2023 ᠣᠨ ᠤ ᠪᠥᠬᠦ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠳᠠᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2024/4/25

            2024 ᠣᠨ ᠤ 25 ᠳ᠋ᠤᠭᠠᠷ ᠲᠣᠭᠠᠲᠤ

    ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ︾᠂ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠲᠦᠷᠢᠮ︾ ᠤᠨ ᠲᠣᠭᠲᠠᠭᠠᠯ ᠢ ᠦᠨᠳᠦᠰᠦᠯᠡᠵᠦ᠂ ᠣᠲᠣ 2023 ᠣᠨ ᠤ ᠪᠥᠬᠦ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄

ᠨᠢᠭᠡ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠦᠨᠳᠦᠰᠦᠨ ᠪᠠᠶᠢᠳᠠᠯ

    ︵ᠨᠢᠭᠡ  ︶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠤᠭ᠎ᠠ᠃ 2023 ᠣᠨ ᠤ ᠡᠴᠦᠰ ᠪᠣᠯᠲᠠᠯ᠎ᠠ᠂ ᠪᠥᠬᠦ ᠣᠷᠣᠨ ᠳᠤ ᠨᠡᠶᠢᠲᠡ 41 ᠲᠦᠮᠡᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠲᠠᠢ ᠪᠠᠶᠢᠵᠤ᠂ 2022 ᠣᠨ ᠤ ᠬᠢ ᠠᠴᠠ 17.1% ᠪᠠᠷ ᠨᠡᠮᠡᠭᠳᠡᠪᠡ᠃ ᠡᠭᠦᠨ ᠳᠤ ᠠᠭᠤᠷ ᠤᠨ ᠳᠤᠭᠤᠭ᠎ᠠ 10548 ᠰᠠᠭᠤᠷᠢ᠂ ᠳᠠᠷᠤᠯᠲᠠᠲᠤ ᠰᠠᠪᠠ 176245 ᠰᠠᠭᠤᠷᠢ ︵ᠪᠠᠰᠠ ᠬᠡᠢ ᠶᠢᠨ ᠰᠠᠪᠠ 273 ᠲᠦᠮᠡ ᠪᠤᠢ︶᠂ ᠳᠠᠷᠤᠯᠲᠠᠲᠤ ᠬᠤᠭᠤᠯᠠᠢ 15684.38 ᠺᠢᠯᠣᠮᠧᠲᠷ᠂ ᠴᠠᠬᠢᠯᠭᠠᠨ ᠱᠠᠲᠤ 168555 ᠰᠠᠭᠤᠷᠢ᠂ ᠬᠦᠨᠳᠦ ᠶᠢ ᠡᠷᠭᠦᠬᠦ ᠮᠠᠰᠢᠨ 38363 ᠰᠠᠭᠤᠷᠢ᠂ ᠠᠶᠠᠨᠴᠢᠨ ᠤ ᠲᠡᠭᠡᠭᠡᠪᠤᠷᠢ ᠶᠢᠨ ᠳᠡᠭᠦᠵᠢᠩ ᠵᠠᠮ 40 ᠵᠤᠷᠪᠤᠰ᠂ ᠲᠣᠮᠣ ᠬᠡᠯᠪᠡᠷᠢ ᠶᠢᠨ ᠳᠤᠭᠯᠠᠭᠠᠮ ᠤᠨ ᠲᠦᠬᠦᠭᠡᠷᠦᠮᠵᠢ 435 ᠰᠠᠭᠤᠷᠢ᠂ ᠲᠠᠯᠠᠪᠠᠢ ︵ᠦᠢᠯᠡᠳᠪᠤᠷᠢ︶ ᠤᠨ ᠳᠣᠲᠣᠭᠠᠳᠤ ᠶᠢᠨ ᠲᠤᠰᠬᠠᠢ ᠬᠡᠷᠡᠭᠯᠡᠬᠦ ᠮᠠᠰᠢᠨ ᠲᠡᠷᠭᠡ 2 1668 ᠪᠠᠶᠢᠨ᠎ᠠ᠃

    ᠵᠢᠷᠤᠭ 1 ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠤᠭ᠎ᠠ ᠨᠡᠮᠡᠭᠳᠡᠪᠡ

    ᠵᠢᠷᠤᠭ 2 ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠩᠭᠢᠯᠠᠯ ᠤᠨ ᠲᠤᠭ᠎ᠠ

    ᠵᠢᠷᠤᠭ 3 ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠣᠷᠣᠨ ᠪᠦᠰᠡ ᠶᠢᠨ ᠲᠠᠷᠬᠠᠯᠲᠠ ᠶᠢᠨ ᠲᠤᠭ᠎ᠠ ᠬᠡᠮᠵᠢᠶ᠎ᠡ

    ︵ᠬᠤᠶᠠᠷ︶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠢ ᠰᠢᠯᠭᠠᠨ ᠬᠡᠮᠵᠢᠭᠰᠡᠨ ᠨᠢᠭᠡᠴᠢ ᠶᠢᠨ ᠪᠠᠶᠢᠳᠠᠯ᠃ 2023 ᠣᠨ ᠤ ᠵᠢᠯ ᠤᠨ ᠡᠴᠦᠰ ᠪᠣᠯᠲᠠᠯ᠎ᠠ᠂ ᠪᠥᠬᠦ ᠣᠷᠣᠨ ᠳᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ︵ᠵᠢᠷᠤᠵᠤ ᠲᠥᠯᠥᠪᠯᠡᠬᠦ᠂ ᠦᠢᠯᠡᠳᠬᠦ᠂ ᠤᠭᠰᠠᠷᠠᠬᠤ᠂ ᠥᠭᠡᠷᠡᠴᠢᠯᠡᠬᠦ᠂ ᠰᠡᠯᠪᠢᠨ ᠵᠠᠰᠠᠬᠤ ᠪᠠᠭᠲᠠᠨ᠎ᠠ︶ ᠪᠠ ᠰᠠᠪᠠᠯᠠᠨ ᠲᠥᠬᠦᠭᠡᠷᠬᠦ ᠨᠢᠭᠡᠴᠢ 2052 ᠪᠠᠶᠢᠵᠤ᠂ 2022 ᠣᠨ ᠤ ᠬᠢ ᠠᠴᠠ 26.56% ᠪᠠᠷ ᠨᠡᠮᠡᠭᠳᠡᠪᠡ᠃ ᠡᠭᠦᠨ ᠳᠤ᠄ ᠵᠢᠷᠤᠵᠤ ᠲᠥᠯᠥᠪᠯᠡᠬᠦ ᠨᠢᠭᠡᠴᠢ 18᠂ ᠦᠢᠯᠡᠳᠪᠦᠷᠢᠯᠡᠯ ᠤᠨ ᠨᠢᠭᠡᠴᠢ 76᠂ ᠤᠭᠰᠠᠷᠠᠬᠤ ᠥᠭᠡᠷᠡᠴᠢᠯᠡᠬᠦ ᠵᠠᠰᠠᠬᠤ ᠨᠢᠭᠡᠴᠢ 666᠂ ᠰᠢᠯᠵᠢᠮᠡᠯ ᠳᠠᠷᠤᠯᠲᠠᠲᠤ ᠰᠠᠪᠠ ᠵᠢᠴᠢ ᠬᠡᠢ ᠶᠢᠨ ᠰᠠᠪᠠ ᠰᠠᠪᠠᠯᠠᠨ ᠲᠥᠬᠦᠭᠡᠷᠬᠦ ᠨᠢᠭᠡᠴᠢ 1292 ︵ᠵᠢᠷᠤᠭ 4 ᠳᠤ ᠦᠵᠡ︶᠃

    ᠵᠢᠷᠤᠭ 4 ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ ᠪᠠ ᠰᠠᠪᠠᠯᠠᠨ ᠲᠥᠬᠦᠭᠡᠷᠬᠦ ᠨᠢᠭᠡᠴᠢ ᠶᠢᠨ ᠠᠩᠭᠢᠯᠠᠯ

    ︵ᠭᠤᠷᠪᠠ︶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠪᠠᠶᠢᠳᠠᠯ᠃ ᠪᠥᠬᠦ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠲᠤᠰᠬᠠᠶ ᠲᠤᠰᠢᠶᠠᠯ ᠤᠨ ᠪᠠᠶᠢᠭᠤᠯᠤᠮᠵᠢ 120 ᠪᠠᠶᠢᠵᠤ᠂ ᠡᠭᠦᠨ ᠳᠤ ᠮᠤᠵᠢ ᠶᠢᠨ ᠳᠡᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠪᠠᠶᠢᠭᠤᠯᠤᠮᠵᠢ 1᠂ ᠲᠤᠰᠬᠠᠢ ᠣᠷᠣᠨ ᠬᠤᠲᠠ ᠶᠢᠨ ᠳᠡᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠪᠠᠶᠢᠭᠤᠯᠤᠮᠵᠢ 15᠂ ᠲᠣᠭᠤᠷᠢᠭ ᠰᠢᠶᠠᠨ ᠤ ᠳᠡᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠪᠠᠶᠢᠭᠤᠯᠤᠮᠵᠢ 104᠂ ᠲᠤᠰᠢᠶᠠᠯ ᠬᠠᠪᠰᠤᠷᠭᠠᠭᠰᠠᠨ ᠪᠠᠶᠢᠭᠤᠯᠤᠮᠵᠢ 359 ᠪᠠᠶᠢᠵᠤ᠂ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠠᠵᠢᠯᠲᠠᠨ 2272 ᠪᠠᠶᠢᠵᠤ᠂ ᠦᠨᠡᠮᠯᠡᠯ ᠲᠠᠢ ᠠᠵᠢᠯᠲᠠᠨ 1907 ᠪᠠᠶᠢᠵᠤ᠂ ᠦᠨᠡᠮᠯᠡᠯ ᠬᠦᠷᠲᠡᠭᠰᠡᠨ ᠨᠣᠷᠮ᠎ᠠ 83.93% ᠪᠠᠶᠢᠨ᠎ᠠ᠃

 22.png

    ︵ᠲᠦᠷᠪᠡ︶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠪᠠᠶᠢᠳᠠᠯ᠃ 2023 ᠣᠨ ᠤ ᠡᠴᠦᠰ ᠪᠣᠯᠲᠠᠯ᠎ᠠ᠂ ᠪᠥᠬᠦ ᠣᠷᠣᠨ ᠳᠤ ᠣᠲᠣ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠰᠢᠯᠭᠠᠯᠲᠠ ᠶᠢᠨ ᠪᠠᠶᠢᠭᠤᠯᠤᠮᠵᠢ 24 ᠪᠠᠶᠢᠵᠤ᠂ ᠨᠢᠳᠤᠨᠤᠨ ᠤ ᠲᠤᠭ᠎ᠠ ᠲᠠᠢ ᠠᠳᠠᠯᠢ ᠪᠠᠶᠢᠨ᠎ᠠ︔ ᠦᠨᠡᠮᠯᠡᠯ ᠲᠠᠢ ᠠᠵᠢᠯᠲᠠᠨ 149025 ᠪᠠᠶᠢᠵᠤ᠂ 22093 ᠦᠨᠡᠮᠯᠡᠯ ᠣᠯᠣᠭᠰᠠᠨ ᠠᠵᠢᠯᠲᠠᠨ ᠰᠢᠨ᠎ᠡ ᠪᠠᠷ ᠨᠡᠮᠡᠭᠳᠡᠪᠡ᠃

    ︵ᠲᠠᠪᠤ︶ ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ᠃ 2023 ᠣᠨ ᠳᠤ ᠪᠥᠬᠦ ᠣᠷᠣᠨ ᠳᠤ ᠡᠯ᠎ᠡ ᠲᠥᠷᠥᠯ ᠤᠨ ᠨᠢᠭᠡᠴᠢ ᠶᠢ ᠨᠡᠶᠢᠲᠡ 22474 ᠡᠷᠦᠬᠡ ᠤᠳᠠᠭ᠎ᠠ ᠪᠠᠶᠢᠴᠠᠭᠠᠵᠤ᠂ ᠡᠭᠦᠨ ᠳᠤ ᠦᠢᠯᠡᠳᠪᠦᠷᠢᠯᠡᠯ ᠤᠨ ᠨᠢᠭᠡᠴᠢ 1238᠂ ᠬᠡᠷᠡᠭᠯᠡᠬᠦ ᠨᠢᠭᠡᠴᠢ 20757᠂ ᠰᠢᠯᠭᠠᠨ ᠬᠡᠮᠵᠢᠬᠦ ᠨᠢᠭᠡᠴᠢ 98᠂ ᠡᠵᠡᠩᠨᠡᠯᠲᠡ ᠶᠢᠨ ᠨᠢᠭᠡᠴᠢ 235᠂ ᠪᠤᠰᠤᠳ ᠨᠢᠭᠡᠴᠢ 146 ᠪᠤᠢ︔ ᠪᠠᠶᠢᠴᠠᠭᠠᠬᠤ ᠠᠵᠢᠯᠲᠠᠨ 52512 ᠬᠥᠮᠦᠨ ᠤᠳᠠᠭ᠎ᠠ ᠬᠥᠳᠡᠯᠭᠡᠵᠦ᠂ ᠠᠮᠤᠷ ᠲᠦᠪᠰᠢᠨ ᠤ ᠬᠢᠨᠠᠨ ᠪᠠᠶᠢᠴᠠᠭᠠᠬᠤ ᠵᠠᠷᠯᠢᠭ ᠤᠨ ᠪᠢᠴᠢᠭ 4566 ᠬᠤᠪᠢ ᠪᠠᠭᠤᠯᠭᠠᠵᠤ᠂ 399 ᠬᠤᠪᠢ ᠶᠢ ᠨᠢ ᠬᠡᠷᠡᠭ ᠪᠣᠯᠭᠠᠨ ᠳᠡᠩᠰᠡᠯᠡᠵᠦ᠂   6 ᠦᠢᠯᠡᠳᠪᠦᠷᠢᠯᠡᠯ ᠢ ᠵᠠᠷᠯᠢᠭᠳᠠᠨ ᠵᠣᠭᠰᠣᠭᠠᠵᠤ᠂ 133 ᠰᠠᠭᠤᠷᠢ ︵ᠢᠵᠢ︶ ᠲᠣᠨᠤᠭ ᠲᠥᠬᠦᠭᠡᠷᠦᠮᠵᠢ ᠶᠢ ᠪᠠᠶᠢᠴᠠᠭᠠᠨ ᠪᠢᠲᠡᠭᠦᠮᠵᠢᠯᠡᠵᠦ ᠬᠤᠷᠢᠶᠠᠨ ᠠᠪᠴᠤ᠂ ᠬᠠᠤᠯᠢ ᠴᠠᠭᠠᠵᠠ ᠶᠢᠨ ᠪᠠᠶᠢᠭᠤᠯᠭ᠎ᠠ ᠳᠤ 1 ᠬᠤᠪᠢ ᠰᠢᠯᠵᠢᠭᠦᠯᠦᠨ ᠬᠦᠷᠭᠡᠵᠦ᠂ 1 284.43 ᠲᠦᠮᠡᠨ ᠲᠥᠭᠦᠷᠢᠭ ᠤᠨ ᠠᠵᠤ ᠠᠬᠤᠶ ᠶᠢᠨ ᠰᠢᠢᠳᠬᠡᠯ ᠥᠭᠪᠡ᠃

    ︵ᠵᠢᠷᠭᠤᠭ᠎ᠠ︶ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ ᠪᠠᠶᠢᠳᠠᠯ

 23.png

ᠬᠤᠶᠠᠷ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠳᠠᠯ

    2023 ᠣᠨ ᠳᠤ ᠪᠥᠬᠦ ᠣᠷᠣᠨ ᠳᠤ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠤᠭᠰᠠᠨ ᠥᠬᠡᠶ᠃

ᠭᠤᠷᠪᠠ᠂ 2023 ᠣᠨ ᠤ ᠭᠤᠣᠯ ᠠᠵᠢᠯ ᠤᠨ ᠪᠠᠶᠢᠳᠠᠯ

    ︵ᠨᠢᠭᠡ︶ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢᠵᠢᠭᠦᠯᠪᠡ᠃ ᠨᠢᠭᠡ ᠳᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠢᠯᠡᠳᠲᠡ ᠪᠣᠯᠪᠠ᠃ ᠪᠥᠬᠦ ᠵᠢᠯ ᠳᠤ ᠠᠶᠢᠮᠠᠭ ᠬᠤᠲᠠ ᠶᠢᠨ ᠬᠤᠭᠤᠷᠣᠨᠳᠣᠬᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠦᠷᠢᠶᠡᠨ ᠳᠠᠬᠢ ᠰᠣᠯᠪᠢᠴᠠᠨ ᠬᠠᠷᠢᠯᠴᠠᠨ ᠪᠠᠶᠢᠴᠠᠭᠠᠬᠤ᠂ ᠭᠠᠳᠠᠭᠰᠢ ᠳᠠᠭᠠᠭᠠᠴᠢᠯᠠᠭᠤᠯᠬᠤ ᠶᠢ ᠲᠤᠰᠬᠠᠶ ᠴᠡᠭᠴᠡᠯᠡᠨ ᠵᠠᠰᠠᠬᠤ᠂ ︽ᠬᠠᠤᠯᠢ ᠪᠤᠰᠤ ᠦᠢᠯᠡ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ︾ ᠲᠤᠰᠬᠠᠶ ᠴᠡᠭᠴᠡᠯᠡᠨ ᠵᠠᠰᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠰᠠᠭᠤᠷᠢ ᠲᠠᠯᠪᠢᠬᠤ ᠠᠵᠢᠯᠯᠠᠭ᠎ᠠ᠂ ᠳᠤᠯᠠᠭᠠᠯᠠᠭ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ 14 ᠤᠳᠠᠭᠠᠨ ᠤ ᠲᠤᠰᠬᠠᠶ ᠪᠠᠶᠢᠴᠠᠭᠠᠯᠲᠠ ᠶᠢ ᠱᠠᠲᠤ ᠳᠠᠷᠠᠭᠠᠯᠠᠨ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 28974 ᠠᠮᠤᠷ ᠲᠦᠪᠰᠢᠨ ᠤ ᠬᠡᠮ ᠰᠣᠭᠤᠭ ᠢ ᠠᠷᠢᠯᠭᠠᠪᠠ᠃ ᠪᠠᠶᠢᠴᠠᠭᠠᠨ ᠴᠡᠭᠴᠡᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠪᠡ᠃ ᠬᠤᠶᠠᠷ ᠲᠤ ᠴᠠᠭᠠᠨ ᠰᠠᠷ᠎ᠠ᠂ ᠬᠤᠶᠠᠷ ᠬᠤᠷᠠᠯ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠭᠤᠤᠯᠳᠠᠯᠭ᠎ᠠ ᠲᠠᠢ ᠴᠠᠭ ᠬᠤᠭᠤᠴᠠᠭᠠᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠴᠢᠬᠤᠯᠠ ᠶᠡᠭᠡ ᠠᠵᠢᠯᠯᠠᠭ᠎ᠠ ᠪᠠ ᠭᠤᠤᠯᠳᠠᠯᠭ᠎ᠠ ᠲᠠᠢ ᠴᠠᠭ ᠬᠤᠭᠤᠴᠠᠭᠠᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ᠃ ᠭᠤᠷᠪᠠ ᠳᠤ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠢᠩᠬᠢᠮ ᠲᠠᠢ ᠬᠠᠮᠲᠤᠷᠠᠨ ᠲᠤᠰᠬᠠᠶ ᠰᠢᠪᠠᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ ᠣᠷᠣᠨ ᠤ 12 ᠴᠠᠰᠤᠨ ᠳᠤ ᠭᠤᠯᠭᠤᠬᠤ ᠲᠠᠯᠠᠪᠠᠶ ᠳᠤ ᠠᠮᠤᠷ ᠲᠦᠪᠰᠢᠨ ᠤ ᠪᠠᠶᠢᠴᠠᠭᠠᠯᠲᠠ ᠬᠢᠪᠠ᠃ ᠳᠥᠷᠪᠡ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 8 ᠵᠦᠢᠯ ᠤᠨ ᠦᠢᠯᠡᠳᠪᠦᠷᠢᠯᠡᠬᠦ᠂ ᠰᠠᠪᠠᠯᠠᠨ ᠳᠦᠭᠦᠷᠭᠡᠬᠦ ᠪᠠ ᠠᠵᠢᠯᠯᠠᠭᠴᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠵᠠᠰᠠᠭ ᠵᠠᠬᠢᠷᠭᠠᠨ ᠤ ᠵᠥᠪᠰᠢᠶᠡᠷᠡᠯ ᠢ ᠨᠠᠶᠢᠳᠠᠨ ᠬᠡᠷᠡᠭᠵᠢᠭᠦᠯᠵᠦ᠂ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠳᠣᠷᠣᠭᠰᠢ ᠪᠠᠭᠤᠯᠭᠠᠬᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ︾᠂ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠵᠥᠪᠰᠢᠶᠡᠷᠡᠯ ᠤᠨ ᠦᠨᠡᠮᠯᠡᠯ ᠢ ᠳ᠋ᠤᠭᠠᠷᠯᠠᠬᠤ ᠠᠷᠭ᠎ᠠ︾ ᠶᠢ ᠲᠣᠭᠲᠠᠭᠠᠵᠤ᠂ ᠡᠯ᠎ᠡ ᠠᠶᠢᠮᠠᠭ ᠬᠤᠲᠠ ᠳᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ ᠨᠢᠭᠡᠴᠢ ᠶᠢᠨ ᠵᠥᠪᠰᠢᠶᠡᠷᠡᠯ ᠤᠨ ᠦᠨᠡᠮᠯᠡᠯ ᠢ ᠨᠡᠶᠢᠲᠡ 387᠂ ᠰᠠᠪᠠᠯᠠᠨ ᠲᠥᠬᠦᠭᠡᠷᠬᠦ ᠨᠢᠭᠡᠴᠢ 218 ᠲᠠᠷᠬᠠᠭᠠᠪᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠦᠨᠡᠮᠯᠡᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃ 140 ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ᠂ ᠬᠡᠷᠡᠭᠯᠡᠬᠦ᠂ ᠰᠢᠯᠭᠠᠨ ᠬᠡᠮᠵᠢᠬᠦ ᠪᠠ ᠠᠵᠢᠯᠲᠠᠨ ᠤ ᠰᠢᠯᠭᠠᠯᠲᠠ ᠶᠢᠨ ᠪᠠᠶᠢᠭᠤᠯᠤᠮᠵᠢ ᠵᠡᠷᠭᠡ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠯᠲᠠ ᠬᠢᠵᠦ᠂ ᠠᠰᠠᠭᠤᠳᠠᠯ ᠤᠨ ᠳᠠᠯᠳᠠ ᠬᠡᠮ ᠢ 951 ᠢᠯᠡᠷᠡᠭᠦᠯᠵᠦ᠂ 12 ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠵᠤ᠂ 27 ᠬᠡᠷᠡᠭ ᠢ ᠵᠠᠷᠯᠠᠨ ᠰᠢᠭᠦᠮᠵᠢᠯᠡᠵᠦ᠂ 16 ᠠᠵᠢᠯ ᠢ ᠵᠣᠭᠰᠣᠭᠠᠨ ᠴᠡᠭᠴᠡᠯᠡᠵᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠨᠡᠶᠢᠭᠡᠮ ᠨᠡᠶᠢᠲᠡ ᠳᠤ ᠨᠡᠶᠢᠲᠡᠯᠡᠪᠡ᠃

    ︵ᠬᠤᠶᠠᠷ︶ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠪᠡ᠃ ᠨᠢᠭᠡ ᠳᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠦᠷ᠎ᠡ ᠪᠦᠲᠦᠮᠵᠢ ᠤᠯᠪᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠪᠠ ᠪᠠᠶᠢᠴᠠᠭᠠᠨ ᠰᠢᠯᠭᠠᠭᠰᠠᠨ ᠲᠤᠭ᠎ᠠ ᠪᠠᠷᠢᠮᠲᠠ ᠨᠢ ᠲᠤᠭ᠎ᠠ ᠪᠠᠷᠢᠮᠲᠠ ᠪᠠᠨ ᠰᠣᠯᠢᠯᠴᠠᠨ ᠬᠠᠮᠲᠤ ᠪᠠᠷ ᠡᠳ᠋ᠯᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠬᠤᠭᠤᠴᠠᠭ᠎ᠠ ᠠᠴᠠ ᠬᠡᠲᠦᠷᠡᠭᠡᠳ ᠪᠠᠶᠢᠴᠠᠭᠠᠭᠰᠠᠨ ᠥᠬᠡᠶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠤᠷᠢᠳᠴᠢᠯᠠᠨ ᠰᠡᠷᠡᠮᠵᠢᠯᠡᠭᠦᠯᠬᠦ ᠪᠠᠷ ᠳᠠᠮᠵᠢᠭᠤᠯᠤᠨ᠂ ᠬᠤᠭᠤᠴᠠᠭ᠎ᠠ ᠠᠴᠠ ᠬᠡᠲᠦᠷᠡᠭᠡᠳ ᠪᠠᠶᠢᠴᠠᠭᠠᠭᠰᠠᠨ ᠦᠭᠡᠢ ᠬᠡᠷᠡᠭ ᠢ ᠰᠢᠢᠳᠪᠦᠷᠢᠯᠡᠬᠦ ᠶᠢ ᠨᠠᠷᠢᠯᠢᠭ ᠣᠨᠣᠴᠠᠲᠠᠶ ᠪᠠᠷ ᠮᠥᠷᠳᠡᠬᠦ ᠶᠢ ᠦᠨᠳᠦᠰᠦᠨ ᠳᠤ ᠪᠠᠨ ᠪᠡᠶᠡᠯᠡᠭᠦᠯᠪᠡ᠃ ᠰᠦᠯᠵᠢᠶᠡᠨ ᠳᠡᠭᠡᠷ᠎ᠡ ᠪᠠᠷᠢᠯᠭ᠎ᠠ ᠪᠠᠷᠢᠬᠤ ᠵᠢᠴᠢ ᠰᠢᠯᠭᠠᠨ ᠬᠡᠮᠵᠢᠬᠦ ᠶᠢ ᠮᠡᠳᠡᠭᠳᠡᠬᠦ᠂ ᠬᠡᠷᠡᠭᠯᠡᠬᠦ ᠶᠢ ᠳᠠᠩᠰᠠᠯᠠᠬᠤ᠂ ᠰᠢᠯᠭᠠᠨ ᠪᠠᠶᠢᠴᠠᠭᠠᠯᠭᠠᠬᠤ ᠪᠠᠷ ᠭᠤᠶᠤᠴᠢᠯᠠᠬᠤ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠳᠠᠷᠤᠮᠠᠯᠯᠠᠬᠤ ᠵᠡᠷᠭᠡ ᠴᠢᠳᠠᠮᠵᠢ ᠪᠠᠷ ᠳᠠᠮᠵᠢᠭᠤᠯᠤᠨ᠂ ᠣᠯᠠᠨ ᠲᠦᠮᠡᠨ ᠭᠦᠶᠦᠵᠦ ᠪᠠᠶᠢᠭᠰᠠᠨ ᠠᠴᠠ ᠲᠤᠭ᠎ᠠ ᠪᠠᠷᠢᠮᠲᠠ ᠭᠦᠶᠦᠬᠦ ᠪᠣᠯᠭᠠᠨ ᠬᠤᠪᠢᠷᠠᠭᠤᠯᠪᠠ᠃ ᠬᠤᠶᠠᠷ ᠲᠤ ᠨᠢᠩᠰᠢᠶᠠ ᠶᠢᠨ ︽6 · 21︾ ᠤ ᠰᠢᠲᠠᠮᠠᠬᠠᠶ ᠬᠡᠶ ᠶᠢᠨ ᠳᠡᠯᠪᠡᠷᠡᠯᠲᠡ ᠶᠢᠨ ᠠᠳᠡᠯ᠂ ᠶᠦᠨᠨᠠᠨ ᠤ ᠮᠠᠶᠢᠳᠠᠷᠢ ᠶᠢᠨ ᠴᠠᠬᠢᠯᠭᠠᠨ ᠱᠠᠲᠤ ᠤᠨᠠᠭᠰᠠᠨ ᠵᠡᠷᠭᠡ ᠠᠳᠡᠯ ᠭᠠᠷᠤᠭᠰᠠᠨ ᠤ ᠳᠠᠷᠠᠭ᠎ᠠ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠴᠠᠬᠢᠯᠭᠠᠨ ᠱᠠᠲᠤ ᠶᠢᠨ ᠬᠡᠩᠬᠡᠷᠬᠡ ᠶᠢᠨ ᠬᠡᠯᠪᠡᠷᠢ ᠶᠢᠨ ᠲᠣᠷᠣᠮᠰᠤᠯᠠᠭᠤᠷ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠠᠮᠤᠷ ᠲᠦᠪᠰᠢᠨ ᠤ ᠠᠶᠤᠯ ᠲᠦᠭᠰᠢᠭᠦᠷᠢ ᠡᠭᠦᠰᠬᠦ ᠠᠴᠠ ᠵᠠᠶᠢᠯᠠᠰᠬᠢᠪᠠ᠃

    ︵ᠭᠤᠷᠪᠠ︶ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠪᠡ᠃ ᠨᠢᠭᠡ ᠳᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠳᠦᠷᠢᠮ﹀ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠲᠤᠭᠤᠷᠪᠢᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠷᠢᠭᠤ ᠮᠡᠳᠡᠭᠦᠯᠬᠦ ᠶᠢᠨ ᠬᠠᠮᠲᠤ ᠬᠢᠨᠠᠨ ᠵᠥᠪᠯᠡᠵᠦ ᠪᠠᠲᠤᠯᠠᠭᠳᠠᠪᠠ᠃ ᠬᠤᠶᠠᠷ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠦᠲᠦᠮᠵᠢᠲᠡᠶ ᠵᠢᠷᠤᠮᠵᠢᠭᠤᠯᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠦᠭᠰᠢᠭᠦᠷᠢ ᠶᠢ ᠵᠠᠳᠠᠯᠤᠨ ᠰᠤᠳᠤᠯᠵᠤ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠭᠤᠷᠪᠠ ᠳᠤ ᠪᠥᠬᠦ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠬᠤᠷᠠᠯ ᠢ ᠳᠠᠭᠠᠭᠠᠨ ᠡᠷᠭᠢᠯᠡᠭᠰᠡᠨ ᠪᠥᠭᠡᠳ ᠲᠤᠷᠰᠢᠯᠭ᠎ᠠ ᠶᠢᠨ ᠶᠠᠷᠢᠶ᠎ᠠ ᠲᠠᠯᠪᠢᠵᠤ᠂ ᠳᠠᠷᠤᠯᠲᠠᠲᠤ ᠬᠤᠭᠤᠯᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠡᠷᠭᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠪᠣᠯᠤᠨ ᠬᠤᠯᠪᠣᠭᠳᠠᠯ ᠪᠥᠬᠦᠶ ᠮᠤᠵᠢ ᠬᠤᠲᠠ ᠶᠢᠨ ᠨᠡᠶᠢᠲᠡ 33 ᠬᠥᠮᠦᠨ ᠣᠷᠣᠯᠴᠠᠪᠠ᠃

    ︵ᠲᠦᠷᠪᠡ︶ ᠬᠥᠮᠥᠵᠢᠯ ᠪᠣᠯᠪᠠᠰᠤᠷᠠᠯ ᠵᠢᠴᠢ ᠴᠢᠳᠠᠪᠤᠷᠢ ᠶᠢ ᠨᠢ ᠰᠢᠯᠭᠠᠨ ᠪᠠᠲᠤᠯᠠᠬᠤ ᠶᠢ ᠳᠤᠪᠤᠶᠢᠯᠭᠠᠵᠤ᠂ ᠬᠢᠨᠠᠨ ᠪᠠᠶᠢᠴᠠᠭᠠᠬᠤ᠂ ᠰᠢᠯᠭᠠᠨ ᠪᠠᠶᠢᠴᠠᠭᠠᠬᠤ᠂ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠪᠡ᠃ ᠨᠢᠭᠡ ᠳᠤ ᠪᠥᠬᠦ ᠣᠷᠣᠨ ᠳᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠦᠨᠡᠮᠯᠡᠯ 22093 ᠬᠤᠪᠢ ᠶᠢ ᠰᠢᠨ᠎ᠡ ᠪᠠᠷ ᠲᠠᠷᠬᠠᠭᠠᠵᠤ᠂ 19224 ᠬᠤᠪᠢ ᠶᠢ ᠳᠠᠬᠢᠨ ᠬᠢᠨᠠᠵᠤ ᠦᠨᠡᠮᠯᠡᠯ ᠢ ᠰᠣᠯᠢᠪᠠ᠃ ᠬᠤᠶᠠᠷ ᠲᠤ 6 ᠠᠶᠢᠮᠠᠭ ᠬᠤᠲᠠ ᠶᠢᠨ B ᠲᠥᠷᠥᠯ ᠤᠨ ᠬᠢᠨᠠᠨ ᠪᠠᠶᠢᠴᠠᠭᠠᠬᠤ ᠠᠵᠢᠯᠲᠠᠨ ᠤ ᠰᠢᠯᠭᠠᠯᠲᠠ ᠭᠡᠷᠡᠴᠢ ᠠᠪᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠨ ᠪᠠᠶᠢᠴᠠᠭᠠᠭᠴᠢ ᠵᠢᠴᠢ ᠬᠠᠪᠰᠤᠷᠤᠨ ᠬᠠᠮᠢᠶᠠᠷᠤᠭᠴᠢ ᠶᠢᠨ ᠦᠨᠡᠮᠯᠡᠯ 897 ᠬᠤᠪᠢ ᠲᠠᠷᠬᠠᠭᠠᠪᠠ᠃ ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠢ ᠬᠠᠮᠲᠤᠷᠠᠨ ᠪᠥᠬᠦ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠤᠷ᠎ᠠ ᠴᠢᠳᠠᠪᠤᠷᠢ ᠶᠢᠨ ᠤᠷᠤᠯᠳᠤᠭᠠᠨ ᠢ ᠵᠣᠬᠢᠶᠠᠨ ᠪᠠᠶᠢᠭᠤᠯᠪᠠ᠃

    ︵ᠲᠠᠪᠤ︶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠪᠡ᠃ ᠪᠥᠬᠦ ᠣᠷᠣᠨ ᠳᠤ ᠠᠮᠤᠷ ᠲᠦᠪᠰᠢᠨ ᠤ ᠶᠡᠭᠡ ᠬᠢᠴᠢᠶᠡᠯ ᠤᠨ ᠲᠠᠩᠬᠢᠮ ᠢ 146 ᠤᠳᠠᠭ᠎ᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ︽ᠲᠠᠪᠤ ᠶᠢ ᠣᠷᠣᠭᠤᠯᠬᠤ︾ ᠠᠵᠢᠯᠯᠠᠭ᠎ᠠ ᠶᠢ 312 ᠤᠳᠠᠭ᠎ᠠ ᠥᠷᠨᠢᠭᠦᠯᠵᠦ᠂ 25896 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠶᠢᠨ ᠫᠠᠶᠢᠰᠠ ︵ᠪᠤᠯᠤᠩ︶᠂ 1000 ᠭᠠᠷᠤᠶ ᠴᠣᠩᠬᠤᠪᠴᠢ ᠶᠢ ᠲᠣᠬᠢᠷᠠᠭᠤᠯᠵᠤ᠂ 58741 ᠬᠥᠮᠦᠨ ᠤᠳᠠᠭ᠎ᠠ ᠳᠤ ᠤᠬᠠᠭᠤᠯᠭ᠎ᠠ ᠬᠢᠵᠦ᠂ ᠣᠯᠠᠨ ᠨᠡᠶᠢᠲᠡ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠭᠡᠨᠡᠳᠲᠡ ᠶᠢᠨ ᠠᠳᠡᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃

    ︵ᠵᠢᠷᠭᠤᠭ᠎ᠠ︶ ︽ᠬᠤᠶᠠᠷ ᠲᠣᠭᠲᠠᠭᠠᠯ︾ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠬᠢᠭᠤᠯᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠠᠬᠢᠭᠤᠯᠬᠤ ᠣᠨ︾ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ᠂ ᠬᠡᠷᠡᠭᠯᠡᠬᠦ ᠨᠢᠭᠡᠴᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ︽ᠬᠤᠶᠠᠷ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠪᠦᠷᠢ ᠬᠠᠮᠢᠶᠠᠷᠤᠨ ᠡᠵᠡᠮᠳᠡᠬᠦ᠂ ᠭᠠᠷᠠᠭ ᠪᠦᠷᠢ ᠵᠢᠭᠰᠠᠭᠠᠨ ᠪᠠᠶᠢᠴᠠᠭᠠᠬᠤ᠂ ᠰᠠᠷ᠎ᠠ ᠪᠦᠷᠢ ᠲᠣᠬᠢᠷᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ ᠪᠥᠬᠦ ᠣᠷᠣᠨ ᠤ 426 ᠦᠢᠯᠡᠳᠪᠦᠷᠢᠯᠡᠯ ᠤᠨ ᠨᠢᠭᠡᠴᠢ ᠳᠤ 504 ᠠᠮᠤᠷ ᠲᠦᠪᠰᠢᠨ ᠤ ᠶᠡᠷᠦᠩᠬᠡᠶ ᠬᠢᠨᠠᠭᠴᠢ ᠲᠣᠬᠢᠷᠠᠭᠤᠯᠵᠤ᠂ 553 ᠠᠮᠤᠷ ᠲᠦᠪᠰᠢᠨ ᠤ ᠠᠵᠢᠯᠲᠠᠨ ᠲᠣᠬᠢᠷᠠᠭᠤᠯᠪᠠ︔ 9576 ᠬᠡᠷᠡᠭᠯᠡᠯᠲᠡ ᠶᠢᠨ ᠨᠢᠭᠡᠴᠢ ᠳᠤ 8078 ᠠᠶᠤᠯ ᠦᠭᠡᠢ ᠶᠢᠨ ᠶᠡᠷᠦᠩᠬᠡᠶ ᠬᠢᠨᠠᠭᠴᠢ ᠲᠣᠬᠢᠷᠠᠭᠤᠯᠵᠤ᠂ 11671 ᠠᠮᠤᠷ ᠲᠦᠪᠰᠢᠨ ᠤ ᠠᠵᠢᠯᠲᠠᠨ ᠲᠣᠬᠢᠷᠠᠭᠤᠯᠪᠠ︔ ︽ᠬᠤᠶᠠᠷ ᠲᠣᠭᠲᠠᠭᠠᠯ︾ ᠤᠨ ᠪᠣᠯᠪᠠᠰᠤᠷᠠᠯ ᠤᠨ ᠠᠩᠭᠢ ᠶᠢ 80 ᠬᠤᠭᠤᠴᠠᠭ᠎ᠠ ᠥᠷᠨᠢᠭᠦᠯᠵᠦ᠂ ᠡᠯ᠎ᠡ ᠲᠥᠷᠥᠯ ᠤᠨ ᠬᠥᠮᠦᠰ ᠢ ᠨᠡᠶᠢᠲᠡ 1.4 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ᠃

    ︵ᠳᠤᠯᠤᠭ᠎ᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠪᠡ

ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠰᠢᠯᠵᠢᠭᠦᠯᠦᠨ ᠭᠦᠢᠴᠡᠳᠬᠡᠬᠦ ᠵᠦᠢᠯ ᠢ 1 ᠬᠤᠪᠢ ᠪᠡᠶᠡᠯᠡᠭᠦᠯᠵᠦ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠡᠷᠡᠭ ᠲᠤ ᠬᠤᠯᠪᠣᠭᠳᠠᠭᠰᠠᠨ 2 ᠠᠵᠢᠯᠲᠠᠨ ᠳᠤ ᠵᠠᠰᠠᠭ ᠤᠨ ᠶᠠᠪᠤᠳᠠᠯ ᠤᠨ ᠣᠰᠣᠯ ᠲᠡᠮᠳᠡᠭᠯᠡᠬᠦ᠂ ᠵᠠᠰᠠᠭ ᠤᠨ ᠶᠠᠪᠤᠳᠠᠯ ᠤᠨ ᠰᠡᠷᠡᠮᠵᠢ ᠥᠭᠬᠦ ᠰᠢᠢᠳᠬᠡᠯ ᠥᠭᠭᠦᠭᠰᠡᠨ ᠪᠥᠭᠡᠳ 2 ᠬᠥᠮᠦᠨ ᠤ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠡᠬᠡᠮᠵᠢᠯᠡᠨ ᠲᠤᠰᠢᠶᠠᠯᠭᠠᠪᠠ᠃ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯ ᠡᠷᠭᠢᠯᠡᠭᠰᠡᠳ ᠤᠨ ᠬᠢᠷᠢ ᠬᠡᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯ ᠡᠷᠭᠢᠯᠡᠭᠰᠡᠳ ᠤᠨ ᠬᠢᠷᠢ ᠬᠡᠮ ᠤᠨ ᠬᠠᠮᠢᠶᠠᠷᠤᠯᠲᠠ ᠶᠢ ᠴᠢᠩᠭᠠᠳᠬᠠᠬᠤ᠂ ᠬᠢᠨᠠᠨ ᠲᠣᠭᠲᠠᠭᠠᠵᠤ ᠰᠢᠯᠭᠠᠷᠠᠭᠤᠯᠬᠤ ᠠᠵᠢᠯ ᠪᠠ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠠᠵᠢᠯᠲᠠᠨ ᠤ ᠬᠢᠷᠢ ᠬᠡᠮ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠬᠤ᠂ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠵᠡᠷᠭᠡ ᠲᠠᠯ᠎ᠠ ᠪᠠᠷ ᠲᠣᠭᠲᠠᠭᠠᠯ ᠭᠠᠷᠭᠠᠵᠤ᠂ ᠡᠶᠢᠮᠦᠷᠬᠦ ᠬᠡᠷᠡᠭ ᠭᠠᠷᠬᠤ ᠶᠢ ᠡᠷᠡᠰ ᠬᠤᠷᠢᠭᠯᠠᠪᠠ᠃ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠦᠨᠳᠦᠰᠦᠯᠡᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠰᠢᠯᠭᠠᠯᠲᠠ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ ᠠᠰᠠᠭᠤᠳᠠᠯ ᠢ ᠬᠢᠨᠠᠨ ᠪᠠᠶᠢᠴᠠᠭᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠬᠢᠷᠢ ᠬᠡᠮ ᠤᠨ ᠦᠨᠡᠮᠯᠡᠯ ᠢ 3 ᠬᠦᠴᠦᠨ ᠦᠭᠡᠢ ᠪᠣᠯᠭᠠᠵᠤ᠂ ᠠᠵᠢᠯᠲᠠᠨ ᠤ ᠰᠢᠯᠭᠠᠯᠲᠠ ᠶᠢᠨ ᠪᠠᠶᠢᠭᠤᠯᠤᠮᠵᠢ ᠶᠢᠨ ᠬᠢᠷᠢ ᠬᠡᠮ ᠢ 1 ᠶᠢ ᠲᠦᠷ ᠵᠣᠭᠰᠣᠭᠠᠪᠠ᠃

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

                2024 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ



ᠢᠷᠡᠯᠲᠡ᠄ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ