ᠣᠷᠳᠣᠰ ᠬᠤᠲᠠ ᠶᠢᠨ ᠬᠠᠩᠭᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠣᠨᠳᠣᠣ ᠭᠠᠵᠠᠷ ᠲᠤ ᠨᠡᠶᠢᠳᠡᠮ ᠭᠦᠢᠴᠡᠳᠬᠡᠬᠦ︾ ᠬᠠᠯᠠᠭᠤᠮᠰᠤᠭ ᠦᠢᠯᠡᠴᠢᠯᠡᠭᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/3/7

  ᠣᠶᠢᠷ᠎ᠠ ᠳᠤ᠂ ᠨᠢᠭᠡ ᠨᠢᠭᠡᠴᠢ ᠶᠢᠨ ᠠᠵᠢᠯᠲᠠᠨ ᠭᠤᠤ ᠠᠪᠤᠭᠠᠢ ᠣᠷᠳᠣᠰ ᠬᠤᠲᠠ ᠶᠢᠨ ᠬᠠᠩᠭᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠡᠮᠡᠷᠯᠢᠭ ᠲᠤᠭ ᠬᠦᠷᠭᠡᠵᠦ᠂  ᠲᠣᠰ ᠲᠣᠪᠴᠢᠶ᠎ᠠ ᠶᠢᠨ ︽ᠣᠨᠳᠣᠤ ᠭᠠᠵᠠᠷ ᠲᠤ ᠨᠡᠶᠢᠳᠡᠮ ᠭᠦᠢᠴᠡᠳᠭᠡᠬᠦ︾ ᠴᠣᠩᠬᠤᠪᠴᠢ ᠳᠤ ᠲᠠᠯᠠᠷᠬᠠᠵᠤ᠂ ᠬᠠᠭᠠᠰ ᠴᠠᠭ ᠪᠣᠯᠤᠯ ᠥᠬᠡᠶ ᠪᠠᠷ ᠡᠵᠡᠩᠨᠡᠯᠲᠡ ᠶᠢᠨ ᠦᠨᠡᠮᠯᠡᠯ ᠢᠶᠠᠨ ᠬᠦᠴᠦᠨ ᠥᠬᠡᠶ ᠪᠣᠯᠭᠠᠬᠤ ᠭᠤᠶᠤᠴᠢᠯᠠᠯ ᠢ ᠠᠮᠵᠢᠯᠲᠠ ᠲᠠᠢ ᠪᠠᠷ ᠭᠦᠢᠴᠡᠳᠬᠡᠵᠦ᠂ ᠲᠡᠭᠦᠨ ᠤ ᠪᠠᠴᠢᠮ ᠪᠠᠶᠢᠳᠠᠯ ᠢ ᠰᠢᠢᠳᠪᠦᠷᠢᠯᠡᠪᠡ᠃

  ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠬᠠᠩᠭᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠣᠲᠣᠭᠠᠳᠤ ᠪᠡᠯᠡ ᠶᠢᠨ ᠠᠵᠤ ᠠᠬᠤᠶᠢᠯᠠᠯ ᠢ ᠬᠢᠨᠠᠨ ᠵᠥᠪᠰᠢᠶᠡᠷᠡᠵᠦ ᠲᠡᠮᠳᠡᠭᠯᠡᠬᠦ ᠶᠢ ᠢᠳᠡᠪᠬᠢᠲᠡᠶ ᠬᠡᠷᠡᠭᠵᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠠᠩᠰᠠᠯᠠᠬᠤ᠂ ᠬᠤᠪᠢᠷᠠᠭᠤᠯᠬᠤ᠂ ᠳᠠᠩᠰᠠᠯᠠᠭᠤᠯᠬᠤ ᠶᠢ ᠬᠦᠴᠦᠨ ᠥᠬᠡᠶ ᠪᠣᠯᠭᠠᠬᠤ ᠵᠡᠷᠭᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠥᠨᠳᠥᠷ ᠳᠠᠪᠲᠠᠮᠵᠢᠲᠤ ᠬᠢᠨᠠᠨ ᠵᠥᠪᠰᠢᠶᠡᠷᠡᠬᠦ ᠵᠦᠢᠯᠡᠰ ᠤᠨ ︽ᠣᠨᠳᠣᠤ ᠭᠠᠵᠠᠷ ᠲᠤ ᠨᠡᠶᠢᠳᠡᠮ ᠭᠦᠢᠴᠡᠳᠭᠡᠬᠦ︾ ᠦᠢᠯᠡᠴᠢᠯᠡᠭᠡ ᠬᠠᠩᠭᠠᠵᠤ᠂ ᠣᠨᠳᠣᠤ ᠭᠠᠵᠠᠷ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ ᠲᠤ ᠭᠦᠶᠦᠬᠦ︾ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠣᠲᠣ ᠪᠣᠯᠲᠠᠯ᠎ᠠ᠂ ᠣᠨᠳᠣᠤ ᠭᠠᠵᠠᠷ ᠲᠤ ᠨᠡᠶᠢᠳᠡᠮ ᠭᠦᠢᠴᠡᠳᠬᠡᠬᠦ 32 ᠬᠡᠷᠡᠭ ᠢ ᠰᠢᠢᠳᠪᠦᠷᠢᠯᠡᠪᠡ᠃

  ᠨᠢᠭᠡ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠳᠥᠭᠦᠮ ᠳᠥᠲᠡ ᠪᠠᠶᠢᠬᠤ ᠪᠠᠷ ᠤᠳᠤᠷᠢᠳᠤᠮᠵᠢ ᠪᠣᠯᠭᠠᠵᠤ᠂ ᠳᠠᠩᠰᠠᠯᠠᠬᠤ ᠪᠠᠶᠢᠭᠤᠯᠭ᠎ᠠ ᠶᠢᠨ ᠡᠷᠬᠡ ᠮᠡᠳᠡᠯ ᠤᠨ ᠪᠠᠬᠢᠯᠡᠯᠲᠡ ᠶᠢ ᠡᠪᠳᠡᠪᠡ᠃ ︽ᠣᠨᠳᠣᠤ ᠭᠠᠵᠠᠷ ᠲᠤ ᠨᠡᠶᠢᠳᠡᠮ ᠭᠦᠢᠴᠡᠳᠭᠡᠬᠦ︾ ᠨᠢ ᠭᠠᠵᠠᠷ ᠣᠷᠣᠨ ᠤ ᠬᠠᠷᠢᠶᠠᠯᠠᠯ ᠤᠨ ᠬᠢᠵᠠᠭᠠᠷᠯᠠᠯ ᠢ ᠡᠪᠳᠡᠵᠦ᠂ ᠤᠤᠯ ᠤᠨ ᠵᠥᠪᠰᠢᠶᠡᠷᠡᠯ ᠤᠨ ᠬᠢᠨᠠᠨ ᠵᠥᠪᠰᠢᠶᠡᠷᠡᠯ ᠢ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠶ᠎ᠠ ᠣᠷᠣᠨ ᠤ ᠶᠣᠰᠣᠭᠠᠷ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠤᠯᠠᠮᠵᠢᠯᠠᠯᠲᠤ ᠵᠠᠭᠪᠤᠷ ᠢ ᠬᠤᠪᠢᠷᠠᠭᠤᠯᠵᠤ᠂ ᠪᠥᠬᠦ ᠬᠤᠲᠠ ᠶᠢᠨ ᠳᠤᠷ᠎ᠠ ᠶᠢᠨ ᠨᠢᠭᠡ ᠳᠡᠩᠰᠡᠯᠡᠯᠲᠡ ᠶᠢᠨ ᠪᠠᠶᠢᠭᠤᠯᠭ᠎ᠠ ᠳᠤ ︽ᠣᠨᠳᠣᠤ ᠭᠠᠵᠠᠷ ᠲᠤ ᠣᠷᠣᠯᠠᠨ ᠬᠤᠷᠢᠶᠠᠬᠤ᠂ ᠠᠯᠤᠰ ᠠᠴᠠ ᠬᠢᠨᠠᠨ ᠵᠥᠪᠰᠢᠶᠡᠷᠡᠬᠦ᠂ ᠰᠢᠤᠳᠠᠨ ᠢᠶᠠᠷ ᠢᠯᠡᠭᠡᠬᠦ︾ ᠵᠠᠭᠪᠤᠷ ᠢᠶᠠᠷ ᠳᠠᠮᠵᠢᠭᠤᠯᠤᠨ᠂ ︽ᠣᠯᠠᠨ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠨ᠂ ᠣᠶᠢᠷ᠎ᠠ ᠬᠠᠪᠢ ᠳᠤᠨᠢ ᠭᠦᠢᠴᠡᠳᠭᠡᠬᠦ︾ ᠬᠠᠷᠠᠯᠲᠠ ᠶᠢ ᠪᠡᠶᠡᠯᠡᠭᠦᠯᠪᠡ᠃ ᠰᠢᠨ᠎ᠡ ᠳᠠᠩᠰᠠᠯᠠᠬᠤ ᠵᠠᠭᠪᠤᠷ ᠨᠢ ᠠᠵᠢᠯ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ ᠶᠡᠭᠡ ᠪᠠᠷ ᠠᠷᠪᠢᠯᠠᠵᠤ᠂ ᠣᠯᠠᠨ ᠲᠦᠮᠡᠨ ᠢ ︽ᠣᠶᠢᠷ᠎ᠠ ᠬᠠᠪᠢ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ᠦᠨᠡᠨ ᠬᠦ ᠪᠡᠶᠡᠯᠡᠭᠦᠯᠪᠡ᠃

  ᠬᠤᠶᠠᠷ ᠲᠤ ᠶᠡᠷᠦᠩᠬᠡᠶᠢᠯᠡᠭᠰᠡᠨ ᠬᠡᠷᠡᠭ ᠶᠠᠪᠤᠳᠠᠯ ᠤᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠡᠬᠢᠯᠡᠭᠦᠯᠵᠦ᠂ ᠠᠵᠤ ᠠᠬᠤᠶᠢᠯᠠᠯ ᠤᠨ ᠳᠥᠭᠦᠮ ᠳᠥᠲᠡ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠠᠵᠤ ᠠᠬᠤᠶᠢᠯᠠᠯ ᠤᠨ ᠲᠤᠰᠬᠠᠶ ᠲᠣᠭᠤᠷᠢᠭ ᠲᠤ ︽ᠣᠨᠳᠣᠤ ᠭᠠᠵᠠᠷ ᠲᠤ ᠨᠡᠶᠢᠳᠡᠮ ᠭᠦᠢᠴᠡᠳᠭᠡᠬᠦ︾ ᠴᠣᠩᠬᠤᠪᠴᠢ ᠭᠠᠷᠭᠠᠵᠤ᠂ ᠲᠤᠰᠬᠠᠶ ᠬᠥᠮᠦᠨ ᠳᠣᠭᠢᠷᠠᠭᠤᠯᠤᠨ ᠣᠨᠳᠣᠤ ᠭᠠᠵᠠᠷ ᠭᠤᠶᠤᠴᠢᠯᠠᠬᠤ ᠲᠤᠬᠠᠶᠢᠯᠠᠭᠰᠠᠨ ᠠᠵᠢᠯ  ᠬᠦᠯᠢᠶᠡᠨ ᠠᠪᠴᠤ ᠭᠦᠢᠴᠡᠳᠬᠡᠵᠦ᠂ ᠶᠡᠷᠦᠩᠬᠡᠶᠢᠯᠡᠭᠰᠡᠨ ᠬᠡᠷᠡᠭ ᠶᠠᠪᠤᠳᠠᠯ ᠢ ᠨᠢᠭᠡ ᠴᠣᠩᠬᠤᠪᠴᠢ ᠪᠠᠷ ᠭᠥᠯᠢᠶᠡᠨ ᠠᠪᠴᠤ ᠭᠦᠢᠴᠡᠳᠭᠡᠬᠦ ᠵᠠᠭᠪᠤᠷ ᠢ ᠡᠬᠢᠯᠡᠨ ᠬᠡᠷᠡᠭᠯᠡᠵᠦ᠂ ᠢᠯᠭᠠᠭ᠎ᠠ ᠥᠬᠡᠶ᠂ ᠠᠳᠠᠯᠢ ᠪᠠᠷᠢᠮᠵᠢᠶ᠎ᠠ ᠪᠠᠷ ᠡᠯ᠎ᠡ ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠲᠤᠬᠠᠶ ᠶᠢᠨ ᠭᠠᠵᠠᠷ ᠤᠨ ᠬᠠᠩᠭᠠᠭᠰᠠᠨ ᠪᠥᠬᠦ ᠶᠠᠪᠤᠴᠠ ᠳᠤ ᠬᠠᠪᠰᠤᠷᠤᠨ ᠭᠦᠢᠴᠡᠳᠭᠡᠬᠦ᠂ ᠣᠷᠣᠯᠠᠨ ᠭᠦᠢᠴᠡᠳᠭᠡᠬᠦ ᠦᠢᠯᠡᠴᠢᠯᠡᠭᠡ ᠵᠡᠷᠭᠡ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ᠂ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠤᠨ ︽ᠪᠥᠬᠦ ᠬᠤᠲᠠ ᠳᠤ ᠨᠡᠶᠢᠳᠡᠮ ᠭᠦᠢᠴᠡᠳᠭᠡᠬᠦ︾ ᠥᠭᠡᠷᠡᠴᠢᠯᠡᠯᠲᠡ ᠶᠢ ᠠᠬᠢᠭᠤᠯᠤᠨ᠂ ︽ᠣᠨᠳᠣᠤ ᠭᠠᠵᠠᠷ ᠲᠤ ᠣᠶᠢᠷ᠎ᠠ ᠬᠠᠪᠢ ᠳᠤ ᠭᠦᠢᠴᠡᠳᠭᠡᠬᠦ︾ ᠬᠠᠮᠤᠭ ᠤᠨ ᠰᠢᠨ᠎ᠡ ᠦᠷ᠎ᠡ ᠪᠦᠲᠦᠭᠡᠯ ᠢ ᠢᠯᠡᠷᠡᠭᠦᠯᠵᠦ᠂ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃

  ᠭᠤᠷᠪᠠ ᠳᠤ ᠬᠠᠯᠭᠤᠨ ᠳᠤᠯᠠᠭᠠᠨ ᠰᠡᠳᠬᠢᠯᠭᠡ ᠲᠠᠢ ᠪᠠᠷ ᠤᠨᠢᠨ ᠳᠡᠭᠡᠷ᠎ᠡ ᠨᠢ ᠦᠢᠯᠡᠴᠢᠯᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠬᠠᠨᠤᠮᠵᠢᠲᠠᠢ ᠪᠠᠶᠢᠬᠤ ᠪᠠᠷ ᠭᠠᠷᠳᠠᠴᠠ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ᠃ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠴᠣᠩᠬᠤᠪᠴᠢ ᠶᠢᠨ ᠠᠵᠢᠯᠲᠠᠨ ᠤ ᠣᠯᠠᠨ ᠲᠦᠮᠡᠨ ᠳᠤ ᠦᠢᠯᠡᠴᠢᠯᠡᠬᠦ ᠶᠢ ᠬᠤᠪᠢ ᠶᠢᠨ ᠡᠭᠦᠷᠭᠡ ᠬᠠᠷᠢᠭᠤᠴᠠᠯᠭ᠎ᠠ ᠪᠣᠯᠭᠠᠵᠤ᠂ ᠯᠠᠷᠵᠢᠶ᠎ᠠ ᠶᠠᠩᠪᠠ ᠦᠭᠡᠢ ᠪᠠᠷ᠂ ᠪᠡᠶ᠎ᠡ ᠪᠠᠷ ᠢᠶᠠᠨ ᠠᠵᠢᠯᠯᠠᠵᠤ᠂ ᠣᠯᠠᠨ ᠲᠦᠮᠡᠨ ᠢ ᠦᠨᠡᠨ ᠬᠦ ᠨᠠᠶᠢᠵᠠ ᠨᠥᠬᠦᠳ ᠲᠥᠷᠥᠯ ᠰᠠᠳᠤᠨ ᠢᠶᠠᠨ ᠪᠣᠯᠭᠠᠵᠤ᠂ ︽ᠪᠥᠬᠦ ᠬᠤᠲᠠ ᠳᠤ ᠭᠦᠢᠴᠡᠳᠬᠡᠬᠦ︾᠂ ︽ᠮᠤᠵᠢ ᠠᠯᠤᠰᠯᠠᠨ ᠭᠦᠢᠴᠡᠳᠭᠡᠬᠦ︾᠂ ︽ᠥᠪᠥᠷ ᠮᠣᠩᠭᠤᠯ ᠳᠤ ᠲᠦᠷᠭᠡᠨ ᠭᠦᠢᠴᠡᠳᠬᠡᠬᠦ︾᠂ ︽ᠣᠨᠳᠣᠤ ᠭᠠᠵᠠᠷ ᠲᠤ ᠭᠦᠢᠴᠡᠳᠭᠡᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ᠃


ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ