ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠷᠢ ᠲᠡᠩᠴᠡᠬᠦ ᠦᠭᠡᠢ ᠰᠦᠯᠢᠶᠣᠣ ᠦᠢᠯᠡᠳᠬᠦᠨ ᠤ 8 ᠠᠵᠤ ᠠᠬᠤᠶᠢᠯᠠᠯ ᠢ ᠪᠠᠶᠢᠴᠠᠭᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/4/12

    ᠰᠦᠯᠢᠶᠣᠣ ᠶᠢᠨ ᠪᠣᠬᠢᠷᠲᠤᠯ ᠢ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠦᠯᠢᠶᠣᠣ ᠶᠢᠨ ᠦᠢᠯᠡᠳᠬᠦᠨ ᠢ ᠦᠢᠯᠡᠳᠪᠦᠷᠢᠯᠡᠵᠦ ᠪᠣᠷᠣᠯᠠᠭᠤᠯᠬᠤ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠯᠢᠶᠣᠣ ᠦᠢᠯᠡᠳᠭᠦᠨ ᠢ ᠴᠠᠭᠠᠵᠠᠯᠠᠬᠤ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂  ᠴᠠᠭᠠᠵᠠᠯᠠᠵᠤ ᠬᠢᠵᠠᠭᠠᠷᠯᠠᠭᠰᠠᠨ ᠰᠦᠯᠢᠶᠣᠣ ᠦᠢᠯᠡᠳᠬᠦᠨ ᠢ ᠦᠢᠯᠡᠳᠪᠦᠷᠢᠯᠡᠵᠦ ᠪᠣᠷᠣᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃

    ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠰᠦᠯᠢᠶᠣᠣ ᠤᠭᠤᠲᠠ᠂ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠵᠡᠷᠭᠡ ᠨᠢᠭᠡ ᠤᠳᠠᠭ᠎ᠠ ᠶᠢᠨ ᠴᠢᠨᠠᠷᠲᠠᠶ ᠰᠦᠯᠢᠶᠣᠣ ᠦᠢᠯᠡᠳᠬᠦᠨ ᠢᠶᠠᠷ ᠭᠤᠤᠯᠳᠠᠯᠭ᠎ᠠ ᠲᠠᠢ ᠬᠦᠷᠢᠶ᠎ᠡ ᠪᠣᠯᠭᠠᠵᠤ᠂ ᠦᠢᠯᠡᠳᠪᠦᠷᠢᠯᠡᠯ ᠤᠨ ᠠᠵᠤ ᠠᠬᠤᠶᠢᠯᠠᠯ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠨ ᠪᠣᠷᠣᠯᠠᠭᠤᠯᠬᠤ ᠳᠡᠯᠭᠡᠭᠦᠷ ᠵᠡᠷᠭᠡ ᠲᠠᠯᠠᠪᠤᠷ ᠭᠠᠵᠠᠷ ᠢᠶᠠᠷ ᠭᠤᠤᠯᠳᠠᠯᠭ᠎ᠠ ᠲᠠᠢ ᠣᠷᠣᠨ ᠪᠦᠰᠡ ᠪᠣᠯᠭᠠᠵᠤ᠂ ᠡᠯ᠎ᠡ ᠲᠥᠷᠥᠯ ᠤᠨ ᠬᠢᠷᠢ ᠲᠡᠩᠴᠡᠬᠦ ᠥᠬᠡᠶ ᠰᠦᠯᠢᠶᠣᠣ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠰᠦᠯᠢᠶᠣᠣ ᠦᠢᠯᠡᠳᠬᠦᠨ ᠤ ᠦᠢᠯᠡᠳᠪᠦᠷᠢᠯᠡᠵᠦ ᠪᠣᠷᠣᠯᠠᠭᠤᠯᠬᠤ ᠶᠢ ᠴᠠᠭᠠᠵᠠᠯᠠᠬᠤ ᠡᠬᠢ ᠡᠭᠦᠰᠦᠯ ᠢ ᠪᠠᠲᠤ ᠰᠠᠬᠢᠪᠠ᠃ ᠨᠢᠭᠡ ᠳᠤ ᠦᠢᠯᠡᠳᠪᠦᠷᠢᠯᠡᠯ ᠤᠨ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠪᠡ᠃ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠣᠷᠣᠭᠤᠯᠬᠤ ᠶᠢ ᠪᠠᠶᠢᠴᠠᠭᠠᠨ ᠰᠢᠯᠭᠠᠬᠤ᠂ ᠦᠢᠯᠡᠳᠪᠦᠷᠢᠯᠡᠬᠦ ᠶᠠᠪᠤᠴᠠ ᠶᠢ ᠡᠵᠡᠮᠳᠡᠬᠦ᠂ ᠦᠢᠯᠡᠳᠬᠦᠨ ᠢ ᠦᠢᠯᠡᠳᠪᠦᠷᠢ ᠠᠴᠠ ᠭᠠᠷᠭᠠᠬᠤ ᠶᠢ ᠪᠠᠶᠢᠴᠠᠭᠠᠨ ᠰᠢᠯᠭᠠᠬᠤ ᠵᠡᠷᠭᠡ ᠭᠤᠭᠴᠤᠭ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠬᠢᠷᠢ ᠲᠡᠩᠴᠡᠭᠰᠡᠨ ᠦᠢᠯᠡᠳᠬᠦᠨ ᠢ ᠦᠢᠯᠡᠳᠪᠦᠷᠢᠯᠡᠵᠦ ᠡᠵᠡᠩᠨᠡᠬᠦ ᠶᠢ ᠰᠢᠮᠳᠠᠭᠤᠯᠪᠠ᠃ ᠬᠤᠶᠠᠷ ᠲᠤ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠢ ᠪᠦᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ᠃ ᠨᠢᠭᠡ ᠯᠡ ᠤᠳᠠᠭ᠎ᠠ ᠶᠢᠨ ᠴᠢᠨᠠᠷᠲᠠᠶ ᠰᠦᠯᠢᠶᠣᠣ ᠦᠢᠯᠡᠳᠬᠦᠨ ᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠭᠤᠭᠴᠤᠭ᠎ᠠ ᠳᠤ ᠴᠢᠭᠯᠡᠭᠦᠯᠦᠨ᠂ ᠪᠥᠬᠦ ᠬᠤᠲᠠ ᠳᠤ ᠪᠦᠬᠦᠨ ᠢ ᠬᠠᠮᠤᠷᠤᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠬᠢᠷᠢ ᠬᠡᠮ᠂ ᠦᠢᠯᠡᠳᠬᠦᠨ ᠤ ᠲᠡᠮᠳᠡᠭ ᠱᠣᠰᠢᠭ᠎ᠠ ᠵᠢᠴᠢ ᠦᠢᠯᠡᠳᠬᠦᠨ ᠤ ᠴᠢᠳᠠᠮᠵᠢ ᠨᠢ ᠤᠯᠤᠰ ᠤᠨ ᠬᠠᠮᠢᠶ᠎ᠠ ᠪᠥᠬᠦᠶ ᠪᠠᠷᠢᠮᠵᠢᠶ᠎ᠠ ᠳᠤ ᠨᠡᠶᠢᠴᠡᠬᠦ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠬᠢᠨᠠᠨ ᠪᠠᠶᠢᠴᠠᠭᠠᠵᠤ᠂ 0.025 ᠮᠢᠯᠢᠮᠧᠲᠷ ᠠᠴᠠ ᠪᠠᠭ᠎ᠠ ᠬᠡᠲᠦ ᠨᠢᠮᠭᠡᠨ ᠰᠦᠯᠢᠶᠣᠣ ᠤᠭᠤᠲᠠ ᠵᠢᠴᠢ ᠵᠤᠵᠠᠭᠠᠨ ᠨᠢ 0.01 ᠮᠢᠯᠢᠮᠧᠲᠷ ᠠᠴᠠ ᠪᠠᠭ᠎ᠠ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢ ᠴᠢᠩᠭ᠎ᠠ ᠴᠠᠭᠠᠵᠠᠯᠠᠪᠠ᠃ ᠭᠤᠷᠪᠠ ᠳᠤ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭ᠎ᠠ ᠥᠷᠨᠢᠭᠦᠯᠪᠡ᠃ ᠴᠠᠭᠠᠵᠠᠯᠠᠵᠤ ᠬᠢᠵᠠᠭᠠᠷᠯᠠᠭᠰᠠᠨ ᠰᠦᠯᠢᠶᠣᠣ ᠦᠢᠯᠡᠳᠬᠦᠨ ᠳᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠢᠷᠢ ᠲᠡᠩᠴᠡᠬᠦ ᠦᠭᠡᠶ ᠰᠦᠯᠢᠶᠣᠤ ᠤᠭᠤᠲᠠ᠂ ᠲᠠᠷᠢᠶᠠᠯᠠᠩ ᠳᠤ ᠬᠡᠷᠡᠭᠯᠡᠬᠦ ᠰᠦᠯᠢᠶᠣᠤ ᠪᠦᠷᠬᠦᠪᠴᠢ ᠵᠡᠷᠭᠡ ᠦᠢᠯᠡᠳᠬᠦᠨ ᠳᠤ ᠴᠢᠭᠯᠡᠭᠦᠯᠦᠨ᠂ ᠪᠦᠬᠦᠨ ᠢ ᠪᠠᠶᠢᠴᠠᠭᠠᠨ ᠪᠢᠲᠡᠭᠦᠮᠵᠢᠯᠡᠵᠦ ᠦᠯᠡᠳᠡᠭᠡᠨ ᠠᠪᠤᠭᠠᠳ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠬᠠᠤᠯᠢ ᠶᠢ ᠰᠠᠬᠢᠵᠤ ᠡᠵᠡᠩᠨᠡᠬᠦ ᠶᠢ ᠰᠢᠮᠳᠠᠭᠤᠯᠪᠠ᠃

    ᠣᠳᠣᠬᠠᠨ ᠪᠣᠯᠲᠠᠯ᠎ᠠ᠂ ᠪᠥᠬᠦ ᠬᠤᠲᠠ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠲᠠᠨ ᠢ ᠨᠡᠶᠢᠲᠡ 137 ᠬᠥᠮᠦᠨ ᠤᠳᠠᠭ᠎ᠠ ᠬᠥᠳᠡᠯᠭᠡᠵᠦ᠂ ᠰᠦᠯᠢᠶᠤᠤ ᠤᠭᠤᠲᠠ ᠦᠢᠯᠡᠳᠪᠦᠷᠢᠯᠡᠬᠦ ᠠᠵᠤ ᠠᠬᠤᠶᠢᠯᠠᠯ 4᠂ ᠪᠣᠷᠣᠯᠠᠭᠤᠯᠬᠤ ᠠᠵᠤ ᠠᠬᠤᠶᠢᠯᠠᠯ 82 ᠢ ᠪᠠᠶᠢᠴᠠᠭᠠᠵᠤ᠂ ᠬᠢᠷᠢ ᠲᠡᠩᠴᠡᠬᠦ ᠥᠬᠡᠶ ᠰᠦᠯᠢᠶᠣᠣ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ 10 ᠠᠵᠤ ᠠᠬᠤᠶᠢᠯᠠᠯ ᠢ ᠪᠠᠶᠢᠴᠠᠭᠠᠨ ᠰᠢᠢᠳᠪᠦᠷᠢᠯᠡᠵᠦ᠂ ᠬᠢᠷᠢ ᠲᠡᠩᠴᠡᠬᠦ ᠥᠬᠡᠶ ᠰᠦᠯᠢᠶᠣᠣ ᠤᠭᠤᠲᠠ 307 ᠪᠣᠭᠤᠳᠠᠯ ︵ᠨᠡᠶᠢᠲᠡ 12000 ᠺᠢᠯᠣᠭ᠍ᠷᠠᠮ︶ ᠢ ᠪᠠᠶᠢᠴᠠᠭᠠᠨ ᠪᠢᠲᠡᠭᠦᠮᠵᠢᠯᠡᠵᠦ ᠦᠯᠡᠳᠡᠭᠡᠪᠡ︔ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠦᠢᠯᠡᠳᠪᠦᠷᠢᠯᠡᠬᠦ ᠠᠵᠤ ᠠᠬᠤᠶᠢᠯᠠᠯ ᠢ 4᠂ ᠪᠣᠷᠣᠯᠠᠭᠤᠯᠬᠤ ᠠᠵᠤ ᠠᠬᠤᠶᠢᠯᠠᠯ ᠢ 67 ᠪᠠᠶᠢᠴᠠᠭᠠᠵᠤ᠂ ᠰᠦᠯᠢᠶᠣᠣ ᠪᠦᠷᠬᠦᠪᠴᠢ ᠶᠢᠨ ᠦᠢᠯᠡᠳᠬᠦᠨ ᠢ 12 ᠪᠦᠯᠦᠭ ᠤᠳᠠᠭ᠎ᠠ ᠰᠤᠭᠤᠴᠢᠨ ᠪᠠᠶᠢᠴᠠᠭᠠᠵᠤ᠂ ᠣᠳᠣᠬᠠᠨ ᠳᠤ ᠶᠠᠭ ᠰᠢᠯᠭᠠᠨ ᠪᠠᠶᠢᠴᠠᠭᠠᠵᠤ ᠪᠠᠶᠢᠨ᠎ᠠ᠃

 

ᠢᠷᠡᠯᠲᠡ᠄ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ