3 . 15 ᠤ ᠵᠠᠬ᠎ᠠ ᠲᠠᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡ ᠶᠢᠨ ᠳᠣᠬᠠᠢ ᠰᠠᠷᠠᠮᠵᠢᠯᠠᠯ
ᠨᠡᠶᠢᠲᠡᠯᠡᠭᠰᠡᠨ ᠴᠠᠭ᠄
2024/3/4

ᠣᠶᠢᠷ᠎ᠠ ᠶᠢᠨ ᠵᠢᠯ ᠤᠳ ᠲᠤ᠂ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡ ᠠᠭᠠᠵᠢᠮ ᠢᠶᠠᠷ ᠵᠢᠵᠢᠭᠯᠡᠨ ᠬᠤᠳᠠᠯᠳᠤᠬᠤ ᠪᠠ ᠦᠢᠯᠡᠴᠢᠯᠡᠭᠡᠨ ᠤ ᠬᠦᠷᠢᠶᠡᠨ ᠳᠠᠬᠢ ᠭᠤᠣᠯ ᠪᠣᠯᠬᠤ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠵᠤ᠂ ᠵᠢᠰᠦ ᠭᠤᠶᠣᠯᠠᠵᠤ ᠦᠰᠦ ᠵᠠᠰᠠᠬᠤ᠂ ᠤᠮᠪᠠᠯᠲᠠ ᠪᠡᠶ᠎ᠡ ᠴᠢᠭᠢᠷᠠᠭᠵᠢᠭᠤᠯᠤᠯᠲᠠ᠂ ᠢᠳᠡᠭᠡᠨ ᠤᠮᠳᠠᠭᠠᠨ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠬᠥᠮᠦᠵᠢᠯ ᠪᠣᠯᠪᠠᠰᠤᠷᠠᠯ ᠵᠡᠷᠭᠡ ᠠᠵᠢᠯ ᠲᠥᠷᠥᠯ ᠳᠤ ᠥᠷᠭᠡᠨ ᠢᠶᠠᠷ ᠬᠡᠷᠡᠭᠯᠡᠭᠳᠡᠵᠦ ᠪᠠᠶᠢᠨ᠎ᠠ᠃ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡ ᠨᠢ ︽ᠤᠷᠢᠳᠠᠪᠠᠷ ᠰᠦᠢᠳᠬᠡᠯ ᠢᠶᠠᠨ ᠥᠭᠴᠦ᠂ ᠳᠠᠷᠠᠭ᠎ᠠ ᠨᠢ ᠦᠢᠯᠡᠴᠢᠯᠡᠭᠦᠯᠬᠦ︾ ᠨᠢᠭᠡ ᠯᠡ ᠤᠳᠠᠭ᠎ᠠ ᠳᠤ ᠵᠣᠭᠤᠰ ᠥᠭᠴᠦ ᠣᠯᠠᠨ ᠤᠳᠠᠭ᠎ᠠ ᠬᠡᠷᠡᠭᠯᠡᠭᠡ ᠬᠢᠬᠦ᠂ ᠬᠡᠷᠡᠭᠯᠡᠭᠡᠨ ᠤ ᠦᠶᠡᠯᠡᠯ ᠤᠨ ᠬᠤᠭᠤᠴᠠᠭ᠎ᠠ ᠨᠢ ᠣᠷᠳᠣ ᠵᠢᠴᠢ ᠬᠡᠷᠡᠭᠯᠡᠭᠡᠨ ᠤ ᠦᠷᠭᠦᠯᠵᠢᠯᠡᠭᠰᠡᠨ ᠪᠤᠰᠤ ᠵᠡᠷᠭᠡ ᠣᠨᠴᠠᠯᠢᠭ ᠲᠠᠢ ᠪᠠᠶᠢᠵᠤ᠂ ᠨᠢᠭᠡ ᠵᠦᠢᠯ ᠤᠨ ᠨᠡᠶᠢᠲᠡᠯᠢᠭ ᠢᠲᠡᠭᠡᠮᠵᠢ ᠶᠢᠨ ᠬᠡᠷᠡᠭᠯᠡᠭᠡ ᠪᠠᠶᠢᠵᠤ᠂ ᠦᠵᠡᠬᠦ ᠳᠤ ᠵᠣᠬᠢᠬᠤ ᠲᠥᠬᠦᠮ ᠴᠢᠨᠠᠷ ᠪᠠ ᠦᠨ᠎ᠡ ᠬᠠᠩᠰᠢ ᠶᠢᠨ ᠬᠠᠷᠠᠭᠠᠯᠵᠠᠯ ᠲᠠᠢ ᠰᠢᠭ᠋ ᠪᠣᠯᠪᠠᠴᠤ᠂ ᠪᠠᠰᠠ ᠨᠡᠯᠢᠶᠡᠳ ᠶᠡᠭᠡ ᠠᠶᠤᠯ ᠲᠦᠭᠰᠢᠭᠦᠷᠢ ᠣᠷᠣᠰᠢᠵᠤ ᠪᠠᠶᠢᠳᠠᠭ᠃

ᠣᠶᠢᠷ᠎ᠠ ᠶᠢᠨ ᠬᠤᠭᠤᠴᠠᠭᠠᠨ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡᠨ ᠤ ᠵᠠᠭᠠᠯᠳᠤᠯᠭ᠎ᠠ ᠶᠢ ᠣᠯᠠᠨ ᠤᠳᠠᠭ᠎ᠠ ᠭᠥᠯᠢᠶᠡᠨ ᠠᠪᠴᠤ᠂ ᠢᠳᠡᠭᠡᠨ ᠤᠮᠳᠠᠭᠠᠨ᠂ ᠤᠮᠪᠠᠯᠲᠠ ᠪᠡᠶ᠎ᠡ ᠴᠢᠭᠢᠷᠠᠭᠵᠢᠭᠤᠯᠤᠯᠲᠠ᠂ ᠬᠥᠮᠦᠵᠢᠯ ᠪᠣᠯᠪᠠᠰᠤᠷᠠᠯ᠂ ᠵᠢᠰᠦ ᠭᠤᠶᠣᠯᠠᠵᠤ ᠦᠰᠦ ᠵᠠᠰᠠᠬᠤ ᠵᠡᠷᠭᠡ ᠠᠵᠢᠯ ᠲᠥᠷᠥᠯ ᠳᠤ ᠬᠤᠯᠪᠣᠭᠳᠠᠵᠤ᠂ ᠭᠤᠤᠯᠳᠠᠭᠤ ᠳᠣᠤᠷᠠᠬᠢ ᠠᠰᠠᠭᠤᠳᠠᠯ ᠢ ᠲᠤᠰᠬᠠᠵᠠᠢ᠄

ᠬᠤᠳᠠᠯᠳᠤᠨ ᠠᠪᠤᠭᠴᠢ ᠰᠦᠢᠳᠬᠡᠯ ᠲᠤᠰᠢᠶᠠᠬᠤ ᠳᠤ ᠠᠮᠠᠷᠬᠠᠨ᠂ ᠰᠦᠢᠳᠬᠡᠯ ᠢᠶᠠᠨ ᠪᠤᠴᠠᠭᠠᠬᠤ ᠳᠤ ᠬᠦᠴᠢᠷ

ᠡᠵᠡᠩᠨᠡᠭᠴᠢᠳ ᠪᠡᠯᠡᠨ ᠵᠣᠭᠤᠰ ᠢ ᠠᠳᠬᠤᠬᠤ ᠶᠢᠨ ᠲᠥᠯᠥᠭᠡ᠂ ᠭᠡᠰᠢᠭᠦᠳ ᠤᠨ ᠨᠤᠭᠤᠯᠵᠤ ᠪᠤᠳᠤᠬᠤ᠂ ᠬᠠᠷᠠᠭᠠᠯᠵᠠᠯ ᠦᠵᠡᠭᠦᠯᠬᠦ᠂ ᠪᠡᠯᠡᠭᠯᠡᠨ ᠬᠦᠷᠭᠡᠬᠦ ᠵᠡᠷᠭᠡ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠶᠠᠮᠠᠷ ᠴᠤ ᠨᠥᠬᠦᠴᠡᠯ ᠦᠭᠡᠢ ᠪᠠᠷ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠣᠭᠤᠰ ᠮᠥᠩᠭᠦ ᠶᠢ ᠨᠢ ᠭᠠᠷᠭᠠᠯᠭᠠᠵᠤ᠂ ᠤᠷᠢᠳᠴᠢᠯᠠᠨ ᠬᠠᠳᠠᠭᠠᠯᠠᠬᠤ ᠵᠠᠷᠤᠳᠠᠯ᠂ ᠬᠡᠷᠡᠭᠯᠡᠭᠡᠨ ᠤ ᠲᠡᠮᠳᠡᠭᠲᠦ ᠬᠤᠳᠠᠯᠳᠤᠨ ᠠᠪᠤᠭᠤᠯᠵᠤ᠂ ᠬᠡᠷᠡᠭᠯᠡᠭᠴᠢᠳ ᠤᠨ ᠵᠣᠭᠤᠰ ᠮᠥᠩᠭᠦ ᠶᠢ ᠨᠢ ᠬᠤᠷᠢᠶᠠᠭᠰᠠᠨ ᠤ ᠳᠠᠷᠠᠭ᠎ᠠ ᠬᠡᠷᠡᠭᠯᠡᠭᠴᠢᠳ ᠲᠤ ᠦᠢᠯᠡᠴᠢᠯᠡᠭᠡ ᠬᠠᠩᠭᠠᠬᠤ ᠳᠤ ᠴᠠᠯᠠᠭᠠᠶᠢᠷᠠᠵᠤ᠂ ᠠᠮᠠᠯᠠᠯᠲᠠ ᠪᠠᠨ ᠭᠦᠢᠴᠡᠳᠬᠡᠬᠦ ᠦᠭᠡᠢ᠂ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢᠶᠠᠷ ᠳᠤᠲᠠᠮᠠᠭ ᠪᠠᠶᠢᠵᠤ᠂ ᠬᠡᠷᠡᠭᠯᠡᠭᠴᠢᠳ ᠰᠦᠢᠳᠬᠡᠯ ᠢᠶᠠᠨ ᠪᠤᠴᠠᠭᠠᠬᠤ ᠦᠶ᠎ᠡ ᠳᠤ᠂ ᠬᠤᠳᠠᠯᠳᠤᠭᠠᠴᠢᠨ ᠬᠡᠷᠡᠭᠯᠡᠭᠴᠢᠳ ᠢ ᠭᠡᠷ᠎ᠡ ᠵᠥᠷᠢᠴᠡᠭᠰᠡᠨ ᠢᠶᠠᠷ ᠪᠠᠷ ᠰᠢᠯᠲᠠᠭ ᠪᠣᠯᠭᠠᠵᠤ ᠰᠦᠢᠳᠬᠡᠯ ᠢ ᠨᠢ ᠪᠤᠴᠠᠭᠠᠵᠤ ᠥᠭᠳᠡᠭ ᠦᠭᠡᠢ ᠪᠠᠶᠢᠨ᠎ᠠ᠃

ᠵᠦᠢᠯ ᠵᠤᠷᠪᠤᠰ ᠲᠣᠬᠢᠷᠠᠭᠤᠯᠤᠨ ᠬᠡᠷᠡᠭᠯᠡᠭᠴᠢᠳ ᠤᠨ ᠡᠷᠬᠡ ᠠᠰᠢᠭ ᠢ ᠬᠢᠵᠠᠭᠠᠷᠯᠠᠳᠠᠭ

ᠬᠡᠷᠡᠭᠯᠡᠭᠴᠢᠳ ᠺᠠᠷᠲ ᠬᠤᠳᠠᠯᠳᠤᠨ ᠠᠪᠴᠤ᠂ ᠤᠷᠢᠳᠴᠢᠯᠠᠨ ᠰᠦᠢᠳᠬᠡᠯ ᠬᠠᠳᠠᠭᠠᠯᠠᠬᠤ ᠵᠡᠷᠭᠡ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡᠨ ᠤ ᠶᠠᠪᠤᠴᠠ ᠳᠤ᠂ ᠡᠵᠡᠩᠨᠡᠭᠴᠢ ᠶᠡᠷᠦ ᠳᠡᠭᠡᠨ ᠬᠡᠷᠡᠭᠯᠡᠭᠴᠢᠳ ᠲᠠᠢ ᠲᠠᠸᠠᠷ ᠪᠤᠶᠤ ᠦᠢᠯᠡᠴᠢᠯᠡᠭᠡᠨ ᠤ ᠠᠭᠤᠯᠭ᠎ᠠ ᠶᠢᠨ ᠲᠤᠬᠠᠶ ᠵᠥᠪᠳᠡᠯᠴᠡᠬᠦ ᠦᠭᠡᠢ᠂ ᠬᠡᠷᠡᠭᠯᠡᠭᠴᠢᠳ ᠵᠥᠪᠬᠡᠨ ᠡᠵᠡᠩᠨᠡᠭᠴᠢ ᠶᠢᠨ ᠬᠠᠩᠭᠠᠭᠰᠠᠨ ᠠᠭᠤᠯᠭ᠎ᠠ ᠶᠢᠨ ᠶᠣᠰᠣᠭᠠᠷ ᠬᠦᠯᠢᠶᠡᠨ ᠠᠪᠬᠤ  ᠡᠰᠡᠬᠦ ᠪᠠᠨ ᠲᠣᠭᠲᠠᠭᠠᠵᠤ᠂ ᠡᠵᠡᠩᠨᠡᠭᠴᠢ ᠵᠥᠪᠬᠡᠨ ᠺᠠᠷᠲ ᠲᠠᠷᠬᠠᠭᠠᠵᠤ ᠰᠦᠢᠳᠬᠡᠯ ᠬᠤᠷᠢᠶᠠᠵᠤ᠂ ᠪᠢᠴᠢᠭ ᠤᠨ ᠭᠡᠷ᠎ᠡ ᠪᠤᠶᠤ ᠬᠡᠯᠡᠯᠴᠡᠭᠡᠷ ᠬᠠᠩᠭᠠᠳᠠᠭ ᠦᠭᠡᠢ᠂ ᠬᠠᠷᠢᠨ ︽ᠬᠡᠷᠡᠭᠯᠡᠭᠡᠨ ᠤ ᠺᠠᠷᠲ︾ ᠳᠠᠬᠢ ᠬᠤᠶᠠᠷ ᠲᠠᠯ᠎ᠠ ᠶᠢᠨ ᠡᠷᠬᠡ ᠪᠠ ᠡᠭᠦᠷᠭᠡ ᠨᠢ ᠢᠯᠡᠷᠬᠡᠶ ᠲᠡᠩᠴᠡᠭᠦᠦ ᠪᠤᠰᠤ ᠪᠠᠶᠢᠵᠤ᠂ ᠬᠡᠷᠡᠭᠯᠡᠭᠴᠢᠳ ᠤᠨ ᠡᠷᠬᠡ ᠠᠰᠢᠭ ᠢ ᠬᠢᠵᠠᠭᠠᠷᠯᠠᠭᠰᠠᠨ ᠵᠦᠢᠯ ᠵᠤᠷᠪᠤᠰ ᠮᠠᠰᠢ ᠣᠯᠠᠨ ᠪᠠᠶᠢᠳᠠᠭ᠂ ᠵᠢᠱᠢᠶᠡᠯᠡᠪᠡᠯ᠂ ︽ᠲᠤᠰ ᠳᠡᠯᠭᠡᠭᠦᠷ ᠡᠴᠦᠰ ᠤᠨ ᠲᠠᠶᠢᠯᠪᠤᠷᠢᠯᠠᠬᠤ ᠡᠷᠬᠡ ᠲᠠᠢ︾᠂ ︽ᠬᠦᠴᠦᠨ ᠲᠠᠢ ᠬᠤᠭᠤᠴᠠᠭ᠎ᠠ ᠬᠡᠲᠦᠷᠡᠪᠡᠯ᠂ ᠰᠦᠢᠳᠬᠡᠯ ᠢ ᠪᠤᠴᠠᠭᠠᠬᠤ ᠦᠭᠡᠢ︾᠂ ︽ᠬᠡᠷᠡᠭᠯᠡᠭᠡᠨ ᠤ ᠺᠠᠷᠲ ᠢ ᠭᠡᠭᠡᠪᠡᠯ ᠨᠥᠬᠦᠵᠦ ᠲᠤᠰᠢᠶᠠᠬᠤ ᠦᠭᠡᠢ︾ ᠵᠡᠷᠭᠡ᠃

ᠭᠡᠷ᠎ᠡ ᠲᠣᠭᠲᠠᠭᠰᠠᠨ ᠦᠭᠡᠢ ᠲᠤᠯᠠ ᠡᠷᠬᠡ ᠪᠠᠨ ᠬᠠᠮᠠᠭᠠᠯᠠᠵᠤ ᠭᠡᠷᠡᠴᠢ ᠭᠠᠷᠭᠠᠬᠤ ᠳᠤ ᠬᠦᠴᠢᠷᠲᠡᠢ

ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡ ᠪᠣᠯ ᠮᠥᠨ ᠴᠦ ᠭᠡᠷᠡᠲᠦ ᠬᠡᠷᠡᠭᠯᠡᠭᠡ ᠮᠥᠨ᠂ ᠭᠡᠪᠡᠴᠦ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠣᠯᠠᠩᠬᠢ ᠬᠡᠷᠡᠭᠯᠡᠭᠡ ᠨᠢ ᠴᠥᠮ ᠭᠡᠷ᠎ᠡ ᠲᠣᠭᠲᠠᠬᠤ ᠦᠭᠡᠢ᠂ ᠬᠤᠶᠠᠷ ᠲᠠᠯ᠎ᠠ ᠶᠢᠨ ᠡᠷᠬᠡ ᠠᠰᠢᠭ ᠪᠠ ᠡᠭᠦᠷᠭᠡ ᠶᠢ ᠠᠮᠠᠨ ᠬᠡᠯᠪᠡᠷᠢ ᠪᠠᠷ ᠪᠣᠯᠵᠣᠨ ᠲᠣᠭᠲᠠᠳᠠᠭ᠂ ᠡᠵᠡᠩᠨᠡᠭᠴᠢ ᠮᠠᠰᠢ ᠴᠥᠭᠡᠨ ᠪᠢᠴᠢᠭ ᠤᠨ ᠭᠡᠷ᠎ᠡ ᠪᠤᠶᠤ ᠬᠡᠯᠡᠯᠴᠡᠭᠡᠷ ᠬᠠᠩᠭᠠᠵᠤ᠂ ᠬᠡᠷᠡᠭᠯᠡᠭᠡᠨ ᠤ ᠶᠠᠪᠤᠴᠠ ᠳᠤ ᠵᠢᠭᠤᠷᠠᠯᠳᠤᠭᠠᠨ ᠭᠠᠷᠪᠠᠯ ᠬᠡᠷᠡᠭᠯᠡᠭᠴᠢᠳ ᠶᠡᠷᠦ ᠨᠢ ᠬᠦᠴᠦᠨ ᠪᠦᠬᠦᠢ ᠭᠡᠷᠡᠴᠢ ᠪᠠᠷᠢᠮᠲᠠ ᠳᠤᠲᠠᠭᠳᠠᠭᠰᠠᠨ ᠠᠴᠠ ᠪᠣᠯᠵᠤ ᠡᠷᠬᠡ ᠪᠠᠨ ᠬᠠᠮᠠᠭᠠᠯᠠᠬᠤ ᠳᠤ ᠬᠦᠴᠢᠷᠲᠡᠶ ᠪᠠᠶᠢᠳᠠᠭ᠃

ᠡᠵᠡᠩᠨᠡᠭᠴᠢ ᠨᠢ ᠡᠭᠦᠳᠡ ᠪᠠᠨ ᠬᠠᠭᠠᠵᠤ ᠠᠵᠢᠯ ᠢᠶᠠᠨ ᠵᠣᠭᠰᠣᠭᠠᠪᠠᠯ ᠲᠥᠯᠥᠪᠦᠷᠢ ᠨᠡᠬᠡᠬᠦ ᠳᠤ ᠬᠦᠴᠢᠷᠲᠡᠢ

ᠬᠡᠰᠡᠭ ᠡᠵᠡᠩᠨᠡᠭᠴᠢ ᠨᠢ ᠦᠨᠡᠨᠴᠢ ᠢᠲᠡᠭᠡᠮᠵᠢ ᠶᠢ ᠡᠷᠬᠢᠮᠯᠡᠬᠦ ᠦᠭᠡᠢ᠂ ᠬᠡᠷᠡᠭᠯᠡᠭᠴᠢᠳ ᠲᠤ ᠮᠡᠳᠡᠭᠳᠡᠭᠰᠡᠨ ᠦᠭᠡᠢ ᠪᠠᠶᠢᠳᠠᠯ ᠳᠣᠣᠷ᠎ᠠ᠂ ᠡᠵᠡᠩᠨᠡᠯᠲᠡ ᠪᠠᠨ ᠵᠣᠭᠰᠣᠭᠠᠵᠤ ᠶᠠᠪᠤᠴᠢᠬᠠᠳᠠᠭ᠂ ᠬᠡᠷᠡᠭᠯᠡᠭᠴᠢᠳ ᠮᠡᠳᠡᠬᠦ ᠦᠶ᠎ᠡ ᠳᠤ ᠨᠢᠭᠡᠨᠲᠡ ᠡᠵᠡᠩᠨᠡᠭᠴᠢ ᠶᠢ ᠡᠷᠢᠵᠦ ᠣᠯᠬᠤ ᠦᠭᠡᠢ ᠪᠣᠯᠴᠢᠬᠠᠳᠠᠭ᠂ ᠤᠷᠢᠳᠴᠢᠯᠠᠨ ᠰᠦᠢᠳᠬᠡᠯ ᠢᠶᠠᠨ ᠲᠤᠰᠢᠶᠠᠭᠰᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠦᠨᠳᠦ ᠨᠣᠴᠢᠲᠠᠶ ᠬᠤᠬᠢᠷᠠᠭᠤᠯᠤᠭᠰᠠᠨ ᠪᠠᠶᠢᠳᠠᠭ᠃ ᠨᠡᠩ ᠣᠨᠴᠠ ᠵᠠᠷᠢᠮ ᠡᠵᠡᠩᠨᠡᠭᠴᠢ ᠨᠢ ᠤᠷᠢᠳᠴᠢᠯᠠᠨ ᠰᠦᠢᠳᠬᠡᠯ ᠲᠤᠰᠢᠶᠠᠬᠤ ᠬᠡᠷᠡᠭᠯᠡᠭᠡᠨ ᠤ ᠵᠠᠭᠪᠤᠷ ᠢ ᠠᠰᠢᠭᠯᠠᠨ᠂ ᠬᠡᠷᠡᠭᠯᠡᠭᠴᠢᠳ ᠤᠨ ᠤᠷᠢᠳᠴᠢᠯᠠᠨ ᠬᠠᠳᠠᠭᠠᠯᠠᠭᠰᠠᠨ ᠪᠡᠯᠡ ᠮᠥᠩᠭᠦ ᠶᠢ ᠶᠡᠭᠡ ᠬᠡᠮᠵᠢᠶ᠎ᠡ ᠪᠠᠷ ᠰᠢᠩᠭᠡᠭᠡᠨ ᠠᠪᠤᠭᠰᠠᠨ ᠤ ᠳᠠᠷᠠᠭ᠎ᠠ᠂ ᠡᠵᠡᠩᠨᠡᠯᠲᠡ ᠶᠢᠨ ᠠᠵᠢᠯᠯᠠᠭ᠎ᠠ ᠬᠢᠬᠦ ᠦᠭᠡᠢ᠂ ᠬᠡᠷᠡᠭᠯᠡᠭᠴᠢᠳ ᠤᠨ ᠵᠣᠭᠤᠰ ᠢ ᠠᠪᠴᠤ ᠳᠤᠲᠠᠭᠠᠵᠤ᠂ ᠬᠡᠷᠡᠭᠯᠡᠭᠴᠢᠳ ᠡᠷᠬᠡ ᠪᠠᠨ ᠬᠠᠮᠠᠭᠠᠯᠠᠬᠤ ᠳᠤ ᠮᠠᠰᠢ ᠬᠦᠴᠢᠷ ᠪᠣᠯᠳᠠᠭ᠃

︽3.15︾ ᠬᠦᠷᠴᠦ ᠢᠷᠡᠬᠦ ᠲᠠᠰᠢᠷᠠᠮ ᠢᠶᠠᠷ᠂ ᠵᠠᠷᠢᠮ ᠬᠤᠳᠠᠯᠳᠤᠭᠠᠴᠢᠨ ᠡᠨᠡ ᠬᠦ ᠬᠡᠷᠡᠭᠯᠡᠭᠡᠨ ᠤ ᠣᠷᠭᠢᠯ ᠢ ᠠᠰᠢᠭᠯᠠᠨ᠂ ᠪᠣᠷᠣᠯᠠᠭᠤᠯᠭ᠎ᠠ ᠶᠢ ᠠᠬᠢᠭᠤᠯᠬᠤ ᠬᠠᠷᠠᠭᠠᠯᠵᠠᠯ ᠤᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠦᠢᠳᠬᠡᠯ ᠬᠠᠳᠠᠭᠠᠯᠠᠭᠤᠯᠵᠤ ᠺᠠᠷᠲ ᠠᠪᠤᠭᠤᠯᠳᠠᠭ᠃ ᠡᠶᠢᠮᠦ ᠠᠴᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠥᠷᠭᠡᠨ ᠣᠯᠠᠨ ᠬᠡᠷᠡᠭᠯᠡᠭᠴᠢᠳ ᠲᠤ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡ ᠶᠢ ᠰᠣᠩᠭᠤᠬᠤ ᠦᠶ᠎ᠡ ᠳᠤ ᠢᠯᠡᠭᠦᠬᠡᠨ ᠠᠳᠠᠯᠢᠳᠬᠠᠵᠤ᠂ ᠪᠣᠯᠭᠤᠮᠵᠢᠲᠠᠶ ᠰᠣᠩᠭᠤᠵᠤ᠂ ᠳᠣᠤᠷᠠᠬᠢ ᠬᠡᠳᠦᠨ ᠲᠠᠯ᠎ᠠ ᠶᠢ ᠠᠩᠬᠠᠷᠬᠤ ᠬᠡᠷᠡᠭᠲᠡᠶ ᠭᠡᠵᠦ ᠰᠠᠨᠠᠭᠤᠯᠪᠠ᠄

ᠭᠡᠷᠡᠴᠢ ᠦᠨᠡᠮᠯᠡᠯ ᠨᠢ ᠪᠦᠷᠢᠨ ᠡᠵᠡᠩᠨᠡᠭᠴᠢ ᠶᠢ ᠰᠣᠩᠭᠤᠨ᠎ᠠ

ᠬᠡᠷᠡᠭᠯᠡᠭᠴᠢᠳ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡ ᠶᠢ ᠰᠣᠩᠭᠤᠬᠤ ᠳᠠᠭᠠᠨ᠂ ᠤᠷᠢᠳᠠᠪᠠᠷ ᠣᠯᠠᠨ ᠲᠠᠯ᠎ᠠ ᠪᠠᠷ ᠳᠠᠮᠵᠢᠭᠤᠯᠤᠨ ᠡᠵᠡᠩᠨᠡᠭᠴᠢᠳ ᠤᠨ ᠡᠵᠡᠩᠨᠡᠯᠲᠡ ᠶᠢᠨ ᠪᠠᠶᠢᠳᠠᠯ ᠪᠣᠯᠤᠨ ᠢᠲᠡᠭᠡᠯ ᠬᠦᠨᠳᠦ ᠶᠢ ᠣᠶᠢᠯᠠᠭᠠᠬᠤ ᠬᠡᠷᠡᠭᠲᠡᠶ᠃ ᠠᠯᠢ ᠴᠢᠳᠠᠬᠤ ᠪᠠᠷ ᠬᠡᠪᠴᠢᠶ᠎ᠡ ᠪᠠᠷ ᠶᠡᠭᠡ᠂ ᠭᠡᠷᠡᠴᠢ ᠦᠨᠡᠮᠯᠡᠯ ᠢᠶᠠᠷ ᠪᠦᠷᠢᠨ ᠭᠦᠢᠴᠡᠳ᠂ ᠡᠵᠡᠩᠨᠡᠯᠲᠡ ᠶᠢᠨ ᠪᠠᠶᠢᠳᠠᠯ ᠢᠶᠠᠷ ᠰᠠᠶᠢᠨ᠂ ᠦᠢᠯᠡᠴᠢᠯᠡᠭᠡᠨ ᠤ ᠶᠠᠰᠤ ᠴᠢᠨᠠᠷ ᠢᠶᠠᠷ ᠰᠠᠶᠢᠨ᠂ ᠦᠨᠡᠨᠴᠢ ᠢᠲᠡᠭᠡᠮᠵᠢ ᠶᠢᠨ ᠬᠡᠮᠵᠢᠶ᠎ᠡ ᠪᠠᠷ ᠥᠨᠳᠥᠷ ᠡᠵᠡᠩᠨᠡᠭᠴᠢ ᠶᠢ ᠰᠣᠩᠭᠤᠵᠤ᠂ ᠡᠵᠡᠩᠨᠡᠭᠴᠢ ᠶᠢᠨ ᠵᠠᠷ ᠮᠡᠳᠡᠭᠡᠨ ᠤ ᠤᠬᠠᠭᠤᠯᠭ᠎ᠠ᠂ ᠠᠮᠠᠯᠠᠯᠲᠠ ᠶᠢ ᠠᠮᠠᠷᠬᠠᠨ ᠢᠲᠡᠭᠡᠵᠦ ᠪᠣᠯᠬᠤ ᠦᠭᠡᠢ᠂ ᠬᠠᠷᠠᠭᠠᠯᠵᠠᠯ ᠤᠨ ᠬᠡᠮᠵᠢᠶ᠎ᠡ ᠶᠡᠭᠡ ᠳᠤ ᠭᠤᠷᠢᠳᠠᠵᠤ ᠳᠠᠯᠳᠠ ᠠᠶᠤᠯ ᠲᠦᠭᠰᠢᠭᠦᠷᠢ ᠶᠢ ᠣᠮᠲᠣᠭᠠᠶᠢᠯᠠᠵᠤ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠬᠤ ᠠᠴᠠ ᠰᠡᠷᠭᠡᠶᠢᠯᠡᠬᠦ ᠬᠡᠷᠡᠭᠲᠡᠢ᠃

ᠤᠷᠢᠳᠴᠢᠯᠠᠨ ᠰᠦᠢᠳᠬᠡᠯ ᠲᠤᠰᠢᠶᠠᠬᠤ ᠰᠦᠢᠳᠬᠡᠯ ᠤᠨ ᠲᠤᠭ᠎ᠠ ᠬᠡᠳᠦ ᠶᠡᠭᠡ ᠪᠠᠶᠢᠵᠤ ᠪᠣᠯᠬᠤ ᠦᠭᠡᠢ

ᠬᠡᠷᠡᠭᠯᠡᠭᠴᠢᠳ ᠤᠷᠢᠳᠴᠢᠯᠠᠨ ᠰᠦᠢᠳᠬᠡᠯ ᠲᠤᠰᠢᠶᠠᠬᠤ ᠳᠡᠭᠡᠨ ᠥᠪᠡᠷ ᠤᠨ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡᠨ ᠢ ᠬᠤᠳᠠᠯᠳᠤᠨ ᠠᠪᠬᠤ ᠳᠠᠭᠠᠨ ᠰᠢᠨᠵᠢᠯᠡᠬᠦ ᠤᠬᠠᠭᠠᠨᠴᠢ ᠪᠠᠷ ᠬᠡᠲᠦᠷᠬᠡᠶ ᠠᠷᠪᠢᠨ ᠠᠪᠴᠤ ᠪᠣᠯᠬᠤ ᠥᠬᠡᠶ᠂ ᠵᠣᠭᠤᠰ ᠤᠨ ᠲᠤᠭ᠎ᠠ ᠨᠢ ᠬᠡᠲᠦ ᠶᠡᠭᠡ᠂ ᠦᠢᠯᠡᠴᠢᠯᠡᠭᠡᠨ ᠤ ᠦᠶᠡᠯᠡᠯ ᠤᠨ ᠬᠤᠭᠤᠴᠠᠭ᠎ᠠ ᠨᠢ ᠬᠡᠲᠦ ᠣᠷᠳᠣ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡ ᠶᠢ ᠪᠣᠯᠭᠤᠮᠵᠢᠲᠠᠶ ᠰᠣᠩᠭᠤᠵᠤ᠂ ᠡᠭᠦᠨ ᠠᠴᠠ ᠪᠤᠯᠵᠤ ᠬᠡᠲᠦ ᠶᠡᠭᠡ ᠲᠦᠭᠰᠢᠭᠦᠷᠢ ᠶᠢ ᠡᠭᠦᠷᠭᠡᠯᠡᠬᠦ ᠠᠴᠠ ᠵᠠᠶᠢᠯᠠᠰᠬᠢᠬᠦ ᠬᠡᠷᠡᠭᠲᠡᠶ᠃ ᠵᠣᠭᠤᠰ ᠤᠨ ᠲᠤᠭ᠎ᠠ ᠨᠢ ᠨᠡᠯᠢᠶᠡᠳ ᠪᠠᠭ᠎ᠠ᠂ ᠦᠶᠡᠯᠡᠯ ᠤᠨ ᠬᠤᠭᠤᠴᠠᠭ᠎ᠠ ᠨᠢ ᠨᠡᠯᠢᠶᠡᠳ ᠣᠬᠤᠷ ᠪᠠᠶᠢᠬᠤ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡ ᠶᠢ ᠰᠣᠩᠭᠤᠪᠠᠯ ᠵᠣᠬᠢᠨ᠎ᠠ᠂ ᠢᠩᠭᠢᠪᠡᠯ ᠡᠵᠡᠩᠨᠡᠭᠴᠢ ᠡᠭᠦᠳᠡ ᠪᠠᠨ ᠬᠠᠭᠠᠵᠤ᠂ ᠰᠢᠯᠵᠢᠭᠦᠯᠦᠨ ᠲᠤᠰᠢᠶᠠᠬᠤ ᠵᠡᠷᠭᠡ ᠪᠠᠶᠢᠳᠠᠯ ᠭᠠᠷᠤᠭᠰᠠᠨ ᠴᠤ᠂ ᠬᠡᠷᠡᠭᠯᠡᠭᠴᠢᠳ ᠤᠨ ᠲᠦᠭᠰᠢᠭᠦᠷᠢ ᠨᠢ ᠪᠠᠭ᠎ᠠ ᠪᠣᠯᠵᠤ᠂ ᠬᠤᠪᠢ ᠬᠥᠮᠥᠨ ᠤ ᠬᠤᠬᠢᠷᠠᠯ ᠨᠢ ᠴᠦ ᠪᠠᠭ᠎ᠠ ᠪᠣᠯᠳᠠᠭ᠃

ᠪᠣᠯᠵᠣᠨ ᠲᠣᠭᠲᠠᠭᠰᠠᠨ ᠠᠭᠤᠯᠭ᠎ᠠ ᠶᠢ ᠨᠠᠷᠢᠯᠢᠭᠵᠢᠭᠤᠯᠤᠨ᠎ᠠ

ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡ ᠶᠢ ᠬᠤᠳᠠᠯᠳᠤᠨ ᠠᠪᠬᠤ ᠦᠶ᠎ᠡ ᠳᠤ᠂ ᠬᠡᠷᠡᠭᠯᠡᠭᠴᠢᠳ ᠬᠤᠯᠪᠣᠭᠳᠠᠯ ᠪᠦᠬᠦᠢ ᠲᠣᠳᠣᠷᠬᠠᠶᠢᠯᠠᠯᠲᠠ ᠶᠢ ᠨᠠᠷᠢᠨ ᠣᠶᠢᠯᠠᠭᠠᠵᠤ᠂ ᠠᠮᠠᠷ ᠢ ᠪᠣᠳᠣᠬᠤ ᠪᠤᠶᠤ ᠡᠵᠡᠩᠨᠡᠭᠴᠢ ᠶᠢᠨ ᠠᠮᠠᠯᠠᠯᠲᠠ ᠶᠢ ᠠᠮᠠᠷᠬᠠᠨ ᠢᠲᠡᠭᠡᠵᠦ ᠪᠣᠯᠬᠤ ᠦᠭᠡᠢ᠂ ᠬᠠᠮᠤᠭ ᠤᠨ ᠰᠠᠶᠢᠨ ᠨᠢ ᠡᠵᠡᠩᠨᠡᠭᠴᠢ ᠲᠠᠢ ᠪᠢᠴᠢᠭ ᠤᠨ ᠭᠡᠷ᠎ᠡ ᠪᠤᠶᠤ ᠬᠡᠯᠡᠯᠴᠡᠭᠡᠷ ᠲᠣᠭᠲᠠᠵᠤ᠂ ᠭᠡᠷ᠎ᠡ ᠪᠤᠶᠤ ᠬᠡᠯᠡᠯᠴᠡᠭᠡᠷ ᠲᠤ ᠤᠷᠢᠳᠴᠢᠯᠠᠨ ᠰᠦᠢᠳᠬᠡᠯ ᠲᠤᠰᠢᠶᠠᠬᠤ ᠦᠢᠯᠡᠴᠢᠯᠡᠭᠡᠨ ᠤ ᠬᠡᠷᠡᠭᠯᠡᠬᠦ ᠬᠡᠪᠴᠢᠶ᠎ᠡ᠂ ᠬᠦᠴᠦᠨ ᠲᠠᠢ ᠬᠤᠭᠤᠴᠠᠭ᠎ᠠ᠂ ᠦᠢᠯᠡᠴᠢᠯᠡᠭᠡᠨ ᠤ ᠲᠦᠷᠦᠯ ᠵᠦᠢᠯ᠂ ᠵᠣᠭᠤᠰ ᠪᠤᠴᠠᠭᠠᠬᠤ ᠨᠥᠬᠦᠴᠡᠯ᠂ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠵᠦᠢᠯ ᠵᠤᠷᠪᠤᠰ ᠢ ᠨᠠᠷᠢᠨ ᠲᠣᠳᠣᠷᠬᠠᠶ ᠪᠣᠯᠵᠣᠨ ᠲᠣᠭᠲᠠᠬᠤ ᠶᠢᠨ ᠬᠠᠮᠲᠤ ᠦᠢᠯᠡᠴᠢᠯᠡᠭᠡ ᠶᠢ ᠵᠣᠭᠰᠣᠭᠠᠬᠤ᠂ ᠰᠢᠯᠵᠢᠭᠦᠯᠦᠨ ᠲᠤᠰᠢᠶᠠᠬᠤ ᠵᠡᠷᠭᠡ ᠬᠢᠵᠠᠭᠠᠷᠯᠠᠬᠤ ᠴᠢᠨᠠᠷᠲᠠᠶ ᠪᠣᠯᠵᠣᠨ ᠲᠣᠭᠲᠠᠭᠰᠠᠨ ᠵᠦᠢᠯ ᠢ ᠣᠨᠴᠠᠭᠠᠶᠢᠯᠠᠨ ᠠᠩᠬᠠᠷᠴᠤ᠂ ᠬᠤᠵᠢᠮ ᠵᠢᠭᠤᠷᠠᠯᠳᠤᠭᠠᠨ ᠭᠠᠷᠬᠤ ᠦᠶ᠎ᠡ ᠳᠤ ᠦᠨᠳᠦᠰᠦ ᠪᠠᠷᠢᠮᠲᠠ ᠦᠭᠡᠢ ᠠᠴᠠ ᠪᠣᠯᠵᠤ᠂ ᠡᠷᠬᠡ ᠪᠠᠨ ᠬᠠᠮᠠᠭᠠᠯᠠᠬᠤ ᠳᠤ ᠬᠦᠴᠢᠷᠳᠡᠯ ᠤᠴᠠᠷᠠᠭᠤᠯᠬᠤ ᠠᠴᠠ ᠰᠡᠷᠭᠡᠶᠢᠯᠡᠬᠦ ᠬᠡᠷᠡᠭᠲᠡᠶ᠃

ᠭᠡᠷᠡᠴᠢ ᠪᠠᠷᠢᠮᠲᠠ ᠪᠠᠨ ᠦᠯᠡᠳᠡᠭᠡᠵᠦ᠂ ᠴᠠᠭ ᠲᠣᠬᠠᠢ ᠳᠤᠨᠢ ᠡᠷᠬᠡ ᠪᠠᠨ ᠬᠠᠮᠠᠭᠠᠯᠠᠬᠤ ᠬᠡᠷᠡᠭᠲᠡᠢ

ᠬᠡᠷᠡᠭᠯᠡᠭᠴᠢᠳ ᠤᠷᠢᠳᠴᠢᠯᠠᠨ ᠰᠦᠢᠳᠬᠡᠯ ᠲᠤᠰᠢᠶᠠᠬᠤ ᠮᠠᠶ᠋ᠢᠭ ᠤᠨ ᠬᠡᠷᠡᠭᠯᠡᠭᠡ ᠶᠢ ᠰᠣᠩᠭᠤᠭᠰᠠᠨ ᠤ ᠳᠠᠷᠠᠭ᠎ᠠ᠂ ᠤᠷᠢᠳᠴᠢᠯᠠᠨ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ᠂ ᠭᠡᠷ᠎ᠡ ᠪᠤᠶᠤ ᠬᠡᠯᠡᠯᠴᠡᠭᠡᠷ᠂ ᠤᠬᠠᠭᠤᠯᠭ᠎ᠠ ᠶᠢᠨ ᠬᠠᠭᠤᠳᠠᠰᠤ᠂ ᠪᠠᠷᠢᠮᠲᠠ ᠵᠡᠷᠭᠡ ᠶᠢ ᠰᠠᠶᠢᠲᠤᠷ ᠬᠠᠳᠠᠭᠠᠯᠠᠬᠤ ᠬᠡᠷᠡᠭᠲᠡᠢ᠂ ᠬᠤᠵᠢᠮ ᠬᠡᠷᠡᠭᠯᠡᠭᠡᠨ ᠤ ᠵᠢᠭᠤᠷᠠᠯᠳᠤᠭᠠᠨ ᠭᠠᠷᠬᠤ ᠦᠶ᠎ᠡ ᠳᠤ ᠡᠷᠬᠡ ᠪᠠᠨ ᠬᠠᠮᠠᠭᠠᠯᠠᠬᠤ ᠦᠨᠳᠦᠰᠦ ᠪᠠᠷᠢᠮᠲᠠ ᠲᠠᠢ ᠪᠠᠶᠢᠵᠤ᠂ ᠡᠵᠡᠩᠨᠡᠭᠴᠢᠳ ᠤᠨ ᠬᠡᠪ ᠤᠨ ᠪᠤᠰᠤ ᠪᠠᠶᠢᠳᠠᠯ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠠᠰᠠᠭᠤᠨ ᠯᠠᠪᠯᠠᠵᠤ᠂ ᠵᠠᠭᠠᠯᠳᠤᠬᠤ ᠪᠤᠶᠤ ᠢᠯᠡᠴᠢᠯᠡᠨ ᠮᠡᠳᠡᠭᠦᠯᠵᠦ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠪᠦᠲᠦᠮᠵᠢᠲᠡᠶ ᠬᠠᠮᠠᠭᠠᠯᠠᠬᠤ ᠬᠡᠷᠡᠭᠲᠡᠢ᠃

ᠢᠷᠡᠯᠲᠡ᠄ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ