205 ᠪᠦᠯᠦᠭ ᠤᠳᠠᠭ᠎ᠠ ᠶᠢᠨ ᠢᠳᠡᠭᠡᠨ ᠤ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠳᠡᠯ ︵2024 ᠣᠨ ᠤ 3 ᠳ᠋ᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2024/4/12

    ᠣᠶᠢᠷ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ᠂ ᠬᠠᠭᠤᠷᠤᠭᠰᠠᠨ ᠢᠳᠡᠭᠡᠨ ᠵᠢᠴᠢ ᠬᠠᠲᠠᠭᠤ ᠵᠢᠮᠢᠰ ᠤᠨ ᠪᠦᠲᠦᠭᠡᠭᠳᠡᠬᠦᠨ᠂ ᠪᠣᠭᠤᠷᠰᠤᠭ᠂ ᠢᠳᠡᠭᠡᠨ ᠤᠮᠳᠠᠭᠠᠨ ᠤ ᠢᠳᠡᠭᠡᠨ᠂ ᠠᠷᠢᠬᠢᠨ ᠤ ᠵᠦᠢᠯ᠂ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ᠂ ᠪᠤᠷᠴᠠᠭ ᠤᠨ ᠪᠦᠲᠦᠭᠡᠭᠳᠡᠬᠦᠨ᠂ ᠵᠢᠮᠢᠰ ᠤᠨ ᠪᠦᠲᠦᠭᠡᠭᠳᠡᠬᠦᠨ᠂ ᠠᠮᠲᠠ ᠣᠷᠣᠭᠤᠯᠬᠤ ᠵᠦᠢᠯ᠂ ᠠᠮᠤ ᠪᠤᠳᠠᠭ᠎ᠠ ᠡᠳ᠋ᠰᠢᠭᠦᠯᠦᠭᠰᠡᠨ ᠪᠦᠲᠦᠭᠡᠭᠳᠡᠬᠦᠨ᠂ ᠮᠢᠬᠠᠨ ᠤ ᠵᠦᠢᠯ᠂ ᠴᠠᠭᠠᠨ ᠢᠳᠡᠭᠡᠨ᠂ ᠢᠳᠡᠰᠢᠨ ᠲᠣᠰᠣ᠂ ᠲᠣᠰᠣ ᠵᠢᠴᠢ ᠲᠡᠭᠦᠨ ᠤ 13 ᠶᠡᠭᠡ ᠲᠥᠷᠥᠯ ᠤᠨ 205 ᠪᠦᠯᠦᠭ ᠤᠳᠠᠭ᠎ᠠ ᠶᠢᠨ ᠥᠯᠢᠭᠡᠷ ᠡᠳ᠋ ᠢ ᠰᠣᠩᠭᠤᠨ ᠠᠪᠴᠤ᠂ ᠡᠭᠦᠨ ᠳᠤ 5 ᠪᠦᠯᠦᠭ ᠤᠳᠠᠭ᠎ᠠ ᠶᠢᠨ ᠬᠢᠷᠢ ᠲᠡᠩᠴᠡᠭᠦ ᠥᠬᠡᠶ ᠥᠯᠢᠭᠡᠷ ᠡᠳ᠋ ᠢ ᠪᠠᠶᠢᠴᠠᠭᠠᠨ ᠭᠠᠷᠭᠠᠪᠠ᠃ ᠭᠤᠤᠯ ᠨᠢ ᠢᠳᠡᠭᠡᠨ ᠤ ᠨᠡᠮᠡᠯᠲᠡ ᠡᠳ᠋ ᠢ ᠬᠡᠮᠵᠢᠶᠡᠨ ᠠᠴᠠ ᠬᠡᠲᠦᠷᠡᠭᠦᠯᠦᠨ ᠬᠡᠷᠡᠭᠯᠡᠭᠰᠡᠨ᠂ ᠶᠠᠰᠤ ᠴᠢᠨᠠᠷ ᠤᠨ ᠭᠦᠢᠴᠡᠳᠬᠡᠬᠦ ᠲᠤᠭ᠎ᠠ ᠨᠢ ᠪᠠᠷᠢᠮᠵᠢᠶ᠎ᠠ ᠳᠤ ᠬᠦᠷᠦᠭᠡᠳᠦᠶ ᠪᠠ ᠮᠢᠺᠷᠣᠪ ᠤᠨ ᠪᠣᠬᠢᠷᠲᠤᠯ ᠤᠨ ᠠᠰᠠᠭᠤᠳᠠᠯ ᠪᠣᠯᠤᠨ᠎ᠠ᠃

    ᠰᠤᠭᠤᠴᠢᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠬᠢᠷᠢ ᠲᠡᠩᠴᠡᠭᠰᠡᠨ ᠥᠬᠡᠶ ᠢᠳᠡᠭᠡᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠬᠥᠬᠡᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠬᠢᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠢᠯᠡᠳᠬᠦᠨ ᠤ ᠭᠦᠢᠯᠭᠡᠭᠡᠨ ᠤ ᠬᠠᠨᠳᠤᠰᠢ ᠶᠢ ᠪᠠᠶᠢᠴᠠᠭᠠᠨ ᠲᠣᠳᠣᠯᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠢᠷᠢ ᠲᠡᠩᠴᠡᠭᠰᠡᠨ ᠥᠬᠡᠶ ᠦᠢᠯᠡᠳᠬᠦᠨ ᠢᠶᠠᠨ ᠡᠭᠡᠭᠦᠯᠦᠨ ᠪᠤᠴᠠᠭᠠᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠲᠦᠭᠰᠢᠭᠦᠷᠢ ᠶᠢ ᠡᠵᠡᠮᠳᠡᠪᠡ︔ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠪᠡ︔ ᠠᠵᠤ ᠠᠬᠤᠶᠢᠯᠠᠯ ᠤᠨ ᠠᠪᠤᠭᠰᠠᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤ ᠨᠢ ᠨᠡᠶᠢᠭᠡᠮ ᠳᠤ ᠢᠯᠡ ᠪᠣᠯᠭᠠᠬᠤ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠪᠡ᠃

    ᠡᠳᠦᠭᠡ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠥᠬᠡᠶ ᠢᠳᠡᠭᠡᠨ ᠤ ᠪᠣᠳᠠᠲᠠᠶ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄

ᠨᠢᠭᠡ᠂ ᠢᠳᠡᠭᠡᠨ ᠤ ᠨᠡᠮᠡᠯᠲᠡ ᠡᠳ᠋ ᠢ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠭᠰᠡᠨ ᠠᠰᠠᠭᠤᠳᠠᠯ

    ︵ᠨᠢᠭᠡ︶ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠯᠠᠨ ᠵᠢᠩ ᠹᠧᠩ ᠦᠬᠡᠷ ᠤᠨ ᠮᠢᠬᠠᠨ ᠤ ᠳᠡᠯᠭᠡᠭᠦᠷ ᠪᠤᠷᠤᠯᠠᠭᠤᠯᠤᠭᠰᠠᠨ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠢᠤᠢ ᠯᠠᠨ ᠱᠠᠨ ᠬᠡᠭᠡᠷ᠎ᠡ ᠶᠢᠨ ᠨᠣᠭᠤᠭ᠎ᠠ ᠪᠣᠯᠪᠠᠰᠤᠷᠠᠭᠤᠯᠬᠤ ᠦᠢᠯᠡᠳᠪᠦᠷᠢ ᠶᠢᠨ ᠦᠢᠯᠡᠳᠪᠦᠷᠢᠯᠡᠭᠰᠡᠨ ᠬᠡᠭᠡᠷ᠎ᠡ ᠶᠢᠨ ᠰᠢᠷ᠎ᠠ ᠴᠡᠴᠡᠭ ᠨᠢ ᠬᠦᠬᠦᠷ ᠤᠨ ᠳᠠᠪᠬᠤᠷ ᠢᠰᠦᠯ ᠤᠨ ᠦᠯᠡᠳᠡᠭᠳᠡᠯ ᠬᠡᠮᠵᠢᠶ᠎ᠡ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠬᠤᠶᠠᠷ︶ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠰᠢᠨ ᠯᠢᠶᠠᠨ ᠰᠢᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠢᠶᠠᠨ ᠱᠧᠩ ᠬᠤᠪᠢᠶᠠᠷᠢ ᠺᠣᠮᠫᠠᠨᠢ ᠶᠢᠨ ᠪᠣᠷᠣᠯᠠᠭᠤᠯᠤᠨ ᠬᠤᠳᠠᠯᠳᠤᠭᠰᠠᠨ᠂ ᠪᠤᠤ ᠵᠢᠢ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠺᠧ ᠢ ᠬᠠᠭᠤᠷᠤᠭᠰᠠᠨ ᠢᠳᠡᠭᠡᠨ ᠤ ᠦᠢᠯᠡᠳᠪᠦᠷᠢ ᠶᠢᠨ ᠦᠢᠯᠡᠳᠪᠦᠷᠢᠯᠡᠭᠰᠡᠨ ᠤᠯᠠᠭᠠᠨ ᠴᠢᠪᠠᠭ᠎ᠠ ᠶᠢᠨ ᠠᠮᠲᠠᠲᠤ ᠭᠤᠸᠠ ᠶᠢᠨ ᠦᠷ᠎ᠡ ᠶᠢᠨ ᠬᠦᠬᠦᠷ ᠤᠨ ᠳᠠᠪᠬᠤᠷ ᠢᠰᠦᠯ ᠤᠨ ᠦᠯᠡᠳᠡᠭᠳᠡᠯ ᠬᠡᠮᠵᠢᠶ᠎ᠡ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

ᠬᠤᠶᠠᠷ᠂ ᠶᠠᠰᠤ ᠴᠢᠨᠠᠷ ᠤᠨ ᠭᠦᠢᠴᠡᠳᠬᠡᠯ ᠲᠤᠭ᠎ᠠ ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠠᠰᠠᠭᠤᠳᠠᠯ

    ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠥᠪᠥᠷ ᠮᠣᠩᠭᠤᠯ ᠤᠨ ᠪᠤᠭᠤᠲᠤ ᠶᠢᠨ ᠪᠦᠷᠢᠨ ᠪᠠᠷᠠᠭᠠᠲᠤ ᠠᠰᠠᠷ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠤᠷᠠᠳ ᠤᠨ ᠡᠮᠦᠨᠡᠲᠦ ᠬᠤᠰᠢᠭᠤᠨ ᠤ ᠬᠡᠳᠦ ᠳᠡᠯᠭᠡᠭᠦᠷ ᠪᠣᠷᠣᠯᠠᠭᠤᠯᠤᠨ ᠬᠤᠳᠠᠯᠳᠤᠭᠰᠠᠨ᠂ ᠥᠪᠥᠷ ᠮᠣᠩᠭᠤᠯ ᠤᠨ ᠺᠠᠢ ᠰᠢᠨ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠲᠠᠪᠤᠨ ᠠᠮᠲᠠᠲᠤ ᠨᠠᠷᠠᠨ ᠬᠤᠸᠠᠷ ᠤᠨ ᠦᠷ᠎ᠡ ᠶᠢᠨ ᠬᠡᠲᠦ ᠢᠰᠦᠯᠲᠡ ᠶᠢᠨ ᠬᠡᠮᠵᠢᠶ᠎ᠡ ︵ᠥᠭᠡᠬᠦ ᠪᠠᠷ ᠪᠣᠳᠣᠬᠤ︶ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠲᠣᠭᠲᠠᠭᠠᠯ ᠳᠤ ᠨᠡᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

ᠭᠤᠷᠪᠠ᠂ ᠮᠢᠺᠷᠣᠪ ᠤᠨ ᠪᠤᠵᠠᠷᠳᠠᠯ ᠤᠨ ᠠᠰᠠᠭᠤᠳᠠᠯ

    ︵ᠨᠢᠭᠡ︶ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠥᠪᠥᠷ ᠮᠣᠩᠭᠤᠯ ᠤᠨ ᠢ ᠲᠠᠢ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠪᠣᠷᠣᠯᠠᠭᠤᠯᠤᠭᠰᠠᠨ᠂ ᠣᠷᠳᠣᠰ ᠬᠤᠲᠠ ᠶᠢᠨ ᠥᠨᠳᠦᠷᠯᠢᠭ ᠤᠨ ᠵᠢᠮᠢᠰ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠬᠠᠭᠤᠷᠤᠭᠰᠠᠨ ᠭᠦᠢᠯᠡᠰᠦᠨ ᠴᠥᠮ᠎ᠡ ᠶᠢᠨ  ᠸᠠ ᠶᠢᠨ ᠪᠠᠺᠲ᠋ᠧᠷᠢ  ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠬᠤᠶᠠᠷ︶ ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ ᠮᠧᠢ ᠲᠧ ᠬᠤᠣ ᠰᠢᠨ᠎ᠡ ᠰᠣᠷᠭᠤᠭ ᠢᠳᠡᠭᠡᠨ ᠤ ᠬᠡᠳᠦ ᠳᠡᠯᠭᠡᠭᠦᠷ ᠤᠨ ᠪᠣᠷᠣᠯᠠᠭᠤᠯᠤᠭᠰᠠᠨ᠂ ᠲᠦᠩᠯᠢᠶᠣᠣ ᠬᠤᠲᠠ ᠶᠢᠨ ᠰᠢᠶᠠᠨ ᠴᠦᠨ ᠢᠳᠡᠭᠡᠨ ᠪᠣᠯᠪᠠᠰᠤᠷᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠭᠰᠡᠨ ᠲᠠᠪᠤᠨ ᠦᠷᠡᠲᠦ ᠶᠧᠪᠡᠩ ᠤᠨ ᠪᠠᠺᠲ᠋ᠧᠷᠢ ᠶᠢᠨ ᠪᠠᠭᠰᠢᠷᠠᠯ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

ᠡᠭᠦᠨ ᠤ ᠲᠤᠯᠠ ᠣᠨᠴᠠᠭᠠᠶᠢᠯᠠᠨ ᠵᠠᠷᠯᠠᠪᠠ᠃

 

ᠳᠠᠭᠠᠯᠳᠤᠭᠤᠯᠤᠯ᠄

    1. ᠬᠢᠷᠢ ᠲᠡᠩᠴᠡᠭᠰᠡᠨ ᠦᠢᠯᠡᠳᠬᠦᠨ ᠤ ᠮᠡᠳᠡᠭᠡ ᠵᠠᠩᠭᠢ

    2. ᠬᠢᠷᠢ ᠲᠡᠩᠴᠡᠬᠦ ᠦᠭᠡᠶ ᠦᠢᠯᠡᠳᠬᠦᠨ ᠤ ᠮᠡᠳᠡᠭᠡ ᠵᠠᠩᠭᠢ

    3. ᠬᠡᠰᠡᠭ ᠬᠢᠷᠢ ᠲᠡᠩᠴᠡᠬᠦ ᠦᠭᠡᠢ ᠰᠢᠯᠭᠠᠨ ᠪᠠᠶᠢᠴᠠᠭᠠᠬᠤ ᠲᠥᠷᠥᠯ ᠵᠦᠢᠯ ᠤᠨ ᠵᠢᠵᠢᠭ ᠮᠡᠳᠡᠯᠭᠡ

 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

2024 ᠣᠨ ᠤ 4 ᠳ᠋ᠤᠭᠠᠷ ᠰᠠᠷ᠎ᠠ ᠶᠢᠨ 10 ᠤ ᠡᠳᠦᠷ

 

ᠢᠷᠡᠯᠲᠡ᠄ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠢ ᠵᠣᠬᠢᠴᠠᠭᠤᠯᠬᠤ ᠬᠢᠭᠡᠳ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠭᠠᠵᠠᠷ