ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠴᠡᠭ︾ ᠢᠶᠠᠷ ᠱᠤᠭᠤᠮ ᠢ ᠳᠠᠶᠢᠴᠢᠯᠠᠵᠤ ︽ᠢᠲᠡᠭᠡᠮᠵᠢ ᠨᠢ ᠪᠣᠳᠠᠲᠤ ᠬᠡᠯᠪᠡᠷᠢ ᠲᠠᠢ᠂ ᠢᠲᠡᠭᠡᠮᠵᠢ ᠰᠠᠬᠢᠬᠤ ᠨᠢ ᠥᠷᠲᠡᠭ ᠲᠠᠢ︾ ᠦᠢᠯᠡᠴᠢᠯᠡᠭᠡᠨ ᠤ ᠲᠣᠤᠷ ᠢ ᠨᠢᠭᠲᠠ ᠰᠦᠯᠵᠢᠪᠡ
ᠨᠡᠶᠢᠲᠡᠯᠡᠭᠰᠡᠨ ᠴᠠᠭ᠄
2024/4/19

ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠤᠨ ᠵᠢᠵᠢᠭ ᠪᠢᠴᠢᠯ ᠠᠵᠤ ᠠᠬᠤᠶᠢᠯᠠᠯ ᠨᠢ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠪᠣᠯᠤᠭᠰᠠᠨ ᠤ ᠬᠤᠪᠢ ᠳᠤ᠂ ᠲᠤᠰ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠣᠷᠣᠯᠴᠠᠬᠤ ᠪᠠ ᠲᠦᠯᠬᠢᠨ ᠠᠬᠢᠭᠤᠯᠬᠤ ᠴᠢᠬᠤᠯᠠ ᠬᠦᠴᠦᠨ ᠮᠥᠨ᠃ ᠦᠨᠡᠨᠴᠢ ᠢᠲᠡᠭᠡᠮᠵᠢ ᠶᠢᠨ ᠪᠠᠢᠭᠤᠯᠤᠯᠲᠠ ᠶᠢᠨ ᠢᠨᠵᠧᠨᠧᠷᠢᠩ ᠢ ᠨᠠᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢᠨ ᠳᠤᠮᠳᠠ ᠲᠤᠯᠭᠠᠷᠠᠵᠤ ᠪᠠᠢᠭ᠎ᠠ ᠪᠡᠯᠡ ᠲᠣᠬᠢᠷᠠᠭᠤᠯᠭ᠎ᠠ ᠶᠢᠨ ᠬᠦᠴᠢᠷᠳᠡᠯ ᠢ ᠤᠯᠠᠮ ᠨᠢᠭᠡ ᠠᠯᠬᠤᠮ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠤᠨ 2 ᠳ᠋ᠤᠭᠠᠷ ᠰᠠᠷ᠎ᠠ ᠠᠴᠠ ᠨᠠᠭᠠᠰᠢ᠂ ᠬᠥᠯᠥᠨ ᠪᠣᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠢᠲᠡᠭᠡᠮᠵᠢ ᠳᠤ ᠲᠦᠰᠢᠭᠯᠡᠵᠦ᠂ ᠪᠠᠷᠢᠴᠠᠭ᠎ᠠ ᠦᠭᠡᠢ᠂ ᠳᠠᠭᠠᠭᠠᠯᠲᠠ ᠦᠭᠡᠢ᠂ ᠰᠦᠯᠵᠢᠶᠡᠨ ᠳᠡᠭᠡᠷ᠎ᠡ ᠭᠦᠢᠴᠡᠳᠬᠡᠬᠦ ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠡᠯᠭᠡᠷᠡᠭᠦᠯᠵᠦ᠂ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠮᠥᠩᠭᠦᠨ ᠭᠦᠢᠯᠭᠡᠭᠡᠨ ᠤ ᠦᠢᠯᠡᠳᠬᠦᠨ ᠢ ᠲᠠᠨᠢᠯᠴᠠᠭᠤᠯᠵᠤ᠂ ᠦᠨᠡᠨᠴᠢ ᠢᠲᠡᠭᠡᠮᠵᠢ ᠶᠢᠨ ᠪᠠᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠪᠡ᠃

ᠨᠢᠭᠡ ᠳᠤ ︽ᠴᠤᠭᠯᠠᠷᠠᠯ︾ ᠳᠤ ᠰᠠᠭᠤᠷᠢᠯᠠᠵᠤ᠂ ᠢᠲᠡᠭᠡᠮᠵᠢ ᠶᠢᠨ ᠰᠢᠰᠲ᠋ᠧᠮ ᠤᠨ ᠣᠷᠣᠨ ᠪᠠᠶᠢᠷᠢ ᠶᠢ ᠣᠨᠣᠪᠴᠢᠲᠠᠶ ᠡᠷᠢᠵᠦ ᠣᠯᠪᠠ᠃ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠤᠨ ᠨᠡᠶᠢᠲᠡᠯᠡᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠳᠤ ᠪᠥᠬᠦ ᠦᠵᠡᠮᠵᠢ ᠪᠠᠷ ᠣᠯᠠᠨ ᠬᠡᠮᠵᠢᠯᠳᠦ ᠵᠢᠷᠤᠭ ᠢ ᠪᠣᠶ ᠪᠣᠯᠭᠠᠵᠤ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ︽ᠬᠢᠷᠢ ᠪᠦᠲᠦᠮᠵᠢ ᠶᠢᠨ ᠬᠠᠭᠤᠳᠠᠰᠤ︾᠂ ︽ᠢᠷᠠᠭᠤ ᠠᠯᠳᠠᠷ ᠤᠨ ᠰᠠᠮᠪᠠᠷ᠎ᠠ︾ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠭᠡᠳᠡᠷᠭᠦ ᠰᠢᠬᠠᠮᠳᠠᠭᠤᠯᠵᠤ ᠪᠠᠶᠢᠭᠠᠳ ᠲᠣᠰ ᠪᠡᠶ᠎ᠡ ᠶᠢᠨ ᠢᠲᠡᠭᠡᠮᠵᠢ ᠶᠢᠨ ᠳᠦᠷᠢ ᠲᠥᠷᠬᠦ ᠪᠠᠨ ᠦᠷᠭᠦᠯᠵᠢᠯᠡᠨ ᠳᠡᠭᠡᠭᠰᠢᠯᠡᠭᠦᠯᠪᠡ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠳᠤ ᠪᠥᠬᠦ ᠲᠠᠯ᠎ᠠ ᠶᠢᠨ᠂ ᠨᠠᠶᠢᠳᠠᠪᠤᠷᠢᠲᠠᠶ ᠰᠠᠭᠤᠷᠢ ᠲᠤᠭ᠎ᠠ ᠪᠠᠷᠢᠮᠲᠠ ᠶᠢ ᠬᠠᠩᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢ ᠣᠯᠭᠤᠵᠤ ᠨᠠᠩ ᠣᠨᠣᠪᠴᠢᠲᠠᠶ᠂ ᠨᠠᠩ ᠡᠷᠬᠡ ᠰᠦᠷᠲᠦ ᠢᠲᠡᠭᠡᠮᠵᠢ ᠶᠢᠨ ᠦᠨᠡᠯᠡᠯᠲᠡ ᠳᠤ ᠯᠠᠪᠯᠠᠯᠲᠠ ᠪᠣᠯᠭᠠᠵᠤ᠂ ᠪᠥᠬᠦ ᠬᠤᠲᠠ ᠶᠢᠨ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃

ᠬᠤᠶᠠᠷ ᠲᠤ ︽ᠬᠤᠯᠪᠣᠭᠠᠯᠠᠬᠤ︾ ᠶᠢ ᠰᠠᠶᠢᠲᠤᠷ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ ᠬᠥᠲᠥᠯᠦᠨ ᠵᠢᠯᠣᠭᠤᠳᠬᠤ ᠤᠬᠠᠭᠤᠯᠭ᠎ᠠ ᠶᠢᠨ ᠴᠡᠭ ᠢ ᠪᠣᠶ ᠪᠣᠯᠭᠠᠪᠠ᠃ ᠬᠥᠯᠥᠨ ᠪᠤᠶᠢᠷ ᠤᠨ ᠲᠠᠷᠢᠶᠠᠯᠠᠩ ᠬᠤᠳᠠᠯᠳᠤᠭᠠᠨ ᠤ ᠪᠠᠩᠬᠢ᠂ ᠬᠥᠯᠥᠨ ᠪᠤᠶᠢᠷ ᠬᠤᠲᠠ ᠶᠢᠨ ᠬᠤᠪᠢ ᠶᠢᠨ ᠬᠥᠳᠡᠯᠮᠦᠷᠢᠴᠢᠳ ᠤᠨ ᠦᠢᠯᠡᠳᠪᠦᠷᠢ ᠬᠤᠳᠠᠯᠳᠤᠭᠠᠨ ᠤ ᠨᠡᠶᠢᠭᠡᠮᠯᠢᠭ ᠲᠠᠢ ᠬᠤᠯᠪᠣᠭᠠᠯᠠᠨ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ︿ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ﹀ ᠶᠢᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠰᠦᠯᠵᠢᠶᠡᠨ ᠳᠡᠭᠡᠷ᠎ᠡ  ᠭᠦᠢᠴᠡᠳᠬᠡᠬᠦ ᠶᠣᠰᠣᠯᠠᠯ︾ ᠡᠷᠭᠢᠯᠡᠵᠦ᠂ ︽ᠭᠦᠢᠴᠡᠳᠭᠡᠬᠦ ᠶᠣᠰᠣᠯᠠᠯ︾ ᠢᠶᠠᠷ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠶᠢᠨ ᠭᠠᠷᠳᠠᠬᠤ ᠴᠡᠭ ᠪᠣᠯᠭᠠᠵᠤ᠂ ᠣᠯᠠᠨ ᠨᠡᠶᠢᠲᠡ ᠶᠢᠨ ᠸᠢᠴᠠᠲ ᠲᠠᠪᠴᠠᠩ᠂ ᠫᠣᠷᠲ᠋ᠧᠯ ᠰᠦᠯᠵᠢᠶ᠎ᠡ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠵᠠᠭᠤᠴᠢᠯᠠᠭᠤᠷ ᠤᠨ ᠤᠬᠠᠭᠤᠯᠬᠤ ᠡᠷᠴᠢᠮ ᠢ ᠴᠢᠩᠭᠠᠷᠠᠭᠤᠯᠤᠨ᠂ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠵᠦ᠂ ᠨᠥᠯᠥᠭᠡᠯᠡᠨ ᠳᠠᠶᠢᠴᠢᠯᠠᠬᠤ ᠦᠢᠯᠡᠳᠦᠯ ᠂ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠴᠢᠩᠭᠠᠷᠠᠭᠤᠯᠵᠤ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠬᠥᠭᠵᠢᠶᠡᠨᠲᠦ ᠴᠢᠨᠠᠷ ᠢ ᠴᠢᠷᠮᠠᠶᠢᠨ ᠳᠡᠭᠡᠭᠰᠢᠯᠡᠭᠦᠯᠪᠡ᠃

ᠭᠤᠷᠪᠠ ᠳᠤ ︽ᠠᠭᠤᠰᠤᠯᠴᠠᠯ︾ ᠢ ᠭᠦᠨᠵᠡᠭᠡᠶᠢᠷᠡᠭᠦᠯᠵᠦ᠂ ᠲᠦᠷᠦ ᠶᠢᠨ ᠪᠤᠳᠤᠯᠭ᠎ᠠ ᠶᠢᠨ ᠠᠰᠢᠭ ᠬᠦᠷᠲᠡᠭᠡᠬᠦ ᠬᠢᠯᠠᠰ ᠴᠡᠭ ᠢ ᠪᠤᠢ ᠪᠣᠯᠭᠠᠪᠠ᠃ ᠬᠥᠯᠥᠨ ᠪᠤᠶᠢᠷ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ ᠠᠵᠢᠯ ᠳᠤ ᠠᠭᠤᠰᠤᠯᠴᠠᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠳᠤ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠤᠨ ᠡᠮᠬᠢᠯᠡᠵᠦ᠂ ᠪᠠᠶᠢᠳᠠᠯ ᠳᠤ ᠨᠢ ᠲᠣᠬᠢᠷᠠᠭᠤᠯᠤᠨ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠶᠢ ᠲᠣᠭᠲᠠᠭᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠲᠠᠷᠢᠶᠠᠯᠠᠩ ᠬᠤᠳᠠᠯᠳᠤᠭᠠᠨ ᠤ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠬᠠᠷᠢᠭᠤ ᠲᠤᠰᠬᠠᠵᠤ᠂ ᠨᠠᠩ ᠣᠯᠠᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠢᠲᠡᠭᠡᠮᠵᠢ ᠶᠢᠨ ᠬᠡᠯᠪᠡᠷᠢ ᠥᠬᠡᠶ ᠢᠲᠡᠭᠡᠮᠵᠢ ᠶᠢᠨ ᠥᠷᠲᠡᠭ ᠢ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠠᠰᠢᠭ ᠣᠷᠣᠯᠭ᠎ᠠ ᠪᠣᠯᠭᠠᠨ ᠬᠤᠪᠢᠷᠠᠭᠤᠯᠪᠠ᠃

ᠲᠦᠷᠪᠡ ᠳᠤ ᠰᠠᠨᠠᠭᠠᠴᠢᠯᠠᠭ᠎ᠠ ᠠᠴᠠ ᠪᠠᠨ ︽ᠰᠤᠷᠪᠤᠯᠵᠢᠯᠠᠵᠤ︾᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠬᠦᠴᠦᠯᠡᠬᠦ ᠴᠡᠭ ᠢ ᠴᠢᠩᠭᠠᠳᠬᠠᠪᠠ᠃ ᠬᠤᠳᠠᠯᠳᠤᠭᠠᠨ ᠤ ᠬᠦᠷᠢᠶᠡᠯᠡᠩ ᠲᠣᠭᠤᠷᠢᠭ ᠪᠠ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠠᠵᠢᠯᠯᠠᠭ᠎ᠠ ᠶᠢ ᠥᠷᠨᠢᠭᠦᠯᠵᠦ᠂ ᠨᠢᠭᠡ ᠨᠢᠭᠡ ᠪᠠᠷ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ᠂ ᠬᠡᠷᠡᠭᠴᠡᠭᠡ ᠱᠠᠭᠠᠷᠳᠠᠯᠭ᠎ᠠ ᠲᠠᠢ᠂ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠰᠦᠯᠵᠢᠶᠡᠨ ᠳᠡᠭᠡᠷ᠎ᠡ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠭᠤᠶᠤᠴᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢ ᠬᠠᠪᠰᠤᠷᠤᠨ ᠳᠥᠭᠦᠮ ᠳᠥᠲᠡ ᠭᠤᠶᠤᠴᠢᠯᠠᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠣᠬᠤᠷ ᠹᠢᠯᠢᠮ ᠢ ᠦᠢᠯᠡᠳᠬᠦ᠂ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠦᠨᠡᠨᠴᠢ ᠢᠲᠡᠭᠡᠮᠵᠢᠲᠡᠶ ᠡᠵᠡᠩᠨᠡᠯᠲᠡ ᠶᠢ ᠵᠣᠷᠢᠭᠵᠢᠭᠤᠯᠤᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠪᠡ᠃

ᠪᠦᠷᠢᠳᠬᠡᠯ ᠢ ᠦᠨᠳᠦᠰᠦᠯᠡᠪᠡᠯ᠂ ᠪᠦᠬᠦ ᠬᠤᠲᠠ ᠶᠢᠨ 200 ᠭᠠᠷᠤᠢ ᠬᠤᠪᠢ ᠶᠢᠨ ᠡᠵᠡᠩᠨᠡᠭᠴᠢ ᠵᠢᠭᠡᠯᠡᠯᠭᠡ ᠵᠢᠭᠡᠯᠡᠬᠦ ᠰᠠᠨᠠᠮᠵᠢ ᠲᠠᠢ᠃ ᠣᠲᠣ ᠪᠣᠯᠲᠠᠯ᠎ᠠ᠂ ᠨᠢᠭᠡᠨᠲᠡ 67 ᠡᠵᠡᠩᠨᠡᠯᠲᠡ ᠶᠢᠨ ᠭᠤᠤᠯ ᠴᠣᠭᠴᠠ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠭᠤᠶᠤᠴᠢᠯᠠᠯ ᠢᠶᠠᠨ ᠲᠤᠰᠢᠶᠠᠵᠤ᠂ ᠡᠭᠦᠨ ᠳᠤ 31 ᠡᠷᠦᠬᠡ ᠶᠢᠨ ᠡᠵᠡᠩᠨᠡᠯᠲᠡ ᠶᠢᠨ ᠭᠤᠤᠯ ᠴᠣᠭᠴᠠ ᠨᠢ ᠢᠲᠡᠭᠡᠮᠵᠢᠲᠦ ᠵᠢᠭᠡᠯᠡᠯᠭᠡ ᠶᠢ ᠠᠮᠵᠢᠯᠲᠠ ᠲᠠᠢ ᠭᠥᠷᠳᠡᠵᠦ᠂ ᠨᠡᠶᠢᠲᠡ ᠵᠢᠭᠡᠯᠡᠯᠭᠡ ᠶᠢᠨ ᠵᠣᠭᠤᠰ ᠤᠨ ᠲᠤᠭ᠎ᠠ ᠨᠢ 1040 ᠲᠦᠮᠡᠨ ᠲᠥᠭᠦᠷᠢᠭ ᠲᠤ ᠬᠦᠷᠴᠦ᠂ ︽ᠢᠲᠡᠭᠡᠮᠵᠢ ᠪᠠᠷ ᠠᠵᠤ ᠠᠬᠤᠶ ᠶᠢ ᠠᠬᠢᠭᠤᠯᠬᠤ︾᠂ ︽ᠬᠥᠭᠵᠢᠯᠲᠡ ᠪᠠᠷ ᠢᠲᠡᠭᠡᠮᠵᠢ ᠶᠢ ᠳᠡᠭᠡᠭᠰᠢᠯᠡᠭᠦᠯᠬᠦ︾ ᠰᠠᠶᠢᠨ ᠣᠷᠴᠢᠯ ᠢ ᠦᠨᠡᠨ ᠬᠦ ᠪᠡᠶᠡᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠴᠢᠨᠠᠷ ᠰᠠᠶᠢᠲᠠᠶ ᠬᠥᠭᠵᠢᠯᠲᠡ ᠳᠤ ᠦᠨᠡᠨ ᠬᠦ ᠬᠦᠴᠦᠨ ᠣᠯᠭᠤᠪᠠ᠃ ᠲᠠᠷᠠᠭᠠᠴᠢ ᠶᠢᠨ ᠠᠯᠬᠤᠮ ᠳᠤ᠂ ᠬᠥᠯᠥᠨ ᠪᠤᠶᠢᠷ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠂ ᠢᠲᠡᠭᠡᠮᠵᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ᠂ ᠡᠬᠢ ᠪᠠᠶᠠᠯᠢᠭ ᠢ ᠪᠦᠲᠦᠮᠵᠢᠲᠡᠶ ᠲᠣᠬᠢᠷᠠᠭᠤᠯᠬᠤ ᠶᠢ ᠠᠬᠢᠭᠤᠯᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠢᠲᠡᠭᠡᠮᠵᠢ ᠶᠢᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠨ᠂ ︽ᠢᠲᠡᠭᠡᠮᠵᠢ ᠶᠢ ᠪᠡᠯᠡᠨ ᠮᠥᠩᠭᠦ ᠪᠣᠯᠭᠠᠨ ᠬᠤᠪᠢᠷᠠᠭᠤᠯᠬᠤ︾ ᠴᠢᠳᠠᠮᠵᠢ ᠶᠢᠨ ᠬᠡᠷᠡᠭᠯᠡᠯᠲᠡ ᠶᠢ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠰᠢᠢᠳᠪᠦᠷᠢᠯᠡᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠮᠥᠩᠭᠦᠨ ᠭᠦᠢᠯᠭᠡᠭᠡᠨ ᠤ ᠠᠮᠢᠳᠤᠯᠢᠭ ᠤᠰᠤ ᠨᠡᠮᠡᠷᠢᠯᠡᠨ᠎ᠡ᠃

ᠢᠷᠡᠯᠲᠡ᠄ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ