2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠵᠢᠷᠤᠮᠵᠢᠭᠰᠠᠨ ᠵᠠᠬ᠎ᠠ ᠳᠡᠯᠭᠡᠭᠦᠷ ᠤᠨ ᠪᠤᠶᠢᠵᠢᠭᠤᠯᠬᠤ ᠡᠲᠡᠭᠡᠳ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/3/19

      ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ᠂ ᠲᠤᠰᠬᠠᠶ ᠠᠰᠢᠭ ᠤᠨ ᠣᠷᠣᠯᠠᠨ ᠭᠦᠢᠴᠡᠳᠭᠡᠬᠦ ᠭᠠᠵᠠᠷ᠂ ᠪᠥᠬᠦ ᠣᠷᠣᠨ ᠤ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠳᠤ᠄

       ᠥᠪᠡᠷᠲᠡᠭᠡᠨ ᠵᠠᠰᠠᠬᠤ ᠣᠷᠣᠨ ᠤ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠪᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ 2024 ᠣᠨ ᠤ ᠪᠥᠬᠦ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠵᠢᠷᠤᠮᠵᠢᠭᠰᠠᠨ ᠵᠠᠬ᠎ᠠ ᠳᠡᠯᠭᠡᠭᠦᠷ ︵ᠳᠣᠷᠣᠭᠰᠢ ︽ᠵᠢᠷᠤᠮᠵᠢᠭᠰᠠᠨ ᠵᠠᠬ᠎ᠠ ᠳᠡᠯᠭᠡᠭᠦᠷ︾ ᠭᠡᠵᠦ ᠲᠣᠪᠴᠢᠯᠠᠨ᠎ᠠ︶ ᠤᠨ ᠪᠤᠶᠢᠵᠢᠭᠤᠯᠬᠤ ᠡᠲᠡᠭᠡᠳ ᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄

        ᠨᠢᠭᠡ᠂ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ

        ︵ᠨᠢᠭᠡ︶ ᠭᠤᠶᠤᠴᠢᠯᠠᠨ ᠮᠡᠳᠡᠭᠦᠯᠬᠦ ᠭᠤᠣᠯ ᠴᠣᠭᠴᠠ

        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠳᠠᠩᠰᠠᠯᠠᠭᠤᠯᠤᠭᠰᠠᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ᠂ ᠲᠣᠭᠲᠠᠮᠠᠯ ᠡᠵᠡᠩᠨᠡᠯᠲᠡ ᠶᠢᠨ ᠠᠷᠠᠯᠵᠢᠶᠠᠨ ᠤ ᠲᠠᠯᠠᠪᠤᠷ ᠭᠠᠵᠠᠷ ᠲᠠᠢ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ᠃ ᠰᠦᠯᠵᠢᠶᠡᠨ ᠳᠡᠭᠡᠷᠡᠬᠢ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ︽ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ︾ ᠶᠢᠨ ᠲᠣᠭᠲᠠᠭᠠᠯ ᠳᠤ ᠨᠡᠶᠢᠴᠡᠭᠰᠡᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠪᠠᠶᠢᠬᠤ ᠬᠡᠷᠡᠭᠲᠡᠶ᠃

        ︵ᠬᠤᠶᠠᠷ︶ ᠭᠤᠶᠤᠴᠢᠯᠠᠨ ᠮᠡᠳᠡᠬᠦᠯᠬᠦ ᠨᠦᠬᠦᠴᠡᠯ

        ᠵᠣᠬᠢᠬᠤ ᠬᠡᠪᠴᠢᠶ᠎ᠡ ᠪᠠ ᠨᠥᠯᠥᠭᠡᠯᠡᠬᠦ ᠬᠦᠴᠦᠨ ᠲᠠᠢ ︵ᠵᠠᠬ᠎ᠠ ᠳᠡᠯᠭᠡᠭᠦᠷ ᠤᠨ ᠬᠡᠪᠴᠢᠶ᠎ᠡ᠂ ᠣᠨ ᠤ ᠠᠷᠠᠯᠵᠢᠶ᠎ᠠ ᠪᠦᠲᠦᠭᠰᠡᠨ    ᠲᠤᠭ᠎ᠠ᠂ ᠡᠵᠡᠩᠨᠡᠭᠴᠢ ᠶᠢᠨ ᠲᠤᠭ᠎ᠠ ᠬᠡᠮᠵᠢᠶ᠎ᠡ ᠵᠡᠷᠭᠡ︶ ᠪᠤᠶᠤ ᠢᠯᠡᠳᠲᠡ ᠣᠷᠣᠨ ᠨᠤᠲᠤᠭ ᠤᠨ ᠣᠨᠴᠠᠯᠢᠭ ᠲᠠᠢ︔ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠤᠨ ᠰᠠᠭᠤᠷᠢ ᠲᠠᠢ ᠪᠠᠶᠢᠬᠤ︔ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠳᠤ ᠠᠵᠢᠯᠲᠠᠨ᠂ ᠵᠠᠷᠤᠳᠠᠯ᠂ ᠮᠡᠳᠡᠭᠡ ᠵᠠᠩᠭᠢ ᠵᠡᠷᠭᠡ ᠲᠠᠯ᠎ᠠ ᠶᠢᠨ ᠡᠬᠢ ᠪᠠᠶᠠᠯᠢᠭ ᠪᠠ ᠳᠡᠮᠵᠢᠯᠭᠡ ᠬᠠᠩᠭᠠᠵᠤ ᠴᠢᠳᠠᠨ᠎ᠠ᠃

        ︵ᠭᠤᠷᠪᠠ︶ ᠭᠤᠶᠤᠴᠢᠯᠠᠨ ᠮᠡᠳᠡᠭᠦᠯᠬᠦ ᠮᠠᠲ᠋ᠧᠷᠢᠶᠠᠯ

        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠵᠢᠷᠤᠮᠵᠢᠭᠰᠠᠨ ᠵᠠᠬ᠎ᠠ ᠳᠡᠯᠭᠡᠭᠦᠷ ᠢ ᠪᠤᠶᠢᠵᠢᠭᠤᠯᠬᠤ ᠠᠵᠢᠯ ᠤᠨ ᠭᠤᠶᠤᠴᠢᠯᠠᠨ ᠮᠡᠳᠡᠭᠦᠯᠬᠦ ᠪᠢᠴᠢᠭ ︵2024 ᠣᠨ︶︾ ︵ᠳᠠᠭᠠᠯᠳᠤᠭᠤᠯᠤᠯ 1︶ ᠵᠢᠴᠢ ᠬᠠᠷᠠᠭᠠᠯᠵᠠᠭᠰᠠᠨ ᠭᠡᠷᠡᠴᠢᠯᠡᠬᠦ ᠮᠠᠲ᠋ᠧᠷᠢᠶᠠᠯ᠃ ᠱᠠᠭᠠᠷᠳᠠᠯᠭ᠎ᠠ᠄ A4 ᠴᠠᠭᠠᠰᠤ ᠶᠢ ᠬᠤᠶᠠᠷ ᠲᠠᠯ᠎ᠠ ᠪᠠᠷ ᠳᠠᠷᠤᠮᠠᠯᠯᠠᠵᠤ ᠵᠡᠭᠦᠨ ᠲᠠᠯ᠎ᠠ ᠠᠴᠠ ᠨᠢ ᠳᠡᠪᠲᠡᠷᠯᠡᠬᠦ ᠬᠡᠷᠡᠭᠲᠡᠢ᠃

        ︵ᠲᠦᠷᠪᠡ︶ ᠮᠡᠳᠡᠯᠭᠡ ᠶᠢᠨ ᠪᠦᠲᠦᠭᠡᠭᠳᠡᠬᠦᠨ ᠤ ᠡᠷᠭᠡ ᠶᠢᠨ ᠰᠠᠯᠠᠭ᠎ᠠ ᠮᠦᠴᠢᠷ ᠠᠴᠠ ᠲᠠᠨᠢᠯᠴᠠᠭᠤᠯᠬᠤ

     ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠤ ᠠᠩᠬᠠᠨ ᠤ ᠬᠢᠨᠠᠯᠲᠠ ᠲᠠᠯᠪᠢᠵᠤ᠂ ᠲᠣᠰ ᠭᠠᠵᠠᠷ ᠣᠷᠣᠨ ᠤ ᠪᠤᠶᠢᠵᠢᠭᠤᠯᠬᠤ ᠪᠠᠷ ᠪᠠᠶᠢᠭ᠎ᠠ ᠡᠲᠡᠭᠡᠳ ᠢ ᠲᠣᠭᠲᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠵᠢᠷᠤᠮᠵᠢᠭᠰᠠᠨ ᠵᠠᠬ᠎ᠠ ᠳᠡᠯᠭᠡᠭᠦᠷ ᠢ ᠪᠤᠶᠢᠵᠢᠭᠤᠯᠬᠤ ᠠᠵᠢᠯ ᠤᠨ ᠲᠠᠨᠢᠯᠴᠠᠭᠤᠯᠬᠤ ᠬᠦᠰᠦᠨᠦᠭᠲᠦ ︵2024 ᠣᠨ︶︾ ︵ᠳᠠᠭᠠᠯᠳᠤᠭᠤᠯᠤᠯ 2︶ ᠶᠢ ᠲᠠᠭᠯᠠᠨ᠎ᠠ᠃

        ︵ᠲᠠᠪᠤ︶ ᠬᠢᠨᠠᠨ ᠲᠣᠭᠲᠠᠭᠠᠬᠤ

        ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠡᠯ᠎ᠡ ᠭᠠᠵᠠᠷ ᠤᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠵᠤ᠂ ᠮᠤᠵᠢ ᠶᠢᠨ ᠱᠠᠲᠤᠨ ᠤ ᠵᠢᠷᠤᠮᠵᠢᠭᠰᠠᠨ ᠵᠠᠬ᠎ᠠ ᠳᠡᠯᠭᠡᠭᠦᠷ ᠤᠨ ᠪᠤᠶᠢᠵᠢᠭᠤᠯᠬᠤ ᠨᠡᠷᠡᠰ ᠢ ᠰᠢᠯᠢᠨ ᠲᠣᠭᠲᠠᠭᠠᠵᠤ᠂ ᠨᠥᠬᠦᠴᠡᠯ ᠳᠤ ᠨᠡᠶᠢᠴᠡᠬᠦ 4 ᠵᠠᠬ᠎ᠠ ᠳᠡᠯᠭᠡᠭᠦᠷ ᠢ ᠪᠤᠶᠢᠵᠢᠭᠤᠯᠤᠨ ᠪᠥᠲᠥᠭᠡᠨ ᠪᠠᠶᠢᠭᠤᠯᠬᠤ ᠠᠵᠢᠯ ᠥᠷᠨᠢᠭᠦᠯᠬᠦ ᠶᠢ ᠵᠥᠪᠰᠢᠶᠡᠷᠡᠨ᠎ᠡ᠃

        ᠬᠤᠶᠠᠷ᠂ ᠮᠡᠳᠡᠭᠦᠯᠦᠨ ᠬᠦᠷᠭᠡᠬᠦ ᠱᠠᠭᠠᠷᠳᠠᠯᠭ᠎ᠠ

     ᠴᠠᠭᠠᠰᠤᠨ ᠬᠡᠪᠯᠡᠯ ᠤᠨ ᠮᠡᠳᠡᠭᠦᠯᠬᠦ ᠮᠠᠲ᠋ᠧᠷᠢᠶᠠᠯ᠂ ᠲᠠᠨᠢᠯᠴᠠᠭᠤᠯᠬᠤ ᠬᠦᠰᠦᠨᠦᠭᠲᠦ ᠶᠢ ᠨᠢᠭᠡ ᠬᠡᠯᠪᠡᠷᠢ ᠶᠢᠨ ᠬᠤᠶᠠᠷ ᠬᠤᠪᠢ ᠶᠢ᠂ ᠡᠯ᠎ᠡ ᠲᠠᠨᠢᠯᠴᠠᠭᠤᠯᠬᠤ ᠪᠠᠶᠢᠭᠤᠯᠭ᠎ᠠ ᠠᠴᠠ ᠨᠢᠭᠡᠳᠦᠯᠲᠡᠶ ᠮᠡᠳᠡᠭᠦᠯᠦᠨ ᠬᠦᠷᠭᠡᠵᠦ᠂ ᠡᠯᠧᠺᠲᠷᠣᠨ ᠬᠡᠪᠯᠡᠯ ᠤᠨ ᠮᠠᠲ᠋ᠧᠷᠢᠶᠠᠯ ᠢ ᠰᠢᠦᠳᠠᠨ ᠬᠠᠶᠢᠷᠴᠠᠭ ᠲᠤ ᠬᠦᠷᠭᠡᠨ᠎ᠡ᠃

        2024 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ᠃

        ᠭᠤᠷᠪᠠ᠂ ᠠᠵᠢᠯ ᠤᠨ ᠱᠠᠭᠠᠷᠳᠠᠯᠭ᠎ᠠ

      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠮᠡᠳᠡᠭᠦᠯᠬᠦ ᠠᠵᠢᠯ ᠢ ᠢᠳᠡᠪᠬᠢᠲᠡᠶ  ᠥᠷᠨᠢᠭᠦᠯᠦᠨ᠎ᠡ᠃ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠢᠳᠡᠪᠬᠢᠲᠡᠢ ᠪᠠᠷ ᠤᠷᠢᠳᠴᠢᠯᠠᠨ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ ᠦᠢᠯᠡᠴᠢᠯᠡᠵᠦ᠂ ᠡᠯ᠎ᠡ ᠲᠦᠷᠦᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠶᠤᠴᠢᠯᠠᠨ ᠮᠡᠳᠡᠭᠦᠯᠬᠦ ᠶᠢ ᠳᠡᠮᠵᠢᠨ ᠬᠠᠪᠰᠤᠷᠬᠤ ᠬᠡᠷᠡᠭᠲᠡᠢ᠃

      ︵ᠬᠤᠶᠠᠷ︶ ᠵᠠᠬ᠎ᠠ ᠳᠡᠯᠭᠡᠭᠦᠷ ᠢ ᠰᠢᠯᠢᠨ ᠰᠣᠩᠭᠤᠬᠤ ᠶᠢ ᠴᠢᠬᠤᠯᠠᠴᠢᠯᠠᠵᠤ᠂ ᠲᠠᠨᠢᠯᠴᠠᠭᠤᠯᠬᠤ ᠶᠠᠰᠤ ᠴᠢᠨᠠᠷ ᠤᠨ ᠪᠣᠭᠤᠮᠲᠠ ᠪᠠ ᠮᠠᠲ᠋ᠧᠷᠢᠶᠠᠯ ᠢ ᠬᠢᠨᠠᠨ ᠬᠠᠷᠭᠤᠭᠤᠯᠬᠤ ᠪᠣᠭᠤᠮᠲᠠ ᠶᠢ ᠰᠠᠶᠢᠲᠤᠷ ᠠᠳᠬᠤᠨ᠎ᠠ᠃ ᠭᠤᠶᠤᠴᠢᠯᠠᠨ ᠮᠡᠳᠡᠭᠦᠯᠬᠦ ᠪᠠ ᠲᠠᠨᠢᠯᠴᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠨᠢᠯᠴᠠᠭᠤᠯᠬᠤ ᠡᠲᠡᠭᠡᠳ ᠢ ᠦᠨᠡᠨ ᠬᠦ ᠰᠢᠯᠢᠳᠡᠭ ᠢ ᠨᠢ ᠣᠨᠣᠪᠴᠢᠲᠠᠶ ᠰᠣᠩᠭᠤᠵᠤ᠂ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠪᠠᠶᠢᠳᠠᠯ ᠢ ᠶᠡᠷᠦᠩᠬᠡᠶᠢᠯᠡᠨ᠂ ᠬᠡᠪᠴᠢᠶ᠎ᠡ ᠪᠠᠷ ᠶᠡᠭᠡ᠂ ᠣᠨᠴᠠᠯᠢᠭ ᠲᠠᠢ᠂ ᠰᠠᠭᠤᠷᠢ ᠰᠠᠶᠢᠲᠠᠶ᠂ ᠢᠳᠡᠪᠬᠢᠵᠢᠯ ᠢᠶᠠᠷ ᠥᠨᠳᠥᠷ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠲᠠᠨᠢᠯᠴᠠᠭᠤᠯᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃

      ︵ᠭᠤᠷᠪᠠ︶ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠵᠤ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠪᠤᠶᠢᠵᠢᠭᠤᠯᠬᠤ ᠬᠤᠭᠤᠴᠠᠭᠠᠨ ᠳᠤ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠨᠡᠪᠲᠡᠷᠡᠯᠴᠡᠵᠦ᠂ ᠬᠤᠳᠠᠯᠳᠤᠭᠠᠴᠢᠳ ᠤᠨ ᠨᠡᠶᠢᠭᠡᠮᠯᠢᠭ᠂ ᠦᠢᠯᠡᠴᠢᠯᠡᠭᠡᠨ ᠤ ᠪᠠᠶᠢᠭᠤᠯᠤᠮᠵᠢ ᠵᠢᠴᠢ ᠡᠯ᠎ᠡ ᠵᠦᠢᠯ ᠤᠨ ᠨᠡᠶᠢᠭᠡᠮ ᠤᠨ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠤᠶᠢᠵᠢᠭᠤᠯᠬᠤ ᠵᠢᠯᠣᠭᠤᠳᠣᠯᠭ᠎ᠠ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃

        ᠬᠠᠷᠢᠯᠴᠠᠬᠤ ᠬᠥᠮᠦᠨ᠄ ᠳ᠋ᠤᠤ ᠬᠤᠩ ᠮᠧᠢ

        ᠬᠠᠷᠢᠯᠴᠠᠬᠤ ᠤᠲᠠᠰᠤ᠄ 0471 – 4501050

        ᠢᠮᠧᠯ᠄ nmgbhc@163.com


ᠳᠠᠭᠠᠯᠳᠤᠭᠤᠯᠤᠯ᠄

1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠵᠢᠷᠤᠮᠵᠢᠭᠰᠠᠨ ᠵᠠᠬ᠎ᠠ ᠳᠡᠯᠭᠡᠭᠦᠷ ᠤᠨ ᠪᠤᠶᠢᠵᠢᠭᠤᠯᠬᠤ ᠡᠲᠡᠭᠡᠳ ᠤᠨ ᠭᠤᠶᠤᠴᠢᠯᠠᠨ ᠮᠡᠳᠡᠭᠦᠯᠬᠦ ᠪᠢᠴᠢᠭ ︵2024 ᠣᠨ︶

2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠵᠢᠷᠤᠮᠵᠢᠭᠰᠠᠨ ᠵᠠᠬ᠎ᠠ ᠳᠡᠯᠭᠡᠭᠦᠷ ᠤᠨ ᠪᠤᠶᠢᠵᠢᠭᠤᠯᠬᠤ ᠡᠲᠡᠭᠡᠳ ᠤᠨ ᠲᠠᠨᠢᠯᠴᠠᠭᠤᠯᠭ᠎ᠠ ᠶᠢᠨ ᠬᠦᠰᠦᠨᠦᠭᠲᠦ ︵2024 ᠣᠨ︶

 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠪᠴᠢᠶ᠎ᠠ

2024 ᠣᠨ ᠤ 3 ᠳ᠋ᠤᠭᠠᠷ ᠰᠠᠷ᠎ᠠ ᠶᠢᠨ 18 ᠤ ᠡᠳᠦᠷ

 

 

ᠳᠠᠭᠠᠯᠳᠣᠭᠤᠯᠤᠯ ᠬᠠᠶ᠋ᠢᠭ᠄

http://amr.nmg.gov.cn/zw/tzgg/202403/t20240319_2482472.html

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ