ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/28

        ᠣᠶᠢᠷ᠎ᠠ ᠳᠤ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃

        ᠨᠢᠭᠡ ᠳᠤ ᠠᠵᠢᠯ ᠤᠨ ᠲᠥᠰᠦᠯ ᠲᠣᠭᠲᠠᠭᠠᠵᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃

        ᠬᠤᠶᠠᠷ ᠲᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠯᠲᠠ ᠶᠢᠨ ᠭᠤᠣᠯᠳᠠᠯᠭ᠎ᠠ ᠶᠢ ᠲᠣᠳᠣᠷᠬᠠᠶᠢᠯᠠᠪᠠ᠃ ᠲᠣᠰ ᠤᠳᠠᠭᠠᠨ ᠤ ᠪᠠᠶᠢᠴᠠᠭᠠᠯᠲᠠ ᠳᠤ ᠳᠤᠰᠤᠯᠭᠠᠨ ᠤᠰᠤᠯᠠᠬᠤ ᠪᠦᠰᠡ᠂ ᠬᠢᠮᠢ ᠶᠢᠨ ᠪᠣᠷᠲᠣᠭᠤᠷ᠂ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ᠂ ᠪᠣᠷᠣᠯᠠᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠡᠩ ᠲᠡᠷᠢᠭᠦᠨ ᠳᠤ ︽ᠶᠠᠰᠤ ᠴᠢᠨᠠᠷ ᠢ ᠪᠠᠲᠤᠯᠠᠵᠤ︾᠂ ᠲᠤᠬᠠᠶ ᠶᠢᠨ ᠲᠠᠯᠠᠪᠤᠷ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠡᠷᠦᠬᠡ ᠶᠢᠨ ᠭᠤᠤᠯ ᠴᠣᠭᠴᠠ ᠶᠢᠨ ᠬᠢᠷᠢ ᠬᠡᠮ ᠨᠢ ᠬᠠᠤᠯᠢ ᠶᠣᠰᠣᠨ ᠳᠤ ᠨᠡᠶᠢᠴᠡᠵᠦ ᠬᠦᠴᠦᠨ ᠲᠠᠢ ᠪᠠᠶᠢᠬᠤ ᠡᠰᠡᠬᠦ᠂ ᠭᠡᠷᠡᠴᠢ ᠪᠠᠷᠢᠮᠲᠠ ᠠᠪᠬᠤ᠂ ᠪᠠᠷᠠᠭ᠎ᠠ ᠣᠷᠣᠭᠤᠯᠬᠤ ᠪᠣᠷᠣᠯᠠᠭᠤᠯᠬᠤ ᠡᠬᠡ ᠳᠠᠩᠰᠠ ᠶᠢᠨ ᠳᠦᠷᠢᠮ ᠢ ᠪᠠᠶᠢᠭᠤᠯᠵᠤ ᠲᠡᠭᠦᠯᠳᠡᠷᠵᠢᠭᠦᠯᠦᠭᠰᠡᠨ ᠡᠰᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠣᠷᠣᠭᠤᠯᠤᠭᠰᠠᠨ ᠠᠷᠭ᠎ᠠ ᠵᠠᠮ ᠨᠢ ᠵᠥᠪ ᠣᠨᠣᠪᠴᠢᠲᠠᠶ ᠡᠰᠡᠬᠦ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ᠂ ᠪᠣᠭᠤᠳᠠᠯ ᠪᠠᠭᠯᠠᠭ᠎ᠠ ᠶᠢᠨ ᠲᠣᠳᠣᠷᠬᠠᠶᠢᠯᠠᠯᠲᠠ ᠨᠢ ᠵᠢᠷᠤᠮᠵᠢᠭᠰᠠᠨ ᠦᠨᠡᠨ ᠪᠣᠳᠠᠲᠠᠶ ᠡᠰᠡᠬᠦ ᠵᠡᠷᠭᠡ ᠮᠠᠲ᠋ᠧᠷᠢᠶᠠᠯ ᠢ ᠪᠠᠶᠢᠴᠠᠭᠠᠨ ᠦᠵᠡᠵᠦ᠂ ᠡᠭᠦᠨ ᠤ ᠬᠠᠮᠲᠤ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠲᠤᠰᠬᠠᠶ ᠴᠡᠭᠴᠡᠯᠡᠨ ᠵᠠᠰᠠᠬᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ︾ ᠶᠢ ᠪᠠᠭᠤᠯᠭᠠᠵᠤ᠂ ᠵᠢᠱᠢᠯᠲᠡ ᠪᠠᠷ ᠪᠥᠬᠦ ᠬᠤᠲᠠ ᠶᠢᠨ ᠬᠡᠪᠴᠢᠶᠡᠨ ᠳᠤ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠭᠦᠨ ᠢ 225 ᠪᠦᠯᠦᠭ ᠤᠳᠠᠭ᠎ᠠ ᠰᠤᠭᠤᠴᠢᠨ ᠪᠠᠶᠢᠴᠠᠭᠠᠬᠤ ᠪᠣᠯᠤᠨ᠎ᠠ︔ ᠳᠠᠷᠠᠭ᠎ᠠ ᠨᠢ ︽ᠬᠡᠮᠵᠢᠭᠦᠷ ᠤᠨ ᠪᠠᠶᠢᠴᠠᠭᠠᠯᠲᠠ︾ ᠬᠢᠵᠦ᠂ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠣᠭᠲᠠᠭᠰᠠᠨ ᠬᠡᠮᠵᠢᠶ᠎ᠡ ᠲᠠᠢ ᠪᠣᠭᠤᠳᠠᠯ ᠪᠠᠭᠯᠠᠭ᠎ᠠ ᠶᠢᠨ ᠲᠠᠸᠠᠷ ᠤᠨ ᠴᠡᠪᠡᠷ ᠠᠭᠤᠯᠤᠭᠳᠠᠴᠠ ᠶᠢᠨ ᠬᠡᠮᠵᠢᠯᠲᠡ ᠶᠢᠨ ᠲᠤᠰᠬᠠᠶ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠭᠰᠡᠨ᠂ ᠪᠣᠷᠣᠯᠠᠭᠤᠯᠬᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠣᠭᠲᠠᠭᠰᠠᠨ ᠬᠡᠮᠵᠢᠶᠡᠨ ᠤ ᠪᠣᠭᠤᠳᠠᠯ ᠪᠠᠭᠯᠠᠭ᠎ᠠ ᠶᠢᠨ ᠲᠠᠸᠠᠷ ᠤᠨ ᠴᠡᠪᠡᠷ ᠠᠭᠤᠯᠤᠭᠳᠠᠴᠠ ᠨᠢ ᠲᠣᠳᠣᠷᠬᠠᠶᠢᠯᠠᠯᠲᠠ ᠲᠠᠢ ᠨᠢᠭᠡᠳᠦᠯᠲᠡᠶ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃

        ᠭᠤᠷᠪᠠ ᠳᠤ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠪᠠ᠃ 3 ᠳ᠋ᠤᠭᠠᠷ ᠰᠠᠷ᠎ᠠ ᠶᠢᠨ 14 ᠤ ᠡᠳᠦᠷ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ 56 ᠬᠥᠮᠦᠨ ᠤᠳᠠᠭ᠎ᠠ ᠬᠥᠳᠡᠯᠭᠡᠵᠦ᠂ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ᠂ ᠪᠣᠷᠣᠯᠠᠭᠤᠯᠭ᠎ᠠ ᠶᠢᠨ ᠠᠵᠤ ᠠᠬᠤᠶᠢᠯᠠᠯ ᠢ 23 ᠪᠠᠶᠢᠴᠠᠭᠠᠵᠤ᠂ ᠳᠤᠰᠤᠯᠭᠠᠨ ᠤᠰᠤᠯᠠᠬᠤ ᠪᠦᠰᠡ ᠶᠢ 7 ᠪᠦᠯᠦᠭ ᠤᠳᠠᠭ᠎ᠠ᠂ ᠬᠢᠮᠢ ᠶᠢᠨ ᠪᠣᠷᠲᠣᠭᠤᠷ ᠢ 4 ᠪᠦᠯᠦᠭ ᠤᠳᠠᠭ᠎ᠠ᠂ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢ 8 ᠪᠦᠯᠦᠭ ᠤᠳᠠᠭ᠎ᠠ ᠰᠤᠭᠤᠴᠢᠨ ᠪᠠᠶᠢᠴᠠᠭᠠᠬᠤ ᠶᠢᠨ ᠬᠠᠮᠲᠤ ᠠᠵᠤ ᠠᠬᠤᠶᠢᠯᠠᠯ ᠤᠨ ᠲᠤᠬᠠᠶ ᠶᠢᠨ ᠲᠠᠯᠠᠪᠠᠶ ᠳᠤ ︽ᠤᠯᠠᠭᠠᠨᠴᠠᠪ ᠬᠤᠲᠠ ᠶᠢᠨ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠵᠤ᠂ ᠬᠤᠳᠠᠯᠳᠤᠭᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠵᠢᠷᠤᠮᠵᠢᠭᠤᠯᠤᠨ ᠡᠵᠡᠩᠨᠡᠭᠦᠯᠪᠡ᠃

ᠢᠷᠡᠯᠲᠡ᠄ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ