ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/25

    ᠣᠶᠢᠷ᠎ᠠ ᠳᠤ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠠᠵᠢᠯ ᠢ ᠯᠠᠪᠳᠠᠭᠤᠨ ᠪᠠᠲᠤᠲᠠᠶ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤᠮᠳᠠᠭᠠᠨ ᠤ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠦᠨᠡᠨ ᠬᠦ ᠴᠡᠭᠴᠡᠯᠡᠨ ᠵᠠᠰᠠᠵᠤ᠂ ᠪᠦᠷᠢᠯᠭᠡᠨ ᠰᠦᠢᠳᠬᠡᠬᠦ ᠨᠢ ᠢᠴᠢᠭᠦᠷᠢᠲᠡᠶ᠂ ᠠᠷᠪᠢᠯᠠᠨ ᠭᠠᠮᠨᠠᠬᠤ ᠨᠢ ᠢᠷᠠᠭᠤ ᠠᠯᠳᠠᠷ ᠲᠠᠢ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃

    ᠨᠢᠭᠡ ᠳᠤ ᠢᠳᠡᠭᠡᠨ ᠤᠮᠳᠠᠭᠠᠨ ᠤ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠪᠠᠳᠠᠪᠠ᠃ ᠢᠳᠡᠭᠡᠨ ᠤᠮᠳᠠᠭᠠᠨ ᠤ ᠨᠢᠭᠡᠴᠢ ᠶᠢᠨ ᠥᠪᠡᠷ ᠢ ᠪᠠᠨ ᠱᠠᠭᠠᠷᠳᠠᠬᠤ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠪᠢᠯᠠᠨ ᠭᠠᠮᠨᠠᠬᠤ ᠣᠶᠢᠯᠠᠭᠠᠭᠳᠠᠬᠤᠨ ᠢ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠬᠦ᠂ ᠲᠡᠭᠡᠭᠡᠪᠦᠷᠢᠯᠡᠬᠦ᠂ ᠪᠣᠷᠣᠯᠠᠭᠤᠯᠬᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠪᠥᠬᠦ ᠶᠠᠪᠤᠴᠠ ᠳᠤ ᠲᠤᠭᠤᠰᠢᠯᠠᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠦᠢᠯᠡᠴᠢᠯᠡᠭᠡᠨ ᠤ ᠠᠵᠢᠯᠲᠠᠨ ᠢ ᠰᠢᠮᠳᠠᠭᠤᠯᠵᠤ ᠬᠡᠷᠡᠭᠯᠡᠭᠴᠢᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠵᠣᠬᠢᠬᠤ ᠬᠡᠮᠵᠢᠶ᠎ᠡ ᠲᠠᠢ ᠬᠤᠭᠤᠯᠠ ᠵᠠᠬᠢᠶᠠᠯᠠᠭᠤᠯᠵᠤ᠂ ᠣᠶᠤᠨᠴᠢ ᠪᠠᠷ ᠬᠡᠷᠡᠭᠯᠡᠭᠡ ᠬᠢᠯᠭᠡᠵᠦ᠂ ᠰᠠᠨᠠᠭᠠᠴᠢᠯᠠᠭ᠎ᠠ ᠠᠴᠠ ᠪᠠᠨ ᠪᠣᠭᠤᠳᠠᠯᠯᠠᠭᠤᠯᠵᠤ᠂ ᠵᠣᠴᠢᠳ ᠢ ᠪᠤᠷᠤᠭᠤ ᠪᠠᠷ ᠬᠥᠲᠥᠯᠦᠨ ᠵᠢᠯᠣᠭᠤᠳᠴᠤ ᠪᠠᠶᠢᠭᠠᠳ ᠬᠡᠮᠵᠢᠶ᠎ᠡ ᠠᠴᠠ ᠨᠢ ᠬᠡᠲᠦᠷᠡᠲᠡᠯ᠎ᠡ ᠬᠤᠭᠤᠯᠠ ᠵᠠᠬᠢᠶᠠᠯᠠᠭᠤᠯᠵᠤ ᠪᠣᠯᠬᠤ ᠥᠬᠡᠶ᠂ ᠤᠬᠠᠮᠰᠠᠷ ᠠᠴᠠ ᠪᠠᠨ ︽ᠪᠣᠯᠪᠠᠰᠤᠨ ᠢᠶᠠᠷ ᠬᠤᠭᠤᠯᠠᠯᠠᠵᠤ᠂ ᠪᠦᠷᠢᠯᠭᠡᠨ ᠰᠦᠢᠳᠭᠡᠬᠦ ᠶᠢ ᠬᠤᠷᠢᠭᠯᠠᠬᠤ︾ ᠤᠬᠠᠭᠤᠯᠤᠭᠴᠢ᠂ ᠦᠢᠯᠡᠳᠦᠯᠭᠡᠵᠢᠭᠦᠯᠦᠭᠴᠢ ᠪᠠ ᠬᠢᠨᠠᠯᠲᠠ ᠲᠠᠯᠪᠢᠭᠴᠢ ᠪᠣᠯᠭᠠᠬᠤ ᠬᠡᠷᠡᠭᠲᠡᠶ᠃ ᠣᠳᠣᠬᠠᠨ ᠪᠣᠯᠲᠠᠯ᠎ᠠ᠂ 4289 ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠪᠠ᠃

    ᠬᠤᠶᠠᠷ ᠲᠤ ᠢᠳᠡᠭᠡᠨ ᠤᠮᠳᠠᠭᠠᠨ ᠤ ᠨᠢᠭᠡᠴᠢ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠲᠥᠪᠯᠡᠷᠡᠭᠦᠯᠦᠨ ᠥᠷᠨᠢᠭᠦᠯᠪᠡ᠃ ᠨᠢᠭᠡ ᠲᠠᠯ᠎ᠠ ᠪᠠᠷ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢ ᠵᠣᠷᠢᠭᠵᠢᠭᠤᠯᠤᠨ ᠵᠢᠯᠣᠭᠤᠳᠴᠤ ᠪᠠᠶᠢᠭᠠᠳ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠡᠯ᠎ᠡ ᠭᠤᠭᠴᠤᠭ᠎ᠠ ᠳᠤ ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠦᠵᠡᠭᠳᠡᠯ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠥᠯᠭᠢᠨ ᠠᠬᠢᠭᠤᠯᠵᠤ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠮᠢᠶ᠎ᠠ ᠪᠥᠬᠦᠶ ᠠᠭᠤᠯᠭ᠎ᠠ ᠶᠢ ᠢᠳᠡᠭᠡᠨ ᠤ ᠠᠮᠤᠷ ᠲᠦᠪᠰᠢᠨ ᠤ ︽ᠡᠳᠦᠷ ᠪᠦᠷᠢ ᠬᠠᠮᠢᠶᠠᠷᠤᠨ ᠡᠵᠡᠮᠳᠡᠬᠦ᠂ ᠭᠠᠷᠠᠭ ᠪᠦᠷᠢ ᠵᠢᠭᠰᠠᠭᠠᠨ ᠪᠠᠶᠢᠴᠠᠭᠠᠬᠤ᠂ ᠰᠠᠷ᠎ᠠ ᠪᠦᠷᠢ ᠲᠣᠬᠢᠷᠠᠭᠤᠯᠬᠤ︾ ᠠᠵᠢᠯ ᠳᠤ ᠣᠷᠣᠭᠤᠯᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠦᠵᠡᠭᠳᠡᠯ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠪᠠ︔ ᠨᠥᠭᠦᠭᠡ ᠲᠠᠯ᠎ᠠ ᠪᠠᠷ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠪᠠ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠡᠷᠭᠡᠪᠡᠷ ᠥᠷᠨᠢᠭᠦᠯᠬᠦ ᠶᠢᠨ ᠬᠠᠮᠲᠤ᠂ ᠬᠤᠷᠢᠮ ᠨᠠᠶᠢᠷ᠂ ᠥᠪᠡᠰᠦᠪᠡᠨ ᠦᠢᠯᠡᠴᠢᠯᠡᠬᠦ ᠬᠤᠭᠤᠯᠠ᠂ ᠬᠤᠭᠤᠯᠠᠨ ᠭᠡᠷ᠂ ᠬᠤᠭᠤᠯᠠ ᠬᠤᠳᠠᠯᠳᠤᠬᠤ ᠲᠠᠪᠴᠠᠩ ᠵᠡᠷᠭᠡ ᠡᠵᠡᠩᠨᠡᠯᠲᠡ ᠶᠢᠨ ᠨᠢᠭᠡᠴᠢ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠡᠷᠭᠡ ᠢᠳᠡᠭᠡᠨ ᠤᠮᠳᠠᠭᠠᠨ ᠤ ᠥᠨᠳᠥᠷ ᠳᠠᠪᠲᠠᠮᠵᠢᠲᠤ ᠬᠡᠷᠡᠭᠯᠡᠭᠡᠨ ᠤ ᠵᠠᠩᠭᠢᠯᠠᠭ᠎ᠠ ᠶᠢᠨ ᠴᠡᠭ ᠢ ᠭᠤᠣᠯᠳᠠᠯᠭ᠎ᠠ ᠲᠠᠢ ᠠᠩᠬᠠᠷᠬᠤ ᠶᠢᠨ ᠬᠠᠮᠲᠤ ︽ᠲᠠᠰᠢᠷᠠᠮ ᠢᠶᠠᠷ ᠬᠤᠭᠤᠯᠠᠨ ᠭᠡᠷ ᠢ ᠪᠠᠶᠢᠴᠠᠭᠠᠬᠤ︾ ᠠᠷᠭ᠎ᠠ ᠮᠠᠶ᠋ᠢᠭ ᠢᠶᠠᠷ ᠭᠡᠨᠡᠳᠡᠭᠦᠯᠦᠨ ᠪᠠᠶᠢᠴᠠᠭᠠᠬᠤ ᠶᠢ ᠥᠷᠨᠢᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠨᠢᠭᠡᠴᠢ ᠶᠢᠨ ᠳᠡᠯᠭᠡᠭᠦᠷ ᠤᠨ ᠢᠯᠡ ᠣᠷᠣᠨ ᠪᠠᠶᠢᠷᠢ ᠳᠤ ᠢᠳᠡᠭᠡᠨ ᠢ ᠰᠦᠢᠳᠬᠡᠬᠦ ᠶᠢ ᠡᠰᠡᠷᠭᠦᠴᠡᠬᠦ ᠲᠡᠮᠳᠡᠭ ᠢ ᠨᠠᠭᠠᠭᠰᠠᠨ ᠦᠭᠡᠢ ᠪᠤᠶᠤ ᠲᠠᠯᠪᠢᠭᠰᠠᠨ ᠦᠭᠡᠢ᠂ ᠬᠡᠷᠡᠭᠯᠡᠭᠴᠢᠳ ᠢ ᠵᠣᠬᠢᠬᠤ ᠬᠡᠮᠵᠢᠶ᠎ᠡ ᠪᠠᠷ ᠬᠤᠭᠤᠯᠠ ᠵᠠᠬᠢᠶᠠᠯᠠᠬᠤ ᠶᠢ ᠰᠠᠨᠠᠭᠠᠴᠢᠯᠠᠭ᠎ᠠ ᠠᠴᠠ ᠪᠠᠨ ᠰᠠᠨᠠᠭᠤᠯᠤᠭᠰᠠᠨ ᠦᠭᠡᠢ ᠪᠠ ᠬᠥᠲᠥᠯᠥᠨ ᠵᠢᠯᠣᠭᠤᠳᠤᠭᠰᠠᠨ ᠦᠭᠡᠢ ᠵᠡᠷᠭᠡ ︽ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ︾ ᠶᠢᠨ ᠳᠣᠯᠣᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠡ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ 3888 ᠨᠢᠭᠡᠴᠢ ᠶᠢ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠪᠠ᠃

    ᠭᠤᠷᠪᠠ ᠳᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠢᠳᠡᠭᠡᠨ ᠤᠮᠳᠠᠭᠠᠨ ᠤ ᠳᠡᠯᠭᠡᠭᠦᠷ᠂ ᠨᠡᠶᠢᠭᠡᠮ ᠲᠣᠭᠤᠷᠢᠭ᠂ ᠠᠵᠤ ᠠᠬᠤᠶᠢᠯᠠᠯ ᠪᠠ ᠰᠤᠷᠭᠠᠭᠤᠯᠢ ᠶᠢᠨ ᠬᠤᠭᠤᠯᠠᠨ ᠭᠡᠷ ᠲᠤ ᠣᠷᠣᠬᠤ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠡᠵᠡᠩᠨᠡᠭᠴᠢ ᠳᠤ ︽ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠰᠢᠷᠡᠭᠡᠨ ᠤ ᠨᠠᠭᠠᠴᠠ᠂ ᠵᠠᠷᠯᠠᠯ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠢᠳᠡᠭᠡᠨ ᠤᠮᠳᠠᠭᠠᠨ ᠤ ᠨᠢᠭᠡᠴᠢ ᠶᠢ ᠵᠣᠷᠢᠭᠵᠢᠭᠤᠯᠤᠨ ᠬᠡᠷᠡᠭᠴᠡᠭᠡ ᠶᠢᠨ ᠬᠢᠷᠢ ᠪᠠᠷ ᠬᠤᠳᠠᠯᠳᠤᠬᠤ ᠪᠠ ᠬᠠᠭᠠᠰ ᠬᠤᠪᠢ ᠬᠤᠭᠤᠯᠠ᠂ ᠵᠢᠵᠢᠭ ᠬᠤᠪᠢ ᠶᠢᠨ ᠬᠤᠭᠤᠯᠠᠨ ᠤ ᠦᠢᠯᠡᠴᠢᠯᠡᠭᠡ ᠬᠠᠩᠭᠠᠵᠤ᠂ ᠢᠯᠡ ᠲᠣᠳᠣ ᠠᠷᠭ᠎ᠠ ᠮᠠᠶ᠋ᠢᠭ ᠢᠶᠠᠷ ᠬᠡᠷᠡᠭᠯᠡᠭᠴᠢᠳ ᠲᠤ ᠵᠣᠬᠢᠬᠤ ᠬᠡᠮᠵᠢᠶ᠎ᠡ ᠪᠠᠷ ᠬᠤᠭᠤᠯᠠ ᠵᠠᠬᠢᠶᠠᠯᠠᠬᠤ ᠶᠢ ᠰᠠᠨᠠᠭᠤᠯᠵᠤ᠂ ᠰᠠᠨᠠᠭᠠᠴᠢᠯᠠᠭ᠎ᠠ ᠠᠴᠠ ᠪᠠᠨ ᠪᠣᠭᠤᠳᠠᠯᠯᠠᠬᠤ ᠦᠢᠯᠡᠴᠢᠯᠡᠭᠡ ᠬᠠᠩᠭᠠᠵᠤ᠂ ᠵᠠᠳᠠᠷᠠᠵᠤ ᠪᠣᠯᠬᠤ ᠪᠣᠭᠤᠳᠠᠯ᠂ ᠭᠠᠳᠠᠭᠰᠢ ᠬᠤᠳᠠᠯᠳᠤᠬᠤ ᠬᠤᠭᠤᠯᠠᠨ ᠤ ᠬᠠᠶᠢᠷᠴᠠᠭ ᠬᠤᠭᠤᠯᠠᠨ ᠤ ᠬᠡᠷᠡᠭᠰᠡᠯ ᠢ ᠬᠡᠷᠡᠭᠯᠡᠬᠦ ᠶᠢ ᠰᠠᠨᠠᠭᠠᠴᠢᠯᠠᠵᠤ᠂ ︽ᠰᠠᠶᠢᠲᠤᠷ ᠠᠷᠪᠢᠯᠠᠨ ᠭᠠᠮᠨᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠣᠶᠢᠯᠠᠭᠠᠭᠳᠠᠬᠤᠨ ᠢ ᠥᠷᠭᠡᠨ ᠢᠶᠠᠷ ᠳᠡᠯᠭᠡᠷᠡᠭᠦᠯᠪᠡ᠃ ᠨᠡᠶᠢᠲᠡ 813 ᠬᠤᠪᠢ ᠤᠬᠠᠭᠤᠯᠭ᠎ᠠ ᠪᠣᠯᠪᠠᠰᠤᠷᠠᠯ ᠤᠨ ᠮᠠᠲ᠋ᠧᠷᠢᠶᠠᠯ ᠲᠠᠷᠬᠠᠭᠠᠪᠠ᠃

    ᠳᠥᠷᠪᠡ ᠳᠤ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠨᠡᠶᠢᠲᠡᠯᠡᠪᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠯᠪᠠᠨ ᠰᠦᠯᠵᠢᠶ᠎ᠡ ᠪᠠ ᠣᠯᠠᠨ ᠨᠡᠶᠢᠲᠡ ᠶᠢᠨ ᠸᠢᠴᠠᠲ ᠲᠠᠪᠴᠠᠩ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ︽ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠤᠯᠠᠭᠠᠨ ᠬᠠᠷ᠎ᠠ ᠨᠡᠷᠡᠰ︾ ᠢ ᠢᠯᠡ ᠪᠠᠷ ᠨᠡᠶᠢᠲᠡᠯᠡᠵᠦ᠂ ᠨᠢᠭᠡ ᠪᠦᠯᠦᠭ ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠰᠠᠨᠠᠭᠤᠯᠤᠮᠵᠢ ᠦᠭᠡ᠂ ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠡᠮᠳᠡᠭ ᠫᠠᠶᠢᠰᠠ ᠨᠠᠭᠠᠭᠰᠠᠨ ᠥᠬᠡᠶ᠂ ᠬᠡᠷᠡᠭᠯᠡᠭᠴᠢᠳ ᠢ ᠬᠥᠳᠡᠯᠬᠦ ᠪᠤᠶᠤ ᠪᠤᠷᠤᠭᠤ ᠵᠢᠯᠣᠭᠤᠳᠴᠤ ᠪᠠᠶᠢᠭᠠᠳ ᠬᠡᠮᠵᠢᠶ᠎ᠡ ᠠᠴᠠ ᠬᠡᠲᠦᠷᠡᠭᠦᠯᠦᠨ ᠬᠤᠭᠤᠯᠠ ᠵᠠᠬᠢᠶᠠᠯᠠᠭᠤᠯᠤᠭᠰᠠᠨ ᠵᠡᠷᠭᠡ ᠪᠠᠶᠢᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠥᠷᠭᠡᠨ ᠣᠯᠠᠨ ᠢᠳᠡᠭᠡᠨ ᠤᠮᠳᠠᠭᠠᠨ ᠤ ᠡᠵᠡᠩᠨᠡᠭᠴᠢ ᠶᠢᠨ ᠬᠠᠤᠯᠢ ᠶᠣᠰᠣᠭᠠᠷ ᠡᠵᠡᠩᠨᠡᠬᠦ ᠶᠢ ᠰᠡᠷᠡᠮᠵᠢᠯᠡᠭᠦᠯᠵᠦ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠭᠰᠡᠨ ᠤᠯᠠᠭᠠᠨ ᠨᠡᠷᠡᠰ ᠤᠨ ᠨᠢᠭᠡᠴᠢ ᠶᠢ ᠨᠡᠶᠢᠲᠡ 4᠂ ᠬᠠᠷ᠎ᠠ ᠨᠡᠷᠡᠰ ᠤᠨ ᠨᠢᠭᠡᠴᠢ ᠶᠢ 4 ᠨᠡᠶᠢᠲᠡᠯᠡᠪᠡ᠃

    ᠲᠠᠷᠠᠭᠠᠴᠢ ᠶᠢᠨ ᠠᠯᠬᠤᠮ ᠳᠤ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ  ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠬᠢᠨᠠᠯᠲᠠ ᠲᠠᠯᠪᠢᠬᠤ ᠠᠷᠭ᠎ᠠ ᠵᠠᠮ ᠢᠶᠠᠨ ᠥᠷᠭᠡᠳᠬᠡᠵᠦ᠂ ᠪᠣᠯᠪᠠᠰᠤᠨ ᠡᠶ᠎ᠡ ᠵᠣᠬᠢᠴᠠᠩᠭᠤᠶ᠂ ᠠᠷᠪᠢᠴᠢ ᠭᠠᠮᠲᠠᠶ ᠪᠣᠬᠢᠷᠲᠤᠯ ᠥᠬᠡᠶ ᠢᠳᠡᠭᠡᠨ ᠤᠮᠳᠠᠭᠠᠨ ᠤ ᠬᠡᠷᠡᠭᠯᠡᠭᠡᠨ ᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠵᠤ᠂ ︽ᠪᠦᠬᠦᠨ ᠢ ᠢᠳᠡᠵᠦ ᠳᠠᠭᠤᠰᠬᠠᠬᠤ︾ ᠶᠢ ᠬᠤᠭᠤᠯᠠᠨ ᠰᠢᠷᠡᠭᠡᠨ ᠤ ᠰᠢᠨ᠎ᠡ ᠰᠤᠷᠲᠠᠯ ᠪᠣᠯᠭᠠᠨ᠎ᠠ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ