ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ︾ ᠶᠢ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2024/4/8

    ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ 9 ᠬᠠᠷᠢᠭᠤᠴᠠᠯᠭᠠᠲᠤ ᠨᠢᠭᠡᠴᠢ ᠬᠠᠮᠲᠤ ᠪᠠᠷ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠢᠳᠡᠭᠡᠨ ᠤᠮᠳᠠᠭᠠᠨ ᠤ ᠳᠡᠯᠭᠡᠭᠦᠷ ᠡᠷᠭᠢᠯᠡᠬᠦ᠂ ᠠᠵᠤ ᠠᠬᠤᠶᠢᠯᠠᠯ ᠤᠨ ᠬᠦᠴᠦᠨ ᠥᠬᠡᠶ ᠪᠣᠯᠭᠠᠬᠤ ᠳᠡᠩᠰᠡᠯᠡᠯᠲᠡ ᠶᠢᠨ ︽ᠨᠢᠭᠡ ᠶᠠᠪᠤᠳᠠᠯ︾ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠬᠠᠮᠲᠤ ᠪᠠᠷ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃

    ᠨᠢᠭᠡ ᠳᠤ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ︾ ᠶᠢ ᠰᠢᠯᠢᠳᠡᠭᠵᠢᠭᠦᠯᠵᠦ᠂ ︽ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ︾ ᠦᠢᠯᠡᠴᠢᠯᠡᠭᠡ ᠶᠢ ᠪᠡᠶᠡᠯᠡᠭᠦᠯᠪᠡ᠃ ᠠᠵᠢᠯ ᠶᠠᠪᠤᠳᠠᠯ ᠭᠦᠢᠴᠡᠳᠭᠡᠬᠦ ᠴᠣᠩᠬᠤᠪᠴᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠦᠢᠯᠡᠴᠢᠯᠡᠭᠡᠨ ᠤ ᠲᠤᠰᠬᠠᠶ ᠲᠣᠭᠤᠷᠢᠭ ᠢ ᠲᠣᠬᠢᠷᠠᠭᠤᠯᠵᠤ᠂ ︽ᠴᠣᠩᠬᠤᠪᠴᠢ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠵᠠᠭᠪᠤᠷ ᠶᠣᠰᠣᠭᠠᠷ᠂ ︽ᠲᠥᠪᠯᠡᠷᠡᠭᠦᠯᠦᠨ ᠭᠦᠢᠴᠡᠳᠭᠡᠬᠦ︾ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠤ ︽ᠣᠯᠠᠨ ᠲᠠᠯ᠎ᠠ ᠠᠴᠠ ᠭᠦᠢᠴᠡᠳᠭᠡᠬᠦ︾ ᠪᠠᠶᠢᠭᠰᠠᠨ ᠠᠴᠠ ᠪᠠᠨ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ︾ ᠪᠣᠯᠭᠠᠨ ᠬᠤᠪᠢᠷᠠᠭᠤᠯᠵᠤ᠂ ︽ᠣᠯᠠᠨ ᠤᠳᠠᠭ᠎ᠠ ᠳᠤ ᠭᠦᠢᠴᠡᠳᠭᠡᠬᠦ︾ ᠪᠠᠶᠢᠭᠰᠠᠨ ᠠᠴᠠ ︽ᠨᠢᠭᠡ ᠯᠡ ᠤᠳᠠᠭ᠎ᠠ ᠳᠤ ᠭᠦᠢᠴᠡᠳᠭᠡᠬᠦ︾ ᠪᠣᠯᠭᠠᠨ ᠬᠤᠪᠢᠷᠠᠭᠤᠯᠵᠤ᠂ ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ︽ᠨᠢᠭᠡ ᠯᠡ ᠤᠳᠠᠭ᠎ᠠ ᠳᠤ ᠭᠦᠢᠴᠡᠳᠭᠡᠬᠦ︾ ᠪᠣᠯᠭᠠᠨ ᠬᠤᠪᠢᠷᠠᠭᠤᠯᠵᠤ᠂   ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ ︽ᠳᠥᠭᠦᠮ ᠳᠥᠲᠡ ᠵᠠᠮ︾ ᠢ ᠨᠡᠪᠲᠡᠷᠡᠭᠦᠯᠵᠦ᠂ ᠴᠣᠩᠬᠤᠪᠴᠢ ᠳᠤ ᠬᠡᠷᠡᠭ ᠶᠠᠪᠤᠳᠠᠯ ᠢ ᠢᠯᠭᠠᠬᠤ ᠥᠬᠡᠶ᠂ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠯᠡ ᠤᠳᠠᠭ᠎ᠠ ᠳᠤ ᠭᠦᠢᠴᠡᠳᠭᠡᠵᠦ ᠳᠠᠭᠤᠰᠬᠠᠬᠤ ᠶᠢ ᠪᠡᠶᠡᠯᠡᠭᠦᠯᠪᠡ᠃

    ᠬᠤᠶᠠᠷ ᠲᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠰᠢᠯᠢᠳᠡᠭᠵᠢᠭᠦᠯᠵᠦ᠂ ︽ᠨᠢᠭᠡ ᠲᠠᠯ᠎ᠠ ᠳᠤ ᠭᠥᠯᠢᠶᠡᠨ ᠠᠪᠴᠤ ᠰᠢᠢᠳᠪᠦᠷᠢᠯᠡᠬᠦ᠂ ᠵᠡᠷᠭᠡᠪᠡᠷ ᠬᠢᠨᠠᠨ ᠵᠥᠪᠰᠢᠶᠡᠷᠡᠬᠦ︾ ᠦᠢᠯᠡᠴᠢᠯᠡᠭᠡ ᠶᠢ ᠪᠡᠶᠡᠯᠡᠭᠦᠯᠪᠡ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ︽  ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠲᠤᠰᠬᠠᠶ ᠪᠤᠯᠤᠩ ᠭᠠᠷᠭᠠᠵᠤ᠂ ᠨᠢᠭᠡᠳᠦᠯᠲᠡᠶ ᠣᠷᠣᠬᠤ ᠡᠭᠦᠳᠡ ᠪᠠᠷ ᠳᠠᠮᠵᠢᠭᠤᠯᠤᠨ ︽ᠨᠢᠭᠡ ᠲᠠᠯ᠎ᠠ ᠳᠤ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠵᠦ᠂ ︽ᠰᠦᠯᠵᠢᠶᠡᠨ ᠳᠡᠭᠡᠷ᠎ᠡ ᠭᠥᠯᠢᠶᠡᠨ ᠠᠪᠬᠤ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ᠂ ᠰᠦᠯᠵᠢᠶᠡᠨ ᠳᠡᠭᠡᠷ᠎ᠡ ᠲᠣᠭᠲᠠᠭᠠᠬᠤ᠂ ᠰᠦᠯᠵᠢᠶᠡᠨ ᠳᠡᠭᠡᠷ᠎ᠡ ᠰᠢᠢᠳᠪᠦᠷᠢᠯᠡᠵᠦ ᠳᠠᠭᠤᠰᠬᠠᠬᠤ︾ ᠵᠡᠷᠭᠡ ᠪᠥᠬᠦ ᠶᠠᠪᠤᠴᠠ ᠶᠢᠨ ᠦᠢᠯᠡᠴᠢᠯᠡᠭᠡ ᠶᠢ ᠬᠡᠷᠡᠭᠵᠢᠭᠦᠯᠦᠨ᠂  ︽ᠨᠢᠭᠡ ᠰᠦᠯᠵᠢᠶ᠎ᠡ ᠪᠠᠷ ᠬᠠᠮᠤᠷᠬᠤ︾ ᠰᠠᠭᠠᠳ ᠥᠬᠡᠶ ᠨᠡᠪᠲᠡᠷᠡᠬᠦ ᠬᠡᠮᠵᠢᠶ᠎ᠡ ᠶᠢ ᠳᠡᠭᠡᠭᠰᠢᠯᠡᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢᠨ ᠲᠥᠬᠦᠮ ᠦᠵᠡᠭᠦᠯᠬᠦ ᠬᠡᠮᠵᠢᠶ᠎ᠡ ᠶᠢ ᠠᠬᠢᠭᠤᠯᠤᠨ᠂ ︽ᠭᠠᠭᠴᠠ ᠰᠠᠯᠠᠭ᠎ᠠ ᠮᠥᠴᠢᠷ ᠡᠴᠠ‌ᠬᠤᠯᠪᠣᠭᠠᠯᠠᠨ ᠬᠢᠨᠠᠨ ᠵᠥᠪᠰᠢᠶᠡᠷᠡᠬᠦ︾ ᠶᠢ ︽ᠨᠡᠶᠢᠯᠡᠭᠦᠯᠦᠨ ᠬᠢᠨᠠᠨ ᠵᠥᠪᠰᠢᠶᠡᠷᠡᠬᠦ︾ ᠪᠣᠯᠭᠠᠨ ᠬᠤᠪᠢᠷᠠᠭᠤᠯᠵᠤ᠂ ︽ᠣᠯᠠᠨ ᠲᠦᠮᠡᠨ ᠭᠦᠶᠦᠬᠦ︾ ᠪᠠᠶᠢᠭᠰᠠᠨ ᠠᠴᠠ ︽ᠲᠤᠭ᠎ᠠ ᠪᠠᠷᠢᠮᠲᠠ ᠭᠦᠶᠦᠬᠦ︾ ᠪᠣᠯᠭᠠᠨ ᠬᠤᠪᠢᠷᠠᠭᠤᠯᠵᠤ᠂ ᠥᠨᠳᠥᠷ ᠪᠦᠲᠦᠮᠵᠢᠲᠡᠶ ᠪᠠᠷ ᠭᠦᠢᠴᠡᠳᠭᠡᠬᠦ᠂ ᠲᠦᠷᠭᠡᠨ ᠭᠦᠢᠴᠡᠳᠭᠡᠬᠦ᠂ ᠰᠡᠳᠬᠢᠯ ᠠᠮᠠᠷᠠᠭᠤᠯᠤᠨ ᠭᠦᠢᠴᠡᠳᠭᠡᠬᠦ ︽ᠴᠤᠪᠤᠷᠠᠯ ᠱᠤᠭᠤᠮ︾ ᠢ ᠪᠣᠶ ᠪᠣᠯᠭᠠᠵᠤ᠂ ᠣᠯᠠᠨ ᠵᠦᠢᠯᠡᠰ ᠢ ︽ᠠᠭᠤᠯᠵᠠᠬᠤ ᠥᠬᠡᠶ ᠪᠠᠷ ᠬᠢᠨᠠᠨ ᠵᠥᠪᠰᠢᠶᠡᠷᠡᠬᠦ︾ ᠶᠢ ᠪᠡᠶᠡᠯᠡᠭᠦᠯᠪᠡ᠃

    ᠭᠤᠷᠪᠠ ᠳᠤ ︽ᠨᠢᠭᠡ ᠭᠤᠭᠴᠤᠭ᠎ᠠ︾ ᠶᠢ ᠰᠢᠯᠢᠳᠡᠭᠵᠢᠭᠦᠯᠵᠦ᠂ ︽ᠨᠢᠭᠡ ᠬᠦᠰᠦᠨᠦᠭᠲᠦ᠂ ᠨᠢᠭᠡ ᠢᠵᠢ ᠮᠠᠲ᠋ᠧᠷᠢᠶᠠᠯ︾ ᠤᠨ ᠦᠢᠯᠡᠴᠢᠯᠡᠭᠡ ᠶᠢ ᠪᠡᠶᠡᠯᠡᠭᠦᠯᠪᠡ᠃ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠵᠤ᠂ ᠤᠤᠯ ᠤᠨ 9 ᠰᠠᠯᠠᠭ᠎ᠠ ᠮᠥᠴᠢᠷ ᠤᠨ ︽ᠣᠯᠠᠨ ᠬᠢᠨᠠᠨ ᠵᠥᠪᠰᠢᠶᠡᠷᠡᠬᠦ ᠭᠤᠭᠴᠤᠭ᠎ᠠ︾ ᠶᠢ ᠪᠦᠬᠦᠨ ᠢ ︽ᠨᠢᠭᠡ ᠬᠢᠨᠠᠨ ᠵᠥᠪᠰᠢᠶᠡᠷᠡᠬᠦ ᠭᠤᠭᠴᠤᠭ᠎ᠠ︾ ᠪᠣᠯᠭᠠᠨ ᠡᠮᠬᠢᠯᠡᠨ ᠨᠡᠶᠢᠯᠡᠭᠦᠯᠵᠦ᠂ ︽ᠨᠢᠭᠡ ᠳᠠᠷᠤᠪᠴᠢ ᠪᠠᠷ ᠭᠦᠢᠴᠡᠳᠬᠡᠬᠦ︾ ᠶᠢ ᠪᠡᠶᠡᠯᠡᠭᠦᠯᠪᠡ᠃ ᠭᠤᠶᠤᠴᠢᠯᠠᠯ ᠤᠨ ᠮᠠᠲ᠋ᠧᠷᠢᠶᠠᠯ ᠢ ᠨᠡᠶᠢᠯᠡᠭᠦᠯᠵᠦ᠂ ︽ᠣᠯᠠᠨ ᠬᠦᠰᠦᠨᠦᠭᠲᠦ ᠶᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠯᠡ ᠬᠦᠰᠦᠨᠦᠭᠲᠦ ᠪᠠᠷ ᠭᠤᠶᠤᠴᠢᠯᠠᠬᠤ︾᠂ ︽ᠨᠢᠭᠡ ᠢᠵᠢ ᠮᠠᠲ᠋ᠧᠷᠢᠶᠠᠯ᠂ ᠨᠢᠭᠡ ᠯᠡ ᠤᠳᠠᠭ᠎ᠠ ᠳᠤ ᠲᠤᠰᠢᠶᠠᠬᠤ︾ ᠶᠢ ᠬᠡᠷᠡᠭᠵᠢᠭᠦᠯᠪᠡ᠃ ᠭᠦᠢᠴᠡᠳᠭᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ 9 ᠰᠠᠯᠠᠭ᠎ᠠ ᠮᠥᠴᠢᠷ ᠤᠨ ᠭᠦᠢᠴᠡᠳᠭᠡᠬᠦ ᠴᠠᠭ ᠢ ᠤᠤᠯ ᠤᠨ 2 - 5 ᠠᠵᠢᠯᠯᠠᠬᠤ ᠡᠳᠦᠷ ᠪᠠᠶᠢᠭᠰᠠᠨ ᠠᠴᠠ ᠨᠢ 2 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠠᠮᠠᠯᠠᠯᠲᠠ ᠪᠠᠷ ᠭᠦᠢᠴᠡᠳᠭᠡᠬᠦ ᠠᠵᠢᠯ ᠢ 100% ᠪᠣᠯᠭᠠᠪᠠ᠃ ᠬᠠᠮᠲᠤᠷᠠᠨ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠵᠤ ᠬᠢᠨᠠᠨ ᠵᠥᠪᠰᠢᠶᠡᠷᠡᠬᠦ ᠵᠦᠢᠯᠡᠰ ᠲᠤ ᠬᠤᠯᠪᠣᠭᠳᠠᠭᠤᠯᠤᠨ᠂ ᠰᠠᠯᠠᠭ᠎ᠠ ᠮᠥᠴᠢᠷ ᠤᠳ ᠬᠠᠮᠲᠤᠷᠠᠨ ᠬᠢᠨᠠᠨ ᠲᠣᠭᠲᠠᠭᠠᠬᠤ᠂ ᠬᠠᠮᠲᠤᠷᠠᠨ ᠬᠠᠶᠢᠨ ᠰᠢᠯᠭᠠᠬᠤ᠂ ᠬᠤᠯᠪᠣᠭᠠᠯᠠᠨ ᠰᠢᠯᠭᠠᠨ ᠠᠪᠬᠤ ᠵᠡᠷᠭᠡ ᠵᠡᠷᠭᠡ ᠪᠠᠷ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠠᠪᠴᠤ᠂ ᠭᠤᠶᠤᠴᠢᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ ᠶᠢᠨ ︽ᠭᠤᠷᠪᠠ ᠶᠢ ᠨᠢᠭᠡᠳᠦᠯᠲᠡᠶ ᠪᠣᠯᠭᠠᠬᠤ︾ ᠶᠢ ᠠᠬᠢᠭᠤᠯᠤᠨ᠂ ᠰᠢᠢᠳᠪᠦᠷᠢᠯᠡᠬᠦ ᠵᠦᠢᠯᠡᠰ ᠢ ︽ᠢᠯᠭᠠᠭ᠎ᠠ ᠥᠬᠡᠶ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ᠂ ᠠᠳᠠᠯᠢ ᠶᠠᠰᠤ ᠴᠢᠨᠠᠷ ᠤᠨ ᠦᠢᠯᠡᠴᠢᠯᠡᠭᠡ︾ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠢ ︽ᠠᠵᠢᠯ ᠬᠡᠷᠡᠭ ᠭᠦᠢᠴᠡᠳᠬᠡᠬᠦ ᠳᠤ ᠨᠢᠭᠡ ᠯᠡ ᠤᠳᠠᠭ᠎ᠠ ᠭᠦᠶᠦᠯᠭᠡᠬᠦ᠂ ᠨᠢᠭᠡ ᠯᠡ ᠤᠳᠠᠭ᠎ᠠ ᠳᠤ ᠬᠢᠵᠦ ᠳᠠᠭᠤᠰᠬᠠᠬᠤ︾ ᠵᠠᠬᠢᠶᠠᠯᠠᠭ᠎ᠠ ᠶᠢᠨ ᠮᠠᠶ᠋ᠢᠭ ᠤᠨ ᠦᠢᠯᠡᠴᠢᠯᠡᠭᠡ ᠶᠢ ᠦᠨᠡᠨ ᠬᠦ ᠪᠡᠶᠡᠯᠡᠭᠦᠯᠪᠡ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ