ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠮᠢᠷ ᠤᠨ ᠬᠥᠳᠡᠯᠭᠡᠭᠡᠨ ᠤ ᠰᠢᠮ᠎ᠡ ᠲᠡᠵᠢᠭᠡᠯ ᠨᠥᠬᠦᠪᠦᠷᠢᠯᠡᠬᠦ ᠡᠳ᠋ ᠦᠢᠯᠡᠳᠪᠦᠷᠢᠯᠡᠬᠦ ᠵᠥᠪᠰᠢᠶᠡᠷᠡᠯ ᠢ ᠬᠢᠨᠠᠨ ᠪᠠᠶᠢᠴᠠᠭᠠᠬᠤ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/10

    ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠮᠢᠷ ᠤᠨ ᠬᠥᠳᠡᠯᠭᠡᠭᠡᠨ ᠤ ᠰᠢᠮ᠎ᠡ ᠲᠡᠵᠢᠭᠡᠯ ᠨᠥᠬᠦᠪᠦᠷᠢᠯᠡᠬᠦ ᠡᠳ᠋ ᠦᠢᠯᠡᠳᠪᠦᠷᠢᠯᠡᠬᠦ ᠵᠥᠪᠰᠢᠶᠡᠷᠡᠯ ᠢ ᠬᠢᠨᠠᠨ ᠪᠠᠶᠢᠴᠠᠭᠠᠬᠤ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ︽ᠲᠥᠰᠦᠯ︾ ᠳᠤ ᠳᠣᠤᠷᠠᠬᠢ ᠮᠡᠲᠦ ᠲᠠᠶᠢᠯᠤᠮᠵᠢ ᠬᠢᠪᠡ᠄

    ᠨᠢᠭᠡ᠂ ᠲᠠᠮᠢᠷ ᠤᠨ ᠬᠥᠳᠡᠯᠭᠡᠭᠡᠨ ᠤ ᠰᠢᠮ᠎ᠡ ᠲᠡᠵᠢᠭᠡᠯ ᠨᠥᠬᠦᠪᠦᠷᠢᠯᠡᠬᠦ ᠡᠳ᠋ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖

    ᠲᠠᠮᠢᠷ ᠤᠨ ᠬᠥᠳᠡᠯᠭᠡᠭᠡᠨ ᠤ ᠰᠢᠮ᠎ᠡ ᠲᠡᠵᠢᠭᠡᠯ ᠨᠥᠬᠦᠪᠦᠷᠢᠯᠡᠬᠦ ᠡᠳ᠋ ᠭᠡᠳᠡᠭ ᠨᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠥᠮᠦᠰ ︵ᠭᠠᠷᠠᠭ ᠪᠦᠷᠢ 3 ᠤᠳᠠᠭ᠎ᠠ ᠵᠢᠴᠢ ᠲᠡᠭᠦᠨ ᠠᠴᠠ ᠳᠡᠭᠡᠭᠰᠢ᠂ ᠤᠳᠠᠭ᠎ᠠ ᠪᠦᠷᠢ ᠶᠢᠨ ᠦᠷᠭᠦᠯᠵᠢᠯᠡᠬᠦ ᠴᠠᠭ ᠨᠢ 30min ᠵᠢᠴᠢ ᠲᠡᠭᠦᠨ ᠠᠴᠠ ᠳᠡᠭᠡᠭᠰᠢ᠂ ᠤᠳᠠᠭ᠎ᠠ ᠪᠦᠷᠢ ᠶᠢᠨ ᠬᠥᠳᠡᠯᠭᠡᠭᠡᠨ ᠤ ᠬᠦᠴᠦᠯᠡᠴᠡ ᠨᠢ ᠳᠤᠮᠳᠠ ᠵᠡᠷᠭᠡ ᠶᠢᠨ ᠵᠢᠴᠢ ᠲᠡᠭᠦᠨ ᠠᠴᠠ ᠳᠡᠭᠡᠭᠰᠢ ᠳᠤ ᠬᠦᠷᠦᠭᠰᠡᠨ ᠬᠥᠮᠦᠰ︶ ᠤᠨ ᠹᠢᠽᠢᠣᠯᠣᠭᠢ ᠶᠢᠨ ᠰᠣᠯᠢᠯᠴᠠᠭᠠᠨ ᠤ ᠪᠠᠶᠢᠳᠠᠯ᠂ ᠬᠥᠳᠡᠯᠭᠡᠭᠡᠨ ᠤ ᠴᠢᠳᠠᠪᠤᠷᠢ ᠵᠢᠴᠢ ᠵᠠᠷᠢᠮ ᠰᠢᠮ᠎ᠡ ᠲᠡᠵᠢᠭᠡᠯ ᠤᠨ ᠪᠦᠷᠢᠯᠳᠦᠬᠦᠨ ᠤ ᠣᠨᠴᠠᠭᠠᠢ ᠬᠡᠷᠡᠭᠴᠡᠭᠡ ᠶᠢ ᠬᠠᠩᠭᠠᠬᠤ ᠶᠢᠨ ᠲᠤᠰᠠᠳᠠ ᠲᠤᠰᠬᠠᠶ ᠪᠣᠯᠪᠠᠰᠤᠷᠠᠭᠤᠯᠬᠤ ᠢᠳᠡᠭᠡᠨ ᠢ ᠵᠢᠭᠠᠵᠤ ᠪᠤᠶ᠃

    ᠬᠤᠶᠠᠷ᠂ ᠲᠠᠮᠢᠷ ᠤᠨ ᠬᠦᠳᠡᠯᠭᠡᠭᠡᠨ ᠤ ᠰᠢᠮ᠎ᠡ ᠲᠡᠵᠢᠭᠡᠯ ᠨᠥᠬᠦᠪᠦᠷᠢᠯᠡᠬᠦ ᠡᠳ᠋ ᠤᠨ ᠲᠦᠷᠦᠯ ᠵᠦᠢᠯ

    ᠬᠥᠳᠡᠯᠭᠡᠭᠡᠨ ᠤ ᠰᠢᠮ᠎ᠡ ᠲᠡᠵᠢᠭᠡᠯ ᠨᠥᠬᠦᠪᠦᠷᠢᠯᠡᠬᠦ ᠡᠳ᠋ ᠭᠤᠶᠤᠴᠢᠯᠠᠨ ᠮᠡᠳᠡᠭᠦᠯᠬᠦ ᠲᠥᠷᠥᠯ ᠪᠣᠯ ᠣᠨᠴᠠᠭᠠᠶ ᠢᠳᠡᠭᠡᠨ ᠤᠮᠳᠠᠭᠠᠨ ᠪᠠᠶᠢᠵᠤ᠂ ᠲᠥᠷᠥᠯ ᠢᠯᠭᠠᠯ ᠤᠨ ᠳ᠋ᠤᠭᠠᠷᠯᠠᠯ ᠨᠢ 3003᠂ ᠲᠥᠷᠥᠯ ᠢᠯᠭᠠᠯ ᠤᠨ ᠨᠡᠷᠡᠶᠢᠳᠦᠯ ᠨᠢ ᠪᠤᠰᠤᠳ ᠣᠨᠴᠠᠭᠠᠶ ᠢᠳᠡᠭᠡᠨ ᠤᠮᠳᠠᠭᠠᠨ᠂ ᠲᠥᠷᠥᠯ ᠵᠦᠢᠯ ᠤᠨ ᠨᠠᠷᠢᠨ ᠵᠦᠢᠯᠡᠰ ᠨᠢ ᠬᠥᠳᠡᠯᠭᠡᠭᠡᠨ ᠤ ᠰᠢᠮ᠎ᠡ ᠲᠡᠵᠢᠭᠡᠯ ᠨᠥᠬᠦᠪᠦᠷᠢᠯᠡᠬᠦ ᠡᠳ᠋ ᠤᠨ ᠲᠥᠷᠥᠯ ︵ᠪᠣᠳᠠᠲᠠᠶ ᠦᠢᠯᠡᠳᠬᠦᠨ ᠤ ᠨᠡᠷᠡᠶᠢᠳᠦᠯ︶᠂ ᠡᠨᠧᠷᠭᠢ ᠡᠵᠡᠮᠰᠢᠬᠦ ᠲᠥᠷᠥᠯ ︵ᠪᠣᠳᠠᠲᠠᠶ ᠦᠢᠯᠡᠳᠬᠦᠨ ᠤ ᠨᠡᠷᠡᠶᠢᠳᠦᠯ︶᠂ ᠤᠭᠤᠷᠠᠭ ᠨᠥᠬᠦᠪᠦᠷᠢᠯᠡᠬᠦ ᠲᠥᠷᠥᠯ ︵ᠪᠣᠳᠠᠲᠠᠶ ᠦᠢᠯᠡᠳᠬᠦᠨ ᠤ ᠨᠡᠷᠡᠶᠢᠳᠦᠯ︶᠂ ᠬᠤᠷᠳᠤᠴᠠ ᠬᠦᠴᠦᠨ ᠤ ᠲᠥᠷᠥᠯ ︵ᠪᠣᠳᠠᠲᠠᠶ ᠦᠢᠯᠡᠳᠬᠦᠨ ᠤ ᠨᠡᠷᠡᠶᠢᠳᠦᠯ︶᠂ ᠳᠠᠭᠠᠭᠠᠴᠠ ᠶᠢᠨ ᠲᠥᠷᠥᠯ ︵ᠪᠣᠳᠠᠲᠠᠶ ᠦᠢᠯᠡᠳᠬᠦᠨ ᠤ ᠨᠡᠷᠡᠶᠢᠳᠦᠯ︶᠂ ᠬᠥᠳᠡᠯᠭᠡᠭᠡᠨ ᠤ ᠳᠠᠷᠠᠭ᠎ᠠ ᠰᠡᠷᠭᠦᠭᠡᠬᠦ ᠲᠥᠷᠥᠯ ︵ᠪᠣᠳᠠᠲᠠᠶ ᠦᠢᠯᠡᠳᠬᠦᠨ ᠤ ᠨᠡᠷᠡᠶᠢᠳᠦᠯ︶᠂ ᠬᠡᠷᠡᠭᠵᠢᠭᠦᠯᠬᠦ ᠪᠠᠷᠢᠮᠵᠢᠶ᠎ᠠ ᠨᠢ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠠᠮᠢᠷ ᠤᠨ ᠬᠥᠳᠡᠯᠭᠡᠭᠡᠨ ᠤ ᠰᠢᠮ᠎ᠡ ᠲᠡᠵᠢᠭᠡᠯ ᠤᠨ ᠢᠳᠡᠭᠡᠨ ᠤ ᠶᠡᠷᠦᠩᠬᠡᠶ ᠲᠦᠷᠢᠮ︾ ︵GB24154︶ ︵ᠠᠵᠤ ᠠᠬᠤᠶᠢᠯᠠᠯ ᠤᠳ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠠᠴᠠ ᠴᠢᠩᠭ᠎ᠠ ᠪᠣᠯᠬᠤ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠵᠤ᠂ ᠲᠣᠰ ᠠᠵᠤ ᠠᠬᠤᠶᠢᠯᠠᠯ ᠳᠤ ᠬᠡᠷᠡᠭᠯᠡᠬᠦ ᠶᠢᠨ ᠬᠠᠮᠲᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃︶᠃

    ᠭᠤᠷᠪᠠ᠂ ᠲᠠᠮᠢᠷ ᠤᠨ ᠬᠥᠳᠡᠯᠭᠡᠭᠡᠨ ᠤ ᠰᠢᠮ᠎ᠡ ᠲᠡᠵᠢᠭᠡᠯ ᠨᠥᠬᠦᠪᠦᠷᠢᠯᠡᠬᠦ ᠡᠳ᠋ ᠦᠢᠯᠡᠳᠪᠦᠷᠢᠯᠡᠬᠦ ᠲᠠᠯᠠᠪᠤᠷ ᠪᠠ ᠲᠣᠨᠤᠭ ᠲᠥᠬᠦᠭᠡᠷᠦᠮᠵᠢ ᠶᠢᠨ ᠱᠠᠭᠠᠷᠳᠠᠯᠭ᠎ᠠ ᠨᠢ ᠶᠠᠭᠤ ᠪᠤᠢ︖

    ᠭᠠᠵᠠᠷ ᠰᠣᠩᠭᠤᠬᠤ ᠵᠢᠴᠢ ᠦᠢᠯᠡᠳᠪᠦᠷᠢ ᠶᠢᠨ ᠲᠣᠭᠤᠷᠢᠭ ᠤᠨ ᠣᠷᠴᠢᠨ ᠲᠣᠭᠤᠷᠢᠨ᠂ ᠦᠢᠯᠡᠳᠪᠦᠷᠢ ᠶᠢᠨ ᠭᠡᠷ ᠪᠠᠶᠢᠰᠢᠩ ᠪᠣᠯᠤᠨ ᠦᠢᠯᠡᠳᠪᠦᠷᠢ ᠶᠢᠨ ᠲᠠᠰᠤᠭ ᠨᠢ ︽ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠬᠢᠨᠠᠨ ᠪᠠᠶᠢᠴᠠᠭᠠᠬᠤ ᠶᠡᠷᠦᠩᠬᠡᠶ ᠲᠦᠷᠢᠮ︾ ᠪᠣᠯᠤᠨ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠢᠳᠡᠭᠡᠨ ᠤ ᠦᠢᠯᠡᠳᠪᠦᠷᠢᠯᠡᠯ ᠳᠤ ᠨᠡᠶᠢᠳᠡᠮ ᠬᠡᠷᠡᠭᠯᠡᠬᠦ ᠡᠷᠡᠭᠦᠯ ᠬᠠᠮᠠᠭᠠᠯᠠᠯ ᠤᠨ ᠵᠢᠷᠤᠮᠵᠢᠯ︾ ︵GB14881-2013︶ ᠤᠨ ᠬᠠᠮᠢᠶ᠎ᠠ ᠪᠦᠬᠦᠢ ᠱᠠᠭᠠᠷᠳᠠᠯᠭ᠎ᠠ ᠵᠢᠴᠢ ᠦᠢᠯᠡᠳᠪᠦᠷᠢᠯᠡᠬᠦ ᠴᠢᠳᠠᠪᠤᠷᠢ ᠲᠠᠢ ᠲᠣᠬᠢᠷᠠᠯᠴᠠᠭᠰᠠᠨ ᠦᠢᠯᠡᠳᠪᠦᠷᠢᠯᠡᠯ ᠤᠨ ᠲᠠᠰᠤᠭ ᠪᠣᠯᠤᠨ ᠲᠤᠰᠠᠯᠠᠬᠤ ᠦᠢᠯᠡᠳᠪᠦᠷᠢᠯᠡᠯ ᠤᠨ ᠪᠡᠯᠡᠳᠬᠡᠮᠵᠢ ᠵᠡᠷᠭᠡ ᠡᠯ᠎ᠡ ᠵᠦᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃

ᠲᠣᠨᠤᠭ ᠲᠥᠬᠦᠭᠡᠷᠦᠮᠵᠢ ᠨᠢ ︽ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠬᠢᠨᠠᠨ ᠪᠠᠶᠢᠴᠠᠭᠠᠬᠤ ᠶᠡᠷᠦᠩᠬᠡᠶ ᠲᠦᠷᠢᠮ︾ ᠪᠠ     ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠢᠳᠡᠭᠡᠨ ᠤ ᠦᠢᠯᠡᠳᠪᠦᠷᠢᠯᠡᠯ ᠳᠤ ᠨᠡᠶᠢᠳᠡᠮ ᠬᠡᠷᠡᠭᠯᠡᠬᠦ ᠡᠷᠡᠭᠦᠯ ᠬᠠᠮᠠᠭᠠᠯᠠᠯ ᠤᠨ ᠵᠢᠷᠤᠮᠵᠢᠯ︾ ︵GB14881-2013︶ ᠤᠨ ᠬᠠᠮᠢᠶ᠎ᠠ ᠪᠦᠬᠦᠢ ᠱᠠᠭᠠᠷᠳᠠᠯᠭ᠎ᠠ ᠵᠢᠴᠢ ᠦᠢᠯᠡᠳᠪᠦᠷᠢᠯᠡᠬᠦ ᠦᠢᠯᠡᠳᠬᠦᠨ ᠤ ᠲᠥᠷᠥᠯ ᠵᠦᠢᠯ᠂ ᠲᠤᠭ᠎ᠠ ᠬᠡᠮᠵᠢᠶ᠎ᠡ ᠲᠠᠢ ᠲᠣᠬᠢᠷᠠᠯᠴᠠᠭᠰᠠᠨ ᠦᠢᠯᠡᠳᠪᠦᠷᠢᠯᠡᠯ ᠤᠨ ᠲᠥᠬᠦᠭᠡᠷᠦᠮᠵᠢ ᠲᠣᠬᠢᠷᠠᠭᠤᠯᠵᠤ᠂ ᠲᠣᠨᠤᠭ ᠲᠥᠬᠦᠭᠡᠷᠦᠮᠵᠢ ᠶᠢᠨ ᠴᠢᠳᠠᠮᠵᠢ ᠪᠠ ᠨᠠᠷᠢᠯᠢᠭ ᠤᠨ ᠬᠡᠮᠵᠢᠶ᠎ᠡ ᠨᠢ ᠦᠢᠯᠡᠳᠪᠦᠷᠢᠯᠡᠵᠦ ᠡᠳ᠋ᠰᠢᠭᠦᠯᠬᠦ ᠱᠠᠭᠠᠷᠳᠠᠯᠭ᠎ᠠ ᠶᠢ ᠬᠠᠩᠭᠠᠵᠤ ᠳᠡᠶᠢᠯᠬᠦ ᠬᠡᠷᠡᠭᠲᠡᠶ᠃

    ᠳᠥᠷᠪᠡ᠂ ᠲᠠᠮᠢᠷ ᠤᠨ ᠬᠥᠳᠡᠯᠭᠡᠭᠡᠨ ᠤ ᠰᠢᠮ᠎ᠡ ᠲᠡᠵᠢᠭᠡᠯ ᠨᠥᠬᠦᠪᠦᠷᠢᠯᠡᠬᠦ ᠡᠳ᠋ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠦᠷᠢᠮ ᠤᠨ ᠱᠠᠭᠠᠷᠳᠠᠯᠭ᠎ᠠ ᠨᠢ ᠶᠠᠭᠤ ᠪᠤᠢ︖

    ᠠᠵᠤ ᠠᠬᠤᠶᠢᠯᠠᠯ ᠢ ᠡᠳᠦᠷ ᠪᠦᠷᠢ ᠶᠢᠨ ᠬᠠᠮᠢᠶᠠᠷᠤᠯᠲᠠ ᠡᠵᠡᠮᠳᠡᠯ᠂ ᠭᠠᠷᠠᠭ ᠪᠦᠷᠢ ᠶᠢᠨ ᠪᠠᠶᠢᠴᠠᠭᠠᠯᠲᠠ᠂ ᠰᠠᠷ᠎ᠠ ᠪᠦᠷᠢ ᠶᠢᠨ ᠲᠣᠬᠢᠷᠠᠭᠤᠯᠤᠯᠲᠠ ᠶᠢᠨ ᠠᠵᠢᠯ ᠤᠨ ᠳᠦᠷᠢᠮ ᠪᠠ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠱᠠᠭᠠᠷᠳᠠᠨ᠎ᠠ︔ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠵᠤ ᠲᠡᠮᠳᠡᠭᠯᠡᠬᠦ ᠳᠦᠷᠢᠮ ᠢ ᠪᠠᠶᠢᠭᠤᠯᠤᠨ᠎ᠠ︔ ᠦᠢᠯᠡᠳᠪᠦᠷᠢᠯᠡᠯ ᠤᠨ ᠶᠠᠪᠤᠴᠠ ᠶᠢ ᠡᠵᠡᠮᠳᠡᠬᠦ ᠳᠦᠷᠢᠮ ᠢ ᠪᠠᠶᠢᠭᠤᠯᠤᠨ᠎ᠠ︔ ᠦᠢᠯᠡᠳᠪᠦᠷᠢ ᠠᠴᠠ ᠭᠠᠷᠬᠤ ᠳᠤ ᠪᠠᠶᠢᠴᠠᠭᠠᠨ ᠰᠢᠯᠭᠠᠵᠤ ᠲᠡᠮᠳᠡᠭᠯᠡᠬᠦ ᠳᠦᠷᠢᠮ ᠢ ᠪᠠᠶᠢᠭᠤᠯᠤᠨ᠎ᠠ︔ ᠰᠤᠳᠤᠯᠤᠨ ᠨᠡᠭᠡᠭᠡᠬᠦ ᠬᠠᠮᠢᠶᠠᠷᠤᠯᠲᠠ ᠶᠢᠨ ᠳᠦᠷᠢᠮ ᠪᠠᠶᠢᠭᠤᠯᠬᠤ ᠶᠢ ᠵᠣᠷᠢᠭᠵᠢᠭᠤᠯᠵᠤ᠂ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢᠨ ᠬᠠᠮᠲᠤ ᠰᠤᠳᠤᠯᠤᠨ ᠨᠡᠭᠡᠭᠡᠬᠦ ᠠᠵᠢᠯᠲᠠᠨ ᠲᠣᠬᠢᠷᠠᠭᠤᠯᠬᠤ ᠬᠡᠷᠡᠭᠲᠡᠶ᠃ ᠠᠵᠤ ᠠᠬᠤᠶᠢᠯᠠᠯ ᠢ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠠᠵᠢᠯᠯᠠᠭᠠᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠪᠡᠰᠦᠪᠡᠨ ᠪᠠᠶᠢᠴᠠᠭᠠᠵᠤ᠂ ᠪᠦᠲᠦᠮᠵᠢᠲᠡᠶ ᠠᠵᠢᠯᠯᠠᠭᠠᠨ ᠢ ᠪᠠᠲᠤᠯᠠᠬᠤ ᠬᠡᠷᠡᠭᠲᠡᠶ ᠶᠢ ᠱᠠᠭᠠᠷᠳᠠᠨ᠎ᠠ᠃

 

ᠢᠷᠡᠯᠲᠡ᠄ ᠲᠣᠪᠴᠢᠶ᠎ᠠ ᠶᠢᠨ ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ