2024 ᠣᠨ ᠤ ᠪᠥᠬᠦ ᠤᠯᠤᠰ ᠤᠨ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠶᠢᠨ ᠬᠥᠬᠡᠬᠤᠲᠠ ᠶᠢᠨ ᠰᠢᠯᠭᠠᠯᠲᠠ ᠶᠢᠨ ᠴᠡᠭ ᠲᠤ ᠨᠡᠷ᠎ᠡ ᠮᠡᠳᠡᠭᠦᠯᠬᠦ ᠠᠵᠢᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2024/4/10

    ︽2024 ᠣᠨ ᠤ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠶᠢᠨ ᠲᠤᠬᠠᠶ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠠᠯᠪᠠᠨ ᠵᠠᠷ︾ ︵567 ᠳ᠋ᠤᠭᠠᠷ ᠲᠣᠭᠠᠲᠤ︶ ᠢ ᠦᠨᠳᠦᠰᠦᠯᠡᠨ᠂ 2024 ᠣᠨ ᠤ ᠪᠥᠬᠦ ᠤᠯᠤᠰ ᠤᠨ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠶᠢ 7 ᠳ᠋ᠤᠭᠠᠷ ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ ᠶᠠᠪᠤᠭᠳᠠᠭᠤᠯᠵᠤ᠂ ᠬᠥᠬᠡᠬᠤᠲᠠ ᠲᠣᠰ ᠤᠳᠠᠭᠠᠨ ᠤ ᠪᠥᠬᠦ ᠤᠯᠤᠰ ᠤᠨ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠶᠢᠨ ᠰᠢᠯᠭᠠᠯᠲᠠ ᠶᠢᠨ ᠴᠡᠭ ᠤᠨ ᠨᠢᠭᠡ ᠪᠣᠯᠤᠭᠰᠠᠨ ᠤ ᠬᠤᠪᠢ ᠳᠤ᠂ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠢ 4 ᠳ᠋ᠦ᠋ᠭᠡᠷ ᠰᠠᠷ᠎ᠠ ᠶᠢᠨ 8 ᠤ ᠡᠳᠦᠷ ᠠᠴᠠ 5 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠃ ᠮᠠᠨ ᠤ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠠᠰᠫᠢᠷᠠᠨᠲ ᠵᠢᠴᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠢ ᠬᠢᠵᠦ ᠪᠠᠶᠢᠭ᠎ᠠ ᠬᠦᠮᠦᠰ ᠤᠨ ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠶᠢ ᠵᠣᠷᠢᠬᠵᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄

ᠨᠢᠭᠡ᠂ ᠨᠡᠷ᠎ᠡ ᠮᠡᠳᠡᠭᠦᠯᠬᠦ

    ︵ᠨᠢᠭᠡ︶ ᠨᠡᠷ᠎ᠡ ᠮᠡᠳᠡᠭᠦᠯᠬᠦ ᠨᠥᠬᠦᠴᠡᠯ

    1. ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ︔

    2. ᠨᠢᠭᠡᠨᠲᠡ ᠤᠯᠤᠰ ᠠᠴᠠ ᠮᠡᠳᠡᠷᠡᠭᠰᠡᠨ ᠪᠠᠶᠢᠭᠠᠯᠢ ᠲᠧᠭᠨᠢᠭ ᠤᠨ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠳᠡᠭᠡᠭᠰᠢᠬᠢ ᠰᠤᠷᠤᠯᠴᠠᠭᠰᠠᠨ ᠨᠠᠮᠲᠠᠷ ᠲᠠᠢ ᠪᠥᠭᠡᠳ ᠲᠡᠭᠦᠰᠦᠭᠰᠡᠨ ᠦᠨᠡᠮᠯᠡᠯ ᠪᠤᠶᠤ ᠡᠷᠳᠡᠮ ᠤᠨ ᠴᠣᠯᠠ ᠶᠢᠨ ᠦᠨᠡᠮᠯᠡᠯ ᠣᠯᠤᠭᠰᠠᠨ︔

    3. 2024 ᠣᠨ ᠤ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠤᠯᠤᠰ ᠠᠴᠠ ᠮᠡᠳᠡᠷᠡᠭᠰᠡᠨ ᠪᠠᠶᠢᠭᠠᠯᠢ ᠲᠧᠭᠨᠢᠭ ᠤᠨ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠣᠯᠣᠭᠰᠠᠨ ᠪᠥᠭᠡᠳ ᠲᠡᠭᠦᠰᠬᠦ ᠦᠨᠡᠮᠯᠡᠯ ᠪᠤᠶᠤ ᠡᠷᠳᠡᠮ ᠤᠨ ᠴᠣᠯᠠ ᠶᠢᠨ ᠦᠨᠡᠮᠯᠡᠯ ᠣᠯᠣᠭᠰᠠᠨ᠃

    ︵ᠬᠤᠶᠠᠷ︶ ᠨᠡᠷ᠎ᠡ ᠮᠡᠳᠡᠭᠦᠯᠬᠦ ᠴᠤᠪᠤᠷᠠᠯ

    ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠦᠭᠴᠢ ᠨᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠵᠠᠰᠠᠭ ᠤᠨ ᠣᠷᠳᠣᠨ ᠤ ᠰᠦᠯᠵᠢᠶ᠎ᠡ ︵https://www.cnipa.gov.cn ︶ ᠶᠢᠨ ︽ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ︾ ᠶᠢᠨ ᠲᠤᠰᠬᠠᠢ ᠪᠤᠯᠤᠩ ᠳᠠᠬᠢ ᠨᠡᠷ᠎ᠡ ᠮᠡᠳᠡᠭᠦᠯᠬᠦ ᠰᠢᠰᠲ᠋ᠧᠮ ᠢᠶᠠᠷ ᠨᠡᠷ᠎ᠡ ᠮᠡᠳᠡᠭᠦᠯᠬᠦ ᠬᠡᠷᠡᠭᠲᠡᠢ᠃ ᠨᠡᠷ᠎ᠡ ᠮᠡᠳᠡᠭᠦᠯᠬᠦ ᠶᠢ ᠤᠷᠢᠳᠴᠢᠯᠠᠨ ᠨᠡᠷ᠎ᠡ ᠮᠡᠳᠡᠭᠦᠯᠬᠦ᠂ ᠬᠢᠷᠢ ᠬᠡᠮ ᠢ ᠬᠢᠨᠠᠨ ᠬᠠᠷᠭᠤᠭᠤᠯᠬᠤ᠂ ᠰᠦᠢᠳᠬᠡᠯ ᠲᠤᠰᠢᠶᠠᠵᠤ ᠨᠤᠲᠠᠯᠠᠬᠤ ᠭᠤᠷᠪᠠᠨ ᠠᠯᠬᠤᠮ ᠬᠤᠪᠢᠶᠠᠨ᠎ᠠ᠃

    1. ᠤᠷᠢᠳᠴᠢᠯᠠᠨ ᠨᠡᠷ᠎ᠡ ᠮᠡᠳᠡᠭᠦᠯᠬᠦ᠃ ᠨᠡᠷ᠎ᠡ ᠮᠡᠳᠡᠭᠦᠯᠬᠦ ᠬᠥᠮᠦᠰ 2024 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ ᠤᠨ 8᠄ 00 ᠠᠴᠠ 4 ᠳ᠋ᠦ᠋ᠭᠡᠷ ᠰᠠᠷ᠎ᠠ ᠶᠢᠨ 29 ᠤ ᠡᠳᠦᠷ ᠤᠨ 17᠄ 00 ᠪᠣᠯᠲᠠᠯ᠎ᠠ ᠨᠡᠷ᠎ᠡ ᠮᠡᠳᠡᠭᠦᠯᠬᠦ ᠰᠢᠰᠲ᠋ᠧᠮ ᠤᠨ ᠤᠷᠢᠳᠴᠢᠯᠠᠨ ᠨᠡᠷ᠎ᠡ ᠮᠡᠳᠡᠭᠦᠯᠦᠨ᠎ᠡ᠂ ᠬᠤᠭᠤᠴᠠᠭ᠎ᠠ ᠬᠡᠲᠦᠷᠡᠪᠡᠯ ᠨᠥᠬᠦᠨ ᠮᠡᠳᠡᠭᠦᠯᠵᠦ ᠪᠣᠯᠬᠤ ᠦᠭᠡᠢ᠃ ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠪᠣᠳᠠᠲᠤ ᠶᠠᠪᠤᠳᠠᠯ ᠤᠨ ᠬᠢᠴᠢᠶᠡᠯ ᠲᠥᠷᠥᠯ ᠤᠨ ᠰᠢᠯᠭᠠᠯᠲᠠ ᠠᠴᠠ ᠬᠡᠯᠲᠦᠷᠢᠭᠦᠯᠬᠦ ᠪᠠᠷ ᠭᠤᠶᠤᠴᠢᠯᠠᠭᠰᠠᠳ ᠴᠤ ᠳᠡᠭᠡᠷ᠎ᠡ ᠳᠤᠷᠠᠳᠤᠭᠰᠠᠨ ᠴᠠᠭ ᠤᠨ ᠳᠣᠲᠣᠷ᠎ᠠ ᠭᠤᠶᠤᠴᠢᠯᠠᠯ ᠭᠠᠷᠭᠠᠬᠤ ᠬᠡᠷᠡᠭᠲᠡᠢ᠃ ᠨᠡᠷ᠎ᠡ ᠮᠡᠳᠡᠭᠦᠯᠬᠦ ᠰᠢᠰᠲ᠋ᠧᠮ ᠤᠨ ᠵᠢᠯᠣᠭᠤᠳᠣᠯᠭ᠎ᠠ ᠶᠣᠰᠣᠭᠠᠷ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠦᠨᠡᠨ ᠪᠣᠳᠠᠲᠠᠶ᠂ ᠣᠨᠣᠪᠴᠢᠲᠠᠶ ᠲᠠᠭᠯᠠᠵᠤ᠂ ᠬᠠᠮᠢᠶ᠎ᠠ ᠪᠥᠬᠦᠶ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠶᠢᠨ ᠬᠠᠮᠲᠤ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃

    2. ᠬᠢᠷᠢ ᠭᠡᠮ ᠢ ᠬᠢᠨᠠᠨ ᠬᠠᠷᠭᠤᠭᠤᠯᠬᠤ᠃ ᠤᠷᠢᠳᠴᠢᠯᠠᠨ ᠨᠡᠷ᠎ᠡ ᠮᠡᠳᠡᠭᠦᠯᠵᠦ ᠳᠡᠶᠢᠯᠦᠭᠰᠡᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠡᠴᠠ‌ᠨᠡᠷ᠎ᠡ ᠮᠡᠳᠡᠭᠦᠯᠦᠭᠴᠢ ᠶᠢᠨ ᠬᠢᠷᠢ ᠬᠡᠮ ᠢ ᠬᠢᠨᠠᠨ ᠬᠠᠷᠭᠤᠭᠤᠯᠤᠨ᠎ᠠ᠃ ᠨᠡᠷ᠎ᠡ ᠮᠡᠳᠡᠭᠦᠯᠦᠭᠰᠡᠨ ᠬᠥᠮᠦᠰ ᠢᠳᠡᠪᠬᠢᠲᠡᠶ ᠬᠠᠮᠵᠢᠯᠴᠠᠬᠤ ᠬᠡᠷᠡᠭᠲᠡᠶ᠂ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠨᠢ ᠪᠤᠷᠤᠭᠤ ᠪᠠᠶᠢᠪᠠᠯ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠵᠠᠯᠠᠷᠠᠭᠤᠯᠬᠤ ᠬᠡᠷᠡᠭᠲᠡᠶ᠃ ᠬᠢᠷᠢ ᠬᠡᠮ ᠢ ᠬᠢᠨᠠᠨ ᠬᠠᠷᠭᠤᠭᠤᠯᠬᠤ ᠴᠠᠭ ᠨᠢ 2024 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ ᠤᠨ 8᠄ 00 – 5 ᠳ᠋ᠤᠭᠠᠷ ᠰᠠᠷ᠎ᠠ ᠶᠢᠨ 10 ᠤ ᠡᠳᠦᠷ ᠤᠨ 17᠄ 00 ᠪᠣᠯᠲᠠᠯ᠎ᠠ᠂   ᠬᠤᠭᠤᠴᠠᠭ᠎ᠠ ᠨᠢ ᠥᠩᠭᠡᠷᠡᠲᠡᠯ᠎ᠡ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠳᠤ ᠵᠠᠰᠠᠪᠤᠷᠢ ᠣᠷᠣᠭᠤᠯᠤᠭᠰᠠᠨ ᠦᠭᠡᠶ ᠪᠣᠯ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠭᠡᠶ ᠪᠠᠷ ᠦᠵᠡᠨ᠎ᠡ᠃

    3. ᠰᠦᠢᠳᠬᠡᠯ ᠲᠤᠰᠢᠶᠠᠵᠤ ᠨᠤᠲᠠᠯᠠᠬᠤ᠃ ᠬᠢᠷᠢ ᠭᠡᠮ ᠢ ᠬᠢᠨᠠᠭᠠᠳ ᠬᠢᠷᠢ ᠲᠡᠩᠴᠡᠭᠰᠡᠨ‌ᠨᠡᠷ᠎ᠡ ᠮᠡᠳᠡᠭᠦᠯᠦᠭᠴᠢ ᠨᠢ ᠨᠡᠷ᠎ᠡ ᠮᠡᠳᠡᠭᠦᠯᠬᠦ ᠰᠢᠰᠲ᠋ᠧᠮ ᠤᠨ ᠰᠠᠨᠠᠭᠤᠯᠤᠮᠵᠢ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠳᠤ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠦᠢᠳᠬᠡᠯ ᠲᠤᠰᠢᠶᠠᠬᠤ ᠬᠡᠷᠡᠭᠲᠡᠶ᠃ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠴᠠᠭ ᠬᠤᠭᠤᠴᠠᠭ᠎ᠠ ᠨᠢ 2024 ᠣᠨ ᠤ 5 ᠳ᠋ᠤᠭᠠᠷ ᠰᠠᠷ᠎ᠠ ᠶᠢᠨ 13 ᠤ ᠡᠳᠦᠷ ᠤᠨ 15᠄ 00 ᠪᠣᠯᠲᠠᠯ᠎ᠠ᠃

    ᠨᠡᠷ᠎ᠡ ᠮᠡᠳᠡᠭᠦᠯᠦᠭᠴᠢ ᠵᠥᠪᠬᠡᠨ ᠰᠢᠯᠭᠠᠯᠲᠠ ᠶᠢᠨ ᠨᠡᠷ᠎ᠡ ᠮᠡᠳᠡᠭᠦᠯᠦᠭᠰᠡᠨ ᠰᠦᠢᠳᠬᠡᠯ ᠢᠶᠠᠨ ᠴᠠᠭ ᠲᠤᠬᠠᠶ ᠳᠤᠨᠢ ᠲᠤᠭ᠎ᠠ ᠶᠣᠰᠣᠭᠠᠷ ᠲᠤᠰᠢᠶᠠᠵᠤ ᠨᠤᠲᠠᠯᠠᠭᠰᠠᠨ ᠤ ᠳᠠᠷᠠᠭ᠎ᠠ ᠰᠠᠶ᠋ᠢ ᠨᠡᠷ᠎ᠡ ᠮᠡᠳᠡᠭᠦᠯᠬᠦ ᠴᠤᠪᠤᠷᠠᠯ ᠢ ᠭᠦᠢᠴᠡᠳᠬᠡᠵᠦ ᠴᠢᠳᠠᠨ᠎ᠠ᠃ ᠬᠤᠭᠤᠴᠠᠭ᠎ᠠ ᠥᠩᠭᠡᠷᠡᠲᠡᠯ᠎ᠡ ᠪᠤᠶᠤ ᠨᠡᠷ᠎ᠡ ᠮᠡᠳᠡᠭᠦᠯᠦᠭᠰᠡᠨ ᠰᠦᠢᠳᠬᠡᠯ ᠢᠶᠠᠨ ᠲᠤᠭ᠎ᠠ ᠶᠣᠰᠣᠭᠠᠷ ᠲᠤᠰᠢᠶᠠᠭᠰᠠᠨ ᠦᠭᠡᠶ ᠪᠣᠯ ᠨᠡᠷ᠎ᠡ ᠮᠡᠳᠡᠭᠦᠯᠬᠦ ᠪᠠᠨ ᠪᠡᠶᠡᠯᠡᠭᠦᠯᠵᠦ ᠳᠡᠶᠢᠯᠦᠭᠰᠡᠨ ᠦᠭᠡᠶ ᠪᠠᠷ ᠦᠵᠡᠨ᠎ᠡ᠃ ᠰᠦᠢᠳᠬᠡᠯ ᠲᠤᠰᠢᠶᠠᠵᠤ ᠨᠤᠲᠠᠯᠠᠭᠰᠠᠨ ᠤ ᠳᠠᠷᠠᠭ᠎ᠠ᠂ ᠨᠡᠷ᠎ᠡ ᠮᠡᠳᠡᠭᠦᠯᠦᠭᠰᠡᠨ ᠬᠥᠮᠦᠰ ᠰᠢᠯᠭᠠᠯᠲᠠ ᠶᠢᠨ ᠴᠡᠭ ᠢᠶᠠᠨ ᠬᠤᠪᠢᠷᠠᠭᠤᠯᠵᠤ ᠪᠣᠯᠬᠤ ᠥᠬᠡᠶ᠃ ᠨᠡᠷ᠎ᠡ ᠮᠡᠳᠡᠭᠦᠯᠪᠡᠯ ᠳᠠᠷᠤᠢ ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠢ ᠤᠷᠢᠳᠴᠢᠯᠠᠨ ᠭᠤᠶᠤᠴᠢᠯᠠᠭᠰᠠᠨ ᠢᠶᠠᠷ ᠦᠵᠡᠨ᠎ᠡ᠃ ᠨᠡᠷ᠎ᠡ ᠮᠡᠳᠡᠭᠦᠯᠬᠦ ᠰᠦᠢᠳᠬᠡᠯ ᠨᠢ ᠬᠢᠴᠢᠶᠡᠯ ᠲᠥᠷᠥᠯ ᠨᠢᠭᠡ᠂ ᠬᠢᠴᠢᠶᠡᠯ ᠲᠥᠷᠥᠯ ᠬᠤᠶᠠᠷ ᠨᠢ ᠲᠣᠰ ᠪᠦᠷᠢ 63 ᠲᠥᠭᠦᠷᠢᠭ᠂ ᠬᠢᠴᠢᠶᠡᠯ ᠲᠥᠷᠥᠯ ᠭᠤᠷᠪᠠ ᠨᠢ 67 ᠲᠥᠭᠦᠷᠢᠭ᠂ ᠨᠡᠶᠢᠲᠡ 193 ᠲᠥᠭᠦᠷᠢᠭ᠃ ᠨᠡᠷ᠎ᠡ ᠮᠡᠳᠡᠭᠦᠯᠦᠭᠰᠡᠨ ᠰᠦᠢᠳᠬᠡᠯ ᠢ ᠲᠤᠰᠢᠶᠠᠴᠢᠬᠠᠪᠠᠯ ᠪᠤᠴᠠᠭᠠᠨ ᠥᠭᠬᠦ ᠦᠭᠡᠢ᠃

    ︵ᠭᠤᠷᠪᠠ︶ ᠨᠡᠷ᠎ᠡ ᠮᠡᠳᠡᠭᠦᠯᠬᠦ ᠮᠠᠲ᠋ᠧᠷᠢᠶᠠᠯ

    ᠨᠡᠷ᠎ᠡ ᠮᠡᠳᠡᠭᠦᠯᠦᠭᠴᠢ ᠨᠡᠷ᠎ᠡ ᠮᠡᠳᠡᠭᠦᠯᠬᠦ ᠳᠡᠭᠡᠨ ᠳᠣᠣᠷᠠᠬᠢ ᠮᠠᠲ᠋ᠧᠷᠢᠶᠠᠯ ᠤᠳ ᠢ ᠲᠠᠭᠯᠠᠬᠤ ᠪᠤᠶᠤ ᠳᠡᠭᠡᠭᠰᠢ ᠳᠠᠮᠵᠢᠭᠤᠯᠬᠤ ᠬᠡᠷᠡᠭᠲᠡᠢ᠄

    1.2024 ᠣᠨ ᠤ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠶᠢᠨ ᠨᠡᠷ᠎ᠡ ᠮᠡᠳᠡᠭᠦᠯᠬᠦ ᠬᠦᠰᠦᠨᠦᠭᠲᠦ ᠵᠢᠴᠢ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠤᠷᠢᠳᠴᠢᠯᠠᠨ ᠭᠤᠶᠤᠴᠢᠯᠠᠬᠤ ᠬᠦᠰᠦᠨᠦᠭᠲᠦ᠃

    2. ᠲᠣᠰ ᠬᠥᠮᠦᠨ ᠤ ᠬᠦᠴᠦᠨ ᠪᠥᠬᠦᠶ ᠪᠡᠶ᠎ᠡ ᠶᠢᠨ ᠦᠨᠡᠮᠯᠡᠯ ᠤᠨ ᠰᠢᠷᠪᠢᠯᠲᠡ᠃

ᠨᠡᠷ᠎ᠡ ᠮᠡᠳᠡᠭᠦᠯᠦᠭᠴᠢ ᠨᠡᠷ᠎ᠡ ᠮᠡᠳᠡᠭᠦᠯᠬᠦ ᠳᠡᠭᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠫᠠᠰᠫᠣᠷᠲ ᠤᠨ ᠰᠢᠷᠪᠢᠯᠲᠡ ᠪᠠᠨ ᠳᠡᠭᠡᠭᠰᠢ ᠳᠠᠮᠵᠢᠭᠤᠯᠬᠤ ᠬᠡᠷᠡᠭᠲᠡᠶ᠃

    3. ᠲᠤᠰ ᠬᠥᠮᠥᠨ ᠤ ᠰᠤᠷᠤᠯᠭ᠎ᠠ ᠶᠢᠨ ᠨᠠᠮᠲᠠᠷ / ᠡᠷᠳᠡᠮ ᠤᠨ ᠴᠣᠯᠠ ᠶᠢᠨ ᠦᠨᠡᠮᠯᠡᠯ ᠤᠨ ᠰᠢᠷᠪᠢᠯᠲᠡ ᠃

ᠨᠡᠷ᠎ᠡ ᠮᠡᠳᠡᠭᠦᠯᠦᠭᠴᠢ ᠥᠪᠡᠷ ᠤᠨ ᠰᠤᠷᠤᠯᠭ᠎ᠠ ᠶᠢᠨ ᠨᠠᠮᠲᠠᠷ / ᠡᠷᠳᠡᠮ ᠤᠨ ᠴᠣᠯᠠ ᠶᠢᠨ ᠦᠨᠡᠮᠯᠡᠯ ᠤᠨ ᠳᠡᠪᠲᠡᠷ ᠤᠨ ᠰᠢᠷᠪᠢᠯᠲᠡ ᠪᠤᠶᠤ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠭᠡᠷᠡᠴᠢᠯᠡᠬᠦ ᠦᠨᠡᠮᠯᠡᠯ ᠤᠨ ᠡᠯᠧᠺᠲᠷᠣᠨ ᠦᠨᠡᠮᠯᠡᠯ ᠪᠤᠶᠤ ᠳᠤᠮᠳᠠᠳᠤ ᠤᠯᠤᠰ ᠤᠨ ᠡᠷᠳᠡᠮ ᠤᠨ ᠴᠣᠯᠠ ᠬᠢᠭᠡᠳ ᠠᠰᠫᠢᠷᠠᠨᠲ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠰᠦᠯᠵᠢᠶ᠎ᠡ ᠶᠢᠨ ᠭᠡᠷᠡᠴᠢᠯᠡᠬᠦ ᠦᠨᠡᠮᠯᠡᠯ ᠤᠨ ᠡᠯᠧᠺᠲᠷᠣᠨ ᠦᠨᠡᠮᠯᠡᠯ ᠢ ᠳᠡᠭᠡᠭᠰᠢ ᠳᠠᠮᠵᠢᠭᠤᠯᠬᠤ ᠬᠡᠷᠡᠭᠲᠡᠶ᠃

ᠤᠷᠢᠳᠴᠢᠯᠠᠨ ᠨᠡᠷ᠎ᠡ ᠮᠡᠳᠡᠭᠦᠯᠬᠦ ᠬᠤᠭᠤᠴᠠᠭᠠᠨ ᠳᠤ ᠲᠡᠭᠦᠰᠬᠦ ᠦᠨᠡᠮᠯᠡᠯ ᠣᠯᠤᠭᠠᠳᠤᠶ ᠲᠤᠰ ᠵᠢᠯ ᠤᠨ ᠲᠡᠭᠦᠰᠦᠭᠰᠡᠳ ᠨᠡᠷ᠎ᠡ ᠮᠡᠳᠡᠭᠦᠯᠬᠦ ᠱᠠᠲᠤᠨ ᠳᠤ ᠲᠤᠬᠠᠶ ᠶᠢᠨ ᠵᠢᠯ ᠤᠨ ᠤᠳᠠᠯ ᠦᠭᠡᠢ ᠲᠡᠭᠦᠰᠬᠦ ᠭᠡᠵᠦ ᠪᠠᠶᠢᠭ᠎ᠠ ᠰᠤᠷᠭᠠᠭᠤᠯᠢ ᠳᠤ ᠪᠠᠶᠢᠭ᠎ᠠ ᠭᠡᠷᠡᠴᠢ ᠵᠢᠴᠢ ᠲᠤᠰᠬᠠᠶ ᠮᠡᠷᠭᠡᠵᠢᠯ ᠤᠨ ᠭᠡᠷᠡᠴᠢ ︵ᠳᠡᠭᠡᠳᠦ ᠰᠤᠷᠭᠠᠭᠤᠯᠢ ᠶᠢᠨ ᠠᠯᠪᠠᠨ ᠲᠠᠮᠠᠭ᠎ᠠ ᠶᠢ ᠳᠠᠷᠤᠨ᠎ᠠ︶ ᠶᠢ ᠲᠤᠰᠢᠶᠠᠭᠰᠠᠨ ᠪᠥᠭᠡᠳ 2024 ᠣᠨ ᠤ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠰᠤᠷᠤᠯᠭ᠎ᠠ ᠶᠢᠨ ᠨᠠᠮᠲᠠᠷ / ᠡᠷᠳᠡᠮ ᠤᠨ ᠴᠣᠯᠠ ᠶᠢᠨ ᠦᠨᠡᠮᠯᠡᠯ ᠤᠨ ᠰᠢᠷᠪᠢᠯᠲᠡ ᠪᠤᠶᠤ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢᠳ ᠤᠨ ᠮᠡᠳᠡᠭᠡ ᠵᠠᠩᠭᠢ ᠶᠢᠨ ᠰᠦᠯᠵᠢᠶᠡᠨ ᠤ ᠭᠡᠷᠡᠴᠢᠯᠡᠭᠡ ᠶᠢᠨ ᠦᠨᠡᠮᠯᠡᠯ ᠤᠨ ᠡᠯᠧᠺᠲᠷᠣᠨ ᠦᠨᠡᠮᠯᠡᠯ ᠪᠤᠶᠤ ᠳᠤᠮᠳᠠᠳᠤ ᠤᠯᠤᠰ ᠤᠨ ᠡᠷᠳᠡᠮ ᠤᠨ ᠴᠣᠯᠠ ᠬᠢᠭᠡᠳ ᠠᠰᠫᠢᠷᠠᠨᠲ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠰᠦᠯᠵᠢᠶᠡᠨ ᠤ ᠭᠡᠷᠡᠴᠢᠯᠡᠭᠡ ᠶᠢᠨ ᠦᠨᠡᠮᠯᠡᠯ ᠤᠨ  ᠡᠯᠧᠺᠲᠷᠣᠨ ᠦᠨᠡᠮᠯᠡᠯ ᠢ ᠳᠡᠭᠡᠭᠰᠢ ᠳᠠᠮᠵᠢᠭᠤᠯᠬᠤ ᠬᠡᠷᠡᠭᠲᠡᠶ᠃ ᠲᠣᠭᠲᠠᠭᠰᠠᠨ ᠬᠤᠭᠤᠴᠠᠭ᠎ᠠ ᠳᠤ ᠰᠤᠷᠭᠠᠭᠤᠯᠢ ᠲᠡᠭᠦᠰᠦᠭᠰᠡᠨ ᠦᠨᠡᠮᠯᠡᠯ ᠪᠠ ᠡᠷᠳᠡᠮ ᠤᠨ ᠴᠣᠯᠠ ᠶᠢᠨ ᠦᠨᠡᠮᠯᠡᠯ ᠢᠶᠠᠨ ᠲᠤᠰᠢᠶᠠᠭᠰᠠᠨ ᠦᠭᠡᠢ ᠪᠤᠶᠤ ᠦᠨᠡᠮᠯᠡᠯ ᠬᠢᠨᠠᠨ ᠬᠠᠷᠭᠤᠭᠤᠯᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠲᠤᠰ ᠵᠢᠯ ᠤᠨ ᠰᠢᠯᠭᠠᠯᠲᠠ ᠶᠢᠨ ᠬᠢᠷᠢ ᠪᠦᠲᠦᠮᠵᠢ ᠨᠢ ᠬᠦᠴᠦᠨ ᠦᠭᠡᠢ ᠪᠣᠯᠤᠨ᠎ᠠ᠃

    ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠢ ᠣᠷᠣᠨ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠢ ᠣᠷᠣᠨ᠂ ᠲᠠᠶᠢᠸᠠᠨ ᠣᠷᠣᠨ ᠪᠤᠶᠤ ᠭᠠᠳᠠᠭᠠᠳᠤ ᠶᠢᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠢᠶᠠᠷ ᠨᠡᠷ᠎ᠡ ᠮᠡᠳᠡᠭᠦᠯᠬᠦ ᠳᠤ᠂ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠤᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠤᠨ ᠰᠢᠷᠪᠢᠯᠲᠡ ᠶᠢ ᠳᠡᠭᠡᠭᠰᠢ ᠳᠠᠮᠵᠢᠭᠤᠯᠬᠤ ᠬᠡᠷᠡᠭᠲᠡᠢ᠃ ᠰᠤᠷᠤᠯᠭ᠎ᠠ ᠶᠢᠨ ᠨᠠᠮᠲᠠᠷ ᠪᠤᠶᠤ ᠡᠷᠳᠡᠮ ᠤᠨ ᠴᠣᠯᠠ ᠶᠢᠨ ᠭᠡᠷᠡᠴᠢ ᠨᠢ ᠭᠠᠳᠠᠭᠠᠳᠤ ᠬᠡᠯᠡ ᠪᠣᠯᠬᠤ ᠳᠤ ᠬᠦᠷᠪᠡᠯ᠂ ᠬᠢᠲᠠᠳ ᠬᠡᠯᠡᠨ ᠤ ᠣᠷᠴᠢᠭᠤᠯᠭ᠎ᠠ ᠶᠢᠨ ᠪᠢᠴᠢᠭ ᠢ ᠳᠠᠭᠠᠯᠳᠤᠭᠤᠯᠵᠤ᠂ ᠬᠢᠲᠠᠳ ᠬᠡᠯᠡᠨ ᠤ ᠣᠷᠴᠢᠭᠤᠯᠭ᠎ᠠ ᠶᠢᠨ ᠪᠢᠴᠢᠭ ᠲᠤ ᠠᠯᠪᠠᠨ ᠭᠡᠷᠡᠴᠢᠯᠡᠭᠡ ᠦᠭᠡᠶ ᠪᠠᠶᠢᠵᠤ ᠪᠣᠯᠣᠨ᠎ᠠ᠃

    4 . ᠲᠤᠰ ᠬᠦᠮᠦᠨ ᠨᠢ 3 ᠰᠠᠷ᠎ᠠ ᠶᠢᠨ ᠳᠣᠲᠣᠷᠠᠬᠢ ᠪᠤᠳᠤᠭᠲᠤ ᠬᠥᠬᠡ ᠳᠡᠪᠢᠰᠬᠡᠷᠲᠦ ᠨᠢᠭᠤᠷ ᠲᠠᠯ᠎ᠠ ᠶᠢᠨ ᠮᠠᠯᠠᠭᠠᠢ ᠦᠭᠡᠢ ᠭᠡᠷᠡᠯ ᠵᠢᠷᠤᠭ ᠤᠨ ᠡᠯᠧᠺᠲᠷᠣᠨ ᠵᠦᠢᠯ᠃ ᠪᠣᠳᠠᠲᠠᠶ ᠱᠠᠭᠠᠷᠳᠠᠯᠭ᠎ᠠ ᠨᠢ ᠳᠣᠤᠷᠠᠬᠢ ᠮᠡᠲᠦ᠄

    ︵1︶ ᠭᠡᠷᠡᠯ ᠵᠢᠷᠤᠭ ᠤᠨ ᠶᠡᠭᠡ ᠪᠠᠭ᠎ᠠ ᠨᠢ 48mm3×33mm᠂ ᠲᠤᠯᠤᠭᠠᠢ ᠶᠢᠨ ᠬᠡᠰᠡᠭ ᠤᠨ ᠦᠷᠭᠡᠨ ᠨᠢ 21m-24mm᠂ ᠲᠤᠯᠤᠭᠠᠢ ᠶᠢᠨ ᠬᠡᠰᠡᠭ ᠤᠨ ᠤᠷᠳᠤ ᠨᠢ 28mm-33mm︔

    ︵2︶ ᠡᠯᠧᠺᠲᠷᠣᠨ ᠵᠦᠢᠯ ᠤᠨ ᠱᠠᠭᠠᠷᠳᠠᠯᠭ᠎ᠠ᠄ JPG ᠬᠡᠪ᠂ ᠮᠠᠲ᠋ᠧᠷᠢᠶᠠᠯ ᠤᠨ ᠶᠡᠭᠡ ᠪᠠᠭ᠎ᠠ ᠨᠢ 30k - 120k ᠤᠨ ᠬᠤᠭᠤᠷᠤᠨᠳᠤ᠂ ᠢᠯᠭᠠᠮᠵᠢ ᠨᠢ 300dpi᠂ ᠦᠷᠭᠡᠨ ᠨᠢ 390 ᠫᠢᠺᠰᠧᠯ᠂ ᠦᠨᠳᠦᠷ ᠨᠢ 567 ᠫᠢᠺᠰᠧᠯ᠃

ᠲᠣᠰ ᠬᠡᠷᠡᠯ ᠵᠢᠷᠤᠭ ᠢ ᠲᠣᠰ ᠬᠥᠮᠦᠨ ᠤ ᠬᠢᠷᠢ ᠬᠡᠮ ᠢ ᠬᠢᠨᠠᠨ ᠬᠠᠷᠭᠤᠭᠤᠯᠬᠤ᠂ ᠰᠢᠯᠭᠠᠭᠤᠯᠬᠤ ᠦᠨᠡᠮᠯᠡᠯ᠂ ᠲᠤᠰᠬᠠᠶ ᠠᠰᠢᠭ ᠤᠨ ᠣᠷᠣᠯᠠᠭᠴᠢ ᠭᠦᠢᠴᠡᠳᠬᠡᠭᠴᠢ ᠶᠢᠨ ᠬᠢᠷᠢ ᠬᠡᠮ ᠤᠨ ᠦᠨᠡᠮᠯᠡᠯ ᠳᠤ ᠬᠡᠷᠡᠭᠯᠡᠬᠦ ᠴᠣᠷ ᠤᠨ ᠭᠠᠭᠴᠠ ᠭᠡᠷᠡᠯ ᠵᠢᠷᠤᠭ ᠪᠣᠯᠭᠠᠨ᠎ᠠ᠃ ᠵᠢᠷᠤᠭ ᠳᠦᠷᠰᠦ ᠶᠢ ᠢᠯᠭᠠᠨ ᠲᠠᠨᠢᠬᠤ ᠣᠨᠣᠪᠴᠢᠲᠤ ᠴᠢᠨᠠᠷ ᠢ ᠪᠠᠲᠤᠯᠠᠬᠤ ᠶᠢᠨ ᠲᠥᠯᠥᠭᠡ᠂ ᠭᠡᠷᠡᠯ ᠵᠢᠷᠤᠭ ᠤᠨ ᠡᠬᠡ ᠥᠩᠭᠡ ᠨᠢ ᠪᠠᠷᠢᠮᠵᠢᠶᠠᠲᠤ ᠬᠥᠬᠡ ᠳᠡᠪᠢᠰᠬᠡᠷᠲᠦ ᠭᠡᠷᠡᠴᠢ ᠦᠨᠡᠮᠯᠡᠯ ᠤᠨ ᠭᠡᠷᠡᠯ ᠵᠢᠷᠤᠭ ᠤᠨ ᠱᠠᠭᠠᠷᠳᠠᠯᠭ᠎ᠠ ᠲᠠᠢ ᠨᠢᠭᠡᠳᠦᠯᠲᠡᠶ ᠪᠠᠶᠢᠬᠤ ᠬᠡᠷᠡᠭᠲᠡᠶ ᠪᠥᠭᠡᠳ ᠬᠦᠨᠳᠦ ᠨᠣᠴᠢᠲᠠᠶ ᠬᠤᠪᠢᠷᠠᠭᠤᠯᠤᠭᠰᠠᠨ ᠭᠡᠷᠡᠯ ᠵᠢᠷᠤᠭ ᠢ ᠬᠡᠷᠡᠭᠯᠡᠵᠦ ᠪᠣᠯᠬᠤ ᠥᠬᠡᠶ᠃

    5 . ︽ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠭᠤᠶᠤᠴᠢᠯᠠᠬᠤ ᠠᠮᠠᠯᠠᠯᠲᠠ ᠶᠢᠨ ᠪᠢᠴᠢᠭ︾ ᠤᠨ ᠰᠢᠷᠪᠢᠯᠲᠡ ᠃ ᠨᠡᠷ᠎ᠡ ᠮᠡᠳᠡᠭᠦᠯᠦᠭᠴᠢ ᠨᠡᠷ᠎ᠡ ᠮᠡᠳᠡᠭᠦᠯᠬᠦ ᠰᠢᠰᠲ᠋ᠧᠮ ᠳᠤ ︽ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠭᠤᠶᠤᠴᠢᠯᠠᠬᠤ ᠠᠮᠠᠯᠠᠯᠲᠠ ᠶᠢᠨ ᠪᠢᠴᠢᠭ︾ ᠤᠨ ᠡᠯᠧᠺᠲᠷᠣᠨ ᠵᠦᠢᠯ ᠢ ᠪᠠᠭᠤᠯᠭᠠᠨ ᠠᠪᠴᠤ᠂ ᠲᠣᠰ ᠬᠥᠮᠦᠨ ᠨᠢ ᠭᠠᠷ ᠤᠨ ᠥᠰᠥᠭ ᠵᠢᠷᠤᠭᠰᠠᠨ ᠤ ᠳᠠᠷᠠᠭ᠎ᠠ ᠰᠢᠷᠪᠢᠯᠲᠡ ᠶᠢ ᠳᠡᠭᠡᠭᠰᠢ ᠳᠠᠮᠵᠢᠭᠤᠯᠬᠤ ᠬᠡᠷᠡᠭᠲᠡᠶ᠃

    ︵ᠲᠦᠷᠪᠡ︶ ᠰᠢᠯᠭᠠᠯᠲᠠ ᠶᠢᠨ ᠥᠷᠲᠡᠭᠡ ᠶᠢ ᠰᠣᠩᠭᠤᠬᠤ

    ᠨᠡᠷ᠎ᠡ ᠮᠡᠳᠡᠭᠦᠯᠦᠭᠴᠢ 2024 ᠣᠨ ᠤ 6 ᠳ᠋ᠤᠭᠠᠷ ᠰᠠᠷ᠎ᠠ ᠶᠢᠨ 6 ᠤ ᠡᠳᠦᠷ ᠤᠨ 8᠄ 00 ᠠᠴᠠ 6 ᠳ᠋ᠤᠭᠠᠷ ᠰᠠᠷ᠎ᠠ ᠶᠢᠨ 10 ᠤ ᠡᠳᠦᠷ ᠤᠨ 17᠄ 00 ᠪᠣᠯᠲᠠᠯ᠎ᠠ᠂ ᠨᠡᠷ᠎ᠡ ᠮᠡᠳᠡᠭᠦᠯᠬᠦ ᠰᠢᠰᠲ᠋ᠧᠮ ᠳᠤ ᠣᠷᠣᠵᠤ ᠰᠢᠯᠭᠠᠯᠲᠠ ᠶᠢᠨ ᠥᠷᠲᠡᠭᠡ ᠶᠢ ᠰᠣᠩᠭᠤᠬᠤ ᠬᠡᠷᠡᠭᠲᠡᠶ᠃ ᠰᠢᠯᠭᠠᠯᠲᠠ ᠶᠢᠨ ᠥᠷᠲᠡᠭᠡ ᠨᠢ ᠰᠢᠯᠭᠠᠯᠲᠠ ᠶᠢᠨ ᠣᠷᠣᠨ ᠤ ᠲᠤᠭ᠎ᠠ ᠪᠠᠷ ᠪᠠᠷᠢᠮᠵᠢᠶ᠎ᠠ ᠪᠣᠯᠭᠠᠵᠤ᠂ ᠰᠣᠩᠭᠤᠯᠲᠠ ᠢ ᠪᠡᠶᠡᠯᠡᠭᠦᠯᠦᠭᠰᠡᠨ ᠳᠡᠰ ᠳᠠᠷᠠᠭᠠᠯᠠᠯ ᠢᠶᠠᠷ᠂ ᠳᠦᠭᠦᠷᠲᠡᠯ᠎ᠡ ᠵᠢᠭᠰᠠᠭᠠᠪᠠᠯ ᠳᠠᠷᠤᠢ ᠰᠣᠩᠭᠤᠵᠤ ᠪᠣᠯᠣᠰᠢ ᠦᠭᠡᠢ ᠪᠠᠶᠢᠳᠠᠯ ᠲᠠᠢ ᠪᠣᠯᠣᠨ᠎ᠠ᠃

    ︵ᠲᠠᠪᠤ︶ ᠰᠢᠯᠭᠠᠭᠤᠯᠬᠤ ᠦᠨᠡᠮᠯᠡᠯ

    ᠨᠡᠷ᠎ᠡ ᠮᠡᠳᠡᠭᠦᠯᠦᠭᠴᠢ 2024 ᠣᠨ ᠤ 6 ᠳ᠋ᠤᠭᠠᠷ ᠰᠠᠷ᠎ᠠ ᠶᠢᠨ 28 ᠤ ᠡᠳᠦᠷ ᠤᠨ 8᠄ 00 ᠠᠴᠠ 7 ᠳ᠋ᠤᠭᠠᠷ ᠰᠠᠷ᠎ᠠ ᠶᠢᠨ 7 ᠤ ᠡᠳᠦᠷ ᠤᠨ 13᠄ 00 ᠪᠣᠯᠲᠠᠯᠠᠬᠢ ᠬᠤᠭᠤᠴᠠᠭᠠᠨ ᠳᠤ᠂ ᠨᠡᠷ᠎ᠡ ᠮᠡᠳᠡᠭᠦᠯᠬᠦ ᠰᠢᠰᠲ᠋ᠧᠮ ᠳᠤ ᠣᠷᠣᠵᠤ ᠰᠢᠯᠭᠠᠭᠤᠯᠬᠤ ᠦᠨᠡᠮᠯᠡᠯ ᠢᠶᠠᠨ ᠥᠪᠡᠰᠦᠪᠡᠨ ᠳᠠᠷᠤᠮᠠᠯᠯᠠᠨ᠎ᠠ᠃ ᠰᠢᠯᠭᠠᠭᠤᠯᠬᠤ ᠦᠨᠡᠮᠯᠡᠯ ᠳᠤ ᠨᠡᠷ᠎ᠡ ᠮᠡᠳᠡᠭᠦᠯᠦᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠪᠠ ᠰᠢᠯᠭᠠᠯᠲᠠ ᠶᠢᠨ ᠴᠠᠭ᠂ ᠬᠢᠴᠢᠶᠡᠯ ᠲᠥᠷᠥᠯ᠂ ᠭᠠᠵᠠᠷ ᠣᠷᠣᠨ ᠵᠡᠷᠭᠡ ᠠᠭᠤᠯᠭ᠎ᠠ ᠶᠢ ᠪᠠᠭᠲᠠᠭᠠᠨ᠎ᠠ᠃

ᠬᠤᠶᠠᠷ᠂ ᠰᠢᠯᠭᠠᠯᠲᠠ

    ︵ᠨᠢᠭᠡ︶ ᠰᠢᠯᠭᠠᠯᠳᠠ ᠶᠢᠨ ᠬᠢᠴᠢᠶᠡᠯ ᠲᠦᠷᠦᠯ ᠪᠠ ᠴᠠᠭ

    ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠳᠤ ᠪᠥᠬᠦ ᠤᠯᠤᠰ ᠤᠨ ᠨᠢᠭᠡᠳᠦᠯᠲᠡᠢ ᠰᠡᠳᠦᠪ ᠢ ᠬᠡᠷᠡᠭᠵᠢᠭᠦᠯᠵᠦ᠂ ᠰᠡᠳᠦᠪ ᠤᠨ ᠬᠡᠪᠴᠢᠶ᠎ᠡ ᠶᠢ ︽2024 ᠣᠨ ᠤ ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ︾ ᠪᠠᠷ ᠪᠠᠷᠢᠮᠵᠢᠶ᠎ᠠ ᠪᠣᠯᠭᠠᠨ᠎ᠠ᠃ ᠬᠥᠲᠥᠯᠪᠦᠷᠢ ᠶᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶᠠᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠢᠲᠡᠯᠡᠨ᠎ᠡ᠃

    ᠰᠢᠯᠭᠠᠯᠲᠠ ᠶᠢ ᠭᠤᠷᠪᠠᠨ ᠬᠢᠴᠢᠶᠡᠯ ᠲᠥᠷᠥᠯ ᠬᠤᠪᠢᠶᠠᠵᠤ᠂ ᠡᠯ᠎ᠡ ᠬᠢᠴᠢᠶᠡᠯ ᠲᠥᠷᠥᠯ ᠤᠨ ᠨᠡᠷᠡᠶᠢᠳᠦᠯ ᠪᠠ ᠰᠢᠯᠭᠠᠬᠤ ᠴᠠᠭ ᠢ ᠳᠣᠤᠷᠠᠬᠢ ᠮᠡᠲᠦ ᠲᠣᠬᠢᠷᠠᠭᠤᠯᠪᠠ᠄

    ᠲᠤᠰᠬᠠᠢ ᠠᠰᠢᠭ ᠤᠨ ᠬᠠᠤᠯᠢ ᠴᠠᠭᠠᠵᠠ ᠶᠢᠨ ᠮᠡᠳᠡᠯᠭᠡ᠄ 7 ᠳ᠋ᠤᠭᠠᠷ ᠰᠠᠷ᠎ᠠ ᠶᠢᠨ 6 ᠤ ᠡᠳᠦᠷ ᠤᠨ 9᠄ 00 - 11᠄ 30

    ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ᠄ 7 ᠳ᠋ᠤᠭᠠᠷ ᠰᠠᠷ᠎ᠠ ᠶᠢᠨ 6 ᠤ ᠡᠳᠦᠷ ᠤᠨ 14᠄ 00-16᠄ 00

    ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠣᠳᠠᠲᠤ ᠠᠵᠢᠯ᠄ 7 ᠳ᠋ᠤᠭᠠᠷ ᠰᠠᠷ᠎ᠠ ᠶᠢᠨ 7 ᠤ ᠡᠳᠦᠷ ᠤᠨ 9᠄ 00 - 13᠄ 00

    ︵ᠬᠤᠶᠠᠷ︶ ᠰᠢᠯᠭᠠᠯᠳᠠ ᠶᠢᠨ ᠰᠡᠳᠦᠪ ᠤᠨ ᠬᠡᠯᠪᠡᠷᠢ ᠪᠠ ᠰᠢᠯᠭᠠᠯᠳᠠ ᠶᠢᠨ ᠠᠷᠭ᠎ᠠ ᠮᠠᠶ᠋ᠢᠭ

    ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠨᠢ ᠢᠯᠡ ᠪᠤᠰᠤ ᠰᠢᠯᠭᠠᠯᠲᠠ ᠶᠢᠨ ᠬᠡᠯᠪᠡᠷᠢ ᠪᠠᠷ ᠶᠠᠪᠤᠭᠳᠠᠨ᠎ᠠ᠂ ᠲᠤᠰᠬᠠᠢ ᠠᠰᠢᠭ ᠤᠨ ᠬᠠᠤᠯᠢ ᠴᠠᠭᠠᠵᠠ ᠶᠢᠨ ᠮᠡᠳᠡᠯᠭᠡ ᠪᠣᠯᠣᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢᠨ ᠬᠤᠶᠠᠷ ᠲᠥᠷᠥᠯ ᠤᠨ ᠰᠡᠳᠦᠪ ᠨᠢ ᠰᠣᠩᠭᠤᠬᠤ ᠰᠡᠳᠦᠪ ᠪᠣᠯᠣᠨ᠎ᠠ᠂ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠣᠳᠠᠲᠤ ᠶᠠᠪᠤᠳᠠᠯ ᠤᠨ ᠬᠢᠴᠢᠶᠡᠯ ᠲᠥᠷᠥᠯ ᠤᠨ ᠰᠡᠳᠦᠪ ᠤᠨ ᠬᠡᠯᠪᠡᠷᠢ ᠨᠢ ᠥᠭᠦᠯᠡᠨ ᠬᠠᠷᠢᠭᠤᠯᠬᠤ ᠰᠡᠳᠦᠪ ᠪᠣᠯᠣᠨ ᠪᠣᠳᠠᠲᠠᠢ ᠵᠦᠢᠯ ᠢ ᠲᠣᠭᠠᠴᠢᠨ ᠪᠢᠴᠢᠬᠦ ᠰᠡᠳᠦᠪ ᠪᠣᠯᠣᠨ᠎ᠠ᠃

ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠨᠢ ᠺᠣᠮᠫᠢᠦ᠋ᠲ᠋ᠧᠷᠴᠢᠯᠠᠭᠰᠠᠨ ᠰᠢᠯᠭᠠᠯᠲᠠ ᠶᠢᠨ ᠬᠡᠯᠪᠡᠷᠢ ᠪᠠᠷ ᠶᠠᠪᠤᠭᠳᠠᠨ᠎ᠠ᠂ ᠰᠢᠯᠭᠠᠯᠲᠠ ᠳᠤ ᠣᠷᠣᠯᠴᠠᠭᠰᠠᠳ ᠺᠣᠮᠫᠢᠦ᠋ᠲ᠋ᠧᠷ ᠤᠨ ᠦᠵᠦᠭᠦᠷ ᠲᠤ ᠲᠤᠰᠬᠠᠢ ᠠᠰᠢᠭ ᠤᠨ ᠬᠠᠤᠯᠢ ᠴᠠᠭᠠᠵᠠ ᠶᠢᠨ ᠮᠡᠳᠡᠯᠭᠡ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠪᠠ ᠲᠤᠰᠬᠠᠢ ᠠᠰᠢᠭ ᠢ ᠣᠷᠣᠯᠠᠨ ᠭᠦᠢᠴᠡᠳᠬᠡᠬᠦ ᠪᠣᠳᠠᠲᠤ ᠶᠠᠪᠤᠳᠠᠯ ᠤᠨ ᠬᠢᠴᠢᠶᠡᠯ ᠲᠥᠷᠥᠯ ᠤᠨ ᠰᠢᠯᠭᠠᠯᠲᠠ ᠶᠢᠨ ᠰᠡᠳᠦᠪ ᠢ ᠣᠯᠵᠤ᠂ ᠺᠣᠮᠫᠢᠦ᠋ᠲ᠋ᠧᠷ ᠤᠨ ᠦᠵᠦᠭᠦᠷ ᠲᠤ ᠪᠦᠬᠦ ᠬᠢᠴᠢᠶᠡᠯ ᠲᠥᠷᠥᠯ ᠢ ᠬᠠᠷᠢᠭᠤᠯᠬᠤ ᠶᠢᠨ ᠬᠠᠮᠲᠤ ᠰᠡᠳᠦᠪ ᠤᠨ ᠬᠠᠷᠢᠭᠤᠯᠲᠠ ᠪᠠᠨ ᠲᠤᠰᠢᠶᠠᠨ᠎ᠠ᠃

    ᠰᠢᠯᠭᠠᠯᠲᠠ ᠶᠢᠨ ᠰᠡᠳᠦᠪ ᠲᠤ ᠳᠥᠭᠦᠮ ᠬᠢᠲᠠᠳ ᠦᠰᠦᠭ ᠢ ᠬᠡᠷᠡᠭᠯᠡᠵᠦ᠂ ᠰᠡᠳᠦᠪ ᠬᠠᠷᠢᠭᠤᠯᠬᠤ ᠳᠠᠭᠠᠨ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠳᠤ ᠲᠣᠭᠲᠠᠭᠠᠭᠰᠠᠨ ᠲᠤᠰᠬᠠᠶ ᠮᠡᠷᠭᠡᠵᠢᠯ ᠤᠨ ᠨᠡᠷ᠎ᠡ ᠲᠣᠮᠢᠶ᠎ᠠ ᠶᠢ ᠬᠡᠷᠡᠭᠯᠡᠬᠦ ᠬᠡᠷᠡᠭᠲᠡᠶ᠃

    ︵ᠭᠤᠷᠪᠠ︶ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ᠂ ᠳᠠᠬᠢᠨ ᠪᠠᠶᠢᠴᠠᠭᠠᠬᠤ

    ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠳᠤ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠠᠭᠤᠳᠠᠰᠤ ᠶᠢ ᠬᠡᠷᠡᠭᠵᠢᠭᠦᠯᠵᠦ᠂ ᠰᠢᠯᠭᠠᠯᠲᠠ ᠳᠠᠭᠤᠰᠤᠭᠰᠠᠨ ᠤ ᠳᠠᠷᠠᠭ᠎ᠠ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠨ᠎ᠡ᠃ ᠰᠢᠯᠭᠠᠯᠲᠠ ᠳᠤ ᠣᠷᠣᠯᠴᠠᠭᠰᠠᠳ ᠨᠡᠷ᠎ᠡ ᠮᠡᠳᠡᠭᠦᠯᠬᠦ ᠰᠢᠰᠲ᠋ᠧᠮ ᠢᠶᠠᠷ ᠳᠠᠮᠵᠢᠭᠤᠯᠤᠨ ᠲᠣᠭᠲᠠᠭᠰᠠᠨ ᠬᠤᠭᠤᠴᠠᠭᠠᠨ ᠳᠤ ᠬᠤᠪᠢ ᠬᠥᠮᠦᠨ ᠤ ᠬᠢᠷᠢ ᠪᠦᠲᠦᠮᠵᠢ ᠶᠢ ᠨᠢ ᠪᠠᠶᠢᠴᠠᠭᠠᠨ ᠯᠠᠪᠯᠠᠵᠤ ᠪᠣᠯᠤᠨ᠎ᠠ᠃

    ᠰᠢᠯᠭᠠᠯᠲᠠ ᠳᠤ ᠣᠷᠣᠯᠴᠠᠭᠰᠠᠳ ᠰᠢᠯᠭᠠᠯᠲᠠ ᠶᠢᠨ ᠬᠢᠷᠢ ᠪᠦᠲᠦᠮᠵᠢ ᠨᠢ ᠢᠯᠡᠳᠲᠡ ᠬᠡᠪ ᠤᠨ ᠪᠤᠰᠤ ᠪᠠᠶᠢᠳᠠᠯ ᠲᠠᠢ ᠭᠡᠵᠦ ᠦᠵᠡᠪᠡᠯ᠂ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭᠠᠬᠢ ᠲᠣᠭᠲᠠᠭᠰᠠᠨ ᠬᠤᠭᠤᠴᠠᠭᠠᠨ ᠳᠣᠲᠣᠷ᠎ᠠ ᠬᠤᠪᠢ ᠶᠢ ᠳᠠᠬᠢᠨ ᠪᠠᠶᠢᠴᠠᠭᠠᠬᠤ ᠭᠤᠶᠤᠴᠢᠯᠠᠯ ᠭᠠᠷᠭᠠᠵᠤ ᠪᠣᠯᠤᠨ᠎ᠠ᠃ ᠰᠢᠯᠭᠠᠯᠲᠠ ᠶᠢᠨ ᠬᠢᠷᠢ ᠪᠦᠲᠦᠮᠵᠢ ᠶᠢ ᠳᠠᠬᠢᠨ ᠪᠠᠶᠢᠴᠠᠭᠠᠬᠤ ᠨᠢ ᠵᠥᠪᠬᠡᠨ ᠡᠯ᠎ᠡ ᠰᠡᠳᠦᠪ ᠤᠨ ᠣᠯᠤᠭᠰᠠᠨ ᠬᠤᠪᠢ ᠪᠠ ᠨᠡᠮᠡᠭᠰᠡᠨ ᠨᠢ ᠪᠤᠷᠤᠭᠤ ᠡᠰᠡᠬᠦ ᠶᠢ ᠳᠠᠬᠢᠨ ᠬᠠᠷᠭᠤᠭᠤᠯᠬᠤ ᠳᠤ ᠬᠢᠵᠠᠭᠠᠷᠯᠠᠭᠳᠠᠨ᠎ᠠ᠃ ᠰᠢᠯᠭᠠᠯᠲᠠ ᠳᠤ ᠣᠷᠣᠯᠴᠠᠭᠰᠠᠳ ᠲᠡᠭᠦᠨ ᠤ ᠰᠢᠯᠭᠠᠯᠲᠠ ᠶᠢᠨ ᠬᠠᠭᠤᠳᠠᠰᠤ ᠶᠢᠨ ᠠᠩᠬᠠᠨ ᠤ ᠳ᠋ᠠᠶᠢᠲ᠋ᠠ ᠶᠢ ᠪᠠᠶᠢᠴᠠᠭᠠᠨ ᠦᠵᠡᠵᠦ ᠪᠣᠯᠬᠤ ᠦᠭᠡᠢ᠃ ᠬᠢᠷᠢ ᠪᠦᠲᠦᠮᠵᠢ ᠶᠢ ᠳᠠᠬᠢᠨ ᠪᠠᠶᠢᠴᠠᠭᠠᠭᠰᠠᠨ ᠦᠷ᠎ᠡ ᠳ᠋ᠦᠩ ᠢ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠶᠢᠨ ᠰᠢᠯᠭᠠᠯᠲᠠ ᠶᠢᠨ ᠺᠣᠮᠢᠰ ᠤᠨ ᠠᠯᠪᠠᠨ ᠭᠡᠷ ᠠᠴᠠ ᠨᠡᠷ᠎ᠡ ᠮᠡᠳᠡᠭᠦᠯᠬᠦ ᠰᠢᠰᠲ᠋ᠧᠮ ᠢᠶᠠᠷ ᠳᠠᠮᠵᠢᠭᠤᠯᠤᠨ ᠬᠢᠷᠢ ᠪᠦᠲᠦᠮᠵᠢ ᠶᠢ ᠳᠠᠬᠢᠨ ᠪᠠᠶᠢᠴᠠᠭᠠᠯᠭᠠᠬᠤ ᠪᠠᠷ ᠭᠤᠶᠤᠴᠢᠯᠠᠭᠰᠠᠨ ᠰᠢᠯᠭᠠᠯᠲᠠ ᠳᠤ ᠣᠷᠣᠯᠴᠠᠭᠰᠠᠳ ᠲᠤ ᠮᠡᠳᠡᠭᠳᠡᠨ᠎ᠡ᠃

    ᠭᠤᠷᠪᠠ᠂ ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠢ ᠣᠯᠭᠤᠬᠤ

    ︵ᠨᠢᠭᠡ︶ ᠬᠢᠷᠢ ᠲᠡᠩᠴᠡᠭᠰᠡᠨ ᠬᠤᠪᠢ ᠶᠢᠨ ᠱᠣᠭᠤᠮ

    2023 ᠣᠨ ᠠᠴᠠ ᠡᠬᠢᠯᠡᠨ᠂ ᠲᠤᠰᠬᠠᠶ ᠠᠰᠢᠭ ᠤᠨ ᠣᠷᠣᠯᠠᠭᠴᠢ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠳᠤ ᠲᠣᠭᠲᠠᠮᠠᠯ ᠬᠢᠷᠢ ᠲᠡᠩᠴᠡᠭᠰᠡᠨ ᠬᠤᠪᠢ ᠶᠢᠨ ᠱᠤᠭᠤᠮ ᠢ ᠬᠡᠷᠡᠭᠵᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢᠨ ᠬᠡᠰᠡᠭ ︵ᠲᠤᠬᠠᠶᠢᠯᠠᠪᠠᠯ ᠲᠤᠰᠬᠠᠶ ᠠᠰᠢᠭ ᠤᠨ ᠬᠠᠤᠯᠢ ᠴᠠᠭᠠᠵᠠ ᠶᠢᠨ ᠮᠡᠳᠡᠯᠭᠡ ᠬᠢᠭᠡᠳ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢᠨ ᠬᠤᠶᠠᠷ ᠲᠥᠷᠥᠯ ᠤᠨ ᠨᠡᠶᠢᠯᠡᠪᠦᠷᠢ︶ 150 ᠬᠤᠪᠢ᠂ ᠣᠷᠣᠯᠠᠨ ᠭᠦᠢᠴᠡᠳᠬᠡᠬᠦ ᠪᠣᠳᠠᠲᠤ ᠶᠠᠪᠤᠳᠠᠯ ᠤᠨ ᠬᠡᠰᠡᠭ ︵ᠲᠤᠬᠠᠶᠢᠯᠠᠪᠠᠯ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠪᠣᠳᠠᠲᠤ ᠶᠠᠪᠤᠳᠠᠯ ᠤᠨ ᠳᠠᠩ ᠬᠢᠴᠢᠶᠡᠯ ᠲᠥᠷᠥᠯ︶ 90 ᠬᠤᠪᠢ ᠪᠣᠯᠤᠨ᠎ᠠ᠃

    ᠬᠤᠯᠪᠣᠭᠳᠠᠯ ᠪᠦᠬᠦᠢ ᠲᠣᠭᠲᠠᠭᠠᠯ ᠢᠶᠠᠷ ᠣᠨᠴᠠᠭᠠᠢ ᠪᠠᠶᠢᠳᠠᠯ ᠲᠣᠬᠢᠶᠠᠯᠳᠤᠪᠠᠯ᠂ ᠰᠢᠯᠭᠠᠯᠲᠠ ᠳᠤ ᠬᠢᠷᠢ ᠲᠡᠩᠴᠡᠭᠰᠡᠨ ᠬᠤᠪᠢ ᠶᠢᠨ ᠱᠤᠭᠤᠮ ᠢ ᠬᠤᠪᠢᠷᠠᠭᠤᠯᠵᠤ ᠲᠣᠬᠢᠷᠠᠭᠤᠯᠬᠤ ᠴᠢᠬᠤᠯᠠ ᠲᠠᠢ ᠪᠣᠯ ᠠᠰ ᠲᠤᠨᠢ ᠵᠠᠷᠯᠠᠨ ᠨᠡᠶᠢᠲᠡᠯᠡᠨ᠎ᠡ᠃

    ︵ᠬᠤᠶᠠᠷ︶ ᠳᠤᠰᠬᠠᠢ ᠠᠰᠢᠭ ᠤᠨ ᠤᠷᠤᠯᠠᠭᠴᠢ ᠭᠦᠢᠴᠡᠳᠬᠡᠭᠴᠢ ᠶᠢᠨ ᠬᠢᠷᠢ ᠬᠡᠮ ᠤᠨ ᠭᠤᠶᠤᠴᠢᠯᠠᠯ

    ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ ᠪᠠ ᠳᠠᠪᠲᠠᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠲᠣᠭᠲᠠᠭᠰᠠᠨ ᠴᠠᠭ ᠤᠨ ᠳᠣᠲᠣᠷ᠎ᠠ ᠪᠦᠬᠦ ᠰᠢᠯᠭᠠᠯᠲᠠ ᠶᠢᠨ ᠬᠢᠴᠢᠶᠡᠯ ᠲᠦᠷᠦᠯ ᠳᠤ ᠬᠢᠷᠢ ᠲᠡᠩᠴᠡᠭᠰᠡᠨ ᠬᠥᠮᠥᠰ ᠤᠨ ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠢ ᠤᠷᠢᠳᠴᠢᠯᠠᠨ ᠭᠤᠶᠤᠴᠢᠯᠠᠯ ᠨᠢ᠂ ᠠᠶᠠᠨᠳᠠᠭᠠᠨ ᠵᠢᠩᠬᠢᠨᠢ ᠭᠤᠶᠤᠴᠢᠯᠠᠯ ᠪᠣᠯᠬᠤ ᠶᠢᠨ ᠬᠠᠮᠲᠤ ᠬᠦᠴᠦᠨ ᠲᠠᠢ ᠪᠣᠯᠣᠨ᠎ᠠ᠃ ᠬᠢᠨᠠᠨ ᠪᠠᠶᠢᠴᠠᠭᠠᠭᠠᠳ ᠳᠤᠷᠠᠳᠤᠭᠰᠠᠨ ᠬᠥᠮᠦᠰ ᠤᠨ ᠨᠡᠷ᠎ᠡ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶ᠎ᠠ ᠠᠴᠠ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠣᠯᠭᠤᠵᠤ᠂ ︽ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠭᠡᠮ ᠤᠨ ᠦᠨᠡᠮᠯᠡᠯ︾ ᠣᠯᠭᠤᠨ᠎ᠠ᠃ ︽ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠦᠨᠡᠮᠯᠡᠯ︾ ᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠠᠴᠠ ᠨᠢᠭᠡᠳᠦᠯᠲᠡᠢ ᠵᠣᠬᠢᠶᠠᠨ᠎ᠠ᠃

    ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠬᠢᠷᠢ ᠬᠡᠮ ᠤᠨ ᠦᠨᠡᠮᠯᠡᠯ ᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠠᠴᠠ ᠨᠢᠭᠡᠳᠦᠯᠲᠡᠢ ᠵᠣᠬᠢᠶᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠠᠴᠠ ᠣᠯᠭᠤᠨ᠎ᠠ᠃

ᠲᠦᠷᠪᠡ᠂ ᠰᠢᠯᠭᠠᠯᠳᠠ ᠶᠢᠨ ᠳᠠᠪᠳᠠᠯᠭ᠎ᠠ ᠪᠠ ᠪᠣᠯᠪᠠᠰᠤᠷᠠᠯ

ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ 5-7 ᠳ᠋ᠤᠭᠠᠷ ᠰᠠᠷ᠎ᠠ ᠳᠤ ᠰᠢᠯᠭᠠᠯᠲᠠ ᠠᠴᠠ ᠡᠮᠦᠨᠡᠬᠢ ᠪᠣᠯᠪᠠᠰᠤᠷᠠᠯ ᠤᠨ ᠠᠩᠭᠢ ᠡᠷᠭᠢᠯᠡᠵᠦ᠂ 2024 ᠣᠨ ᠤ ᠲᠤᠰᠬᠠᠶ ᠠᠰᠢᠭ ᠤᠨ ᠣᠷᠣᠯᠠᠭᠴᠢ ᠭᠦᠢᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠳᠤ ᠬᠡᠷᠡᠭᠯᠡᠬᠦ‍ ᠨᠢᠭᠡ ᠢᠵᠢ ᠪᠢᠴᠢᠭ ᠬᠠᠩᠭᠠᠵᠤ᠂ ᠲᠤᠷᠰᠢᠯᠭ᠎ᠠ ᠪᠠᠷ ᠪᠠᠶᠠᠯᠢᠭ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯ ᠣᠷᠣᠭᠤᠯᠬᠤ ᠪᠠᠷ ᠲᠥᠯᠥᠪᠯᠡᠵᠦ ᠪᠣᠶ᠃

 

    ᠬᠠᠷᠢᠯᠴᠠᠬᠤ ᠬᠥᠮᠦᠨ᠄ ᠯᠢᠦ ᠱᠦ ᠲᠢᠩ᠂ ᠵᠠᠩ ᠶᠢᠨ ᠶᠢᠩ

    ᠤᠲᠠᠰᠤ᠄ 0471 – 3592628

    ᠰᠢᠦᠳᠠᠨ ᠬᠠᠶᠢᠷᠴᠠᠭ᠄ nmgbhc@163.com

    ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠢᠨᠴᠢᠶᠤᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠥᠷᠪᠡᠳᠦᠭᠡᠷ ᠵᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 705 ᠲᠠᠰᠤᠭ

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠪᠴᠢᠶ᠎ᠠ

    2024 ᠣᠨ ᠤ 4 ᠳ᠋ᠤᠭᠠᠷ ᠰᠠᠷ᠎ᠠ ᠶᠢᠨ 2 ᠤᠨ ᠡᠳᠦᠷ

 

ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡ᠊