ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ ︽ᠰᠢᠯᠢ ᠶᠢᠨ ᠭᠤᠤᠯ ᠴᠠᠭᠠᠨ ᠢᠳᠡᠭᠡᠨ︾ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/17

ᠡᠨᠡ ᠵᠢᠯ ᠠᠴᠠ ᠨᠠᠰᠢ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠬᠢ ᠳᠠᠭᠠᠨ ᠰᠠᠭᠤᠷᠢᠯᠠᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠬᠥᠲᠥᠯᠦᠮᠵᠢ ᠪᠣᠯᠭᠠᠵᠤ᠂ ︽ᠰᠢᠯᠢ ᠶᠢᠨ ᠭᠤᠣᠯ ᠤᠨ ᠴᠠᠭᠠᠨ ᠢᠳᠡᠭᠡᠨ︾ ᠤ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠪᠣᠳᠣᠯᠬᠢᠯᠠᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠ ᠦᠢᠯᠡᠴᠢᠯᠡᠭᠡᠨ ᠤ ᠬᠥᠭᠵᠢᠯᠲᠡ ᠶᠢᠨ ᠬᠠᠮᠤᠭ ᠤᠨ ᠰᠠᠶᠢᠨ ᠦᠢᠯᠡᠳᠦᠯ ᠤᠨ ᠴᠡᠭ ᠢ ᠢᠳᠡᠪᠬᠢᠲᠡᠶ ᠬᠠᠶᠢᠨ ᠰᠦᠪᠡᠭᠴᠢᠯᠡᠵᠦ᠂ ᠳᠠᠩᠰᠠᠯᠠᠯ ᠵᠥᠪᠰᠢᠶᠡᠷᠡᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ᠂ ᠢᠲᠡᠭᠡᠮᠵᠢ ᠶᠢ ᠰᠡᠷᠭᠦᠭᠡᠬᠦ ᠶᠠᠪᠤᠴᠠ ᠶᠢ ᠰᠢᠯᠢᠳᠡᠭᠵᠢᠭᠦᠯᠬᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠨᠡᠨᠴᠢ ᠢᠲᠡᠭᠡᠮᠵᠢ ᠶᠢ ︽ᠵᠢᠩᠬᠢᠨᠢ ᠠᠯᠲᠠ︾ ᠪᠣᠯᠭᠠᠨ ᠬᠤᠪᠢᠷᠠᠭᠤᠯᠵᠤ᠂ ︽ᠰᠢᠯᠢ ᠶᠢᠨ ᠭᠤᠣᠯ ᠤᠨ ᠴᠠᠭᠠᠨ ᠢᠳᠡᠭᠡᠨ︾ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠪᠡ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ ᠣᠷᠣᠨ ᠨᠤᠲᠤᠭ ᠤᠨ ᠤᠨᠴᠠᠯᠢᠬᠳᠤ ᠴᠠᠭᠠᠨ ᠢᠳᠡᠭᠡ ᠦᠢᠯᠡᠳᠪᠦᠷᠢᠯᠡᠬᠦ ᠠᠵᠤ ᠠᠬᠤᠶᠢᠯᠠᠯ ᠪᠠ ᠵᠢᠵᠢᠭ ᠦᠢᠯᠡᠳᠬᠡᠯ ᠲᠣᠰ ᠲᠣᠰ 33 ᠪᠠ 729 ᠪᠣᠯᠵᠣ᠂ ᠴᠥᠮ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ︽ᠰᠢᠯᠢ ᠶᠢᠨ ᠭᠤᠣᠯ ᠤᠨ ᠴᠠᠭᠠᠨ ᠢᠳᠡᠭᠡᠨ︾ ᠤ ᠠᠵᠤ ᠦᠢᠯᠡᠰ ᠶᠠᠭ ︽ᠢᠲᠡᠭᠡᠮᠵᠢ ᠶᠢᠨ ᠲᠡᠩᠭᠡᠯᠢᠭ ᠱᠤᠭᠤᠮ︾ ᠢᠶᠠᠷ ᠳᠠᠷᠪᠠᠭᠤᠯ ᠬᠡᠶᠢᠰᠬᠡᠨ ᠬᠤᠯᠠ ᠠᠶᠠᠯᠠᠵᠤ ᠪᠠᠶᠢᠨ᠎ᠠ᠃

ᠨᠢᠭᠡ ᠳᠤ ᠵᠠᠰᠠᠭ ᠵᠠᠬᠢᠷᠭᠠᠨ ᠤ ᠵᠥᠪᠰᠢᠶᠡᠷᠡᠯ ᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ︽ᠬᠡᠯᠡᠪᠡᠯ ᠪᠡᠶᠡᠯᠡᠭᠦᠯᠬᠦ︾ ᠪᠣᠯᠭᠠᠪᠠ᠃ ᠳᠠᠩᠰᠠᠯᠠᠯ ᠵᠥᠪᠰᠢᠶᠡᠷᠡᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ ᠵᠢᠷᠤᠮᠵᠢᠭᠤᠯᠵᠤ᠂ ᠢᠳᠡᠭᠡᠨ ᠦᠢᠯᠡᠳᠪᠦᠷᠢᠯᠡᠬᠦ ᠵᠥᠪᠰᠢᠶᠡᠷᠡᠯ᠂ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠵᠤ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠶᠢ ᠳᠠᠬᠢᠨ ᠪᠠᠶᠢᠭᠤᠯᠵᠤ᠂ ᠪᠥᠬᠦ ᠠᠶᠢᠮᠠᠭ ᠤᠨ ᠨᠢᠭᠡᠳᠦᠯᠲᠡᠶ ᠬᠡᠷᠡᠭᠵᠢᠭᠦᠯᠬᠦ ᠪᠠᠷᠢᠮᠵᠢᠶ᠎ᠠ ᠶᠢ ᠲᠣᠭᠲᠠᠭᠠᠵᠤ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠶᠢ ᠪᠥᠬᠦ ᠣᠷᠣᠨ ᠳᠤ ᠨᠢᠭᠡᠳᠦᠯᠲᠡᠶ 4 ᠪᠠᠶᠢᠭᠰᠠᠨ ᠠᠴᠠ 3 ᠪᠣᠯᠭᠠᠨ ᠪᠠᠭᠠᠰᠬᠠᠵᠤ᠂ ᠠᠵᠢᠯ ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ ᠢ 7 ᠠᠵᠢᠯᠯᠠᠬᠤ ᠡᠳᠦᠷ ᠪᠠᠶᠢᠭᠰᠠᠨ ᠠᠴᠠ 1 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠪᠥᠬᠦ ᠣᠷᠣᠨ ᠤ ᠠᠩᠬᠠᠳᠠᠭᠴᠢ ᠢᠳᠡᠭᠡᠨ ᠦᠢᠯᠡᠳᠪᠦᠷᠢᠯᠡᠬᠦ ᠵᠥᠪᠰᠢᠶᠡᠷᠡᠯ᠂ ᠵᠢᠵᠢᠭ ᠦᠢᠯᠡᠳᠭᠡᠯ ᠤᠨ ᠭᠠᠵᠠᠷ ᠤᠨ ᠳᠠᠩᠰᠠᠯᠠᠵᠤ ᠠᠵᠢᠯ ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ ᠢ 1 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠵᠢᠴᠢ ᠴᠠᠭ ᠤᠨ ᠬᠢᠵᠠᠭᠠᠷ ᠨᠢ ᠪᠥᠬᠦ ᠣᠷᠣᠨ ᠳᠤ ᠨᠢᠭᠡᠨᠲᠡ ᠬᠠᠮᠤᠭ ᠤᠨ ᠰᠢᠯᠢᠳᠡᠭ ᠪᠤᠯᠤᠭᠰᠠᠨ ᠪᠠᠶᠢᠨ᠎ᠠ᠂ ᠢᠳᠡᠭᠡᠨ ᠦᠢᠯᠡᠳᠪᠦᠷᠢᠯᠡᠵᠦ ᠡᠵᠡᠩᠨᠡᠬᠦ ᠭᠤᠤᠯ ᠴᠣᠭᠴᠠ ᠶᠢᠨ ᠰᠡᠳᠬᠢᠯ ᠳᠠᠬᠢ ᠵᠠᠰᠠᠭ ᠤᠨ ᠣᠷᠳᠣᠨ ᠤ ᠢᠲᠡᠭᠡᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ︽ᠰᠢᠯᠢ ᠶᠢᠨ ᠭᠤᠣᠯ ᠤᠨ ᠴᠠᠭᠠᠨ ᠢᠳᠡᠭᠡᠨ︾ ᠤ ᠬᠠᠮᠢᠶ᠎ᠠ ᠪᠥᠬᠦᠶ ᠠᠵᠤ ᠠᠬᠤᠶᠢᠯᠠᠯ ᠳᠤ ᠨᠠᠩ ᠰᠠᠶᠢᠨ ᠠᠵᠢᠯ ᠶᠠᠪᠤᠳᠠᠯ ᠭᠦᠢᠴᠡᠳᠭᠡᠬᠦ ᠲᠥᠷᠥᠭᠳᠡᠯ ᠣᠯᠭᠤᠪᠠ᠃

ᠬᠤᠶᠠᠷ ᠲᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ︽ᠬᠠᠷᠠᠯᠲᠠ ᠲᠠᠢ ᠪᠠᠷ ᠰᠤᠮᠤ ᠬᠠᠷᠪᠤᠬᠤ︾ ᠶᠢ ᠪᠡᠶᠡᠯᠡᠭᠦᠯᠪᠡ᠃ ︽ᠬᠢᠨᠠᠯᠲᠠ ᠬᠠᠮᠢᠶᠠᠷᠤᠯᠲᠠ ᠨᠢ ᠠᠷᠠᠳ ᠤᠨ ᠲᠥᠯᠥᠭᠡ︾ ᠭᠡᠬᠦ ᠣᠨᠣᠯᠵᠢᠬᠤᠨ ᠢ ᠪᠠᠷᠢᠮᠲᠠᠯᠠᠨ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠰᠢᠯᠢ ᠶᠢᠨ ᠭᠤᠣᠯ ᠤᠨ ᠴᠠᠭᠠᠨ ᠢᠳᠡᠭᠡᠨ︾ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠭᠤᠤᠯ ᠴᠣᠭᠴᠠ ᠳᠤ ︽ᠤᠴᠢᠷ ᠶᠠᠪᠤᠳᠠᠯ ᠥᠬᠡᠶ ᠪᠣᠯ ᠬᠠᠷᠰᠢᠯᠠᠬᠤ ᠥᠬᠡᠶ︾᠂ ᠬᠠᠤᠯᠢ ᠠᠴᠠ ᠵᠥᠷᠢᠴᠡᠨ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠢᠨᠠᠨ ᠬᠠᠮᠢᠶᠠᠷᠬᠤ ᠳᠤ ︽ᠭᠠᠵᠠᠷ ᠰᠠᠢ ᠥᠬᠡᠶ ᠬᠠᠮᠢᠶᠠᠷᠴᠤ︾᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠷᠴᠢᠨ ᠲᠣᠭᠤᠷᠢᠨ ᠢ ᠪᠣᠶ ᠪᠣᠯᠭᠠᠪᠠ᠃ ᠡᠭᠦᠨ ᠤ ᠬᠠᠮᠲᠤ᠂ ᠢᠲᠡᠭᠡᠯ ᠬᠦᠨᠳᠦ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷᠢᠮ ᠢ ᠠᠬᠢᠭᠤᠯᠬᠤ᠂ ᠢᠲᠡᠭᠡᠮᠵᠢ ᠶᠢ ᠰᠡᠷᠭᠦᠭᠡᠬᠦ ᠦᠢᠯᠡᠴᠢᠯᠡᠭᠡ ᠶᠢ ᠰᠢᠯᠢᠳᠡᠭᠵᠢᠭᠦᠯᠬᠦ᠂ ᠨᠠᠷᠠᠲᠤ ᠲᠥᠷᠥᠯ ᠲᠡᠮᠳᠡᠭᠲᠦ ᠶᠢᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠵᠡᠷᠭᠡ ᠠᠵᠢᠯ ᠢ ᠥᠷᠨᠢᠭᠦᠯᠵᠦ᠂ ︽ᠰᠢᠯᠢ ᠶᠢᠨ ᠭᠤᠣᠯ ᠤᠨ ᠴᠠᠭᠠᠨ ᠢᠳᠡᠭᠡᠨ︾ ᠤ ᠠᠵᠤ ᠦᠢᠯᠡᠰ ᠤᠨ ᠬᠥᠭᠵᠢᠯᠲᠡ ᠳᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠪᠠᠶᠢᠬᠤ ᠱᠠᠭᠠᠷᠳᠠᠯᠭ᠎ᠠ ᠶᠢ ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠢᠭᠡ ᠪᠦᠯᠦᠭ ᠥᠷᠢᠰᠦᠯᠳᠦᠬᠦ ᠬᠦᠴᠦᠨ ᠢᠶᠠᠷ ᠴᠢᠩᠭ᠎ᠠ᠂ ᠨᠡᠮᠡᠯᠲᠡ ᠥᠷᠲᠡᠭ ᠢᠶᠠᠷ ᠥᠨᠳᠥᠷ᠂ ᠵᠠᠬ᠎ᠠ ᠳᠡᠯᠭᠡᠭᠦᠷ ᠤᠨ ᠢᠲᠡᠭᠡᠮᠵᠢ ᠰᠠᠶᠢᠲᠠᠢ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶ ᠪᠣᠯᠭᠠᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠪᠠ᠃

ᠭᠤᠷᠪᠠ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠭᠤᠣᠯ ᠴᠣᠭᠴᠠ ᠶᠢ ︽ᠦᠨᠡᠨᠴᠢ ᠢᠲᠡᠭᠡᠮᠵᠢᠲᠡᠢ ᠡᠵᠡᠩᠨᠡᠬᠦ︾ ᠪᠣᠯᠭᠠᠪᠠ᠃ ︽ᠰᠢᠯᠢ ᠶᠢᠨ ᠭᠤᠣᠯ ᠤᠨ ᠴᠠᠭᠠᠨ ᠢᠳᠡᠭᠡᠨ︾ ᠤ ᠪᠠᠷᠢᠮᠵᠢᠶ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠤᠷᠢᠳ ᠬᠤᠵᠢᠳ ᠤᠯᠠᠮᠵᠢᠯᠠᠯᠲᠤ ᠴᠠᠭᠠᠨ ᠢᠳᠡᠭᠡᠨ ᠤ ᠪᠠᠷᠢᠮᠵᠢᠶ᠎ᠠ ︵12 ᠵᠦᠢᠯ ᠤᠨ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ᠂ 7 ᠵᠦᠢᠯ ᠤᠨ ᠮᠣᠩᠭᠤᠯ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠬᠦ ᠤᠷᠠᠨ ᠳᠠᠷᠬ᠎ᠠ ᠶᠢᠨ ᠪᠠᠷᠢᠮᠵᠢᠶ᠎ᠠ᠂ 1 ᠵᠦᠢᠯ ᠤᠨ ᠨᠡᠷ᠎ᠡ ᠲᠣᠮᠢᠶ᠎ᠠ ᠶᠢᠨ ᠣᠷᠣᠨ ᠨᠤᠲᠤᠭ ᠤᠨ ᠪᠠᠷᠢᠮᠵᠢᠶ᠎ᠠ ᠪᠠ 25 ᠵᠦᠢᠯ ᠤᠨ ᠴᠠᠭᠠᠨ ᠢᠳᠡᠭᠡᠨ ᠤ ᠪᠦᠯᠬᠦᠮ ᠤᠨ ᠪᠠᠷᠢᠮᠵᠢᠶ᠎ᠠ ᠶᠢ ᠪᠠᠭᠲᠠᠭᠠᠨ᠎ᠠ︶ ᠶᠢ ᠨᠡᠶᠢᠲᠡᠯᠡᠨ ᠬᠡᠷᠡᠭᠵᠢᠭᠦᠯᠵᠦ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠪᠡ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠮᠤᠷ ᠲᠦᠪᠰᠢᠨ ᠤ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠲᠡ 2815 ᠡᠷᠦᠬᠡ ᠶᠢ ᠪᠠᠶᠢᠴᠠᠭᠠᠵᠤ᠂ 62 ᠠᠰᠠᠭᠤᠳᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ ᠴᠠᠭᠠᠨ ᠢᠳᠡᠭᠡᠨ ᠢ ᠰᠤᠭᠤᠴᠢᠨ ᠪᠠᠶᠢᠴᠠᠭᠠᠬᠤ ᠵᠢᠴᠢ ᠦᠨᠡᠯᠡᠬᠦ ᠠᠵᠢᠯ ᠢ ᠴᠢᠩᠭᠠᠳᠬᠠᠵᠤ᠂ ᠬᠤᠷᠤᠳ᠂ ᠥᠷᠥᠮ᠎ᠡ᠂ ᠵᠥᠭᠡᠬᠡᠢ᠂ ᠪᠢᠰᠢᠯᠠᠭ᠂ ᠴᠤᠷ᠎ᠠ ᠵᠡᠷᠭᠡ ᠤᠯᠤᠰ ᠤᠨ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠪᠤᠶᠤ ᠪᠦᠯᠬᠦᠮ ᠤᠨ ᠪᠠᠷᠢᠮᠵᠢᠶ᠎ᠠ ᠲᠠᠢ 70 ᠲᠥᠷᠥᠯ ᠵᠦᠢᠯ ᠢ ᠨᠢᠭᠡᠨᠲᠡ ᠰᠢᠯᠭᠠᠨ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ ᠤ ᠭᠦᠢᠴᠡᠳᠬᠡᠬᠦ ᠲᠤᠭ᠎ᠠ ᠶᠢᠨ ᠬᠢᠷᠢ ᠲᠡᠩᠴᠡᠭᠰᠡᠨ ᠨᠣᠷᠮ᠎ᠠ ᠶᠢ 100% ᠳᠤ ᠬᠦᠷᠭᠡᠪᠡ᠃ ᠡᠭᠦᠨ ᠤ ᠬᠠᠮᠲᠤ᠂ ᠨᠡᠶᠢᠭᠡᠮ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠠᠯᠪᠠᠨ ᠤ ᠰᠣᠨᠢᠨ ᠮᠡᠳᠡᠭᠡᠨ ᠤ ᠬᠡᠷᠡᠭᠯᠡᠭᠴᠢ ᠶᠢᠨ ᠦᠵᠦᠭᠦᠷ᠂ ᠰᠢᠯᠢ ᠶᠢᠨ ᠭᠤᠤᠯ ᠠᠶᠢᠮᠠᠭ ᠤᠨ ᠡᠳᠦᠷ ᠤᠨ ᠰᠣᠨᠢᠨ ᠤ ᠣᠯᠠᠨ ᠨᠡᠶᠢᠲᠡ ᠶᠢᠨ ᠸᠢᠴᠠᠲ ᠲᠠᠪᠴᠠᠩ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠸᠢᠴᠠᠲ ᠲᠠᠪᠴᠠᠩ ᠵᠡᠷᠭᠡ ᠭᠤᠤᠯ ᠵᠠᠭᠤᠴᠢᠯᠠᠭᠤᠷ ᠢᠶᠠᠷ ᠳᠠᠮᠵᠢᠭᠤᠯᠤᠨ ︽ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠠᠮᠲᠤ ᠪᠠᠷ ᠪᠠᠶᠢᠭᠤᠯᠤᠶ᠎ᠠ︾ ᠭᠡᠬᠦ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠰᠠᠨᠠᠭᠠᠴᠢᠯᠠᠭ᠎ᠠ ᠶᠢᠨ ᠪᠢᠴᠢᠭ ᠢ ᠢᠯᠡ ᠪᠠᠷ ᠨᠡᠶᠢᠲᠡᠯᠡᠵᠦ᠂ ᠡᠵᠡᠩᠨᠡᠯᠲᠡ ᠶᠢᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠣᠨᠣᠯᠵᠢᠬᠤᠨ ᠢ ᠪᠣᠶ ᠪᠣᠯᠭᠠᠵᠤ᠂ ᠥᠷᠭᠡᠨ ᠣᠯᠠᠨ ᠡᠵᠡᠩᠨᠡᠭᠴᠢ ᠶᠢᠨ ᠦᠨᠡᠨᠴᠢ ᠢᠲᠡᠭᠡᠮᠵᠢᠲᠡᠶ ᠡᠵᠡᠩᠨᠡᠬᠦ ᠦᠵᠡᠯ ᠤᠬᠠᠮᠰᠠᠷ᠂ ᠨᠡᠶᠢᠭᠡᠮ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠣᠶ ᠪᠣᠯᠭᠠᠵᠤ᠂ ︽ᠰᠢᠯᠢ ᠶᠢᠨ ᠭᠤᠣᠯ ᠤᠨ ᠴᠠᠭᠠᠨ ᠢᠳᠡᠭᠡᠨ︾ ᠤ ᠦᠢᠯᠡᠳᠪᠦᠷᠢᠯᠡᠯ ᠡᠵᠡᠩᠨᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠢ ᠪᠠᠨ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢᠲᠡᠶ ᠬᠠᠤᠯᠢ ᠶᠢ ᠰᠠᠬᠢᠵᠤ ᠡᠵᠡᠩᠨᠡᠭᠦᠯᠪᠡ᠃

ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ