ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠷ᠎ᠡ ᠪᠦᠲᠦᠮᠵᠢ ᠪᠠᠨ ᠦᠷᠭᠦᠯᠵᠢᠯᠡᠨ ᠴᠢᠩᠭᠠᠳᠬᠠᠵᠤ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/3/28

        ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠲᠠᠰᠤᠷᠠᠯᠲᠠ ᠥᠬᠡᠶ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠢᠳᠡᠪᠬᠢᠲᠡᠶ ᠪᠣᠶ ᠪᠣᠯᠭᠠᠪᠠ᠃

        ᠨᠢᠭᠡ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠶᠢ ᠵᠢᠷᠤᠮᠵᠢᠭᠤᠯᠬᠤ ᠶᠠᠪᠤᠳᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠴᠤᠪᠤᠷᠠᠯ ᠵᠢᠷᠤᠭ ᠪᠣᠯᠤᠨ ᠦᠢᠯᠡᠴᠢᠯᠡᠭᠡᠨ ᠤ ᠵᠦᠭᠯᠡᠭᠦᠷ ᠢ ᠨᠠᠶᠢᠷᠠᠭᠤᠯᠤᠨ ᠵᠣᠬᠢᠶᠠᠵᠤ ᠲᠡᠭᠦᠯᠳᠡᠷᠵᠢᠭᠦᠯᠦᠨ᠂ ᠠᠵᠢᠯ ᠶᠠᠪᠤᠳᠠᠯ ᠭᠦᠢᠴᠡᠳᠬᠡᠬᠦ ᠲᠡᠰ ᠳᠠᠷᠠᠭᠠᠯᠠᠯ ᠢ ᠮᠠᠰᠢ ᠲᠣᠳᠣᠷᠬᠠᠢ ᠪᠣᠯᠭᠠᠪᠠ᠃ ︽ᠨᠢᠭᠡ ᠬᠦᠰᠦᠨᠦᠭᠲᠦ ᠶᠢᠨ ᠬᠠᠭᠤᠳᠠᠰᠤ︾᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠪᠠ ︽ᠬᠥᠮᠦᠨ ᠤ ᠬᠦᠴᠦ ᠪᠠᠷ ᠭᠠᠷ ᠲᠦᠷᠦᠭᠦ ᠥᠬᠡᠶ ᠣᠶᠤᠨᠴᠢ ᠬᠢᠨᠠᠨ ᠵᠥᠪᠰᠢᠶᠡᠷᠡᠯ︾ ᠵᠡᠷᠭᠡ ᠬᠢᠨᠠᠨ ᠵᠥᠪᠰᠢᠶᠡᠷᠡᠬᠦ ᠵᠠᠭᠪᠤᠷ ᠢ ᠬᠡᠷᠡᠭᠵᠢᠭᠦᠯᠵᠦ᠂ ᠠᠵᠤ ᠠᠬᠤᠶᠢᠯᠠᠯ ᠨᠡᠭᠡᠭᠡᠨ ᠡᠷᠬᠢᠯᠡᠬᠦ ᠳᠤ 0.5 ᠠᠵᠢᠯᠯᠠᠬᠤ ᠡᠳᠦᠷ ᠲᠤ ᠭᠦᠢᠴᠡᠳᠭᠡᠵᠦ ᠳᠠᠭᠤᠰᠬᠠᠬᠤ ᠶᠢ ᠪᠡᠶᠡᠯᠡᠭᠦᠯᠪᠡ᠃ ᠪᠥᠬᠦ ᠣᠷᠣᠨ ᠳᠤ ︽ᠳᠥᠭᠦᠮ ᠳᠥᠲᠡ ᠠᠵᠤ ᠠᠬᠤᠶᠢᠯᠠᠯ ᠤᠨ ᠪᠤᠴᠠᠨ ᠭᠠᠷᠬᠤ︾ ᠥᠭᠡᠷᠡᠴᠢᠯᠡᠯᠲᠡ ᠶᠢ ᠤᠷᠢᠳᠠᠪᠠᠷ ᠬᠡᠷᠡᠭᠵᠢᠭᠦᠯᠵᠦ᠂ ᠡᠵᠡᠩᠨᠡᠯᠲᠡ ᠶᠢᠨ ᠦᠨᠡᠮᠯᠡᠯ ᠪᠠ ᠡᠵᠡᠩᠨᠡᠯᠲᠡ ᠶᠢᠨ ᠵᠥᠪᠰᠢᠶᠡᠷᠡᠯ ᠤᠨ ᠵᠦᠢᠯᠡᠰ ᠢ ᠨᠢᠭᠡ ᠯᠡ ᠤᠳᠠᠭ᠎ᠠ ᠳᠤ ᠬᠦᠴᠦᠨ ᠥᠬᠡᠶ ᠪᠣᠯᠭᠠᠬᠤ ᠶᠢ ᠪᠡᠶᠡᠯᠡᠭᠦᠯᠪᠡ᠃

          ᠬᠤᠶᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠨ ᠲᠡᠭᠦᠯᠳᠡᠷᠵᠢᠭᠦᠯᠵᠦ᠂ ᠠᠳᠠᠯᠢ ᠨᠢᠭᠡ ᠪᠠᠶᠢᠴᠠᠭᠠᠬᠤ ᠡᠲᠡᠭᠡᠳ ᠲᠤ ᠲᠥᠯᠥᠪᠯᠡᠭᠡ ᠲᠠᠢ ᠪᠠᠷ ᠰᠤᠭᠤᠴᠢᠨ ᠪᠠᠶᠢᠴᠠᠭᠠᠬᠤ ᠵᠦᠢᠯᠡᠰ ᠢ ᠨᠢᠭᠡ ᠯᠡ ᠤᠳᠠᠭ᠎ᠠ ᠳᠤ ᠪᠡᠶᠡᠯᠡᠭᠦᠯᠵᠦ᠂ ︽ᠬᠥᠳᠡᠯᠭᠡᠭᠡᠨ ᠤ ᠮᠠᠶ᠋ᠢᠭ︾ ᠤᠨ ᠪᠠᠶᠢᠴᠠᠭᠠᠯᠲᠠ ᠪᠠ ᠡᠵᠡᠩᠨᠡᠯᠲᠡ ᠶᠢᠨ ᠭᠤᠤᠯ ᠴᠣᠭᠴᠠ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠴᠢᠬᠤᠯᠠ ᠪᠤᠰᠤ ᠬᠠᠷᠰᠢ ᠰᠠᠭᠠᠳ ᠪᠣᠯᠬᠤ ᠠᠴᠠ ᠵᠠᠶᠢᠯᠠᠰᠬᠢᠪᠠ᠃ ᠪᠠᠭᠲᠠᠭᠠᠮᠵᠢᠲᠠᠶ ᠪᠥᠭᠡᠳ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠪᠡᠶ᠎ᠡ ᠶᠢᠨ ᠪᠠᠶᠢᠴᠠᠭᠠᠯᠲᠠ ᠶᠢᠨ ᠬᠡᠯᠪᠡᠷᠢ ᠶᠢᠨ ᠬᠢᠨᠠᠯᠲᠠ ᠬᠠᠮᠢᠶᠠᠷᠤᠯᠲᠠ︾᠂ ︽ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠬᠦ︾ ᠵᠠᠭᠪᠤᠷ ᠢ ᠳᠡᠯᠭᠡᠷᠡᠭᠦᠯᠵᠦ᠂ ᠳᠡᠭᠡᠳᠦ ᠱᠠᠲᠤᠨ ᠤ ᠲᠣᠭᠲᠠᠭᠠᠯ ᠢ ᠴᠢᠩᠭ᠎ᠠ ᠬᠡᠷᠡᠭᠵᠢᠭᠦᠯᠬᠦ᠂ ᠲᠣᠰ ᠱᠠᠲᠤᠨ ᠤ ᠥᠯᠥ ᠲᠣᠷᠭᠤᠭᠠᠬᠤ᠂ ᠬᠥᠩᠭᠡᠷᠡᠭᠦᠯᠬᠦ᠂ ᠬᠥᠩᠭᠡᠨ ᠢᠶᠠᠷ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠬᠤ ᠪᠠᠷ ᠳᠠᠮᠵᠢᠵᠤ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠵᠢᠯᠣᠭᠤᠳᠤᠨ ᠪᠠᠭᠲᠠᠭᠠᠮᠵᠢᠲᠠᠶ ᠪᠣᠯᠭᠤᠮᠵᠢᠲᠠᠶ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ 2023 ᠣᠨ ᠳᠤ ᠪᠥᠬᠦ ᠬᠤᠲᠠ ᠳᠤ ᠨᠡᠶᠢᠲᠡ 66 ᠬᠤᠪᠢ ᠰᠢᠢᠳᠭᠡᠯ ᠥᠭᠬᠦ ᠥᠬᠡᠶ ᠬᠡᠷᠡᠭ ︵ᠬᠡᠷᠡᠭ ᠪᠣᠯᠭᠠᠨ ᠳᠠᠩᠰᠠᠯᠠᠭᠰᠠᠨ ᠥᠬᠡᠶ︶ ᠢ ᠰᠢᠢᠳᠪᠦᠷᠢᠯᠡᠵᠦ᠂ ᠬᠤᠲᠠ ᠶᠢᠨ ᠲᠣᠰ ᠱᠠᠲᠤ ᠨᠢ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠢ 15 ᠲᠠᠯᠠᠪᠤᠷ ᠤᠳᠠᠭ᠎ᠠ ᠪᠣᠯᠵᠣᠨ ᠶᠠᠷᠢᠯᠴᠠᠵᠤ᠂ ᠡᠵᠡᠩᠨᠡᠯᠲᠡ ᠶᠢᠨ ᠭᠤᠤᠯ ᠴᠣᠭᠴᠠ ᠳᠤ ︽ᠳᠤᠯᠠᠭᠠᠴᠠ ᠲᠠᠢ ᠬᠠᠤᠯᠢ ᠬᠡᠷᠡᠭᠵᠢᠭᠦᠯᠬᠦ︾ ᠶᠢ ᠭᠦᠢᠴᠡᠳ ᠮᠡᠳᠡᠷᠡᠭᠦᠯᠪᠡ᠃

         ᠭᠤᠷᠪᠠ ᠳᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠰᠦᠷᠳᠡᠭᠦᠯᠬᠦ ᠬᠦᠴᠦᠨ ᠢ ᠦᠷᠭᠦᠯᠵᠢᠯᠡᠨ ᠴᠢᠩᠭᠠᠳᠬᠠᠪᠠ᠃ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ︽ᠲᠡᠮᠦᠷ ᠨᠢᠳᠤᠷᠭ᠎ᠠ︾ ᠪᠠᠷ ᠴᠡᠭᠴᠡᠯᠡᠨ ᠵᠠᠰᠠᠬᠤ᠂ ︽ᠬᠤᠶᠠᠷ ᠲᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠭᠤᠷᠪᠠᠨ ᠪᠦᠲᠦᠭᠡᠭᠳᠡᠬᠦᠨ ᠨᠢᠭᠡ ᠣᠨᠴᠠᠭᠠᠢ︾ ᠵᠡᠷᠭᠡ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ᠃ ᠪᠦᠬᠦ ᠬᠤᠲᠠ ᠳᠤ ᠡᠯ᠎ᠡ ᠲᠥᠷᠥᠯ ᠤᠨ ᠬᠡᠷᠡᠭ ᠢ ᠨᠡᠶᠢᠲᠡ 3345 ᠪᠠᠶᠢᠴᠠᠭᠠᠨ ᠰᠢᠢᠳᠪᠦᠷᠢᠯᠡᠵᠦ᠂ ᠲᠣᠷᠭᠠᠵᠤ ᠬᠤᠷᠢᠶᠠᠭᠰᠠᠨ ᠵᠣᠭᠤᠰ 1753 ᠲᠦᠮᠡᠨ ᠲᠥᠭᠦᠷᠢᠭ᠂ 5 ᠬᠡᠷᠡᠭ ᠢ ᠥᠪᠡᠷᠲᠡᠭᠡᠨ ᠵᠠᠰᠠᠬᠤ ᠣᠷᠣᠨ ᠤ ᠲᠣᠪᠴᠢᠶ᠎ᠠ ᠠᠴᠠ ᠪᠦᠬᠦ ᠣᠷᠣᠨ ᠤ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠢᠯᠭᠠᠷᠠᠭᠤᠯᠪᠠ᠃

         ᠳᠥᠷᠪᠡ ᠳᠤ   ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠ ᠡᠷᠡᠬᠦᠦ ᠶᠢᠨ ᠭᠡᠷᠡᠭ ᠤᠨ ᠬᠠᠤᠯᠢ ᠴᠠᠭᠠᠵᠠ ᠶᠢ ᠵᠤᠯᠭᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠪᠡ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠵᠦᠢᠯ ᠡᠮ ᠤᠨ ᠵᠦᠢᠯ᠂ ᠮᠡᠳᠡᠯᠭᠡ ᠶᠢᠨ ᠥᠮᠴᠢᠯᠡᠯ ᠤᠨ ᠡᠷᠬᠡ᠂ ᠰᠦᠯᠵᠢᠶᠡᠨ ᠤ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭᠠᠨ ᠤ ᠲᠦᠷ ᠬᠤᠷᠢᠯᠲᠠ ᠵᠡᠷᠭᠡ  ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠ ᠡᠷᠡᠬᠦᠦ ᠶᠢᠨ ᠭᠡᠷᠡᠭ ᠤᠨ ᠬᠠᠤᠯᠢ ᠴᠠᠭᠠᠵᠠ ᠶᠢ ᠵᠤᠯᠭᠠᠭᠤᠯᠬᠤ ᠣᠯᠠᠨ ᠠᠵᠢᠯ ᠤᠨ ᠠᠷᠭ᠎ᠠ ᠶᠢ ᠲᠣᠭᠲᠠᠭᠠᠨ ᠲᠠᠷᠬᠠᠭᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠠ ᠳᠤ ᠰᠠᠭᠤᠭ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠬᠠᠷᠢᠯᠴᠠᠬᠤ ᠲᠠᠰᠤᠭ ᠢ ᠪᠠᠶᠢᠭᠤᠯᠵᠤ᠂ ᠬᠠᠭᠤᠷᠮᠠᠭ ᠡᠮ ᠭᠤᠶᠤᠴᠢᠯᠠᠭᠰᠠᠨ ᠢ ᠬᠠᠤᠯᠢ ᠶᠣᠰᠣᠭᠠᠷ 40 ᠤᠳᠠᠭ᠎ᠠ ᠮᠠᠭᠠᠳᠯᠠᠨ ᠲᠣᠭᠲᠠᠭᠠᠵᠤ᠂ 31 ᠡᠷᠡᠭᠦᠦ ᠶᠢᠨ ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠵᠦ᠂ ᠡᠷᠡᠭᠦᠦ ᠰᠢᠳᠭᠡᠯ ᠢ ᠵᠣᠯᠭᠠᠭᠤᠯᠬᠤ ᠠᠵᠢᠯ ᠰᠢᠨ᠎ᠡ ᠠᠬᠢᠴᠠ ᠲᠠᠢ ᠪᠣᠯᠪᠠ᠃

ᠢᠷᠡᠯᠲᠡ᠄ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ