ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ
ᠨᠡᠶᠢᠲᠡᠯᠡᠭᠰᠡᠨ ᠴᠠᠭ᠄
2024/4/17

ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠣᠯᠠᠨ ᠲᠦᠮᠡᠨ ᠭᠡᠷᠡᠴᠢ ᠦᠨᠡᠮᠯᠡᠯ ᠭᠦᠢᠴᠡᠳᠬᠡᠬᠦ ᠳᠦ ︽ᠣᠯᠠᠨ ᠭᠠᠵᠠᠷ ᠲᠤ ᠭᠦᠶᠦᠬᠦ︾ ᠪᠠ ︽ᠣᠷᠣᠬᠤ ᠶᠢ ᠵᠥᠪᠰᠢᠶᠡᠷᠡᠭᠰᠡᠨ ᠪᠣᠯᠪᠠᠴᠤ ᠡᠵᠡᠩᠨᠡᠬᠦ ᠶᠢ ᠵᠥᠪᠰᠢᠶᠡᠷᠡᠬᠦ ᠦᠭᠡᠢ︾ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ᠂ ᠣᠯᠠᠨ ᠴᠣᠩᠬᠤᠪᠴᠢ᠂ ᠣᠯᠠᠨ ᠤᠳᠠᠭ᠎ᠠ︾ ᠠᠴᠠ ︽ᠨᠢᠭᠡ ᠭᠠᠵᠠᠷ᠂ ᠨᠢᠭᠡ ᠴᠣᠩᠬᠤᠪᠴᠢ᠂ ᠨᠢᠭᠡ ᠤᠳᠠᠭ᠎ᠠ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠳᠥᠭᠦᠮᠴᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠪᠡ᠃

︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠪᠣᠯ ᠡᠵᠡᠩᠨᠡᠯᠲᠡ ᠶᠢᠨ ᠦᠨᠡᠮᠯᠡᠯ ᠪᠣᠯᠣᠨ ᠡᠵᠡᠩᠨᠡᠬᠦ ᠶᠢ ᠵᠥᠪᠰᠢᠶᠡᠷᠡᠭᠰᠡᠨ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠵᠦᠢᠯᠡᠰ ᠲᠠᠢ ᠬᠤᠯᠪᠣᠭᠳᠠᠭᠤᠯᠬᠤ ᠠᠴᠠ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠵᠡᠷᠭᠡ ᠡᠯ᠎ᠡ ᠭᠦᠢᠴᠡᠳᠬᠡᠬᠦ ᠵᠦᠢᠯᠡᠰ ᠢ ᠬᠤᠪᠢᠷᠠᠭᠤᠯᠬᠤ᠂ ︽ᠨᠢᠭᠡ ᠶᠢ ᠲᠣᠬᠢᠷᠠᠭᠤᠯᠪᠠᠯ ᠳᠠᠷᠦ᠋ᠢᠬᠠᠨ ᠲᠣᠭᠲᠠᠭᠠᠬᠤ᠂ ᠨᠢᠭᠡ ᠶᠢ ᠬᠤᠪᠢᠷᠠᠭᠤᠯᠪᠠᠯ ᠳᠠᠷᠤᠢ ᠬᠤᠪᠢᠷᠠᠭᠤᠯᠬᠤ᠂ ᠨᠢᠭᠡ ᠶᠢ ᠪᠣᠷᠣᠯᠠᠭᠤᠯᠪᠠᠯ ᠳᠠᠷᠤᠢ ᠪᠣᠷᠣᠯᠠᠭᠤᠯᠬᠤ︾ ᠬᠠᠮᠲᠤᠷᠠᠨ ᠬᠢᠨᠠᠵᠤ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ ᠪᠡᠶᠡᠯᠡᠭᠦᠯᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠯᠠᠨ ᠭᠡᠷᠡᠴᠢ ᠦᠨᠡᠮᠯᠡᠯ ᠢ ᠬᠠᠷᠢᠯᠴᠠᠨ ᠬᠣᠯᠪᠣᠭᠳᠠᠭᠤᠯᠵᠤ ᠬᠢᠨᠠᠨ ᠵᠥᠪᠰᠢᠶᠡᠷᠡᠬᠦ ᠵᠦᠢᠯᠡᠰ ᠢ ︽ᠨᠢᠭᠡ ᠤᠴᠢᠷ ᠶᠠᠪᠤᠳᠠᠯ ᠢ ᠨᠢᠭᠡ ᠭᠦᠢᠴᠡᠳᠬᠡᠬᠦ᠂ ᠲᠤᠰ ᠲᠤᠰ ᠲᠤᠨᠢ ᠭᠦᠢᠴᠡᠳᠬᠡᠬᠦ᠂ ᠤᠯᠠᠨ ᠤᠳᠠᠭ᠎ᠠ ᠭᠦᠢᠴᠡᠳᠬᠡᠬᠦ︾ ᠪᠠᠶᠢᠭᠰᠠᠨ ᠠᠴᠠ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠨᠢᠭᠡ ᠯᠡ ᠤᠳᠠᠭ᠎ᠠ ᠳᠤ ᠬᠠᠮᠲᠤᠷᠠᠨ ᠭᠦᠢᠴᠡᠳᠬᠡᠬᠦ︾ ᠪᠣᠯᠭᠠᠨ ᠥᠭᠡᠷᠡᠴᠢᠯᠡᠵᠦ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠪᠠ ᠭᠦᠢᠴᠡᠳᠬᠡᠬᠦ ᠤᠳᠠᠭ᠎ᠠ ᠶᠢ ᠶᠡᠭᠡ ᠪᠠᠷ ᠪᠠᠭᠠᠰᠬᠠᠵᠤ ᠴᠢᠳᠠᠨ᠎ᠠ᠃

ᠨᠢᠭᠡ ᠳᠤ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠪᠠ᠃ ᠠᠵᠤ ᠠᠬᠤᠶᠢᠯᠠᠯ ᠪᠠ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠡᠭᠡᠭᠡᠨ ᠡᠷᠭᠢᠯᠡᠬᠦ᠂ ᠬᠤᠪᠢᠷᠠᠭᠤᠯᠬᠤ ᠠᠴᠠ ᠬᠦᠴᠦᠨ ᠥᠬᠡᠶ ᠪᠣᠯᠭᠠᠬᠤ ᠬᠦᠷᠲᠡᠯᠡᠬᠢ ᠵᠠᠩᠭᠢᠯᠠᠭ᠎ᠠ ᠶᠢᠨ ᠲᠣᠭᠤᠷᠢᠨ ᠳᠤ᠂ ᠠᠳᠠᠯᠢ ᠪᠤᠰᠤ ᠬᠡᠷᠡᠭᠯᠡᠭᠡᠨ ᠤ ᠲᠠᠯᠠᠪᠠᠶ᠂ ᠲᠤᠬᠠᠶᠢᠯᠠᠭᠰᠠᠨ ᠠᠵᠢᠯ ᠤᠨ ᠪᠠᠶᠢᠳᠠᠯ ᠤᠨ ᠶᠣᠰᠣᠭᠠᠷ᠂ ᠭᠦᠢᠴᠡᠳᠭᠡᠬᠦ ᠴᠤᠪᠤᠷᠠᠯ ᠢ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠥᠯᠥᠪᠯᠡᠵᠦ᠂ 18 ᠵᠦᠢᠯ ᠤᠨ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠭᠡᠬᠦ︾ ᠥᠭᠡᠷᠡᠴᠢᠯᠡᠯᠲᠡ ᠶᠢᠨ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠨ ᠪᠦᠷᠢᠯᠳᠦᠭᠦᠯᠵᠦ᠂ ᠭᠤᠤᠯ ᠰᠡᠳᠦᠪᠲᠦ ᠮᠠᠶ᠋ᠢᠭ ᠤᠨ᠂ ᠢᠵᠢ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ᠬᠤᠶᠠᠷ ᠲᠤ ᠨᠢᠭᠡ ᠯᠡ ᠤᠳᠠᠭ᠎ᠠ ᠳᠤ ᠮᠡᠳᠡᠭᠳᠡᠬᠦ ᠶᠢ ᠬᠡᠷᠡᠭᠵᠢᠭᠦᠯᠪᠡ᠃ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠬᠠᠮᠲᠤᠷᠠᠨ ᠭᠦᠢᠴᠡᠳᠬᠡᠬᠦ ᠵᠦᠢᠯᠡᠰ ᠤᠨ ᠨᠡᠷᠡᠶᠢᠳᠦᠯ᠂ ᠬᠣᠯᠪᠣᠭᠳᠠᠬᠤ ᠭᠡᠷᠡᠴᠢ ᠦᠨᠡᠮᠯᠡᠯ᠂ ᠬᠡᠷᠡᠭᠵᠢᠭᠦᠯᠬᠦ ᠲᠠᠰ ᠳᠠᠪᠬᠤᠷᠭ᠎ᠠ᠂ ᠬᠢᠨᠠᠨ ᠵᠥᠪᠰᠢᠶᠡᠷᠡᠬᠦ ᠴᠤᠪᠤᠷᠠᠯ᠂ ᠭᠤᠶᠤᠴᠢᠯᠠᠬᠤ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ ᠪᠠ ᠠᠮᠠᠯᠠᠯᠲᠠ ᠵᠡᠷᠭᠡ ᠠᠭᠤᠯᠭ᠎ᠠ ᠶᠢ ᠲᠣᠳᠣᠷᠬᠠᠶᠢᠯᠠᠨ᠂    ᠬᠢᠨᠠᠨ ᠵᠥᠪᠰᠢᠶᠡᠷᠡᠬᠦ ᠠᠵᠢᠯᠲᠠᠨ ᠭᠤᠶᠤᠴᠢᠯᠠᠭᠴᠢ ᠳᠤ ᠨᠢᠭᠡ ᠯᠡ ᠤᠳᠠᠭ᠎ᠠ ᠳᠤ ᠪᠦᠬᠦ ᠮᠠᠲ᠋ᠧᠷᠢᠶᠠᠯ ᠢ ᠮᠡᠳᠡᠭᠳᠡᠵᠦ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠨᠢᠭᠡ ᠯᠡ ᠤᠳᠠᠭ᠎ᠠ ᠳᠤ ᠲᠣᠳᠣᠷᠬᠠᠶ ᠮᠡᠳᠡᠭᠳᠡᠨ᠎ᠡ᠃ ᠭᠤᠷᠪᠠ ᠳᠤ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠪᠡ᠃ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠴᠣᠩᠬᠤᠪᠴᠢ ᠶᠢ ᠲᠣᠬᠢᠷᠠᠭᠤᠯᠵᠤ᠂ ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠲᠤᠰᠬᠠᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠡᠵᠡᠩᠨᠡᠯᠲᠡ ᠶᠢᠨ ᠦᠨᠡᠮᠯᠡᠯ ᠪᠠ ᠵᠥᠪᠰᠢᠶᠡᠷᠡᠯ ᠤᠨ ᠦᠨᠡᠮᠯᠡᠯ ︵ᠳᠠᠩᠰᠠᠯᠠᠬᠤ︶ ᠲᠠᠢ ᠬᠤᠯᠪᠣᠭᠳᠠᠪᠠᠯ᠂ ᠬᠢᠨᠠᠨ ᠵᠥᠪᠰᠢᠶᠡᠷᠡᠬᠦ ᠡᠷᠬᠡ ᠮᠡᠳᠡᠯ ᠨᠢ ᠠᠳᠠᠯᠢ ᠨᠢᠭᠡ ᠬᠢᠨᠠᠨ ᠵᠥᠪᠰᠢᠶᠡᠷᠡᠬᠦ ᠲᠠᠰ ᠲᠤ ᠬᠠᠷᠢᠶᠠᠯᠠᠭᠳᠠᠪᠠᠯ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠨ᠂ ᠨᠢᠭᠡᠳᠦᠯᠲᠡᠶ ᠦᠨᠡᠮᠯᠡᠯ ᠭᠠᠷᠭᠠᠬᠤ︾ ᠶᠢ ᠬᠡᠷᠡᠭᠵᠢᠭᠦᠯᠪᠡ᠃ ᠬᠤᠯᠪᠣᠭᠳᠠᠬᠤ ᠡᠵᠡᠩᠨᠡᠯᠲᠡ ᠶᠢᠨ ᠦᠨᠡᠮᠯᠡᠯ ᠪᠠ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠳᠤ ᠠᠳᠠᠯᠢ ᠨᠢᠭᠡᠨ ᠬᠢᠨᠠᠨ ᠵᠥᠪᠰᠢᠶᠡᠷᠡᠬᠦ ᠳᠡᠰ ᠳᠠᠪᠬᠤᠷᠭ᠎ᠠ ᠳᠤ ᠪᠠᠢᠬᠤ ᠦᠭᠡᠢ ᠪᠣᠯ᠂ ᠬᠤᠲᠠ ᠶᠢᠨ ᠱᠠᠲᠤᠨ ᠤ ᠴᠣᠩᠬᠤᠪᠴᠢ ᠠᠴᠠ ᠨᠢᠭᠡᠳᠦᠯᠲᠡᠶ ᠵᠣᠬᠢᠴᠠᠭᠤᠯᠤᠨ ᠲᠣᠬᠢᠷᠠᠭᠤᠯᠵᠤ᠂ ᠳᠡᠭᠡᠷ᠎ᠡ ᠳᠣᠣᠷ᠎ᠠ ᠱᠠᠲᠤ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠶᠢ ᠬᠡᠷᠡᠭᠵᠢᠭᠦᠯᠵᠦ᠂ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠶᠢ ᠱᠠᠲᠤ ᠠᠯᠤᠰᠯᠠᠨ ᠭᠦᠢᠴᠡᠳᠬᠡᠬᠦ ᠶᠢ ᠪᠡᠶᠡᠯᠡᠭᠦᠯᠪᠡ᠃ ᠳᠥᠷᠪᠡ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠪᠡ᠃ ᠭᠤᠶᠤᠴᠢᠯᠠᠭᠴᠢ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠵᠦᠢᠯᠡᠰ ᠢ ᠭᠦᠢᠴᠡᠳᠬᠡᠬᠦ ᠳᠦ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠤᠶᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠬᠠᠮᠢᠶ᠎ᠠ ᠪᠥᠬᠦᠶ ᠮᠡᠳᠡᠭᠦᠯᠬᠦ ᠮᠠᠲ᠋ᠧᠷᠢᠶᠠᠯ ᠢ ᠲᠤᠰᠢᠶᠠᠵᠤ᠂ ᠰᠦᠯᠵᠢᠶᠡᠨ ᠳᠡᠭᠡᠷ᠎ᠡ ᠵᠡᠷᠭᠡ ᠪᠠᠷ ᠭᠤᠶᠤᠴᠢᠯᠠᠬᠤ᠂ ᠰᠦᠯᠵᠢᠶᠡᠨ ᠳᠡᠭᠡᠷ᠎ᠡ ᠵᠡᠷᠭᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠵᠡᠷᠭᠡ ᠪᠠᠷ ᠬᠢᠨᠠᠨ ᠵᠥᠪᠰᠢᠶᠡᠷᠡᠬᠦ᠂ ᠰᠦᠯᠵᠢᠶᠡᠨ ᠳᠡᠭᠡᠷ᠎ᠡ ᠵᠡᠷᠭᠡ ᠪᠠᠷ ᠦᠨᠡᠮᠯᠡᠯ ᠣᠯᠭᠤᠬᠤ ᠶᠢ ᠬᠡᠷᠡᠭᠵᠢᠭᠦᠯᠦᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ︾ ᠶᠢ ᠪᠡᠶᠡᠯᠡᠭᠦᠯᠪᠡ᠃ ᠲᠠᠪᠤ ᠳᠤ ᠨᠢᠭᠡ ᠯᠡ ᠤᠳᠠᠭ᠎ᠠ ᠳᠤ ᠬᠤᠯᠪᠣᠭᠠᠯᠠᠨ ᠭᠦᠢᠴᠡᠳᠬᠡᠬᠦ ᠶᠢ ᠬᠡᠷᠡᠭᠵᠢᠭᠦᠯᠪᠡ᠃ ᠡᠵᠡᠩᠨᠡᠯᠲᠡ ᠶᠢᠨ ᠳᠠᠩᠰᠠᠯᠠᠯ᠂ ᠮᠡᠳᠡᠭᠳᠡᠬᠦ ᠠᠮᠠᠯᠠᠯᠲᠠ ᠶᠢᠨ ᠬᠢᠨᠠᠨ ᠵᠥᠪᠰᠢᠶᠡᠷᠡᠬᠦ ᠵᠦᠢᠯᠡᠰ ᠢ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ ᠴᠢᠬᠤᠯᠠ ᠦᠭᠡᠢ ᠪᠠᠶᠢᠪᠠᠯ᠂ ᠵᠡᠷᠭᠡ ᠪᠠᠷ ᠬᠦᠯᠢᠶᠡᠨ ᠠᠪᠴᠤ ᠰᠢᠢᠳᠪᠦᠷᠢᠯᠡᠬᠦ᠂ ᠵᠡᠷᠭᠡ ᠪᠠᠷ ᠬᠢᠨᠠᠨ ᠪᠠᠶᠢᠴᠠᠭᠠᠬᠤ᠂ ᠵᠡᠷᠭᠡ ᠪᠠᠷ ᠰᠢᠯᠵᠢᠭᠦᠯᠬᠦ᠂ ᠵᠡᠷᠭᠡ ᠪᠠᠷ ᠰᠢᠢᠳᠪᠦᠷᠢᠯᠡᠵᠦ ᠳᠠᠭᠤᠰᠬᠠᠬᠤ ᠶᠢ ᠬᠡᠷᠡᠭᠵᠢᠭᠦᠯᠪᠡ︔ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ ᠳᠤ ᠬᠤᠯᠪᠣᠭᠳᠠᠪᠠᠯ᠂ ᠭᠥᠯᠢᠶᠡᠨ ᠠᠪᠴᠤ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠠᠳᠠᠯᠢ ᠪᠤᠰᠤ ᠪᠠᠶᠢᠭᠤᠯᠤᠮᠵᠢ ᠪᠤᠶᠤ ᠠᠵᠢᠯᠲᠠᠨ ᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ ᠦᠢᠯᠡᠳᠪᠦᠷᠢ ︵  ᠳᠡᠯᠭᠡᠭᠦᠷ︶ ᠳᠤ ᠬᠦᠷᠴᠦ᠂ ᠬᠠᠮᠲᠤ ᠳᠤᠨᠢ ᠬᠢᠨᠠᠨ ᠪᠠᠶᠢᠴᠠᠭᠠᠵᠤ᠂ ᠨᠢᠭᠡ ᠯᠡ ᠤᠳᠠᠭ᠎ᠠ ᠳᠤ ᠬᠢᠨᠠᠨ ᠪᠠᠶᠢᠴᠠᠭᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠭᠦᠶᠦᠬᠦ ᠲᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠵᠢᠷᠭᠤᠭ᠎ᠠ ᠳᠤ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠪᠠ᠃ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠳᠤ ᠣᠷᠣᠭᠤᠯᠬᠤ ᠵᠥᠪᠰᠢᠶᠡᠷᠡᠯ ᠤᠨ ᠵᠦᠢᠯᠡᠰ ᠢ ᠬᠢᠨᠠᠨ ᠵᠥᠪᠰᠢᠶᠡᠷᠡᠬᠦ ᠴᠤᠪᠤᠷᠠᠯ ᠢ ᠳᠠᠬᠢᠨ ᠰᠢᠯᠢᠳᠡᠭᠵᠢᠭᠦᠯᠵᠦ᠂ ᠭᠦᠢᠴᠡᠳᠬᠡᠬᠦ ᠴᠠᠭ ᠢ ᠪᠣᠭᠤᠨᠢᠰᠬᠠᠨ᠂ ᠳᠥᠭᠦᠮ ᠵᠦᠢᠯᠡᠰ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 1 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠤᠯᠪᠣᠭᠳᠠᠬᠤ ᠵᠦᠢᠯᠡᠰ ᠢ ᠡᠩ ᠤᠨ ᠪᠠᠶᠢᠳᠠᠯ ᠳᠤ ᠭᠠᠭᠴᠠ ᠵᠦᠢᠯ ᠤᠨ ᠬᠠᠮᠤᠭ ᠤᠨ ᠣᠷᠳᠣ ᠠᠮᠠᠯᠠᠯᠲᠠ ᠶᠢᠨ ᠴᠠᠭ ᠠᠴᠠ ᠬᠡᠲᠦᠷᠡᠭᠦᠯᠬᠦ ᠥᠬᠡᠶ ᠪᠠᠶᠢᠵᠤ᠂ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠵᠦᠢᠯᠡᠰ ᠤᠨ ᠠᠵᠢᠯ ᠤᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃

ᠲᠣᠰ ᠤᠳᠠᠭ᠎ᠠ ︽ᠦᠨᠡᠮᠯᠡᠯ ᠪᠠ ᠭᠡᠷᠡᠴᠢ ᠶᠢ ᠬᠠᠮᠲᠤᠷᠠᠨ ᠭᠦᠢᠴᠡᠳᠭᠡᠬᠦ︾ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠨᠢ ᠢᠳᠡᠭᠡᠨ ᠤ ᠦᠢᠯᠡᠳᠪᠦᠷᠢᠯᠡᠯ᠂ ᠢᠳᠡᠭᠡᠨ ᠤ ᠡᠵᠡᠩᠨᠡᠯᠲᠡ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠬᠦᠷᠢᠶᠡᠨ ᠳᠠᠬᠢ 18 ᠵᠦᠢᠯ ᠤᠨ ᠵᠥᠪᠰᠢᠶᠡᠷᠡᠯ ︵ᠳᠠᠩᠰᠠᠯᠠᠯ︶ ᠢ ᠪᠠᠶᠢᠭᠤᠯᠬᠤ᠂ ᠬᠤᠪᠢᠷᠠᠭᠤᠯᠬᠤ ᠪᠠ ᠬᠦᠴᠦᠨ ᠥᠬᠡᠶ ᠪᠣᠯᠭᠠᠬᠤ ᠵᠡᠷᠭᠡ ᠪᠠᠭᠲᠠᠵᠤ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠪᠠᠶᠢᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠢᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ