠᠢ ᠬᠡᠢ ᠶᠢᠨ ᠵᠤᠤᠬ᠎ᠠ ᠶᠢ ᠬᠡᠷᠡᠭᠯᠡᠬᠦ ᠵᠢᠯ ᠤᠨ ᠬᠢᠵᠠᠭᠠᠷᠯᠠᠯ ᠢ ᠴᠢᠩᠭ᠎ᠠ ᠵᠢᠷᠤᠮᠯᠠᠭᠠᠷᠠᠢ᠃

1e8557bee3e3cb679e7013d20d68cbf.png

  ᠰᠢᠲᠠᠮᠠᠬᠠᠶ ᠬᠡᠶ ᠶᠢᠨ ᠯᠡᠪᠡᠷᠡᠯᠲᠡ ᠶᠢ ᠬᠡᠷᠬᠢᠨ ᠠᠷᠭᠠᠴᠠᠭᠠᠬᠤ ᠪᠣᠶ︖ ᠢᠩᠭᠢᠵᠦ ᠰᠢᠢᠳᠪᠦᠷᠢᠯᠡᠬᠦ ᠨᠢ ᠨᠡᠩ ᠵᠣᠬᠢᠰᠲᠠᠢ︕

  ᠰᠢᠲᠠᠮᠠᠬᠠᠢ ᠬᠡᠢ ᠪᠣᠯ ᠪᠢᠳᠡᠨ ᠤ ᠠᠮᠢᠳᠤᠷᠠᠯ ᠳᠤ ᠳᠤᠲᠠᠭᠳᠠᠵᠤ ᠪᠣᠯᠣᠰᠢ ᠦᠭᠡᠢ ᠴᠢᠬᠤᠯᠠ ᠡᠨᠧᠷᠭᠢ ᠮᠥᠨ᠃

  ᠬᠡᠪᠡᠴᠤ ᠲᠡᠬᠦᠨ ᠤ ᠲᠤᠰ ᠪᠡᠶ᠎ᠡ ᠨᠢ ᠠᠮᠠᠷᠬᠠᠨ ᠨᠤᠴᠤᠳᠠᠭ ᠪᠤᠯᠬᠤᠷ ᠯᠡᠪᠡᠷᠡᠬᠦ ᠳᠤ ᠬᠦᠷᠪᠡᠯ ᠬᠦᠨᠳᠦ ᠨᠣᠴᠢᠲᠠᠢ ᠦᠷ᠎ᠡ ᠳ᠋ᠦᠩ ᠢ ᠠᠪᠴᠢᠷᠠᠳᠠᠭ᠃

  ᠰᠢᠲᠠᠮᠠᠬᠠᠢ ᠬᠡᠢ ᠯᠡᠪᠡᠷᠡᠭᠰᠡᠨ ᠢ ᠮᠡᠳᠡᠪᠡᠯ ᠶᠠᠭᠠᠬᠢᠪᠠᠯ ᠵᠣᠬᠢᠬᠤ ᠪᠤᠢ︖

  ᠭᠡᠷ ᠤᠨ ᠰᠢᠲᠠᠮᠠᠬᠠᠢ ᠬᠡᠢ ᠶᠢᠨ ᠳᠤᠮᠳᠠ ᠶᠡᠷᠦᠳᠡᠭᠡᠨ ᠨᠢᠭᠡ ᠵᠦᠢᠯ ᠤᠨ ᠦᠮᠡᠬᠡᠢ ᠥᠨᠳᠡᠭᠡ ᠶᠢᠨ ᠦᠨᠦᠷ ᠲᠠᠢ ᠲᠦᠰᠳᠠᠢ ᠦᠨᠦᠷ ᠣᠷᠣᠭᠤᠯᠬᠤ ᠡᠳ᠋ ᠨᠡᠮᠡᠵᠦ᠂ ᠰᠢᠲᠠᠮᠠᠬᠠᠢ ᠬᠡᠢ ᠯᠡᠪᠡᠷᠡᠬᠦ ᠦᠶ᠎ᠡ ᠳᠤ ᠬᠥᠮᠥᠰ ᠲᠤ ᠲᠦᠷᠭᠡᠨ ᠮᠡᠳᠡᠭᠳᠡᠳᠡᠭ᠃

  ᠰᠢᠲᠠᠮᠠᠬᠠᠶ ᠬᠡᠢ ᠯᠡᠪᠡᠷᠡᠬᠦ ᠦᠶ᠎ᠡ ᠳᠤ ᠬᠠᠮᠤᠭ ᠲᠡᠷᠢᠭᠦᠨ ᠳᠤ ᠬᠡᠢ ᠪᠡᠶᠡᠲᠦ ᠶᠢᠨ ᠨᠡᠭᠡᠯᠡᠭᠡᠢ ᠶᠢ ᠬᠠᠭᠠᠵᠤ᠂ ᠭᠠᠯ ᠤᠨ ᠡᠬᠢ ᠪᠦᠬᠦᠨ ᠢ ᠲᠠᠰᠤ ᠬᠤᠷᠢᠭᠯᠠᠬᠤ ᠶᠢ ᠠᠩᠬᠠᠷᠬᠤ ᠬᠡᠷᠡᠭᠲᠡᠢ᠃

85edfb567766d1632bad33fabed0f1b.png

  ᠳᠠᠷᠠᠭ᠎ᠠ ᠨᠢ ᠡᠭᠦᠳᠡ ᠴᠣᠩᠬᠤ ᠪᠠᠨ ᠠᠯᠭᠤᠷᠬᠠᠨ ᠨᠡᠭᠡᠭᠡᠵᠦ᠂ ᠰᠠᠯᠬᠢ ᠨᠡᠪᠲᠡᠷᠡᠭᠦᠯᠦᠨ ᠠᠭᠠᠷ ᠢ ᠰᠣᠯᠢᠨ᠎ᠠ᠃

   ᠭᠠᠳᠠᠨ᠎ᠠ ᠠᠴᠠ ᠭᠡᠷ ᠲᠤ ᠪᠠᠨ ᠬᠠᠷᠢᠬᠤ ᠳᠤ ᠰᠢᠲᠠᠮᠠᠬᠠᠢ ᠬᠡᠢ ᠯᠡᠪᠡᠷᠡᠭᠰᠡᠨ ᠢ ᠣᠯᠵᠤ ᠮᠡᠳᠡᠪᠡᠯ ᠭᠡᠷ ᠠᠴᠠ ᠲᠦᠷᠭᠡᠨ ᠭᠠᠷᠴᠤ᠂ ᠭᠡᠷ ᠤᠨ ᠭᠠᠳᠠᠨᠠᠬᠢ ᠠᠶᠤᠯ ᠦᠭᠡᠢ ᠭᠠᠵᠠᠷ ᠲᠤ ᠣᠴᠢᠬᠤ ᠬᠡᠷᠡᠭᠲᠡᠢ᠃

  ᠵᠠᠯᠭᠠᠭᠠᠳ ᠰᠠᠭᠤᠭ᠎ᠠ ᠭᠠᠵᠠᠷ ᠤᠨ ᠰᠢᠲᠠᠮᠠᠬᠠᠶ ᠬᠡᠶ ᠬᠠᠩᠭᠠᠬᠤ ᠠᠵᠤ ᠠᠬᠤᠶᠢᠯᠠᠯ ᠳᠤ ᠤᠲᠠᠰᠤᠳᠠᠵᠤ ᠰᠢᠢᠳᠪᠦᠷᠢᠯᠡᠭᠦᠯᠦᠨ᠎ᠡ᠃

  ᠭᠡᠷ ᠤᠨ ᠭᠠᠳᠠᠨᠠᠬᠢ ᠠᠶᠤᠯ ᠦᠭᠡᠢ ᠭᠠᠵᠠᠷ ᠣᠷᠣᠨ ᠳᠤ ᠲᠤᠰᠬᠠᠢ ᠮᠡᠷᠭᠡᠵᠢᠯᠲᠡᠨ ᠢᠷᠡᠵᠦ ᠰᠢᠢᠳᠪᠦᠷᠢᠯᠡᠬᠦ ᠶᠢ ᠬᠦᠯᠢᠶᠡᠬᠦ ᠬᠡᠷᠡᠭᠲᠡᠢ᠃

  ᠰᠢᠲᠠᠮᠠᠬᠠᠢ ᠬᠡᠢ ᠯᠡᠪᠡᠷᠡᠬᠦ ᠦᠶᠡᠰ᠂ ᠬᠡᠷᠪᠡ ᠯᠡᠪᠡᠷᠡᠭᠰᠡᠨ ᠰᠢᠲᠠᠮᠠᠬᠠᠢ ᠬᠡᠢ ᠨᠢ ᠵᠣᠬᠢᠬᠤ ᠦᠳᠭᠡᠴᠡ ᠳᠤ ᠬᠦᠷᠪᠡᠯ᠂ ᠰᠢᠲᠠᠮᠠᠬᠠᠢ ᠬᠡᠢ ᠶᠢᠨ ᠠᠳᠡᠯ ᠭᠠᠷᠴᠤ ᠮᠡᠳᠡᠨ᠎ᠡ᠃

  ᠡᠶᠢᠮᠤ ᠠᠴᠠ ᠰᠢᠢᠳᠪᠤᠷᠢᠯᠡᠬᠦ ᠶᠠᠪᠤᠴᠠ ᠳᠤ ᠳᠣᠣᠷᠠᠬᠢ ᠬᠡᠳᠦᠨ ᠵᠦᠢᠯ ᠢ ᠡᠷᠬᠡᠪᠰᠢ ᠠᠩᠬᠠᠷᠤᠭᠠᠷᠠᠢ᠃

  ᠲᠣᠰᠣ ᠤᠲᠤᠭᠠᠨ ᠤ ᠰᠣᠷᠣᠭᠤᠯ᠂ ᠰᠠᠩᠰᠠ ᠵᠡᠷᠭᠡ ᠶᠠᠮᠠᠷᠪᠠ ᠴᠠᠬᠢᠯᠭᠠᠨ ᠬᠡᠷᠡᠭᠰᠡᠯ ᠢ ᠴᠤ ᠠᠵᠢᠯᠯᠠᠭᠤᠯᠵᠤ ᠪᠣᠯᠬᠤ ᠦᠭᠡᠢ᠂ ᠡᠯ᠎ᠡ ᠵᠦᠢᠯ ᠤᠨ ᠴᠠᠬᠢᠯᠭᠠᠨ ᠬᠡᠷᠡᠭᠰᠡᠯ ᠤᠨ ᠨᠡᠭᠡᠯᠡᠭᠡᠢ᠂ ᠤᠭᠯᠠᠭᠤᠷ ᠪᠣᠯᠤᠨ ᠵᠢᠭᠢᠷᠢᠭ ᠢ ᠤᠭᠯᠤᠷᠭ᠎ᠠ ᠲᠠᠢ ᠵᠠᠯᠭᠠᠬᠤ ᠳᠤ ᠴᠥᠮ ᠲᠠᠶᠢᠪᠤᠩ ᠴᠠᠬᠢᠯᠭᠠᠨ ᠣᠴᠢ ᠭᠠᠷᠴᠤ ᠮᠡᠳᠡᠨ᠎ᠡ᠃

  ᠭᠡᠷ ᠳᠣᠲᠣᠷ᠎ᠠ ᠤᠲᠠᠰᠤᠳᠠᠵᠤ ᠪᠣᠯᠬᠤ ᠦᠭᠡᠢ᠂ ᠭᠠᠷ ᠤᠲᠠᠰᠤ᠂ ᠰᠠᠭᠤᠳᠠᠯ ᠤᠲᠠᠰᠤ ᠪᠠᠷ ᠴᠥᠮ ᠤᠲᠠᠰᠤᠳᠠᠵᠤ ᠪᠣᠯᠬᠤ ᠦᠭᠡᠢ᠃

  ᠡᠭᠦᠳᠡ ᠴᠣᠩᠬᠤ ᠪᠠᠨ ᠲᠦᠷᠭᠡᠨ ᠨᠡᠭᠡᠭᠡᠪᠡᠯ ᠮᠥᠷᠭᠦᠯᠲᠡ ᠥᠷᠥᠯᠲᠡ ᠠᠴᠠ ᠪᠣᠯᠵᠤ ᠴᠠᠬᠢᠯᠭᠠᠨ ᠣᠴᠢ ᠭᠠᠷᠴᠤ ᠮᠡᠳᠡᠨ᠎ᠡ᠃

  ᠥᠷᠥᠭᠡᠨ ᠳᠤ ᠬᠤᠪᠴᠠᠰᠤ ᠲᠠᠶᠢᠯᠵᠤ ᠪᠣᠯᠬᠤ ᠦᠭᠡᠢ᠂ ᠢᠯᠠᠩᠭᠤᠶ᠎ᠠ ᠬᠤᠯᠢᠮᠠᠭ ᠨᠡᠬᠡᠮᠡᠯ᠂ ᠨᠢ ᠯᠦᠩ ᠮᠠᠲ᠋ᠧᠷᠢᠶᠠᠯ ᠤᠨ ᠲᠥᠷᠥᠯ ᠤᠨ ᠬᠤᠪᠴᠠᠰᠤ ᠨᠢ ᠨᠡᠩ ᠠᠮᠠᠷᠬᠠᠨ ᠲᠠᠢᠪᠤᠩ ᠴᠠᠬᠢᠯᠭᠠᠨ ᠡᠭᠦᠰᠳᠡᠭ ᠪᠠᠶᠢᠨ᠎ᠠ᠃

127eedeb06e497209611cfaac078fe3.png

  ᠤᠷᠢᠳᠴᠢᠯᠠᠨ‌‍ᠰᠡᠷᠭᠡᠶᠢᠯᠡᠬᠦ ᠶᠢ ᠴᠢᠬᠤᠯᠠᠴᠢᠯᠠᠵᠤ᠂ ᠡᠳᠡᠭᠡᠷ ᠠᠮᠤᠷ ᠲᠦᠪᠰᠢᠨ ᠤ ᠮᠡᠳᠡᠯᠭᠡ ᠶᠢ ᠣᠶᠢᠯᠠᠭᠠᠭᠠᠷᠠᠢ

  ᠰᠢᠲᠠᠮᠠᠬᠠᠢ ᠬᠡᠢ ᠬᠡᠷᠡᠭᠯᠡᠬᠦ ᠦᠶ᠎ᠡ ᠳᠤ ᠬᠠᠵᠠᠭᠤ ᠳᠤ ᠨᠢ ᠰᠠᠬᠢᠬᠤ ᠬᠡᠷᠡᠭᠲᠡᠢ᠃

  ᠰᠢᠲᠠᠭᠴᠢ ᠬᠡᠢ ᠶᠢ ᠬᠡᠷᠡᠭᠯᠡᠵᠦ ᠪᠠᠶᠢᠭ᠎ᠠ ᠥᠷᠥᠭᠡ ᠶᠢᠨ ᠡᠭᠦᠳᠡ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠬᠡᠷᠡᠭᠲᠡᠢ᠃

  ᠪᠤᠳᠠᠭ᠎ᠠ ᠪᠠᠵᠠᠭᠠᠬᠤ ᠂ ᠱᠥᠯᠥ ᠪᠤᠴᠠᠯᠭᠠᠬᠤ ᠦᠶ᠎ᠡ ᠳᠤ ᠬᠥᠮᠥᠨ ᠰᠠᠯᠵᠤ ᠪᠣᠯᠬᠤ ᠦᠭᠡᠢ᠂ ᠤᠰᠤ ᠣᠷᠭᠢᠯᠵᠤ ᠭᠠᠯ ᠢ ᠤᠨᠲᠠᠷᠠᠭᠠᠵᠤ᠂ ᠬᠡᠢ ᠪᠡᠶᠡᠲᠦ ᠯᠡᠪᠡᠷᠡᠬᠦ ᠠᠴᠠ ᠰᠡᠷᠭᠡᠶᠢᠯᠡᠬᠦ ᠬᠡᠷᠡᠭᠲᠡᠢ᠃

  ᠰᠢᠩᠭᠡᠨᠵᠢᠮᠡᠯ ᠬᠡᠢ ᠶᠢᠨ ᠰᠠᠪᠠ ᠶᠢ ᠪᠢᠲᠡᠭᠡᠢ ᠬᠥᠨᠳᠡᠯᠡᠨ ᠲᠠᠯᠪᠢᠭᠠᠷᠠᠢ᠃ ᠵᠠᠪᠠᠯ ᠡᠭᠴᠡ ᠪᠣᠰᠤᠭ᠎ᠠ ᠲᠠᠯᠪᠢᠬᠤ ᠬᠡᠷᠡᠭᠲᠡᠢ᠃

  ᠰᠢᠩᠭᠡᠨᠵᠢᠮᠡᠯ ᠬᠡᠢ ᠶᠢᠨ ᠪᠣᠯᠣᠳ ᠯᠣᠩᠬᠤ ᠶᠢ ᠬᠡᠷᠡᠭᠯᠡᠬᠦ ᠦᠶ᠎ᠡ ᠳᠤ ᠬᠠᠯᠠᠭᠠᠵᠤ᠂ ᠲᠣᠩᠭᠤᠷᠠᠭᠤᠯᠵᠤ᠂ ᠬᠥᠨᠳᠡᠯᠡᠨ ᠲᠠᠯᠪᠢᠵᠤ᠂ ᠬᠡᠯᠪᠡᠯᠵᠡᠭᠦᠯᠦᠨ ᠰᠠᠵᠢᠯᠠᠵᠤ ᠪᠣᠯᠬᠤ ᠦᠭᠡᠢ᠃

b712b62f9b1dec82175ce3ace2ca99b.png

  ᠰᠢᠲᠠᠮᠠᠬᠠᠢ ᠬᠡᠢ ᠶᠢᠨ ᠲᠥᠬᠦᠭᠡᠷᠦᠮᠵᠢ ᠳᠤ ᠬᠦᠨᠳᠦ ᠶᠠᠭᠤᠮ᠎ᠠ ᠪᠢᠲᠡᠭᠡᠢ‌ᠡᠯᠭᠦᠭᠡᠷᠡᠢ᠃

  ᠬᠡᠢ ᠶᠢᠨ ᠬᠡᠮᠵᠢᠭᠦᠷ᠂ ᠤᠰᠤ ᠬᠠᠯᠠᠭᠠᠭᠤᠷ᠂ ᠰᠢᠲᠠᠮᠠᠬᠠᠢ ᠬᠡᠢ ᠶᠢᠨ ᠲᠦᠬᠦᠭᠡᠷᠦᠮᠵᠢ ᠵᠢᠴᠢ ᠳᠠᠭᠠᠯᠲᠠ ᠬᠤᠭᠤᠯᠠᠢ ᠵᠡᠷᠭᠡ ᠶᠢᠨ ᠭᠠᠳᠠᠭᠤᠷ ᠨᠢ ᠪᠣᠭᠤᠳᠠᠯᠯᠠᠵᠤ ᠪᠣᠯᠬᠤ ᠦᠭᠡᠢ᠃

  ᠰᠢᠲᠠᠮᠠᠬᠠᠶ ᠬᠡᠢ ᠶᠢᠨ ᠲᠥᠬᠦᠭᠡᠷᠦᠮᠵᠢ ᠳᠡᠭᠡᠷ᠎ᠡ ᠡᠳ᠋ ᠪᠣᠳᠠᠰ ᠤᠶᠠᠵᠤ᠂ ᠡᠯᠭᠦᠬᠦ ᠪᠣᠯᠬᠤ ᠦᠭᠡᠢ᠂ ᠰᠢᠲᠠᠮᠠᠬᠠᠢ ᠬᠡᠢ ᠯᠡᠪᠡᠷᠡᠬᠦ ᠶᠢ ᠰᠡᠷᠭᠡᠶᠢᠯᠡᠬᠦ ᠬᠡᠷᠡᠭᠲᠡᠢ᠃

  ᠲᠣᠭᠲᠠᠮᠠᠯ ᠬᠤᠭᠤᠴᠠᠭ᠎ᠠ ᠲᠠᠢ ᠪᠠᠷ ᠭᠡᠮ ᠰᠣᠭᠤᠭ ᠢ ᠪᠠᠶᠢᠴᠠᠭᠠᠨ ᠰᠡᠷᠭᠡᠶᠢᠯᠡᠨ᠎ᠡ᠃

  ᠲᠣᠭᠤᠭᠠᠨ ᠭᠡᠷ ᠤᠨ ᠰᠢᠲᠠᠮᠠᠬᠠᠢ ᠬᠡᠢ ᠶᠢᠨ ᠵᠢᠶᠣᠤᠫᠢ ᠬᠤᠭᠤᠯᠠᠢ ᠬᠠᠭᠤᠴᠢᠷᠠᠵᠤ᠂ ᠰᠤᠯᠠᠷᠠᠭᠰᠠᠨ ᠪᠠᠶᠢᠬᠤ ᠡᠰᠡᠬᠦ ᠶᠢ ᠪᠠᠶᠢᠩᠭᠤ ᠪᠠᠶᠢᠴᠠᠭᠠᠬᠤ ᠬᠡᠷᠡᠭᠲᠡᠢ᠃

  ᠬᠡᠪ ᠤᠨ ᠪᠤᠰᠤ ᠪᠠᠶᠢᠳᠠᠯ ᠢᠯᠡᠷᠡᠪᠡᠯ ᠴᠠᠭ ᠲᠤᠬᠠᠢ ᠳᠤᠨᠢ ᠲᠤᠰᠬᠠᠢ ᠮᠡᠷᠭᠡᠵᠢᠯ ᠤᠨ ᠠᠵᠢᠯᠲᠠᠨ ᠲᠠᠢ ᠬᠠᠷᠢᠯᠴᠠᠵᠤ ᠰᠡᠯᠪᠢᠨ ᠵᠠᠰᠠᠵᠤ ᠰᠣᠯᠢᠭᠤᠯᠬᠤ ᠬᠡᠷᠡᠭᠲᠡᠢ᠃

f8d6272963b90f247675fc72b2db2ac.png

   ᠰᠢᠲᠠᠮᠠᠬᠠᠢ ᠬᠡᠢ ᠶᠢᠨ ᠵᠤᠤᠬ᠎ᠠ ᠶᠢᠨ ᠬᠤᠭᠤᠯᠠᠢ ᠭᠤᠤᠷᠰᠤ ᠵᠡᠷᠭᠡ ᠪᠡᠯᠡᠳᠬᠡᠮᠵᠢ ᠶᠢ ᠳᠤᠷ᠎ᠠ ᠪᠠᠷ ᠢᠶᠠᠨ ᠥᠭᠡᠷᠡᠴᠢᠯᠡᠵᠦ ᠪᠣᠯᠬᠤ ᠦᠭᠡᠢ᠃

  ᠰᠢᠲᠠᠮᠠᠬᠠᠶ ᠬᠡᠢ ᠶᠢᠨ ᠵᠤᠤᠬ᠎ᠠ ᠶᠢᠨ ᠬᠡᠢ ᠠᠭᠤᠯᠬᠤ ᠰᠠᠪᠠ ᠶᠢ ᠰᠣᠯᠢᠬᠤ ᠳᠤ ᠬᠤᠭᠤᠯᠠᠢ ᠭᠤᠤᠷᠰᠤ ᠶᠢᠨ ᠵᠠᠯᠭᠠᠭᠠᠰᠤ ᠶᠢᠨ ᠪᠠᠲᠤ ᠪᠠᠬᠢ ᠪᠠᠶᠢᠬᠤ ᠶᠢ ᠪᠠᠲᠤᠯᠠᠵᠤ᠂ ᠬᠡᠢ ᠯᠡᠪᠡᠷᠡᠵᠦ ᠪᠠᠶᠢᠬᠤ ᠡᠰᠡᠬᠦ ᠶᠢ ᠪᠠᠶᠢᠴᠠᠭᠠᠬᠤ ᠬᠡᠷᠡᠭᠲᠡᠢ᠃ 

5789231a0bc54c958654808cc2434d6.png

  ᠭᠡᠷ ᠠᠴᠠ ᠭᠠᠷᠬᠤ ᠠᠴᠠ ᠪᠠᠨ ᠡᠮᠦᠨ᠎ᠡ ᠨᠡᠭᠡᠯᠡᠭᠡᠢ ᠶᠢ ᠬᠠᠭᠠᠵᠤ᠂ᠭᠠᠳᠠᠭᠰᠢ ᠭᠠᠷᠬᠤ ᠠᠴᠠ ᠡᠮᠦᠨ᠎ᠡ ᠵᠠᠪᠠᠯ ᠪᠠᠶᠢᠴᠠᠭᠠᠬᠤ ᠬᠡᠷᠡᠭᠲᠡᠢ᠃

  ᠬᠡᠢ ᠠᠭᠤᠯᠬᠤ ᠰᠠᠪᠠ ᠶᠢᠨ ᠨᠡᠭᠡᠯᠡᠬᠡᠢ᠂ ᠬᠤᠭᠤᠯᠠᠢ᠂ ᠵᠥᠭᠡᠯᠡᠨ ᠭᠤᠤᠷᠰᠤ ᠲᠠᠢ ᠵᠠᠯᠭᠠᠬᠤ ᠨᠡᠭᠡᠯᠡᠬᠡᠢ ᠪᠠ ᠵᠤᠤᠬᠠᠨ ᠤ ᠬᠡᠷᠡᠭᠰᠡᠯ ᠤᠨ ᠨᠡᠭᠡᠯᠡᠭᠡᠢ ᠵᠡᠷᠭᠡ ᠶᠢ ᠰᠠᠶᠢᠲᠤᠷ ᠬᠠᠭᠠᠬᠤ ᠬᠡᠷᠡᠭᠲᠡᠢ᠃


ᠢᠷᠡᠯᠲᠡ᠄ ᠲᠥᠪ ᠲᠧᠯᠸᠢᠰ ᠤᠨ ᠨᠢᠭᠡᠳᠦᠭᠡᠷ ᠰᠤᠪᠠᠭ