ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠳᠥᠷᠪᠡᠨ ᠲᠣᠭᠲᠠᠴᠠ︾ ᠨᠢ ᠣᠨᠴᠠ ᠲᠥᠷᠥᠯ ᠤᠨ ᠲᠥᠬᠦᠭᠡᠷᠦᠮᠵᠢ ᠵᠢᠨ‌ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠪᠡ
ᠨᠡᠶᠢᠲᠡᠯᠡᠭᠰᠡᠨ ᠴᠠᠭ᠄
2024/4/25

    ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠠᠵᠢᠯ ᠢ ᠦᠷᠭᠦᠯᠵᠢᠯᠡᠨ ᠴᠢᠩᠭᠠᠳᠭᠠᠵᠤ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠠᠳᠡᠯ ᠢ ᠤᠷᠢᠳᠴᠢᠯᠠᠨ ᠰᠡᠷᠭᠡᠢᠯᠡᠬᠦ ᠶᠢᠨ ᠲᠥᠯᠥᠭᠡ᠂ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠶᠢᠨ ︽ᠬᠡᠪᠴᠢᠶ᠎ᠡ ᠥᠷᠭᠡᠨ ᠴᠡᠭ ᠣᠯᠠᠨ ᠬᠤᠪᠢᠷᠠᠯᠲᠠ ᠶᠡᠭᠡ︾ ᠣᠨᠴᠠᠯᠢᠭ ᠲᠤ ᠴᠢᠭᠯᠡᠭᠦᠯᠦᠨ᠂ ︽ᠲᠥᠷᠥᠯ ᠬᠤᠪᠢᠶᠠᠨ ᠬᠢᠨᠠᠨ ᠬᠠᠮᠢᠶᠠᠷᠬᠤ᠂ ᠨᠠᠷᠢᠨ ᠳᠠᠩᠰᠠ ᠪᠠᠷ ᠬᠢᠨᠠᠨ ᠬᠠᠮᠢᠶᠠᠷᠬᠤ᠂ ᠲᠤᠰᠬᠠᠢ ᠠᠩᠭᠢ ᠬᠢᠨᠠᠨ ᠬᠠᠮᠢᠶᠠᠷᠬᠤ᠂ ᠬᠠᠮᠲᠤᠷᠠᠨ ᠬᠥᠳᠡᠯᠦᠯᠴᠡᠵᠦ ᠬᠢᠨᠠᠨ ᠬᠠᠮᠢᠶᠠᠷᠬᠤ︾ ᠲᠣᠭᠲᠠᠴᠠ ᠪᠠ ᠠᠵᠢᠯ ᠤᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠳᠠᠯᠳᠠ ᠭᠡᠮ ᠢ ᠦᠷᠭᠦᠯᠵᠢᠯᠡᠨ ᠳᠣᠷᠣᠭᠰᠢᠯᠠᠭᠤᠯᠬᠤ ᠶᠢ ᠪᠡᠶᠡᠯᠡᠭᠦᠯᠵᠦ᠂ ᠣᠨᠴᠠ ᠲᠥᠷᠥᠯ ᠤᠨ ᠲᠥᠬᠦᠭᠡᠷᠦᠮᠵᠢ ᠶᠢᠨ ᠬᠦᠷᠢᠶ᠎ᠡ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠨᠠᠷ ᠰᠠᠢᠲᠠᠢ ᠠᠬᠢᠭᠤᠯᠪᠠ᠃

    ᠨᠢᠭᠡ ᠳᠤ ︽ᠲᠥᠷᠥᠯ ᠬᠤᠪᠢᠶᠠᠵᠤ︾ ᠬᠢᠨᠠᠨ ᠬᠠᠮᠢᠶᠠᠷᠬᠤ ᠲᠣᠭᠲᠠᠴᠠ᠃ ᠬᠠᠷᠢᠶ᠎ᠠ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠭᠰᠠᠨ ᠰᠠᠭᠤᠷᠢᠨ ᠳᠡᠭᠡᠷ᠎ᠡ᠂ ᠨᠡᠯᠢᠶᠡᠳ ᠶᠡᠭᠡ ᠲᠦᠭᠰᠢᠭᠦᠷᠢ᠂ ᠡᠩ ᠤᠨ ᠲᠦᠭᠰᠢᠭᠦᠷᠢ᠂ ᠨᠡᠯᠢᠶᠡᠳ ᠳᠣᠤᠷ᠎ᠠ ᠲᠦᠭᠰᠢᠭᠦᠷᠢ ᠵᠡᠷᠭᠡ ᠭᠤᠷᠪᠠᠨ ᠲᠠᠰ ᠠᠴᠠ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠬᠤ ᠶᠢᠨ ᠬᠠᠮᠲᠤ᠂ ︽ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾ ᠪᠠ ︽ᠥᠪᠡᠷᠲᠡᠭᠡᠨ ᠵᠠᠰᠠᠬᠤ ᠣᠷᠣᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ︾ ᠲᠠᠢ ᠤᠶᠠᠯᠳᠤᠭᠤᠯᠤᠨ ᠡᠳᠦᠷ ᠪᠦᠷᠢ ᠬᠢᠨᠠᠨ ᠬᠡᠮᠵᠢᠬᠦ ᠶᠢ ᠬᠡᠷᠡᠭᠵᠢᠭᠦᠯᠪᠡ᠃ ᠴᠢᠬᠤᠯᠠ ᠭᠤᠭᠴᠤᠭ᠎ᠠ ᠶᠢᠨ ᠪᠠᠶᠢᠴᠠᠭᠠᠬᠤ ᠵᠦᠢᠯᠡᠰ ᠲᠤ ᠬᠢᠨᠠᠯᠲᠠ ᠲᠠᠯᠪᠢᠵᠤ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠪᠡ᠃

    ᠬᠤᠶᠠᠷ ᠲᠤ ︽ᠲᠤᠰᠬᠠᠶ ᠠᠩᠭᠢ︾ ᠬᠢᠨᠠᠨ ᠬᠠᠮᠢᠶᠠᠷᠬᠤ ᠲᠣᠭᠲᠠᠴᠠ᠃ ᠭᠤᠤᠯ ᠤᠳᠤᠷᠢᠳᠤᠯᠭ᠎ᠠ ᠠᠴᠠ ᠰᠢᠮᠳᠠᠭᠤᠯᠤᠨ ᠵᠢᠯᠣᠭᠤᠳᠴᠤ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠮᠦᠨ᠎ᠡ ᠨᠢ ᠠᠳᠬᠤᠵᠤ᠂ ᠬᠠᠷᠢᠭᠤᠴᠠᠯᠭ᠎ᠠ ᠶᠢᠨ ᠲᠠᠰᠤᠭ ᠪᠠ ᠭᠠᠵᠠᠷ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠣᠳᠠᠲᠠᠶ ᠠᠳᠬᠤᠬᠤ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢ ᠪᠠᠶᠢᠩᠭᠤ ᠠᠳᠬᠤᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠳᠬᠤᠵᠤ᠂ ᠤᠬᠠᠭᠤᠯᠭ᠎ᠠ ᠪᠣᠯᠪᠠᠰᠤᠷᠠᠯ ᠢ ᠠᠳᠬᠤᠵᠤ᠂ ᠣᠨᠴᠠ ᠲᠥᠷᠥᠯ ᠤᠨ ᠲᠥᠬᠦᠭᠡᠷᠦᠮᠵᠢ ᠶᠢᠨ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠠᠷᠢᠯᠭᠠᠪᠠ᠃ 2024 ᠣᠨ ᠠᠴᠠ ᠨᠠᠭᠠᠰᠢ᠂ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠ ᠲᠦᠷᠦᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠳᠠᠨ ᠢ ᠨᠡᠶᠢᠳᠡ 1360 ᠭᠠᠷᠤᠢ ᠬᠥᠮᠦᠨ ᠤᠳᠠᠭ᠎ᠠ ᠬᠥᠳᠡᠯᠭᠡᠵᠦ᠂ ᠣᠨᠴᠠ ᠲᠦᠷᠦᠯ ᠤᠨ ᠲᠥᠬᠦᠭᠡᠷᠦᠮᠵᠢ ᠶᠢ ᠬᠡᠷᠡᠭᠯᠡᠬᠦ ᠨᠢᠭᠡᠴᠢ ᠶᠢ 310 ᠭᠠᠷᠤᠢ ᠤᠳᠠᠭ᠎ᠠ᠂ ᠣᠨᠴᠠ ᠲᠦᠷᠦᠯ ᠤᠨ ᠲᠥᠬᠦᠭᠡᠷᠦᠮᠵᠢ ᠶᠢ 2310 ᠰᠠᠤᠷᠢ ︵ᠢᠵᠢ︶ ᠢ ᠲᠦᠷᠦᠯ ᠬᠤᠪᠢᠶᠠᠨ ᠪᠠᠶᠢᠴᠠᠭᠠᠵᠤ᠂ 142 ᠠᠮᠤᠷ ᠲᠦᠪᠰᠢᠨ ᠤ ᠬᠡᠮ ᠰᠣᠭᠤᠭ ᠢ ᠢᠯᠡᠷᠡᠭᠦᠯᠦᠭᠰᠡᠨ ᠪᠠ ᠴᠡᠭᠴᠡᠯᠡᠨ ᠵᠠᠰᠠᠵᠤ᠂ 47 ᠬᠤᠪᠢ ︽ᠣᠨᠴᠠ ᠲᠦᠷᠦᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠵᠠᠷᠯᠢᠭ ᠤᠨ ᠪᠢᠴᠢᠭ︾ ᠢ ᠪᠠᠭᠤᠯᠭᠠᠪᠠ᠃

    ᠭᠤᠷᠪᠠ ᠳᠤ ︽ᠨᠠᠷᠢᠨ ᠲᠠᠩᠰᠠ︾ ᠪᠠᠷ ᠬᠢᠨᠠᠨ ᠬᠠᠮᠢᠶᠠᠷᠬᠤ ᠲᠣᠭᠲᠠᠴᠠ᠃ ︽ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾ ᠤᠨ ᠰᠠᠭᠤᠷᠢ ᠮᠡᠳᠡᠭᠡ ᠵᠠᠩᠭᠢ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠬᠡᠷᠡᠭᠯᠡᠵᠦ ᠪᠠᠶᠢᠭ᠎ᠠ ᠬᠤᠭᠤᠴᠠᠭ᠎ᠠ ᠨᠢ ᠣᠶᠢᠷᠠᠲᠤᠭᠰᠠᠨ ᠣᠨᠴᠠ ᠲᠥᠷᠥᠯ ᠤᠨ ᠲᠥᠬᠦᠭᠡᠷᠦᠮᠵᠢ ᠳᠤ ︽ᠨᠢᠭᠡ ᠡᠳᠦᠷ ᠲᠤ ᠨᠢᠭᠡ ᠨᠠᠷᠢᠨ ᠬᠠᠭᠤᠳᠠᠰᠤ᠂ ᠨᠢᠭᠡ ᠡᠳᠦᠷ ᠲᠤ ᠨᠢᠭᠡ ᠤᠳᠠᠭ᠎ᠠ ᠮᠡᠳᠡᠭᠳᠡᠬᠦ᠂ ᠨᠢᠭᠡ ᠡᠳᠦᠷ ᠲᠤ ᠨᠢᠭᠡ ᠤᠳᠠᠭ᠎ᠠ ᠪᠠᠶᠢᠴᠠᠭᠠᠬᠤ︾ ᠵᠠᠭᠪᠤᠷ ᠢ ᠬᠡᠷᠡᠭᠵᠢᠭᠦᠯᠵᠦ᠂ ᠬᠡᠷᠡᠭᠯᠡᠵᠦ ᠪᠠᠶᠢᠭ᠎ᠠ ᠬᠤᠭᠤᠴᠠᠭ᠎ᠠ ᠨᠢ ᠣᠶᠢᠷᠠᠲᠤᠭᠰᠠᠨ ᠪᠠᠶᠢᠴᠠᠭᠠᠨ ᠰᠢᠯᠭᠠᠬᠤ ᠣᠨᠴᠠ ᠲᠥᠷᠥᠯ ᠤᠨ ᠲᠥᠬᠦᠭᠡᠷᠦᠮᠵᠢ ᠳᠤ ᠠᠵᠢᠯ ᠢ ᠠᠬᠢᠭᠤᠯᠬᠤ ᠡᠬᠡ ᠲᠠᠩᠰᠠ ᠪᠠᠶᠢᠭᠤᠯᠬᠤ ᠶᠢᠨ ᠬᠠᠮᠲᠤ᠂ ᠡᠷᠦᠬᠡ ᠳᠠᠷᠠᠭᠠᠯᠠᠨ ᠤᠷᠢᠳᠴᠢᠯᠠᠨ ᠤᠲᠠᠰᠤ ᠪᠠᠷ ᠬᠠᠷᠢᠯᠴᠠᠬᠤ ᠪᠠ ᠲᠤᠬᠠᠶ ᠶᠢᠨ ᠲᠠᠯᠠᠪᠤᠷ ᠲᠤ ᠪᠠᠶᠢᠴᠠᠭᠠᠬᠤ ᠪᠠᠷ ᠳᠠᠮᠵᠢᠭᠤᠯᠤᠨ ᠳᠠᠷᠤᠢ ᠲᠡᠷᠭᠡᠨ ᠴᠠᠭ ᠪᠣᠯᠵᠣᠬᠤ ᠶᠢ ᠮᠡᠳᠡᠭᠳᠡᠵᠦ᠂ ᠣᠨᠴᠠ ᠲᠥᠷᠥᠯ ᠤᠨ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ  ᠪᠠᠲᠤᠯᠠᠪᠠ᠃ 2024 ᠣᠨ ᠠᠴᠠ ᠨᠠᠭᠠᠰᠢ᠂ ᠪᠥᠬᠦ ᠲᠣᠭᠤᠷᠢᠭ ᠤᠨ ᠬᠤᠭᠤᠴᠠᠭ᠎ᠠ ᠨᠢ ᠣᠶᠢᠷᠠᠲᠤᠭᠰᠠᠨ ᠪᠠᠶᠢᠴᠠᠭᠠᠨ ᠰᠢᠯᠭᠠᠬᠤ ᠣᠨᠴᠠ ᠲᠥᠷᠥᠯ ᠤᠨ ᠲᠥᠬᠦᠭᠡᠷᠦᠮᠵᠢ ᠨᠢ ᠰᠠᠷ᠎ᠠ ᠪᠦᠷᠢ ᠶᠢᠨ 800 ᠰᠠᠤᠷᠢ ︵ᠢᠵᠢ︶ ᠪᠠᠶᠢᠭᠰᠠᠨ ᠠᠴᠠ ᠪᠠᠭᠤᠷᠠᠭᠤᠯᠤᠭᠠᠳ ᠣᠳᠣᠬᠠᠨ ᠤ 100 ᠰᠠᠤᠷᠢ ︵ᠢᠵᠢ︶ ᠪᠣᠯᠵᠤ᠂ ᠪᠠᠭᠤᠷᠠᠭᠤᠯᠤᠭᠰᠠᠨ ᠨᠣᠷᠮ᠎ᠠ ᠶᠢ 85% ᠠᠴᠠ ᠳᠡᠭᠡᠭᠰᠢ ᠳᠤ ᠬᠦᠷᠭᠡᠪᠡ᠃

    ᠳᠥᠷᠪᠡ ᠳᠤ ︽ᠬᠠᠮᠲᠤᠷᠠᠨ ᠬᠥᠳᠡᠯᠦᠯᠴᠡᠬᠦ︾ ᠬᠢᠨᠠᠨ ᠬᠠᠮᠢᠶᠠᠷᠬᠤ ᠲᠣᠭᠲᠠᠴᠠ᠃ ︽ᠲᠠᠰᠤᠭ ᠭᠠᠵᠠᠷ ᠠᠩᠭᠢ ᠬᠤᠯᠪᠣᠭᠠᠯᠠᠨ ᠬᠥᠳᠡᠯᠦᠯᠴᠡᠬᠦ︾ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ᠂ ᠲᠠᠰᠤᠭ ᠤᠨ ᠲᠤᠰᠬᠠᠶ ᠮᠡᠷᠭᠡᠵᠢᠯ ᠤᠨ ᠴᠢᠨᠠᠷᠲᠠᠶ ᠵᠢᠯᠣᠭᠤᠳᠬᠤ ᠣᠨᠴᠠᠯᠢᠭ ᠢ ᠳᠣᠪᠤᠶᠢᠯᠭᠠᠭᠰᠠᠨ ᠮᠥᠷᠲᠡᠭᠡᠨ ᠪᠠᠰᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ ᠶᠢᠨ ᠬᠠᠮᠲᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠶᠢᠨ ᠬᠠᠤᠯᠢ ᠬᠡᠷᠡᠭᠵᠢᠭᠦᠯᠦᠯᠲᠡ ᠶᠢ ᠰᠠᠯᠭᠠᠬᠤ ᠠᠵᠢᠯ ᠢ ᠨᠠᠶᠢᠳᠠᠪᠤᠷᠢᠵᠢᠭᠤᠯᠪᠠ᠃ ᠲᠠᠰᠤᠭ᠂ ᠬᠢᠨᠠᠯᠲᠠ ᠬᠠᠮᠢᠶᠠᠷᠤᠯᠲᠠ ᠶᠢᠨ ᠭᠠᠵᠠᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠬᠠᠮᠵᠢᠯᠴᠠᠨ ᠬᠥᠳᠡᠯᠦᠯᠴᠡᠭᠰᠡᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠪᠦᠷᠢᠯᠳᠦᠬᠦ ᠶᠢ ᠪᠥᠬᠦ ᠲᠠᠯ᠎ᠠ ᠪᠠᠷ ᠴᠢᠩᠭᠠᠳᠬᠠᠨ ᠠᠬᠢᠭᠤᠯᠬᠤ ᠰᠠᠭᠤᠷᠢ ᠶᠢ ᠪᠠᠬᠢᠵᠢᠭᠦᠯᠪᠡ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ