ᠠᠯᠠᠱᠠ ᠠᠶᠢᠮᠠᠭ ᠢᠲᠡᠭᠡᠮᠵᠢ ᠪᠠᠨ ᠰᠡᠷᠭᠦᠭᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ ᠦᠨᠡᠨᠴᠢ ᠢᠲᠡᠭᠡᠮᠵᠢᠲᠡᠶ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠵᠤ ᠪᠣᠶ
ᠨᠡᠶᠢᠲᠡᠯᠡᠭᠰᠡᠨ ᠴᠠᠭ᠄
2024/4/8

    ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠦᠢᠯᠡᠴᠢᠯᠡᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠣᠨᠣᠯᠵᠢᠬᠤᠨ ᠢ ᠪᠠᠷᠢᠮᠲᠠᠯᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠡᠷᠬᠡ ᠠᠰᠢᠭ ᠤᠨ ᠪᠠᠲᠤᠯᠠᠭ᠎ᠠ ᠳᠤ ᠠᠩᠬᠠᠷᠤᠯ ᠢᠶᠠᠨ ᠬᠠᠨᠳᠤᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠢᠲᠡᠭᠡᠮᠵᠢ ᠪᠠᠨ ᠰᠡᠷᠭᠦᠭᠡᠬᠦ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠪᠠ᠃

    ᠨᠢᠭᠡ ᠳᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠵᠦ᠂ ᠢᠲᠡᠭᠡᠮᠵᠢ ᠶᠢᠨ ᠰᠡᠷᠭᠦᠭᠡᠯᠲᠡ ᠶᠢ ︽ᠳᠥᠭᠦᠮ ᠳᠥᠲᠡ ᠭᠦᠢᠴᠡᠳᠬᠡᠬᠦ︾ ᠶᠢ ᠠᠬᠢᠭᠤᠯᠪᠠ᠃ ︽ᠬᠤᠶᠠᠷ ᠢ ᠰᠢᠯᠢᠳᠡᠭᠵᠢᠭᠦᠯᠬᠦ︾ ᠲᠥᠰᠦᠯ ᠢ ᠳᠣᠷᠣᠭᠰᠢ ᠪᠠᠭᠤᠯᠭᠠᠵᠤ ᠬᠡᠷᠡᠭᠵᠢᠭᠦᠯᠦᠭᠰᠡᠨ ᠠᠴᠠ ᠨᠠᠭᠠᠰᠢ᠂ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠢᠲᠡᠭᠡᠮᠵᠢ ᠶᠢ ᠰᠡᠷᠭᠦᠭᠡᠬᠦ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠵᠢᠯᠣᠭᠤᠳᠤᠨ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠡᠭᠡᠷ᠎ᠡ ᠢᠲᠡᠭᠡᠮᠵᠢ ᠶᠢ ᠰᠡᠷᠭᠦᠭᠡᠬᠦ ᠪᠠᠷ ᠭᠤᠶᠤᠴᠢᠯᠠᠵᠤ᠂ ᠢᠲᠡᠭᠡᠮᠵᠢ ᠶᠢ ᠰᠡᠷᠭᠦᠭᠡᠬᠦ ᠪᠠᠷ ᠭᠤᠶᠤᠴᠢᠯᠠᠭᠰᠠᠨ ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠤᠰᠢᠶᠠᠵᠤ᠂ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠦᠨ᠂ ᠢᠲᠡᠭᠡᠮᠵᠢ ᠶᠢ ᠰᠡᠷᠭᠦᠭᠡᠬᠦ ᠦᠢᠯᠡᠴᠢᠯᠡᠭᠡᠨ ᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠷ ᠠᠴᠠ ᠪᠠᠨ ᠭᠠᠷᠬᠤ ᠥᠬᠡᠶ ᠪᠠᠷ ᠢᠲᠡᠭᠡᠮᠵᠢ ᠶᠢ ᠰᠡᠷᠭᠦᠭᠡᠬᠦ ᠶᠢ ᠪᠡᠶᠡᠯᠡᠭᠦᠯᠵᠦ᠂ ᠥᠷᠭᠡᠨ ᠣᠯᠠᠨ ᠡᠵᠡᠩᠨᠡᠯᠲᠡ ᠶᠢᠨ ᠭᠤᠤᠯ ᠴᠣᠭᠴᠠ ᠳᠤ ᠢᠲᠡᠭᠡᠮᠵᠢ ᠶᠢ ᠰᠡᠷᠭᠦᠭᠡᠬᠦ ᠳᠥᠭᠦᠮ ᠳᠥᠲᠡ ᠦᠢᠯᠡᠴᠢᠯᠡᠭᠡ ᠬᠠᠩᠭᠠᠪᠠ᠃ 

    ᠬᠤᠶᠠᠷ ᠲᠤ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠢᠲᠡᠭᠡᠮᠵᠢ ᠶᠢ ᠰᠡᠷᠭᠦᠭᠡᠬᠦ ᠶᠢ ︽ᠥᠨᠳᠥᠷ ᠪᠦᠲᠦᠮᠵᠢᠲᠡᠶ ᠭᠦᠢᠴᠡᠳᠬᠡᠬᠦ︾ ᠶᠢ ᠪᠡᠶᠡᠯᠡᠭᠦᠯᠪᠡ᠃ ᠢᠲᠡᠭᠡᠮᠵᠢ ᠶᠢ ᠰᠡᠷᠭᠦᠭᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ᠂ ᠭᠦᠢᠴᠡᠳᠬᠡᠬᠦ ᠴᠤᠪᠤᠷᠠᠯ ᠵᠡᠷᠭᠡ ᠲᠠᠯ᠎ᠠ ᠠᠴᠠ ᠢᠲᠡᠭᠡᠮᠵᠢ ᠶᠢ ᠰᠡᠷᠭᠦᠭᠡᠬᠦ ᠠᠵᠢᠯᠯᠠᠭᠠᠨ ᠤ ᠴᠤᠪᠤᠷᠠᠯ ᠢ ᠰᠢᠯᠤᠭᠤᠳᠬᠠᠬᠤ ᠶᠢᠨ ᠬᠠᠮᠲᠤ ᠰᠢᠯᠢᠳᠡᠭᠵᠢᠭᠦᠯᠵᠦ᠂ ᠲᠤᠬᠠᠶᠢᠲᠠᠶ ᠬᠥᠮᠦᠨ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠤ ᠢᠲᠡᠭᠡᠮᠵᠢ ᠶᠢ ᠰᠡᠷᠭᠦᠭᠡᠬᠦ ᠶᠢ ᠴᠠᠭ ᠲᠤᠬᠠᠶ ᠳᠤᠨᠢ ᠣᠨᠣᠪᠴᠢᠲᠠᠶ ᠪᠡᠶᠡᠯᠡᠭᠦᠯᠬᠦ ᠳᠤ ᠲᠥᠬᠦᠮ ᠦᠵᠡᠭᠦᠯᠦᠨ᠂ ᠥᠷᠭᠡᠨ ᠣᠯᠠᠨ ᠡᠵᠡᠩᠨᠡᠯᠲᠡ ᠶᠢᠨ ᠭᠤᠤᠯ ᠴᠣᠭᠴᠠ ᠳᠤ ᠢᠲᠡᠭᠡᠮᠵᠢ ᠶᠢ ᠰᠡᠷᠭᠦᠭᠡᠬᠦ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠪᠠ᠃

    ᠭᠤᠷᠪᠠ ᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢ ᠶᠢ ᠰᠡᠷᠭᠦᠭᠡᠬᠦ ︽ᠳᠣᠲᠣᠨᠣ ᠭᠦᠢᠴᠡᠳᠬᠡᠬᠦ︾ ᠶᠢ ᠥᠷᠭᠡᠳᠬᠡᠪᠡ᠃ ᠫᠤᠷᠲ᠋ᠧᠯ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠵᠠᠭᠤᠴᠢ ᠶᠢᠨ ᠠᠷᠭ᠎ᠠ ᠵᠠᠮ ᠢᠶᠠᠷ ᠳᠠᠮᠵᠢᠭᠤᠯᠤᠨ ᠢᠲᠡᠭᠡᠮᠵᠢ ᠶᠢ ᠰᠡᠷᠭᠦᠭᠡᠬᠦ ᠠᠵᠢᠯ ᠶᠠᠪᠤᠳᠠᠯ ᠢ ᠭᠦᠢᠴᠡᠳᠬᠡᠬᠦ ᠵᠦᠭᠯᠡᠭᠦᠷ᠂ ᠪᠢᠴᠢᠭ ᠬᠠᠷ᠎ᠠ ᠵᠡᠷᠭᠡ ᠶᠢ ᠨᠡᠶᠢᠲᠡ ᠳᠤ ᠵᠠᠷᠯᠠᠵᠤ᠂ ᠢᠲᠡᠭᠡᠮᠵᠢ ᠶᠢ ᠰᠡᠷᠭᠦᠭᠡᠬᠦ ᠳᠦ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢᠨ ᠲᠥᠬᠦᠮ ᠦᠵᠡᠭᠦᠯᠬᠦ ᠬᠡᠮᠵᠢᠶ᠎ᠡ ᠶᠢ ᠶᠡᠬᠡᠪᠡᠷ ᠤᠬᠠᠭᠤᠯᠤᠨ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠢᠳᠡᠪᠬᠢᠲᠡᠶ ᠪᠠᠷ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ︽ᠰᠦᠯᠵᠢᠶᠡᠨ ᠳᠡᠭᠡᠷ᠎ᠡ ᠭᠦᠢᠴᠡᠳᠬᠡᠬᠦ︾ ᠪᠠᠷ ᠳᠠᠮᠵᠢᠭᠤᠯᠤᠨ ᠢᠲᠡᠭᠡᠮᠵᠢ ᠶᠢ ᠰᠡᠷᠭᠦᠭᠡᠵᠦ᠂ ᠢᠲᠡᠭᠡᠮᠵᠢ ᠠᠯᠳᠠᠭᠰᠠᠨ ᠭᠤᠤᠯ ᠴᠣᠭᠴᠠ ᠶᠢ ᠬᠠᠪᠰᠤᠷᠤᠨ ᠢᠲᠡᠭᠡᠮᠵᠢ ᠶᠢ ᠳᠠᠬᠢᠨ ᠪᠣᠶ ᠪᠣᠯᠭᠠᠪᠠ᠃ 2024 ᠣᠨ ᠤ 1 ᠳ᠋ᠦ᠋ᠭᠡᠷ ᠰᠠᠷ᠎ᠠ ᠠᠴᠠ 3 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠪᠥᠬᠦ ᠠᠶᠢᠮᠠᠭ 32 ᠡᠷᠦᠬᠡ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠠᠵᠤ ᠠᠬᠤᠶᠢᠯᠠᠯ ᠢ ᠰᠢᠯᠵᠢᠭᠦᠯᠦᠨ ᠭᠠᠷᠭᠠᠵᠤ᠂ 7 ᠡᠷᠦᠬᠡ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢ ᠰᠢᠯᠵᠢᠭᠦᠯᠦᠨ ᠭᠠᠷᠭᠠᠵᠤ᠂ ᠬᠡᠪ ᠤᠨ ᠪᠤᠰᠤ ᠡᠵᠡᠩᠨᠡᠯᠲᠡ ᠶᠢᠨ ᠪᠠᠶᠢᠳᠠᠯ ᠲᠠᠢ 324 ᠡᠷᠦᠬᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠦᠭᠡᠶᠢᠰᠬᠡᠵᠦ᠂ ᠬᠦᠨᠳᠦ ᠨᠣᠴᠢᠲᠠᠶ ᠬᠠᠤᠯᠢ ᠠᠴᠠ ᠵᠥᠷᠢᠴᠡᠨ ᠢᠲᠡᠭᠡᠮᠵᠢ ᠠᠯᠳᠠᠭᠰᠠᠨ 14 ᠡᠷᠦᠬᠡ ᠠᠵᠤ ᠠᠬᠤᠶᠢᠯᠠᠯ ᠢ ᠰᠢᠯᠵᠢᠭᠦᠯᠦᠨ ᠭᠠᠷᠭᠠᠪᠠ᠃

 

ᠢᠷᠡᠯᠲᠡ᠄ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ