︽3 · 8︾ ᠤ ᠡᠮᠡᠭᠲᠡᠶᠢᠴᠦᠳ ᠤᠨ ᠪᠠᠶᠠᠷ ᠤᠨ ᠬᠡᠷᠡᠭᠯᠡᠭᠡᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2024/3/7

ᠵᠢᠯ ᠳᠤ ᠨᠢᠭᠡ ᠤᠳᠠᠭ᠎ᠠ ᠶᠢᠨ ︽3 · 8︾ ᠤ ᠡᠮᠡᠭᠲᠡᠶᠢᠴᠦᠳ ᠤᠨ ᠪᠠᠶᠠᠷ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠲᠣᠮᠣ ᠬᠤᠳᠠᠯᠳᠤᠭᠠᠨ ᠤ ᠲᠠᠪᠴᠠᠩ ᠨᠢ ᠴᠥᠮ ᠡᠨᠡ ᠬᠦ ᠪᠠᠶᠠᠷ ᠤᠨ ᠡᠳᠦᠷ ᠤᠨ ᠭᠤᠤᠯ ᠰᠡᠳᠦᠪ ᠤᠨ ᠲᠣᠭᠤᠷᠢᠨ ᠳᠤ ᠬᠢᠮᠳᠠᠷᠠᠭᠤᠯᠤᠨ ᠪᠣᠷᠣᠯᠠᠭᠤᠯᠵᠤ ᠠᠬᠢᠭᠤᠯᠬᠤ ᠠᠵᠢᠯᠯᠠᠭ᠎ᠠ ᠶᠠᠪᠤᠭᠤᠯᠳᠠᠭ᠃ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠢᠭᠡᠮᠯᠢᠭ ᠬᠡᠷᠡᠭᠯᠡᠭᠡᠨ ᠤ ᠰᠠᠨᠠᠭᠤᠯᠤᠮᠵᠢ ᠨᠡᠢᠲᠡᠯᠡᠵᠦ᠂ ᠥᠷᠭᠡᠨ ᠣᠯᠠᠨ ᠡᠮᠡᠭᠲᠡᠢ ᠬᠡᠷᠡᠭᠯᠡᠭᠴᠢᠳ ᠤᠬᠠᠭᠠᠯᠢᠭ ᠢᠶᠠᠷ ᠬᠠᠨᠳᠤᠬᠤ ᠬᠡᠷᠡᠭᠲᠡᠢ ᠭᠡᠵᠦ ᠰᠠᠨᠠᠭᠤᠯᠪᠠ᠃

ᠬᠢᠮᠳᠠᠷᠠᠭᠤᠯᠤᠨ ᠪᠣᠷᠣᠯᠠᠭᠤᠯᠵᠤ ᠠᠬᠢᠭᠤᠯᠬᠤ ᠳᠤ ᠤᠬᠠᠭᠠᠯᠢᠭ ᠢᠶᠠᠷ ᠬᠠᠨᠳᠤᠬᠤ ᠬᠡᠷᠡᠭᠲᠡᠢ

ᠬᠢᠮᠳᠠᠷᠠᠭᠤᠯᠤᠭᠰᠠᠨ ᠲᠠᠸᠠᠷ ᠢ ᠬᠤᠳᠠᠯᠳᠤᠨ ᠠᠪᠬᠤ ᠦᠶ᠎ᠡ ᠳᠤ ᠶᠠᠭᠠᠬᠢᠭᠰᠠᠨ ᠴᠤ ︽ᠬᠡᠳᠦᠢ ᠵᠣᠭᠤᠰ ᠲᠤᠯᠪᠠᠯ ᠬᠡᠳᠦᠢ ᠵᠣᠭᠤᠰ ᠬᠠᠰᠤᠬᠤ︾᠂ ︽ᠬᠡᠳᠦᠢ ᠵᠣᠭᠤᠰ ᠲᠤᠯᠪᠠᠯ ᠬᠡᠳᠦᠢ ᠪᠡᠯᠡᠭᠯᠡᠬᠦ︾᠂ ︽ᠬᠢᠮᠳᠠᠷᠠᠭᠤᠯᠬᠤ︾ ᠵᠡᠷᠭᠡ ᠬᠤᠳᠠᠯᠳᠤᠭᠠᠴᠢᠨ ᠤ ᠪᠣᠷᠤᠯᠠᠭᠤᠯᠭ᠎ᠠ ᠶᠢ ᠠᠬᠢᠭᠤᠯᠬᠤ ᠠᠷᠭ᠎ᠠ ᠬᠡᠮᠵᠢᠶᠡᠨ ᠳᠤ ᠲᠠᠷᠢᠬᠢ ᠲᠣᠯᠤᠭᠠᠢ ᠬᠥᠭᠡᠷᠴᠦ ᠪᠣᠯᠬᠤ ᠦᠭᠡᠢ᠃

ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠳᠤ ᠣᠷᠣᠯᠴᠠᠵᠤ ᠲᠠᠸᠠᠷ ᠢ ᠰᠣᠩᠭᠤᠵᠤ ᠬᠤᠳᠠᠯᠳᠤᠨ ᠠᠪᠬᠤ ᠳᠠᠭᠠᠨ ᠬᠤᠳᠠᠯᠳᠤᠭᠠᠴᠢᠨ ᠤ ᠠᠮᠠᠨ ᠤᠬᠠᠭᠤᠯᠭ᠎ᠠ ᠪᠠ ᠠᠮᠠᠯᠠᠯᠲᠠ ᠶᠢ ᠬᠡᠲᠦᠷᠬᠡᠢ ᠢᠲᠡᠭᠡᠵᠦ ᠪᠣᠯᠬᠤ ᠦᠭᠡᠢ ᠭᠡᠳᠡᠭ ᠢ ᠪᠠᠲᠤ ᠴᠡᠭᠡᠵᠢᠯᠡᠵᠦ᠂ ᠠᠵᠢᠯᠯᠠᠭ᠎ᠠ ᠶᠢᠨ ᠲᠦᠷᠢᠮ ᠪᠠ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠠᠷᠢᠨ ᠣᠶᠢᠯᠠᠭᠠᠵᠤ᠂ ᠲᠠᠸᠠᠷ ᠬᠤᠳᠠᠯᠳᠤᠨ ᠠᠪᠤᠭᠰᠠᠨ ᠤ ᠳᠠᠷᠠᠭ᠎ᠠ ᠡᠷᠬᠡᠪᠰᠢ ᠰᠠᠨᠠᠭᠠᠴᠢᠯᠠᠭ᠎ᠠ ᠠᠴᠠ ᠪᠠᠨ ᠭᠡᠷᠡᠴᠢ ᠠᠪᠬᠤ ᠶᠢᠨ ᠬᠠᠮᠲᠤ ᠲᠣᠬᠢᠲᠠᠶ ᠬᠠᠳᠠᠭᠠᠯᠠᠬᠤ ᠬᠡᠷᠡᠭᠲᠡᠶ᠃

ᠬᠤᠳᠠᠯᠳᠤᠭᠠᠴᠢᠨ ᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠳᠤ ᠤᠬᠠᠭᠠᠯᠢᠭ ᠬᠠᠨᠳᠤᠵᠤ ᠥᠳᠥᠭᠡᠯᠭᠡ ᠶᠢ ᠲᠡᠪᠴᠢᠬᠦ ᠬᠡᠷᠡᠭᠲᠡᠢ᠃

ᠲᠠᠸᠠᠷ ᠰᠤᠩᠭᠤᠬᠤ ᠳᠤ ᠨᠠᠷᠢᠯᠢᠭ ᠪᠠᠶᠢᠬᠤ ᠬᠡᠷᠡᠭᠲᠡᠢ

ᠡᠮᠡᠭᠲᠡᠶᠢᠴᠦᠳ ᠤᠨ ᠬᠡᠷᠡᠭᠯᠡᠳᠡᠭ ᠵᠠᠰᠠᠯ ᠴᠢᠮᠡᠭᠯᠡᠯ ᠤᠨ ᠡᠳ᠋᠂ ᠬᠤᠪᠴᠠᠰᠤ ᠬᠤᠨᠠᠷ ᠮᠠᠯᠠᠭᠠᠢ᠂ ᠬᠠᠶᠢᠷᠴᠠᠭ ᠪᠣᠭᠴᠣ ᠠᠷᠠᠰᠤᠨ ᠡᠳ᠋ᠯᠡᠯ ᠵᠡᠷᠭᠡ ᠨᠢ ᠪᠦᠭᠦᠳᠡ ᠬᠤᠳᠠᠯᠳᠤᠭᠠᠴᠢᠨ ᠤ ᠪᠣᠷᠣᠯᠠᠭᠤᠯᠬᠤ ᠴᠢᠬᠤᠯᠠ ᠲᠥᠷᠥᠯ ᠵᠦᠢᠯ ᠤᠳ ᠶᠤᠮ᠃ ᠬᠡᠷᠡᠭᠯᠡᠭᠴᠢᠳ ᠡᠳᠡᠭᠡᠷ ᠲᠥᠷᠥᠯ ᠤᠨ ᠲᠠᠸᠠᠷ ᠢ ᠬᠤᠳᠠᠯᠳᠤᠨ ᠠᠪᠬᠤ ᠳᠠᠭᠠᠨ ᠡᠵᠡᠩᠨᠡᠯᠲᠡ ᠶᠢᠨ ᠬᠢᠷᠢ ᠬᠡᠮ ᠲᠠᠢ ᠪᠥᠭᠡᠳ ᠢᠲᠡᠭᠡᠯ ᠬᠦᠨᠳᠦ ᠲᠠᠢ ᠳᠡᠯᠭᠡᠭᠦᠷ ᠢ ᠰᠣᠩᠭᠤᠵᠤ᠂ ᠰᠣᠬᠤᠷ ᠪᠠᠯᠠᠢ ᠪᠠᠷ ᠬᠤᠳᠠᠯᠳᠤᠭᠠᠴᠢᠨ ᠤ ᠤᠬᠠᠭᠤᠯᠬᠤ ᠪᠤᠶᠤ ᠬᠥᠲᠥᠯᠥᠨ ᠲᠠᠨᠢᠯᠴᠠᠭᠤᠯᠬᠤ ᠶᠢ ᠢᠲᠡᠭᠡᠵᠦ ᠪᠣᠯᠬᠤ ᠦᠭᠡᠢ᠂ ᠬᠤᠳᠠᠯᠳᠤᠨ ᠠᠪᠤᠭᠰᠠᠨ ᠲᠠᠸᠠᠷ ᠤᠨ ᠨᠠᠷᠢᠨ ᠮᠡᠳᠡᠭᠡ ᠵᠠᠩᠭᠢ ᠵᠢᠱᠢᠶᠡᠯᠡᠪᠡᠯ ᠦᠢᠯᠡᠳᠪᠦᠷᠢᠯᠡᠯ ᠤᠨ ᠬᠤᠳᠠᠯᠳᠤᠭᠠᠴᠢᠨ ᠤ ᠨᠡᠷᠡᠶᠢᠳᠦᠯ ᠪᠠ ᠬᠠᠶ᠋ᠢᠭ᠂ ᠦᠢᠯᠡᠳᠬᠦᠨ ᠤ ᠬᠡᠯᠪᠡᠷᠢ ᠮᠠᠶ᠋ᠢᠭ ᠪᠤᠶᠤ ᠬᠡᠪ ᠶᠠᠩᠵᠤ᠂ ᠦᠢᠯᠡᠳᠬᠦᠨ ᠤ ᠪᠦᠷᠢᠯᠳᠦᠬᠦᠨ᠂ ᠬᠡᠷᠡᠭᠵᠢᠭᠦᠯᠵᠦ ᠪᠠᠶᠢᠭ᠎ᠠ ᠦᠢᠯᠡᠳᠬᠦᠨ ᠤ ᠪᠠᠷᠢᠮᠵᠢᠶ᠎ᠠ᠂ ᠠᠶᠤᠯ ᠦᠭᠡᠢ ᠶᠢᠨ ᠲᠥᠷᠥᠯ ᠵᠦᠢᠯ᠂ ᠦᠢᠯᠡᠳᠪᠦᠷᠢᠯᠡᠬᠦ ᠶᠢ ᠵᠥᠪᠰᠢᠶᠡᠷᠡᠭᠰᠡᠨ ᠳ᠋ᠤᠭᠠᠷ ᠵᠡᠷᠭᠡ ᠶᠢ ᠣᠶᠢᠯᠠᠭᠠᠬᠤ ᠬᠡᠷᠡᠭᠲᠡᠢ᠃

ᠤᠷᠢᠳᠴᠢᠯᠠᠨ ᠰᠦᠢᠳᠬᠡᠯ ᠲᠤᠰᠢᠶᠠᠬᠤ ᠺᠠᠷᠲ ᠢ ᠪᠣᠯᠭᠤᠮᠵᠢᠲᠠᠢ ᠬᠤᠳᠠᠯᠳᠤᠵᠤ ᠠᠪᠤᠨ᠎ᠠ

ᠡᠮᠡᠭᠲᠡᠶ ᠬᠡᠷᠡᠭᠯᠡᠭᠴᠢᠳ ᠵᠢᠰᠦ ᠭᠤᠶᠣᠯᠠᠬᠤ᠂ ᠪᠡᠶ᠎ᠡ ᠴᠢᠭᠢᠷᠠᠭᠵᠢᠭᠤᠯᠬᠤ ᠵᠡᠷᠭᠡ ᠤᠷᠢᠳᠴᠢᠯᠠᠨ ᠰᠦᠢᠳᠬᠡᠯ ᠲᠤᠰᠢᠶᠠᠬᠤ ᠺᠠᠷᠲ ᠬᠤᠳᠠᠯᠳᠤᠨ ᠠᠪᠬᠤ ᠦᠶ᠎ᠡ ᠳᠤ ᠡᠷᠬᠡᠪᠰᠢ ᠬᠤᠳᠠᠯᠳᠤᠭᠠᠴᠢᠨ ᠤ ᠡᠵᠡᠩᠨᠡᠯᠲᠡ ᠶᠢᠨ ᠪᠠᠶᠢᠳᠠᠯ ᠪᠠ ᠵᠠᠬ᠎ᠠ ᠳᠡᠯᠭᠡᠭᠦᠷ ᠤᠨ ᠢᠲᠡᠭᠡᠯ ᠬᠦᠨᠳᠦ ᠶᠢ ᠭᠦᠢᠴᠡᠳ ᠣᠶᠢᠯᠠᠭᠠᠬᠤ ᠬᠡᠷᠡᠭᠲᠡᠶ︔ ᠡᠷᠬᠡᠪᠰᠢ ᠲᠣᠰ ᠺᠠᠷᠲ ᠤᠨ ᠬᠡᠷᠡᠭᠯᠡᠯᠲᠡ ᠶᠢᠨ ᠲᠣᠳᠣᠷᠬᠠᠶᠢᠯᠠᠯᠲᠠ᠂ ᠬᠠᠷᠠᠭᠠᠯᠵᠠᠯ ᠤᠨ ᠨᠥᠬᠦᠴᠡᠯ᠂ ᠺᠠᠷᠲ ᠰᠣᠯᠢᠬᠤ ᠠᠷᠭ᠎ᠠ ᠮᠠᠶ᠋ᠢᠭ᠂ ᠨᠡᠮᠡᠯᠲᠡ ᠵᠦᠢᠯ ᠵᠤᠷᠪᠤᠰ᠂ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠶᠢ ᠲᠣᠳᠣᠷᠬᠠᠶ ᠣᠶᠢᠯᠠᠭᠠᠬᠤ ᠬᠡᠷᠡᠭᠲᠡᠶ︔

ᠡᠷᠬᠡᠪᠰᠢ ᠪᠢᠴᠢᠭ ᠤᠨ ᠬᠡᠯᠪᠡᠷᠢ ᠪᠠᠷ ᠦᠢᠯᠡᠴᠢᠯᠡᠭᠡᠨ ᠤ ᠠᠭᠤᠯᠭ᠎ᠠ ᠪᠠ ᠱᠠᠭᠠᠷᠳᠠᠯᠭ᠎ᠠ ᠶᠢ ᠪᠣᠯᠵᠣᠨ ᠲᠣᠭᠲᠠᠬᠤ ᠬᠡᠷᠡᠭᠲᠡᠢ᠃

ᠬᠡᠷᠪᠡ ᠦᠨᠡᠬᠡᠷ ᠺᠠᠷᠲ ᠬᠤᠳᠠᠯᠳᠤᠨ ᠠᠪᠬᠤ ᠴᠢᠬᠤᠯᠠ ᠲᠠᠢ ᠪᠣᠯ ᠺᠠᠷᠲ ᠳᠤ ᠬᠡᠲᠦ ᠶᠡᠭᠡ ᠵᠣᠭᠤᠰ ᠬᠠᠳᠠᠭᠠᠯᠠᠵᠤ ᠪᠣᠯᠬᠤ ᠦᠭᠡᠢ᠃ ᠺᠠᠷᠲ ᠢᠶᠠᠷ ᠬᠡᠷᠡᠭᠯᠡᠭᠡ ᠬᠢᠬᠦ ᠦᠶ᠎ᠡ ᠳᠤ᠂ ᠬᠡᠷᠡᠭᠯᠡᠭᠡᠨ ᠤ ᠵᠣᠭᠤᠰ ᠤᠨ ᠲᠤᠭ᠎ᠠ ᠪᠣᠯᠤᠨ ᠺᠠᠷᠲ ᠤᠨ ᠳᠣᠲᠣᠷᠠᠬᠢ ᠦᠯᠡᠳᠡᠪᠦᠷᠢ ᠨᠢ ᠨᠢᠭᠡᠳᠦᠯᠲᠡᠶ ᠪᠠᠶᠢᠬᠤ ᠡᠰᠡᠬᠦ ᠶᠢ ᠲᠣᠳᠣᠯᠠᠵᠤ᠂ ᠬᠡᠷᠡᠭᠯᠡᠭᠡᠨ ᠤ ᠭᠡᠷᠡᠴᠢ ᠪᠠᠷᠢᠮᠲᠠ ᠠᠪᠬᠤ ᠬᠡᠷᠡᠭᠲᠡᠶ᠃

 ᠰᠢᠨᠵᠢᠯᠡᠬᠦ ᠤᠬᠠᠭᠠᠨᠴᠢ ᠤᠬᠠᠭᠠᠯᠢᠭ ᠢᠶᠠᠷ ᠰᠦᠯᠵᠢᠶᠡᠨ ᠠᠴᠠ ᠬᠤᠳᠠᠯᠳᠤᠨ ᠠᠪᠬᠤ ᠬᠡᠷᠡᠭᠲᠡᠢ

ᠰᠦᠯᠵᠢᠶᠡᠨ ᠠᠴᠠ ᠪᠠᠷᠠᠭ᠎ᠠ ᠬᠤᠳᠠᠯᠳᠤᠨ ᠠᠪᠬᠤ ᠳᠤ ᠴᠢᠳᠠᠬᠤ ᠶᠢᠨ ᠬᠢᠷᠢ ᠪᠠᠷ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠢᠳᠡᠭᠡᠮᠵᠢ ᠶᠢᠨ ᠬᠡᠮᠵᠢᠶ᠎ᠡ ᠪᠠᠷ ᠦᠨᠳᠦᠷ ᠪᠠᠷᠠᠭ᠎ᠠ ᠬᠤᠳᠠᠯᠳᠤᠨ ᠠᠪᠬᠤ ᠰᠦᠯᠵᠢᠶᠡᠨ ᠦᠷᠲᠡᠭᠡ ᠶᠢ ᠰᠣᠩᠭᠤᠨ᠎ᠠ

ᠠᠷᠠᠯᠵᠢᠶᠠᠨ ᠤ ᠠᠮᠤᠷ ᠲᠦᠪᠰᠢᠨ ᠢ ᠴᠢᠬᠤᠯᠠᠴᠢᠯᠠᠵᠤ᠂ ᠬᠤᠪᠢ ᠬᠥᠮᠦᠨ ᠤ ᠨᠢᠭᠤᠴᠠ ᠪᠠᠨ ᠬᠠᠮᠠᠭᠠᠯᠠᠬᠤ ᠶᠢ ᠠᠩᠬᠠᠷᠴᠤ᠂ ᠺᠣᠳ᠋ ᠦᠵᠡᠪᠡᠯ ᠰᠢᠷᠪᠢᠭᠡᠳ ᠪᠠᠶᠢᠵᠤ ᠪᠣᠯᠬᠤ ᠦᠭᠡᠢ᠂ ᠬᠠᠮᠤᠭ ᠰᠠᠶᠢᠨ ᠨᠢ ᠭᠤᠷᠪᠠᠳᠠᠬᠢ ᠡᠲᠡᠭᠡᠳ ᠠᠴᠠ ᠪᠠᠲᠤᠯᠠᠭᠰᠠᠨ ᠪᠠᠷᠠᠭ᠎ᠠ ᠬᠤᠳᠠᠯᠳᠤᠨ ᠠᠪᠬᠤ ᠲᠠᠪᠴᠠᠩ ᠢ ᠰᠣᠩᠭᠤᠵᠤ ᠵᠣᠭᠤᠰ ᠢᠶᠠᠨ ᠲᠤᠰᠢᠶᠠᠨ᠎ᠠ᠃

ᠲᠦᠷᠭᠡᠨ ᠬᠦᠷᠭᠡᠯᠳᠡ ᠶᠢᠨ ᠡᠳ᠋ ᠪᠤᠳᠠᠰ ᠢ ᠭᠠᠷ ᠤᠨ ᠦᠰᠦᠭ ᠵᠢᠷᠤᠵᠤ ᠬᠤᠷᠢᠶᠠᠨ ᠠᠪᠬᠤ ᠳᠠᠭᠠᠨ ᠡᠷᠬᠡᠪᠰᠢ ᠬᠠᠶᠢᠷᠴᠠᠭ ᠢ ᠨᠡᠭᠡᠭᠡᠵᠦ ᠪᠠᠷᠠᠭ᠎ᠠ ᠶᠢ ᠰᠢᠯᠭᠠᠨ ᠪᠠᠶᠢᠴᠠᠭᠠᠬᠤ ᠬᠡᠷᠡᠭᠲᠡᠢ᠂ ᠬᠡᠷᠪᠡ ᠪᠣᠳᠠᠲᠤ ᠬᠡᠷᠡᠭᠯᠡᠭᠡ ᠶᠢᠨ ᠪᠠᠶᠢᠳᠠᠯ ᠳᠤ ᠨᠡᠶᠢᠴᠡᠬᠦ ᠦᠭᠡᠢ ᠪᠠᠶᠢᠳᠠᠯ ᠲᠣᠬᠢᠶᠠᠯᠳᠤᠪᠠᠯ ᠨᠢᠭᠤᠷᠳᠠᠨ ᠭᠠᠷ ᠤᠨ ᠦᠰᠦᠭ ᠵᠢᠷᠤᠬᠤ ᠦᠭᠡᠢ ᠪᠠᠶᠢᠬᠤ ᠬᠡᠷᠡᠭᠲᠡᠢ᠃

ᠠᠯᠢ ᠴᠢᠳᠠᠬᠤ ᠪᠠᠷ ᠪᠠᠷᠠᠭ᠎ᠠ ᠬᠤᠳᠠᠯᠳᠤᠨ ᠠᠪᠬᠤ ᠦᠭᠡ ᠳᠤ ᠵᠣᠭᠤᠭᠳᠠᠭᠰᠠᠨ ᠲᠡᠮᠳᠡᠭᠯᠡᠯ᠂ ᠵᠠᠷ ᠮᠡᠳᠡᠭᠡᠨ ᠤ ᠤᠬᠠᠭᠤᠯᠭ᠎ᠠ ᠶᠢᠨ ᠡᠯᠭᠦᠭᠡ ᠵᠢᠷᠤᠭ᠂ ᠬᠡᠷᠡᠭᠯᠡᠭᠡᠨ ᠤ ᠭᠡᠷᠡᠴᠢ ᠪᠠᠷᠢᠮᠲᠠ ᠵᠡᠷᠭᠡ ᠡᠷᠬᠡ ᠪᠠᠨ ᠬᠠᠮᠠᠭᠠᠯᠠᠬᠤ ᠦᠨᠳᠦᠰᠦ ᠪᠠᠷᠢᠮᠲᠠ ᠶᠢ ᠰᠠᠶᠢᠲᠤᠷ ᠬᠠᠳᠠᠭᠠᠯᠠᠬᠤ ᠬᠡᠷᠡᠭᠲᠡᠶ᠃

ᠡᠷᠬᠡ ᠪᠠᠨ ᠬᠠᠮᠠᠭᠠᠯᠠᠬᠤ ᠠᠷᠭ᠎ᠠ ᠵᠠᠮ ᠢ ᠮᠡᠳᠡᠬᠦ ᠬᠡᠷᠡᠭᠲᠡᠢ

ᠲᠠᠸᠠᠷ ᠬᠤᠳᠠᠯᠳᠤᠨ ᠠᠪᠬᠤ ᠪᠤᠶᠤ ᠦᠢᠯᠡᠴᠢᠯᠡᠭᠡᠨ ᠬᠦᠯᠢᠶᠡᠨ ᠠᠪᠬᠤ ᠳᠠᠭᠠᠨ ᠦᠯᠡᠳᠡᠭᠡᠭᠰᠡᠨ ᠭᠡᠷᠡᠴᠢ ᠪᠠᠷᠢᠮᠲᠠ ᠶᠢ ᠬᠠᠳᠠᠭᠠᠯᠠᠬᠤ ᠳᠠᠳᠬᠠᠯ ᠲᠠᠢ ᠪᠣᠯᠭᠠᠵᠤ᠂ ᠬᠡᠷᠡᠭᠯᠡᠭᠡᠨ ᠤ ᠪᠠᠷᠢᠮᠲᠠ᠂ ᠵᠢᠵᠢᠭ ᠫᠢᠶᠣᠤ᠂ ᠡᠯᠧᠺᠲᠷᠣᠨ ᠠᠷᠠᠯᠵᠢᠶᠠᠨ ᠤ ᠮᠡᠳᠡᠭᠡ ᠵᠠᠩᠭᠢ ᠶᠢ ᠲᠣᠬᠢᠲᠠᠶ ᠬᠠᠳᠠᠭᠠᠯᠠᠬᠤ ᠬᠡᠷᠡᠭᠲᠡᠶ᠃ ᠬᠡᠷᠡᠭᠯᠡᠭᠡᠨ ᠤ ᠵᠢᠭᠤᠷᠠᠯᠳᠤᠭᠠᠨ ᠭᠠᠷᠤᠭᠰᠠᠨ ᠦᠶ᠎ᠡ ᠳᠤ᠂ ᠬᠡᠷᠡᠭᠯᠡᠭᠴᠢᠳ ᠤᠷᠢᠳᠠᠪᠠᠷ ᠬᠤᠳᠠᠯᠳᠤᠭᠠᠴᠢᠨ ᠲᠠᠢ ᠵᠥᠪᠳᠡᠯᠴᠡᠨ ᠰᠢᠢᠳᠪᠦᠷᠢᠯᠡᠵᠦ ᠪᠣᠯᠤᠨ᠎ᠠ᠂ ᠵᠥᠪᠳᠡᠯᠴᠡᠭᠡᠳ ᠪᠦᠲᠦᠬᠦ ᠦᠭᠡᠢ ᠪᠣᠯ 12315 ᠤ ᠵᠠᠭᠠᠯᠳᠤᠬᠤ ᠢᠯᠡᠴᠢᠯᠡᠨ ᠮᠡᠳᠡᠭᠦᠯᠬᠦ ᠡᠷᠬᠡ ᠠᠰᠢᠭ ᠢᠶᠠᠨ ᠬᠠᠮᠠᠭᠠᠯᠠᠬᠤ ᠬᠠᠯᠠᠭᠤᠨ ᠤᠲᠠᠰᠤ ᠪᠠᠷ ᠵᠠᠭᠠᠯᠳᠤᠵᠤ ᠪᠣᠯᠤᠨ᠎ᠠ᠃

ᠢᠷᠡᠯᠲᠡ᠄ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ᠂ ᠰᠣᠨᠢᠨ ᠮᠡᠳᠡᠭᠡᠨ ᠤ ᠤᠬᠠᠭᠤᠯᠭ᠎ᠠ ᠶᠢᠨ ᠭᠠᠵᠠᠷ