ᠠᠯᠠᠱᠠ ᠠᠶᠢᠮᠠᠭ ᠪᠠᠷᠢᠮᠵᠢᠶᠠᠵᠢᠬᠰᠠᠨ ᠪᠥᠲᠥᠭᠡᠨ ᠪᠠᠶᠢᠭᠤᠯᠤᠯᠲᠠ ᠪᠠᠷ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/17

    ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠳᠤ ᠪᠠᠷᠢᠮᠵᠢᠶ᠎ᠠ ᠶᠢ ᠤᠷᠢᠳ ᠢᠶᠠᠷ ᠬᠡᠷᠡᠭᠵᠢᠭᠦᠯᠬᠦ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ᠂ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ︽ᠮᠠᠨ ᠤ ᠤᠯᠤᠰ ᠤᠨ ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ︾ ᠡᠭᠦᠷᠭᠡ ᠬᠠᠷᠠᠯᠲᠠ ᠶᠢᠨ ᠲᠣᠭᠤᠷᠢᠨ ᠳᠤ᠂ ︽ᠪᠠᠷᠢᠮᠵᠢᠶ᠎ᠠ ᠶᠢ ᠤᠷᠢᠳᠠᠪᠠᠷ ᠬᠡᠷᠡᠭᠵᠢᠭᠦᠯᠵᠦ᠂ ᠣᠯᠠᠨ ᠲᠠᠯ᠎ᠠ ᠪᠠᠷ ᠬᠦᠴᠦᠯᠡᠵᠦ᠂ ᠪᠠᠷᠢᠮᠵᠢᠶ᠎ᠠ ᠪᠠᠷ ᠡᠯᠡᠰᠦ ᠶᠢ ᠵᠠᠰᠠᠬᠤ︾ ᠵᠠᠷᠴᠢᠮ ᠢ ᠪᠠᠷᠢᠮᠲᠠᠯᠠᠨ᠂ ᠪᠠᠷᠢᠮᠵᠢᠶ᠎ᠠ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠪᠠᠷᠢᠮᠵᠢᠶᠠᠯᠠᠯ ᠤᠨ ᠪᠦᠲᠦᠭᠡᠨ ᠪᠠᠶᠢᠭᠤᠯᠤᠯᠲᠠ ᠪᠠᠷ ᠴᠥᠯᠡᠷᠬᠡᠭᠵᠢᠯ ᠢ ᠶᠡᠷᠦᠩᠬᠡᠶᠢᠯᠡᠨ ᠵᠠᠰᠠᠬᠤ ᠳᠤ ᠬᠦᠴᠦᠨ ᠨᠡᠮᠡᠷᠢᠯᠡᠬᠦ ︽ᠠᠯᠠᠱᠠ ᠶᠢᠨ ᠵᠠᠭᠪᠤᠷ︾ ᠢ ᠢᠳᠡᠪᠬᠢᠲᠡᠶ ᠬᠠᠶᠢᠨ ᠰᠦᠪᠡᠭᠴᠢᠯᠡᠵᠦ᠂ ᠴᠥᠯᠡᠷᠬᠡᠭᠵᠢᠯ ᠢ ᠶᠡᠷᠦᠩᠬᠡᠶᠢᠯᠡᠨ ᠵᠠᠰᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠪᠠᠷᠢᠮᠵᠢᠶ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠪᠠ᠃

    ᠣᠳᠣᠬᠠᠨ ᠳᠤ᠂ ᠠᠯᠠᠱᠠ ᠠᠶᠢᠮᠠᠭ ᠤᠨ ᠬᠢᠯᠢ ᠳᠣᠲᠣᠷ᠎ᠠ ᠪᠠᠳᠠᠢ ᠶᠢᠨ ᠵᠢᠷᠠᠨ᠂ ᠲᠡᠭᠷᠢ᠂ ᠤᠯᠠᠭᠠᠨᠪᠤᠬ᠎ᠠ ᠶᠢᠨ ᠡᠯᠡᠰᠦᠨ ᠤ ᠲᠠᠯᠠᠪᠠᠢ 9.47 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠦᠬᠦ ᠣᠷᠣᠨ ᠤ ᠡᠯᠡᠰᠦᠨ ᠤ ᠶᠡᠷᠦᠩᠬᠡᠢ ᠲᠠᠯᠠᠪᠠᠢ ᠶᠢᠨ 83.04% ᠶᠢ ᠡᠵᠡᠯᠡᠵᠦ᠂ ᠪᠦᠬᠦ ᠣᠷᠣᠨ ᠤ ᠴᠥᠯᠡᠷᠬᠡᠭᠵᠢᠯ ᠢ ᠵᠠᠰᠠᠬᠤ ᠭᠤᠣᠯ ᠳᠠᠶᠢᠨ ᠤ ᠲᠠᠯᠠᠪᠤᠷ ᠪᠣᠯᠤᠨ᠎ᠠ᠃ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠤᠯᠤᠭᠠᠨ ᠶᠡᠭᠡ ᠲᠠᠶᠢᠯᠠᠯᠳᠤᠭᠠᠨ ᠢ ᠰᠠᠶᠢᠳᠤᠷ ᠬᠢᠬᠦ ᠨᠢ ᠮᠠᠨ ᠤ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠠᠮᠤᠷ ᠲᠦᠪᠰᠢᠨ ᠢ ᠪᠠᠳᠤᠯᠠᠬᠤ ᠳᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠂ ᠪᠠᠷᠢᠮᠵᠢᠶᠠᠵᠢᠯ ᠤᠨ ᠪᠦᠳᠦᠭᠡᠨ ᠪᠠᠶᠢᠭᠤᠯᠤᠯᠲᠠ ᠶᠢ ᠥᠷᠨᠢᠭᠦᠯᠬᠦ ᠪᠣᠯ ᠴᠥᠯᠡᠷᠬᠡᠭᠵᠢᠯ ᠢ ᠶᠡᠷᠦᠩᠭᠡᠶᠢᠯᠡᠨ ᠵᠠᠰᠠᠬᠤ ᠠᠵᠢᠯ ᠢ ᠰᠠᠶᠢᠳᠤᠷ ᠬᠢᠬᠦ ᠴᠢᠬᠤᠯᠠ ᠪᠠᠳᠤᠯᠠᠭ᠎ᠠ ᠪᠤᠯᠤᠨ᠎ᠠ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠳᠤ ᠰᠢᠭᠤᠳ ᠵᠠᠩᠬᠢᠯᠠᠭ᠎ᠠ ᠶᠢᠨ ᠪᠤᠳᠠᠳᠤ ᠠᠴᠢ ᠬᠤᠯᠪᠤᠬᠳᠠᠯ ᠲᠠᠢ ᠶᠤᠮ᠃

    ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠪᠠᠷᠢᠮᠵᠢᠶ᠎ᠠ ᠶᠢᠨ ᠪᠦᠲᠦᠮᠵᠢᠲᠡᠶ ᠬᠠᠩᠭᠠᠯᠭ᠎ᠠ ᠶᠢ ᠴᠢᠩᠭᠠᠳᠬᠠᠨ᠎ᠠ

    ᠨᠢᠭᠡ ᠳᠤ ᠠᠯᠠᠱᠠ ᠠᠶᠢᠮᠠᠭ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠶᠢ ᠰᠠᠶᠢᠲᠤᠷ ᠠᠳᠬᠤᠨ᠎ᠠ᠃ ᠪᠦᠬᠦ ᠠᠶᠢᠮᠠᠭ ᠤᠨ ᠴᠥᠯᠡᠷᠬᠡᠭᠵᠢᠯ ᠢ ᠶᠡᠷᠦᠩᠬᠡᠶᠢᠯᠡᠨ ᠵᠠᠰᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠨᠢᠰᠬᠡᠯ ᠢᠶᠠᠷ ᠲᠠᠷᠢᠵᠤ ᠣᠶᠢᠵᠢᠭᠤᠯᠤᠭᠰᠠᠨ ᠦᠷ᠎ᠡ ᠪᠦᠲᠦᠮᠵᠢ ᠶᠢ ᠪᠠᠶᠢᠴᠠᠭᠠᠵᠤ ᠬᠢᠨᠠᠨ ᠬᠡᠮᠵᠢᠬᠦ ᠮᠡᠷᠭᠡᠵᠢᠯ ᠤᠨ ᠵᠢᠷᠤᠮᠵᠢᠯ︾ ᠤᠨ ᠠᠯᠠᠱᠠ ᠠᠶᠢᠮᠠᠭ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠲᠣᠭᠲᠠᠭᠠᠬᠤ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠲᠤᠭᠤᠷᠪᠢᠨ ᠨᠠᠶᠢᠷᠠᠭᠤᠯᠬᠤ᠂ ᠰᠠᠨᠠᠯ ᠬᠤᠷᠢᠶᠠᠬᠤ᠂ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠪᠡᠶᠡᠯᠡᠭᠦᠯᠦᠨ᠎ᠡ᠃ ᠲᠣᠰ ᠪᠠᠷᠢᠮᠵᠢᠶ᠎ᠠ ᠨᠢ ᠮᠠᠨ ᠤ ᠠᠶᠢᠮᠠᠭ ᠤᠨ ᠠᠩᠬᠠᠳᠠᠭᠴᠢ ᠠᠶᠢᠮᠠᠭ ᠤᠨ ᠲᠠᠰ ᠤᠨ ᠣᠷᠣᠨ ᠨᠤᠲᠤᠭ ᠤᠨ ᠪᠠᠷᠢᠮᠵᠢᠶ᠎ᠠ ᠪᠣᠯᠤᠭᠰᠠᠨ ᠤ ᠬᠤᠪᠢ ᠳᠤ᠂ ᠤᠳᠠᠯ ᠥᠬᠡᠶ ᠨᠡᠶᠢᠲᠡᠯᠡᠨ ᠬᠡᠷᠡᠭᠵᠢᠭᠦᠯᠵᠦ᠂   ᠪᠥᠬᠦ ᠠᠶᠢᠮᠠᠭ ᠤᠨ ᠨᠢᠰᠬᠡᠯ ᠢᠶᠠᠷ ᠲᠠᠷᠢᠵᠤ ᠣᠶᠢᠵᠢᠭᠤᠯᠤᠭᠰᠠᠨ ᠦᠷ᠎ᠡ ᠪᠦᠲᠦᠮᠵᠢ ᠶᠢ ᠪᠠᠶᠢᠴᠠᠭᠠᠨ ᠬᠡᠮᠵᠢᠬᠦ ᠠᠷᠭ᠎ᠠ ᠮᠠᠶ᠋ᠢᠭ ᠢ ᠨᠢᠭᠡᠳᠬᠡᠬᠦ᠂ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠶᠢ ᠲᠣᠭᠲᠠᠭᠤᠨ ᠪᠣᠯᠭᠠᠬᠤ᠂ ᠴᠥᠯᠡᠷᠬᠡᠭᠵᠢᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃ ᠬᠤᠶᠠᠷ ᠲᠤ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠤᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠵᠦ ᠪᠤᠶᠢᠵᠢᠭᠤᠯᠵᠤ᠂ ᠮᠠᠨ ᠤ ᠠᠶᠢᠮᠠᠭ ᠤᠨ ᠵᠠᠭ᠂ ᠴᠠᠭᠠᠨ ᠭᠤᠶᠣᠣ᠂ ᠬᠠᠷᠮᠠᠭ᠂ ᠤᠯᠠᠭᠠᠨ ᠭᠤᠶᠣᠣ ᠵᠡᠷᠭᠡ ᠡᠯᠡᠰᠦᠨ ᠤ ᠤᠷᠭᠤᠮᠠᠯ ᠤᠨ ᠦᠷᠳᠡᠭ ᠢ ᠭᠦᠨᠵᠡᠭᠡᠢ ᠠᠭᠤᠳᠠᠯᠵᠤ᠂ ᠠᠯᠠᠱᠠ ᠶᠢᠨ ᠡᠯᠡᠰᠦᠨ ᠴᠦᠯ ᠤᠨ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠴᠢᠨᠠᠷ ᠰᠠᠶᠢᠲᠠᠢ ᠪᠠᠷᠢᠮᠵᠢᠶ᠎ᠠ ᠶᠢᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ 14 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠪᠠᠭᠲᠠᠭᠠᠵᠠᠢ᠃ ᠡᠭᠦᠨ ᠳᠤ᠂ ︽ᠵᠠᠭ ᠲᠠᠷᠢᠬᠤ ᠪᠠ ᠬᠠᠮᠢᠶᠠᠷᠴᠤ ᠬᠠᠮᠠᠭᠠᠯᠠᠬᠤ ᠮᠡᠷᠭᠡᠵᠢᠯ ᠤᠨ ᠳᠦᠷᠢᠮᠯᠡᠯ︾᠂ ︽ᠠᠯᠠᠱᠠ ᠶᠢᠨ ᠡᠯᠡᠰᠦᠨ ᠴᠦᠯ ᠤᠨ ᠴᠠᠭᠠᠨ ᠭᠤᠶᠣᠣ ᠶᠢᠨ ᠠᠮᠢ ᠠᠬᠤᠢ ᠶᠢᠨ ᠳᠠᠷᠢᠬᠤ ᠮᠡᠷᠭᠡᠵᠢᠯ ᠤᠨ ᠳᠦᠷᠢᠮᠯᠡᠯ︾᠂ ︽ᠠᠯᠠᠱᠠ ᠶᠢᠨ ᠡᠯᠡᠰᠦᠨ ᠴᠦᠯ ᠤᠨ ᠴᠠᠭᠠᠨ ᠭᠤᠶᠣᠣ ᠶᠢᠨ ᠬᠤᠤᠷᠲᠤ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠳᠦᠷᠢᠮᠯᠡᠯ︾ ᠵᠡᠷᠭᠡ ᠵᠠᠭ᠂ ᠴᠠᠭᠠᠨ ᠭᠤᠶᠣᠣ ᠳᠤ ᠬᠤᠯᠪᠣᠭᠳᠠᠬᠤ 7 ᠪᠠᠷᠢᠮᠵᠢᠶ᠎ᠠ ᠶᠢ ᠨᠢᠭᠡᠨᠲᠡ ᠨᠡᠶᠢᠲᠡᠯᠡᠨ ᠬᠡᠷᠡᠭᠵᠢᠭᠦᠯᠵᠦ᠂ ︽ᠬᠠᠷᠮᠠᠭ ᠤᠨ ᠴᠢᠬᠢ ᠪᠤᠶᠢᠵᠢᠭᠤᠯᠬᠤ ᠮᠡᠷᠭᠡᠵᠢᠯ ᠤᠨ ᠳᠦᠷᠢᠮᠯᠡᠯ︾  ︽ᠬᠠᠷᠮᠠᠭ ᠤᠨ ᠵᠠᠶᠢᠯᠠᠬᠤ ᠪᠠ ᠪᠤᠶᠢᠵᠢᠭᠤᠯᠬᠤ ᠮᠡᠷᠭᠡᠵᠢᠯ ᠤᠨ ᠳᠦᠷᠢᠮᠯᠡᠯ︾ ︽ᠬᠠᠷᠮᠠᠭ ᠤᠨ ᠬᠤᠤᠷᠲᠤ ᠠᠮᠢᠳᠤ ᠪᠣᠳᠠᠰ ᠢ ᠰᠡᠷᠭᠡᠶᠢᠯᠡᠨ ᠵᠠᠰᠠᠬᠤ ᠮᠡᠷᠭᠡᠵᠢᠯ ᠤᠨ ᠳᠦᠷᠢᠮᠯᠡᠯ︾ ᠵᠡᠷᠭᠡ 7 ᠪᠠᠷᠢᠮᠵᠢᠶ᠎ᠠ ᠶᠢ ᠨᠢᠭᠡᠨᠲᠡ ᠨᠠᠶᠢᠷᠠᠭᠤᠯᠤᠨ ᠵᠣᠬᠢᠶᠠᠬᠤ ᠱᠠᠲᠤᠨ ᠳᠤ ᠣᠷᠣᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠯᠦᠭᠡ ᠨᠢᠭᠲᠠ ᠤᠶᠠᠯᠳᠤᠭᠤᠯᠬᠤ ᠶᠢ ᠪᠦᠲᠦᠮᠵᠢᠲᠡᠶ ᠠᠬᠢᠭᠤᠯᠵᠤ᠂ ᠪᠠᠷᠢᠮᠵᠢᠶ᠎ᠠ ᠪᠠᠷ ᠡᠯᠡᠰᠦ ᠶᠢ ᠵᠠᠰᠠᠵᠤ ᠠᠰᠢᠭ ᠭᠥᠷᠳᠡᠬᠦ᠂ ᠡᠯᠡᠰᠦ ᠶᠢ ᠬᠡᠷᠡᠭᠯᠡᠨ ᠬᠥᠭᠵᠢᠭᠦᠯᠬᠦ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠮ ᠢ ᠨᠡᠭᠡᠭᠡᠪᠡ᠃

    ᠳᠡᠯᠭᠡᠷᠡᠭᠦᠯᠦᠨ ᠬᠡᠷᠡᠭᠯᠡᠬᠦ ᠲᠠᠯ᠎ᠠ ᠪᠠᠷ ᠦᠨᠡᠨ ᠪᠣᠳᠠᠲᠠᠶ ᠪᠠᠶᠢᠬᠤ ᠶᠢ ᠢᠯᠡᠷᠡᠭᠦᠯᠵᠦ᠂ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠨ᠎ᠠ

    ᠪᠠᠷᠢᠮᠵᠢᠶ᠎ᠠ ᠶᠢ ᠬᠡᠷᠡᠭᠵᠢᠭᠦᠯᠬᠦ ᠪᠣᠯ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠮᠡᠷᠭᠡᠵᠢᠯ ᠢ ᠳᠡᠯᠭᠡᠷᠡᠭᠦᠯᠬᠦ ᠪᠦᠲᠦᠮᠵᠢᠲᠡᠶ ᠪᠠᠭᠠᠵᠢ ᠪᠣᠯᠬᠤ ᠶᠤᠮ᠃ ᠣᠶᠢᠷ᠎ᠠ ᠶᠢᠨ ᠵᠢᠯ ᠳᠤ᠂ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠮᠡᠷᠭᠡᠵᠢᠯ ᠤᠨ ᠵᠢᠷᠤᠮᠵᠢᠯ︾ ᠵᠡᠷᠭᠡ ᠤᠯᠤᠰ ᠤᠨ ᠪᠠᠷᠢᠮᠵᠢᠶ᠎ᠠ ᠶᠢ ᠶᠡᠭᠡ ᠪᠠᠷ ᠳᠡᠯᠭᠡᠷᠡᠭᠦᠯᠦᠨ ᠬᠡᠷᠡᠭᠯᠡᠬᠦ ᠪᠠᠷ ᠳᠠᠮᠵᠢᠭᠤᠯᠤᠨ᠂ ︽ᠨᠢᠰᠬᠡᠯ ᠢᠶᠠᠷ ᠡᠯᠡᠰᠦ ᠶᠢ ᠵᠠᠰᠠᠵᠤ ᠣᠶᠢᠵᠢᠭᠤᠯᠬᠤ ᠮᠡᠷᠭᠡᠵᠢᠯ ᠤᠨ ᠳᠦᠷᠢᠮᠯᠡᠯ︾  ︽ᠮᠣᠷᠢᠨ ᠴᠢᠴᠢᠭᠦᠯ ᠢ ᠰᠡᠷᠭᠡᠶᠢᠯᠡᠨ ᠵᠠᠰᠠᠬᠤ ᠮᠡᠷᠭᠡᠵᠢᠯ ᠤᠨ ᠳᠦᠷᠢᠮᠯᠡᠯ︾ ︽ᠨᠡᠭᠦᠳᠡᠯ ᠡᠯᠡᠰᠦᠷᠬᠡᠭ ᠭᠠᠵᠠᠷ ᠢ ᠵᠠᠰᠠᠬᠤ ᠮᠡᠷᠭᠡᠵᠢᠯ ᠤᠨ ᠵᠢᠷᠤᠮᠵᠢᠯ︾ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠵᠦ᠂ 10 ᠭᠠᠷᠤᠶ ᠵᠦᠢᠯ ᠤᠨ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠶᠢ ᠬᠡᠷᠡᠭᠵᠢᠭᠦᠯᠦᠭᠡᠳ ᠠᠯᠠᠱᠠ ᠠᠶᠢᠮᠠᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠶᠠᠰᠤ ᠴᠢᠨᠠᠷ ᠪᠠ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ 20 ᠳ᠋ᠤᠭᠠᠷ ᠵᠠᠭᠤᠨ ᠤ ᠨᠠᠶᠠᠭᠠᠳ ᠣᠨ ᠤ ᠡᠬᠢ ᠲᠠᠢ ᠬᠠᠷᠢᠴᠠᠭᠤᠯᠪᠠᠯ᠂ ᠪᠥᠬᠦ ᠠᠶᠢᠮᠠᠭ ᠤᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ 15% ᠬᠦᠷᠬᠦ ᠦᠭᠡᠢ ᠪᠠᠶᠢᠭᠰᠠᠨ ᠠᠴᠠ ᠪᠠᠨ 23.18% ᠪᠣᠯᠵᠣ᠂ ᠪᠥᠬᠦ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠡᠯᠡᠰᠦᠨ ᠤ ᠨᠡᠶᠢᠯᠡᠬᠦ ᠶᠢ ᠬᠤᠷᠢᠭᠯᠠᠵᠤ᠂  ᠡᠯᠡᠰᠦᠨ ᠤ ᠭᠤᠣᠯ ᠳᠤ ᠣᠷᠣᠬᠤ ᠶᠢ ᠬᠤᠷᠢᠭᠯᠠᠵᠤ᠂ ᠡᠯᠡᠰᠦᠨ ᠤ ᠠᠭᠤᠯᠠᠨ ᠳᠤ ᠭᠠᠷᠬᠤ ᠶᠢ ᠬᠤᠷᠢᠭᠯᠠᠵᠤ᠂ ᠡᠯᠡᠰᠦᠨ ᠤ ᠵᠠᠮ ᠢ ᠲᠠᠰᠤᠯᠬᠤ ᠶᠢ ᠬᠤᠷᠢᠭᠯᠠᠬᠤ ᠵᠣᠷᠢᠯᠭ᠎ᠠ ᠳᠤ ᠬᠦᠷᠴᠦ᠂ ᠪᠦᠬᠦ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠵᠤ᠂ ︽ᠡᠯᠡᠰᠦ ᠤᠷᠤᠭᠰᠢᠯᠠᠵᠤ ᠬᠦᠮᠦᠨ ᠤᠬᠤᠷᠢᠬᠤ︾ ᠪᠠᠶᠢᠭᠰᠠᠨ ᠠᠴᠠ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ ᠡᠭᠦᠨ ᠤ ᠬᠠᠮᠳᠤ᠂ ᠡᠨᠡ ᠵᠢᠯ ᠤᠨ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠪᠦᠭᠦ ᠲᠠᠯ᠎ᠠ ᠪᠠᠷ ᠦᠷᠨᠢᠭᠦᠯᠵᠤ᠂ ᠾᠧᠰᠢ ᠶᠢᠨ ᠬᠤᠨᠭ᠍ᠭᠢᠯ - ᠲᠠᠺᠠᠯᠠᠮᠠ ᠡᠯᠡᠰᠤᠨ ᠤ ᠬᠦᠪᠡᠭᠡ ᠵᠠᠬ᠎ᠠ ᠶᠢ ᠬᠤᠷᠢᠬᠯᠠᠬᠤ ᠲᠠᠶᠢᠯᠠᠯᠳᠤᠭᠠᠨ ᠢ ᠰᠠᠶᠢᠳᠤᠷ ᠬᠢᠭᠦ ᠳᠤ ᠪᠠᠷᠢᠮᠵᠢᠶᠠᠵᠢᠯ ᠤᠨ ᠰᠠᠭᠤᠷᠢ ᠶᠢ ᠲᠠᠯᠪᠢᠬᠰᠠᠨ ᠪᠠᠶᠢᠨ᠎ᠠ᠃

    ᠭᠦᠨᠵᠡᠭᠡᠶᠢᠷᠡᠭᠦᠯᠦᠨ ᠠᠬᠢᠭᠤᠯᠬᠤ ᠲᠠᠯ᠎ᠠ ᠪᠠᠷ ᠬᠦᠴᠦ ᠣᠷᠣᠭᠤᠯᠵᠤ᠂ ᠪᠠᠷᠢᠮᠵᠢᠶ᠎ᠠ ᠶᠢᠨ ᠤᠬᠠᠭᠤᠯᠭ᠎ᠠ ᠪᠣᠯᠪᠠᠰᠤᠷᠠᠯ ᠢ ᠰᠠᠶᠢᠲᠤᠷ ᠠᠳᠬᠤᠨ᠎ᠠ

    ᠨᠢᠭᠡ ᠳᠤ ᠬᠠᠮᠵᠢᠯᠴᠠᠨ ᠬᠠᠮᠲᠤᠷᠠᠯᠴᠠᠬᠤ ᠶᠢ ᠭᠦᠨᠵᠡᠭᠡᠶᠢᠷᠡᠭᠦᠯᠦᠨ᠎ᠡ᠃ ᠠᠯᠠᠱᠠ ᠠᠶᠢᠮᠠᠭ ᠤᠨ ᠪᠠᠷᠢᠮᠵᠢᠶᠠᠵᠢᠯ ᠢ ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠵᠣᠯᠭᠠᠭᠤᠯᠬᠤ ᠶᠢ ᠴᠢᠩᠭᠠᠳᠬᠠᠨ᠂ ᠴᠥᠯᠡᠷᠬᠡᠭᠵᠢᠯ ᠢ ᠶᠡᠷᠦᠩᠬᠡᠶᠢᠯᠡᠨ ᠵᠠᠰᠠᠬᠤ ᠬᠠᠮᠢᠶ᠎ᠠ ᠪᠥᠬᠦᠶ ᠪᠠᠷᠢᠮᠵᠢᠶ᠎ᠠ ᠪᠠ ᠮᠡᠷᠭᠡᠵᠢᠯ ᠢ ᠤᠬᠠᠭᠤᠯᠤᠨ ᠲᠤᠭᠤᠰᠢᠯᠠᠭᠤᠯᠵᠦ᠂ ᠬᠡᠷᠡᠭᠵᠢᠭᠦᠯᠦᠭᠰᠡᠨ ᠲᠤᠷᠰᠢᠯᠭ᠎ᠠ ᠦᠷ᠎ᠡ ᠠᠰᠢᠭ ᠢ ᠴᠠᠭ ᠲᠤᠬᠠᠶ ᠳᠤᠨᠢ ᠳ᠋ᠦᠩᠨᠡᠨ ᠪᠣᠯᠪᠠᠰᠤᠷᠠᠭᠤᠯᠵᠤ᠂ ᠤᠬᠠᠭᠤᠯᠤᠨ ᠳᠡᠯᠭᠡᠷᠡᠭᠦᠯᠦᠨ ᠬᠡᠷᠡᠭᠯᠡᠬᠦ ᠶᠢ ᠴᠢᠩᠭᠠᠷᠠᠭᠤᠯᠤᠨ᠎ᠠ᠃ ᠬᠤᠶᠠᠷ ᠲᠤ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠬᠡᠷᠡᠭᠴᠡᠭᠡ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠶ ᠪᠥᠭᠡᠳ ᠠᠵᠢᠯᠯᠠᠭᠠᠨ ᠤ ᠴᠢᠨᠠᠷ ᠢᠶᠠᠷ ᠴᠢᠩᠭ᠎ᠠ ᠪᠠᠷᠢᠮᠵᠢᠶᠠᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠥᠷᠨᠢᠭᠦᠯᠵᠦ᠂ ᠪᠠᠷᠢᠮᠵᠢᠶᠠᠵᠢᠯ ᠤᠨ ᠪᠣᠯᠪᠠᠰᠤᠷᠠᠯ ᠤᠨ ᠠᠩᠭᠢ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠡᠶᠢᠲᠡ 2000 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠪᠠ᠃ ᠪᠠᠷᠢᠮᠵᠢᠶᠠᠵᠢᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠴᠥᠯᠡᠷᠬᠡᠭᠵᠢᠯ ᠢ ᠶᠡᠷᠦᠩᠬᠡᠶᠢᠯᠡᠨ ᠵᠠᠰᠠᠬᠤ ᠪᠠᠷᠢᠮᠵᠢᠶᠠᠵᠢᠯ ᠤᠨ ᠪᠠᠶᠢᠭᠤᠯᠤᠯᠲᠠ ᠳᠤ ᠲᠤᠰᠬᠠᠶ ᠮᠡᠷᠭᠡᠵᠢᠯᠲᠡᠨ ᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠲᠤᠰᠬᠠᠶ ᠮᠡᠷᠭᠡᠵᠢᠯᠲᠡᠨ ᠤ ︽ᠣᠶᠤᠨ ᠤ ᠤᠭᠤᠲᠠ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠭᠤᠷᠪᠠ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠪᠠ᠃ ᠪᠠᠷᠢᠮᠵᠢᠶ᠎ᠠ ᠶᠢᠨ ᠮᠡᠳᠡᠭᠡ ᠵᠠᠩᠭᠢ ᠶᠢᠨ ᠲᠠᠪᠴᠠᠩ ᠵᠢᠴᠢ ᠡᠯ᠎ᠡ ᠲᠥᠷᠥᠯ ᠤᠨ ᠤᠬᠠᠭᠤᠯᠭ᠎ᠠ ᠶᠢᠨ ᠵᠠᠭᠤᠴᠢᠯᠠᠭᠤᠷ ᠢᠶᠠᠷ ᠳᠠᠮᠵᠢᠭᠤᠯᠤᠨ᠂ ᠴᠥᠯᠡᠷᠬᠡᠭᠵᠢᠯ ᠢ ᠶᠡᠷᠦᠩᠬᠡᠶᠢᠯᠡᠨ ᠵᠠᠰᠠᠬᠤ ᠪᠠᠷᠢᠮᠵᠢᠶ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠪᠠᠷᠢᠮᠵᠢᠶᠠᠵᠢᠯ ᠤᠨ ᠣᠨᠣᠯᠵᠢᠬᠤᠨ ᠢ ᠶᠡᠬᠡᠪᠡᠷ ᠤᠯᠠᠮᠵᠢᠯᠠᠨ ᠳᠡᠯᠭᠡᠷᠡᠭᠦᠯᠵᠦ᠂ ᠪᠥᠬᠦ ᠠᠷᠠᠳ ᠤᠨ ᠪᠠᠷᠢᠮᠵᠢᠶᠠᠵᠢᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠶᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠨᠡᠶᠢᠭᠡᠮ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠨ᠂ ᠪᠠᠷᠢᠮᠵᠢᠶᠠᠵᠢᠯ ᠤᠨ ᠪᠥᠲᠥᠭᠡᠨ ᠪᠠᠶᠢᠭᠤᠯᠤᠯᠲᠠ ᠪᠠᠷ ᠠᠯᠠᠱᠠ ᠠᠶᠢᠮᠠᠭ ᠤᠨ ᠴᠥᠯᠡᠷᠬᠡᠭᠵᠢᠯ ᠢ ᠶᠡᠷᠦᠩᠬᠡᠶᠢᠯᠡᠨ ᠵᠠᠰᠠᠬᠤ ᠳᠤ ᠬᠦᠴᠦᠨ ᠨᠡᠮᠡᠷᠢᠯᠡᠨ᠎ᠡ᠃

ᠢᠷᠡᠯᠲᠡ᠄ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ