ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠵᠢᠵᠢᠭ ᠢᠳᠡᠭᠡᠨ ᠤᠮᠳᠠᠭᠠᠨ ᠤ ᠳᠡᠯᠭᠡᠭᠦᠷ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ︾ ᠤᠨ ᠰᠢᠷᠢᠰ ᠢᠵᠢ ᠪᠥᠷᠢᠳᠦᠭᠦᠯᠬᠦ ᠬᠠᠮᠢᠶᠠᠷᠤᠯᠲᠠ ᠶᠢᠨ ᠠᠷᠭ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/8

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠳᠡᠩᠰᠡᠯᠡᠨ ᠬᠠᠮᠢᠶᠠᠷᠬᠤ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠵᠢᠵᠢᠭ ᠢᠳᠡᠭᠡᠨ ᠤᠮᠳᠠᠭᠠᠨ ᠤ ᠳᠡᠯᠭᠡᠭᠦᠷ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯᠳᠤᠭᠠᠨ ᠠᠴᠠ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠮᠠᠨ ᠤ ᠣᠷᠣᠨ ᠤ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠢ ᠳᠠᠩᠰᠠᠯᠠᠨ ᠬᠠᠮᠢᠶᠠᠷᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠢ ᠳᠠᠩᠰᠠᠯᠠᠨ ᠬᠠᠮᠢᠶᠠᠷᠬᠤ ᠠᠷᠭ᠎ᠠ︾ ︵ᠳᠣᠷᠣᠭᠰᠢ ︽ᠵᠢᠵᠢᠭ ᠦᠢᠯᠡᠳᠭᠡᠯ ᠤᠨ ᠭᠠᠵᠠᠷ ᠤᠨ ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃ ᠬᠢᠨᠠᠨ ᠬᠠᠮᠢᠶᠠᠷᠬᠤ ᠠᠵᠢᠯᠲᠠᠨ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠵᠢᠴᠢ ᠨᠡᠶᠢᠭᠡᠮ ᠨᠡᠶᠢᠲᠡ ᠶᠢᠨ ᠬᠢᠨ ︽ᠵᠢᠵᠢᠭ ᠦᠢᠯᠡᠳᠬᠡᠯ ᠤᠨ ᠭᠠᠵᠠᠷ ᠤᠨ ᠬᠠᠮᠢᠶᠠᠷᠤᠯᠲᠠ ᠶᠢᠨ ᠠᠷᠭ᠎ᠠ︾ ᠶᠢ ᠨᠡᠩ ᠰᠠᠶᠢᠲᠤᠷ ᠣᠶᠢᠯᠠᠭᠠᠬᠤ ᠳᠤ ᠳᠥᠭᠦᠮ ᠦᠵᠡᠭᠦᠯᠬᠦ ᠶᠢᠨ ᠲᠤᠰᠠᠳᠠ᠂ ᠡᠳᠦᠭᠡ ᠲᠡᠭᠦᠨ ᠤ ᠭᠤᠤᠯ ᠠᠭᠤᠯᠭ᠎ᠠ ᠳᠤ ᠳᠣᠤᠷᠠᠬᠢ ᠮᠡᠲᠦ ᠲᠠᠶᠢᠯᠤᠮᠵᠢ ᠬᠢᠪᠡ᠃

ᠨᠢᠭᠡ᠂ ︽ᠵᠢᠵᠢᠭ ᠦᠢᠯᠡᠳᠬᠡᠯ ᠤᠨ ᠭᠠᠵᠠᠷ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠬᠢᠷᠠᠬᠤ ᠬᠡᠪᠴᠢᠶ᠎ᠡ

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠲᠤ ᠳᠠᠩᠰᠠᠯᠠᠬᠤ ᠳᠦᠷᠢᠮ ᠢ ᠬᠡᠷᠡᠭᠵᠢᠭᠦᠯᠦᠨ᠎ᠡ᠃ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠮᠠᠭᠠᠳᠯᠠᠨ ᠲᠣᠭᠲᠠᠭᠠᠬᠤ ᠳᠤ ᠬᠤᠶᠠᠷ ᠨᠥᠬᠦᠴᠡᠯ ᠢ ᠵᠡᠷᠭᠡᠪᠡᠷ ᠬᠠᠩᠭᠠᠵᠤ᠂ ᠠᠵᠢᠯᠯᠠᠵᠤ ᠪᠠᠶᠢᠭ᠎ᠠ ᠬᠥᠮᠦᠰ ᠨᠢ 10 ᠠᠴᠠ ᠪᠠᠭ᠎ᠠ ᠪᠤᠶᠤ 10 ᠪᠠᠶᠢᠬᠤ᠂ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠠᠢ ︵ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢ ᠪᠠᠭᠲᠠᠭᠠᠬᠤ ᠦᠭᠡᠢ︶ ᠨᠢ 300 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠤᠶᠤ ᠲᠡᠩᠴᠡᠭᠦᠦ᠃

ᠬᠤᠶᠠᠷ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠦᠨᠳᠦᠰᠦᠨ ᠱᠠᠭᠠᠷᠳᠠᠯᠭ᠎ᠠ

    ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠨᠢ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠳᠤ ᠳᠣᠤᠷᠠᠬᠢ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠶ᠄

    ︵ᠨᠢᠭᠡ︶ ᠭᠠᠵᠠᠷ ᠰᠣᠩᠭᠤᠬᠤ ᠳᠤ ᠬᠤᠤᠷᠲᠠᠶ᠂ ᠬᠥᠨᠥᠭᠡᠯᠲᠡᠶ ᠲᠠᠯᠠᠪᠤᠷ ᠵᠢᠴᠢ ᠪᠤᠰᠤᠳ ᠪᠣᠬᠢᠷᠲᠤᠯ ᠤᠨ ᠡᠬᠢ ᠰᠤᠷᠪᠤᠯᠵᠢ ᠠᠴᠠ ᠬᠤᠯᠠ ᠪᠠᠶᠢᠬᠤ ᠬᠡᠷᠡᠭᠲᠡᠢ᠂ ᠵᠠᠶᠢᠯᠠᠬᠤ ᠳᠤ ᠪᠡᠷᠬᠡ ᠲᠠᠢ ᠪᠣᠯ ᠪᠣᠬᠢᠷᠲᠤᠯ ᠤᠨ ᠡᠬᠢ ᠰᠤᠷᠪᠤᠯᠵᠢ ᠠᠴᠠ ᠠᠮᠤᠷ ᠲᠦᠪᠰᠢᠨ ᠤ ᠵᠠᠶ ᠶᠢ ᠪᠠᠲᠤᠯᠠᠬᠤ ᠶᠢᠨ ᠬᠠᠮᠲᠤ ᠪᠣᠬᠢᠷᠲᠤᠯ ᠤᠨ ᠡᠬᠢ ᠰᠤᠷᠪᠤᠯᠵᠢ ᠶᠢᠨ ᠭᠤᠤᠯᠯᠠᠭᠴᠢ ᠰᠠᠯᠬᠢᠨ ᠤ ᠴᠢᠭᠯᠡᠯ ᠤᠨ ᠳᠡᠭᠡᠷ᠎ᠡ ᠲᠠᠯ᠎ᠠ ᠳᠤ ᠪᠠᠶᠢᠬᠤ ᠪᠠᠶᠢᠷᠢᠨ ᠳᠤ ᠪᠠᠶᠢᠭᠤᠯᠵᠤ᠂ ᠪᠣᠬᠢᠷᠲᠤᠯ ᠤᠨ ᠡᠬᠢ ᠰᠤᠷᠪᠤᠯᠵᠢ ᠳᠤ ᠪᠣᠬᠢᠷᠳᠤᠭᠳᠠᠬᠤ ᠦᠭᠡᠶ ᠪᠠᠶᠢᠬᠤ ᠶᠢ ᠪᠠᠲᠤᠯᠠᠬᠤ ᠬᠡᠷᠡᠭᠲᠡᠶ᠃

    ︵ᠬᠤᠶᠠᠷ︶ ᠦᠢᠯᠡᠳᠪᠦᠷᠢᠯᠡᠵᠦ ᠡᠳ᠋ᠰᠢᠭᠦᠯᠬᠦ ᠢᠳᠡᠭᠡᠨ ᠤ ᠲᠥᠷᠥᠯ ᠵᠦᠢᠯ᠂ ᠲᠤᠭ᠎ᠠ ᠬᠡᠮᠵᠢᠶ᠎ᠡ ᠲᠠᠢ ᠲᠣᠬᠢᠷᠠᠯᠴᠠᠭᠰᠠᠨ ᠦᠢᠯᠡᠳᠪᠦᠷᠢᠯᠡᠵᠦ ᠡᠳ᠋ᠰᠢᠭᠦᠯᠬᠦ᠂ ᠪᠣᠭᠤᠳᠠᠯᠯᠠᠬᠤ᠂ ᠬᠠᠳᠠᠭᠠᠯᠠᠬᠤ ᠵᠡᠷᠭᠡ ᠲᠠᠯᠠᠪᠤᠷ ᠪᠠᠶᠢᠵᠤ᠂ ᠲᠤᠰ ᠭᠠᠵᠠᠷ ᠤᠨ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠱᠠᠭᠠᠷᠳᠠᠯᠭ᠎ᠠ ᠪᠣᠯᠤᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃

    ︵ᠭᠤᠷᠪᠠ︶ ᠦᠢᠯᠡᠳᠪᠦᠷᠢᠯᠡᠵᠦ ᠡᠳ᠋ᠰᠢᠭᠦᠯᠬᠦ ᠢᠳᠡᠭᠡᠨ ᠤ ᠵᠦᠢᠯ᠂ ᠲᠤᠭ᠎ᠠ ᠬᠡᠮᠵᠢᠶ᠎ᠡ ᠲᠠᠢ ᠲᠣᠬᠢᠷᠠᠯᠴᠠᠭᠰᠠᠨ ᠦᠢᠯᠡᠳᠪᠦᠷᠢᠯᠡᠵᠦ ᠡᠳ᠋ᠰᠢᠭᠦᠯᠬᠦ ᠪᠡᠯᠡᠳᠬᠡᠮᠵᠢ᠂ ᠲᠥᠬᠦᠭᠡᠷᠦᠮᠵᠢ ᠲᠠᠢ᠂ ᠤᠰᠤ ᠬᠠᠩᠭᠠᠬᠤ ᠤᠰᠤ ᠵᠠᠯᠠᠬᠤ᠂ ᠠᠷᠢᠭᠤᠳᠬᠠᠬᠤ᠂ ᠤᠬᠢᠶᠠᠵᠤ ᠴᠡᠪᠡᠷᠯᠡᠬᠦ᠂ ᠭᠡᠷᠡᠯ ᠲᠤᠰᠬᠠᠬᠤ᠂ ᠭᠡᠷᠡᠯᠲᠦᠭᠦᠯᠬᠦ᠂ ᠰᠠᠯᠬᠢ ᠨᠡᠪᠲᠡᠷᠡᠭᠦᠯᠬᠦ᠂ ᠢᠯᠵᠢᠷᠡᠬᠦ ᠶᠢ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ᠂ ᠢᠯᠠᠭ᠎ᠠ ᠶᠢ ᠰᠡᠷᠭᠡᠶᠢᠯᠡᠬᠦ᠂ ᠬᠤᠯᠤᠭᠠᠨ᠎ᠠ ᠶᠢ ᠰᠡᠷᠭᠡᠶᠢᠯᠡᠬᠦ᠂ ᠬᠤᠷᠣᠬᠠᠢ ᠶᠢ ᠰᠡᠷᠭᠡᠶᠢᠯᠡᠬᠦ ᠵᠢᠴᠢ ᠬᠤᠭ ᠨᠣᠪᠰᠢ ᠪᠠ ᠬᠠᠶᠠᠭᠳᠠᠮᠠᠯ ᠪᠣᠳᠠᠰ ᠢ ᠬᠠᠳᠠᠭᠠᠯᠠᠬᠤ ᠵᠣᠬᠢᠴᠠᠩᠭᠤᠢ ᠪᠡᠯᠡᠳᠬᠡᠮᠵᠢ᠂ ᠲᠥᠬᠦᠭᠡᠷᠦᠮᠵᠢ ᠲᠠᠢ ᠪᠠᠶᠢᠬᠤ ᠬᠡᠷᠡᠭᠲᠡᠢ᠃

    ︵ᠲᠦᠷᠪᠡ︶ ᠵᠦᠢ ᠵᠣᠬᠢᠰᠲᠠᠶ ᠲᠥᠬᠦᠭᠡᠷᠦᠮᠵᠢ ᠶᠢᠨ ᠪᠠᠶᠢᠷᠢᠰᠢᠭᠤᠯᠤᠯ ᠪᠠ ᠤᠷᠠᠨ ᠳᠠᠷᠬ᠎ᠠ ᠶᠢᠨ ᠴᠤᠪᠤᠷᠠᠯ ᠲᠠᠢ ᠪᠥᠭᠡᠳ ᠦᠢᠯᠡᠳᠪᠦᠷᠢᠯᠡᠯ ᠤᠨ ᠲᠣᠭᠤᠷᠢᠭ ᠬᠢᠭᠡᠳ ᠠᠮᠢᠳᠤᠷᠠᠯ ᠤᠨ ᠲᠣᠭᠤᠷᠢᠭ ᠢ ᠪᠦᠲᠦᠮᠵᠢᠲᠡᠶ ᠲᠤᠰᠠᠭᠠᠷᠯᠠᠵᠤ᠂ ᠡᠳ᠋ᠰᠢᠭᠦᠯᠬᠦ ᠪᠠᠷ ᠪᠠᠶᠢᠭ᠎ᠠ ᠢᠳᠡᠭᠡᠨ ᠬᠢᠭᠡᠳ ᠰᠢᠭᠤᠳ ᠢᠳᠡᠬᠦ ᠢᠳᠡᠭᠡᠨ᠂ ᠲᠦᠭᠦᠬᠡᠶ ᠮᠠᠲ᠋ᠧᠷᠢᠶᠠᠯ ᠬᠢᠭᠡᠳ ᠪᠦᠲᠦᠭᠡᠭᠳᠡᠬᠦᠨ ᠤ ᠰᠣᠯᠪᠢᠴᠠᠨ ᠪᠣᠬᠢᠷᠳᠤᠬᠤ ᠶᠢ ᠰᠡᠷᠭᠡᠶᠢᠯᠡᠨ᠂ ᠢᠳᠡᠭᠡᠨ ᠳᠤ ᠬᠤᠤᠷᠠᠲᠤ ᠪᠣᠳᠠᠰ᠂ ᠠᠷᠢᠭᠤᠨ ᠴᠡᠪᠡᠷ ᠪᠤᠰᠤ ᠡᠳ᠋ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠶ᠃

ᠭᠤᠷᠪᠠ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠦᠢᠯᠡᠳᠪᠦᠷᠢᠯᠡᠬᠦ ᠶᠢ ᠴᠠᠭᠠᠵᠠᠯᠠᠬᠤ ᠭᠠᠷᠴᠠᠭ ᠲᠤ ᠬᠢᠭᠰᠡᠨ ᠲᠣᠬᠢᠷᠠᠭᠤᠯᠤᠯᠲᠠ

ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠦᠢᠯᠡᠳᠪᠦᠷᠢᠯᠡᠵᠦ ᠡᠵᠡᠩᠨᠡᠬᠦ ᠨᠥᠬᠦᠴᠡᠯ ᠨᠢ ᠬᠢᠵᠠᠭᠠᠷ ᠲᠠᠢ ᠠᠴᠠ ᠪᠣᠯᠵᠣ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠶᠢᠨ ᠲᠥᠯᠥᠭᠡ᠂ ︽ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠲᠥᠷᠥᠯ ᠬᠤᠪᠢᠶᠠᠭᠰᠠᠨ ᠭᠠᠷᠴᠠᠭ︾ ᠢᠶᠠᠷ ᠯᠠᠪᠯᠠᠯᠲᠠ ᠪᠣᠯᠭᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠦᠢᠯᠡᠳᠪᠦᠷᠢᠯᠡᠵᠦ ᠡᠳ᠋ᠰᠢᠭᠦᠯᠬᠦ ᠶᠢ ᠴᠠᠭᠠᠵᠠᠯᠠᠬᠤ ᠢᠳᠡᠭᠡᠨ ᠤ ᠲᠥᠷᠥᠯ ᠵᠦᠢᠯ ᠤᠨ ᠭᠠᠷᠴᠠᠭ︾ ᠢ ᠨᠠᠷᠢᠯᠢᠬᠵᠢᠭᠤᠯᠪᠠ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠢᠯᠡᠳᠪᠦᠷᠢᠯᠡᠬᠦ ᠶᠢ ᠴᠠᠭᠠᠵᠠᠯᠠᠬᠤ ᠭᠠᠷᠴᠠᠭ ᠨᠢ 16 ᠶᠡᠭᠡ ᠲᠥᠷᠥᠯ᠂ 62 ᠵᠢᠵᠢᠭ ᠲᠥᠷᠥᠯ ᠤᠨ ᠢᠳᠡᠭᠡᠨ ᠳᠤ ᠬᠤᠯᠪᠣᠭᠳᠠᠨ᠎ᠠ᠃

ᠳᠥᠷᠪᠡ᠂ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠯ ᠤᠨ ᠦᠨᠡᠮᠯᠡᠯ ᠤᠨ ︽ᠦᠢᠯᠡᠳᠪᠦᠷᠢᠯᠡᠯ ᠡᠵᠡᠩᠨᠡᠯᠲᠡ ᠶᠢᠨ ᠲᠥᠷᠥᠯ ᠵᠦᠢᠯ︾ ᠢ ᠬᠡᠷᠬᠢᠨ ᠲᠠᠭᠯᠠᠬᠤ ᠪᠣᠢ︖

     ᠡᠵᠡᠩᠨᠡᠯᠲᠡ ᠬᠤᠯᠢᠯᠳᠤᠭᠰᠠᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠬᠦ ᠶᠢᠨ ᠲᠤᠰᠠᠳᠠ᠂ ᠳᠠᠩᠰᠠᠯᠠᠨ ᠬᠠᠮᠢᠶᠠᠷᠬᠤ ᠶᠢ ᠬᠡᠷᠡᠭᠵᠢᠭᠦᠯᠵᠦ ᠪᠠᠶᠢᠭ᠎ᠠ ᠢᠳᠡᠭᠡᠨ ᠤ ᠵᠢᠵᠢᠭ ᠦᠢᠯᠡᠳᠬᠡᠯ ᠤᠨ ᠭᠠᠵᠠᠷ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ ᠪᠣᠯᠤᠨ ᠰᠤᠯᠠ ᠢᠳᠡᠭᠡᠨ ᠤ ᠳᠡᠯᠭᠡᠭᠦᠷ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠳᠠᠩᠰᠠᠯᠠᠯ ᠤᠨ ᠦᠨᠡᠮᠯᠡᠯ︾ ᠢ ᠨᠢᠭᠡᠳᠦᠯᠲᠡᠶ ᠳᠠᠩᠰᠠᠯᠠᠯ ᠤᠨ ᠭᠡᠷᠡᠴᠢ ᠪᠠᠷᠢᠮᠲᠠ ᠪᠣᠯᠭᠠᠨ᠎ᠠ᠃ ᠡᠵᠡᠩᠨᠡᠯᠲᠡ ᠬᠤᠯᠢᠯᠳᠤᠭᠰᠠᠨ ᠢᠳᠡᠭᠡᠨ ᠦᠢᠯᠡᠳᠪᠦᠷᠢᠯᠡᠬᠦ ᠡᠵᠡᠩᠨᠡᠭᠴᠢ ᠨᠢ ︽ᠦᠢᠯᠡᠳᠪᠦᠷᠢᠯᠡᠯ ᠡᠵᠡᠩᠨᠡᠯᠲᠡ ᠶᠢᠨ ᠲᠥᠷᠥᠯ ᠵᠦᠢᠯ︾ ᠪᠤᠯᠤᠩ ᠳᠤ ᠡᠷᠬᠢᠯᠡᠵᠦ ᠪᠠᠶᠢᠭ᠎ᠠ ᠪᠤᠢ ᠪᠦᠬᠦᠢ ᠡᠵᠡᠩᠨᠡᠯᠲᠡ ᠶᠢᠨ ᠪᠠᠶᠢᠳᠠᠯ ᠲᠥᠯᠥᠪ ᠢ ᠲᠠᠭᠯᠠᠨ ᠪᠢᠴᠢᠨ᠎ᠡ᠂ ᠵᠢᠱᠢᠶᠡᠯᠡᠪᠡᠯ᠄ ︽ᠦᠢᠯᠡᠳᠪᠦᠷᠢᠯᠡᠯ ᠡᠵᠡᠩᠨᠡᠯᠲᠡ ᠶᠢᠨ ᠲᠥᠷᠥᠯ ᠵᠦᠢᠯ᠄ ᠢᠳᠡᠭᠡᠨ ᠤ ᠵᠢᠵᠢᠭ ᠦᠢᠯᠡᠳᠬᠡᠯ ᠤᠨ ᠭᠠᠵᠠᠷ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ︾᠃

ᠲᠠᠪᠤ᠂ ᠰᠢᠨ᠎ᠡ ᠬᠠᠭᠤᠴᠢᠨ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠯ ᠤᠨ ᠦᠨᠡᠮᠯᠡᠯ ᠦᠨᠡᠮᠯᠡᠯ ᠢ ᠵᠣᠯᠭᠠᠭᠤᠯᠬᠤ ᠠᠰᠠᠭᠤᠳᠠᠯ

    2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠣᠯᠭᠤᠭᠰᠠᠨ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠯ ᠤᠨ ᠦᠨᠡᠮᠯᠡᠯ᠂ ᠦᠨᠡᠮᠯᠡᠯ ᠳᠤ ᠲᠣᠳᠣᠷᠬᠠᠶ ᠲᠡᠮᠳᠡᠭᠯᠡᠭᠰᠡᠨ ᠬᠦᠴᠦᠨ ᠲᠠᠢ ᠬᠤᠭᠤᠴᠠᠭᠠᠨ ᠳᠤ ᠦᠷᠭᠦᠯᠵᠢᠯᠡᠨ ᠬᠦᠴᠦᠨ ᠲᠠᠢ᠃ 2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠬᠤᠶᠢᠰᠢ ᠵᠢᠵᠢᠭ ᠦᠢᠯᠡᠳᠬᠡᠯ ᠤᠨ ᠭᠠᠵᠠᠷ ᠳᠠᠩᠰᠠᠯᠠᠬᠤ ᠶᠢ ᠭᠤᠶᠤᠴᠢᠯᠠᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠬ᠎ᠠ ᠳᠡᠯᠭᠡᠭᠦᠷ ᠭᠦᠢᠯᠭᠡᠭᠡᠨ ᠲᠣᠭᠲᠠᠭᠠᠯ ﹇2024﹈ 2 ᠳ᠋ᠤᠭᠠᠷ ᠲᠣᠭᠠᠲᠤ︶ ᠶᠣᠰᠣᠭᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠳᠠᠩᠰᠠᠯᠠᠯ ᠤᠨ ᠦᠨᠡᠮᠯᠡᠯ︾ ᠣᠯᠭᠤᠵᠤ᠂ ᠳᠠᠩᠰᠠᠯᠠᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠭᠤᠷᠪᠠᠨ ᠵᠢᠯ᠃

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠳᠡᠩᠰᠡᠯᠡᠨ ᠬᠠᠮᠢᠶᠠᠷᠬᠤ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠵᠢᠵᠢᠭ ᠢᠳᠡᠭᠡᠨ ᠤᠮᠳᠠᠭᠠᠨ ᠤ ᠳᠡᠯᠭᠡᠭᠦᠷ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯᠳᠤᠭᠠᠨ ᠠᠴᠠ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠮᠠᠨ ᠤ ᠣᠷᠣᠨ ᠤ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠳᠠᠩᠰᠠᠯᠠᠨ ᠬᠠᠮᠢᠶᠠᠷᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠢᠳᠡᠭᠡᠨ ᠤᠮᠳᠠᠭᠠᠨ ᠤ ᠳᠡᠯᠭᠡᠭᠦᠷ ᠢ ᠳᠠᠩᠰᠠᠯᠠᠨ ᠬᠠᠮᠢᠶᠠᠷᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃ ︽ᠲᠦᠷᠢᠮ︾ ᠳᠤ ᠵᠢᠵᠢᠭ ᠢᠳᠡᠭᠡᠨ ᠤᠮᠳᠠᠭᠠᠨ ᠤ ᠳᠡᠯᠭᠡᠭᠦᠷ ᠲᠤ ᠳᠡᠩᠰᠡᠯᠡᠨ ᠬᠠᠮᠢᠶᠠᠷᠬᠤ ᠶᠢ ᠬᠡᠷᠡᠭᠵᠢᠭᠦᠯᠵᠦ᠂ ᠬᠢᠨᠠᠨ ᠬᠠᠮᠢᠶᠠᠷᠬᠤ ᠠᠵᠢᠯᠲᠠᠨ᠂ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠵᠢᠴᠢ ᠨᠡᠶᠢᠭᠡᠮ ᠨᠡᠶᠢᠲᠡ ᠶᠢᠨ ︽ᠠᠷᠭ᠎ᠠ︾ ᠶᠢ ᠨᠠᠩ ᠰᠠᠶᠢᠲᠤᠷ ᠣᠶᠢᠯᠠᠭᠠᠬᠤ ᠳᠤ ᠲᠥᠬᠦᠮ ᠪᠣᠯᠭᠠᠬᠤ ᠶᠢᠨ ᠲᠥᠯᠥᠭᠡ᠂ ᠡᠳᠦᠭᠡ ︽ᠠᠷᠭ᠎ᠠ︾ ᠶᠢᠨ ᠭᠤᠤᠯ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠠ᠃

ᠨᠢᠭᠡ᠂ ︽ᠠᠷᠭ᠎ᠠ︾ ᠶᠢ ᠲᠣᠭᠲᠠᠭᠠᠭᠰᠠᠨ ᠴᠢᠬᠤᠯᠠ ᠴᠢᠨᠠᠷ

    ᠵᠢᠵᠢᠭ ᠢᠳᠡᠭᠡᠨ ᠤᠮᠳᠠᠭᠠᠨ ᠤ ᠳᠡᠯᠭᠡᠭᠦᠷ ᠪᠣᠯ ᠮᠠᠨ ᠤ ᠤᠯᠤᠰ ᠤᠨ ᠣᠷᠳᠣ ᠬᠤᠭᠤᠴᠠᠭ᠎ᠠ ᠪᠠᠷ ᠪᠣᠶ ᠪᠣᠯᠤᠭᠰᠠᠨ ᠢᠳᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠵᠤ᠂ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠪᠠ ᠠᠵᠢᠯ ᠣᠯᠭᠤᠯᠲᠠ ᠶᠢ ᠨᠡᠮᠡᠭᠳᠡᠭᠦᠯᠬᠦ ᠠᠷᠭ᠎ᠠ ᠵᠠᠮ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠭᠡᠲᠡᠯ᠎ᠡ ᠣᠳᠣᠬᠠᠨ ᠳᠤ ᠵᠢᠵᠢᠭ ᠢᠳᠡᠭᠡᠨ ᠤᠮᠳᠠᠭᠠᠨ ᠤ ᠳᠡᠯᠭᠡᠭᠦᠷ ᠡᠵᠡᠩᠨᠡᠬᠦ ᠬᠢᠵᠠᠭᠠᠷᠯᠠᠯ ᠪᠠᠭ᠎ᠠ ᠂ ᠴᠡᠭ ᠣᠯᠠᠨ᠂ ᠬᠡᠪᠴᠢᠶ᠎ᠡ ᠥᠷᠭᠡᠨ᠂ ᠪᠤᠵᠠᠷ ᠰᠠᠮᠠᠭᠤᠨ ᠪᠠᠷᠤᠭᠲᠠᠶ᠂ ᠦᠨᠡᠮᠯᠡᠯ ᠥᠬᠡᠶ ᠪᠠᠷ ᠡᠵᠡᠩᠨᠡᠬᠦ ᠵᠡᠷᠭᠡ ᠦᠵᠡᠭᠳᠡᠯ ᠣᠷᠣᠰᠢᠵᠤ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠭᠠᠵᠠᠷ ᠪᠣᠯᠭᠠᠨ ᠳᠤ ᠬᠠᠷᠠᠭᠳᠠᠳᠠᠭ᠃ ᠬᠢᠨᠠᠯᠲᠠ ᠬᠠᠮᠢᠶᠠᠷᠤᠯᠲᠠ ᠳᠤ ᠪᠠᠰᠠ ᠲᠣᠩ ᠶᠡᠭᠡ ᠬᠦᠴᠢᠷᠳᠡᠯ ᠠᠪᠴᠢᠷᠠᠪᠠ᠃ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠤᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠪᠠᠭᠤᠷᠠᠭᠤᠯᠵᠤ᠂ ᠣᠯᠠᠨ ᠨᠡᠶᠢᠲᠡ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠤᠰᠠᠳᠠ᠂ ᠵᠢᠵᠢᠭ ᠢᠳᠡᠭᠡᠨ ᠤᠮᠳᠠᠭᠠᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠳᠦᠰᠦᠨ ᠨᠥᠬᠦᠴᠡᠯ ᠢ ᠵᠢᠷᠤᠮᠵᠢᠭᠤᠯᠬᠤ ᠨᠢ ᠲᠦᠢᠯ ᠤᠨ ᠴᠢᠬᠤᠯᠠ ᠪᠠᠶᠢᠳᠠᠭ᠃

ᠬᠤᠶᠠᠷ᠂ ︽ᠠᠷᠭ᠎ᠠ︾ ᠶᠢᠨ ᠲᠣᠬᠢᠷᠠᠬᠤ ᠬᠡᠪᠴᠢᠶ᠎ᠡ

    ᠵᠢᠵᠢᠭ ᠢᠳᠡᠭᠡᠨ ᠤᠮᠳᠠᠭᠠᠨ ᠤ ᠳᠡᠯᠭᠡᠭᠦᠷ ᠲᠤ ᠳᠠᠩᠰᠠᠯᠠᠬᠤ ᠳᠦᠷᠢᠮ ᠢ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠳᠠᠩᠰᠠᠯᠠᠨ ᠬᠠᠮᠢᠶᠠᠷᠬᠤ ᠠᠵᠢᠯ ᠳᠤ ᠲᠤᠰ ᠠᠷᠭ᠎ᠠ ᠲᠣᠬᠢᠷᠠᠨ᠎ᠠ᠃ ᠵᠢᠵᠢᠭ ᠢᠳᠡᠭᠡᠨ ᠤᠮᠳᠠᠭᠠᠨ ᠤ ᠳᠡᠯᠭᠡᠭᠦᠷ ᠭᠡᠳᠡᠭ ᠨᠢ ᠲᠣᠭᠲᠠᠮᠠᠯ ᠡᠵᠡᠩᠨᠡᠯᠲᠡ ᠶᠢᠨ ᠲᠠᠯᠠᠪᠤᠷ ᠲᠠᠢ᠂ ᠡᠵᠡᠩᠨᠡᠯᠲᠡ ᠶᠢᠨ ᠭᠠᠵᠠᠷ ᠤᠨ ᠲᠠᠯᠠᠪᠠᠶ ᠨᠢ 50 ᠲᠡᠭᠰᠢ ᠳᠥᠷᠪᠡᠯᠵᠢᠨ ᠮᠧᠲᠷ ᠠᠴᠠ ᠳᠣᠷᠣᠭᠰᠢ ︵50 ᠲᠡᠭᠰᠢ ᠳᠥᠷᠪᠡᠯᠵᠢᠨ ᠮᠧᠲᠷ ᠪᠠᠭᠲᠠᠨ᠎ᠠ︶᠂ ᠠᠵᠢᠯᠯᠠᠵᠤ ᠪᠠᠶᠢᠭ᠎ᠠ ᠬᠥᠮᠦᠰ ᠨᠡᠯᠢᠶᠡᠳ ᠴᠥᠭᠡᠨ᠂ ᠡᠵᠡᠩᠨᠡᠯᠲᠡ ᠶᠢᠨ ᠨᠥᠬᠦᠴᠡᠯ ᠲᠥᠬᠦᠮ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢ ᠵᠢᠭᠠᠵᠤ ᠪᠣᠶ᠃ ᠲᠣᠭᠲᠠᠮᠠᠯ ᠪᠤᠰᠤ᠂ ᠲᠦᠷ ᠴᠠᠭ ᠤᠨ ᠡᠵᠡᠩᠨᠡᠯᠲᠡ ᠶᠢᠨ ᠲᠠᠯᠠᠪᠤᠷ ᠭᠠᠵᠠᠷ ᠨᠢ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠳᠠᠩᠰᠠᠯᠠᠯ ᠤᠨ ᠬᠡᠪᠴᠢᠶᠡᠨ ᠳᠤ ᠥᠬᠡᠶ︔ 50 ᠲᠡᠭᠰᠢ ᠳᠥᠷᠪᠡᠯᠵᠢᠨ ᠮᠧᠲᠷ ᠠᠴᠠ ᠶᠡᠭᠡ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠨᠢ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠳᠠᠩᠰᠠᠯᠠᠯ ᠤᠨ ᠦᠨᠡᠮᠯᠡᠯ ᠢ ᠬᠦᠢᠴᠡᠳᠭᠡᠵᠦ ᠪᠣᠯᠬᠤ ᠥᠬᠡᠶ︔ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠡᠵᠡᠩᠨᠡᠭᠴᠢ ᠶᠢᠨ ᠡᠵᠡᠩᠨᠡᠯᠲᠡ ᠶᠢᠨ ᠨᠥᠬᠦᠴᠡᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠦᠢᠴᠡᠳᠬᠡᠵᠦ᠂ ᠵᠥᠪᠬᠡᠨ ᠡᠵᠡᠩᠨᠡᠯᠲᠡ ᠶᠢᠨ ᠨᠥᠬᠦᠴᠡᠯ ᠨᠢ ︽ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠤᠨ ᠱᠠᠭᠠᠷᠳᠠᠯᠭ᠎ᠠ ᠳᠤ ᠬᠦᠷᠴᠦ ᠳᠡᠶᠢᠯᠬᠦ ᠥᠬᠡᠶ ᠪᠠᠶᠢᠪᠠᠯ᠂ ᠰᠠᠶ᠋ᠢ ᠬᠠᠤᠯᠢ ᠶᠣᠰᠣᠭᠠᠷ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠳᠠᠩᠰᠠᠯᠠᠯ ᠤᠨ ᠦᠨᠡᠮᠯᠡᠯ ᠢ ᠬᠠᠤᠯᠢ ᠶᠣᠰᠣᠭᠠᠷ ᠭᠦᠢᠴᠡᠳᠭᠡᠵᠦ ᠪᠣᠯᠤᠨ᠎ᠠ᠃

ᠭᠤᠷᠪᠠ᠂ ᠵᠢᠵᠢᠭ ᠢᠳᠡᠭᠡᠨ ᠤᠮᠳᠠᠭᠠᠨ ᠤ ᠭᠠᠵᠠᠷ ᠳᠠᠩᠰᠠᠯᠠᠭᠤᠯᠬᠤ ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠪᠣᠶ︖

    ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠡᠵᠡᠩᠨᠡᠭᠴᠢ ᠨᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠬᠤ ᠶᠢᠨ ᠬᠠᠮᠲᠤ ᠳᠣᠤᠷᠠᠬᠢ ᠮᠠᠲ᠋ᠧᠷᠢᠶᠠᠯ ᠢ ᠬᠠᠩᠭᠠᠬᠤ ᠬᠡᠷᠡᠭᠲᠡᠶ᠄

    ︵ᠨᠢᠭᠡ︶ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ︵ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠵᠤ ᠳᠡᠶᠢᠯᠪᠡᠯ ᠬᠠᠭᠤᠯᠪᠤᠷᠢ ᠶᠢ ᠬᠠᠩᠭᠠᠬᠤ ᠴᠢᠬᠤᠯᠠ ᠦᠭᠡᠢ︶

    ︵ᠬᠤᠶᠠᠷ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ︔

    ︵ᠭᠤᠷᠪᠠ︶ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠭᠡᠷᠡᠴᠢ︔

    ︵ᠳᠥᠷᠪᠡ︶ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠳᠠᠩᠰᠠᠯᠠᠯ ᠤᠨ ᠦᠨᠡᠮᠯᠡᠯ  ᠭᠤᠶᠤᠴᠢᠯᠠᠬᠤ ᠬᠦᠰᠦᠨᠦᠭᠲᠦ ︵ᠳᠠᠭᠠᠯᠳᠤᠭᠤᠯᠤᠯ ᠬᠦᠰᠦᠨᠦᠭᠲᠦ 1︶

    ︵ᠲᠠᠪᠤ︶ ᠪᠠᠶᠢᠷᠢᠰᠢᠭᠤᠯᠤᠯᠲᠠ ᠶᠠᠪᠤᠴᠠ᠂ ᠪᠡᠯᠡᠳᠬᠡᠮᠵᠢ ᠲᠥᠬᠦᠭᠡᠷᠦᠮᠵᠢ ᠶᠢᠨ ᠪᠠᠶᠢᠳᠠᠯ ᠤᠨ ᠲᠣᠳᠣᠷᠬᠠᠶᠢᠯᠠᠯᠲᠠ︔

    ︵ᠵᠢᠷᠭᠤᠭ᠎ᠠ︶ ᠢᠳᠡᠭᠡᠨ ᠤ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠱᠠᠭᠠᠷᠳᠠᠭᠰᠠᠨ ᠪᠤᠰᠤᠳ ᠮᠠᠲ᠋ᠧᠷᠢᠶᠠᠯ᠃

ᠳᠥᠷᠪᠡ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠡᠵᠡᠩᠨᠡᠯᠲᠡ ᠶᠢᠨ ᠲᠥᠷᠥᠯ ᠵᠦᠢᠯ

    ᠬᠠᠯᠠᠭᠤᠨ ᠢᠳᠡᠭᠡᠨ ᠤ ᠲᠦᠷᠦᠯ ᠤᠨ ᠢᠳᠡᠭᠡᠨ ᠦᠢᠯᠡᠳᠴᠦ ᠪᠤᠷᠤᠯᠠᠭᠤᠯᠬᠤ᠂ ᠬᠦᠢᠳᠡᠨ ᠢᠳᠡᠭᠡᠨ ᠤ ᠲᠦᠷᠦᠯ ᠤᠨ ᠢᠳᠡᠭᠡᠨ ᠦᠢᠯᠡᠳᠴᠦ ᠪᠤᠷᠤᠯᠠᠭᠤᠯᠬᠤ᠂ ᠲᠦᠭᠦᠬᠡᠢ ᠢᠳᠡᠭᠡᠨ ᠤ ᠲᠦᠷᠦᠯ ᠤᠨ ᠢᠳᠡᠭᠡᠨ ᠦᠢᠯᠡᠳᠴᠦ ᠪᠤᠷᠤᠯᠠᠭᠤᠯᠬᠤ᠂

 ᠥᠪᠡᠷ ᠢᠶᠠᠨ ᠦᠢᠯᠡᠳᠦᠭᠰᠡᠨ ᠤᠮᠳᠠᠭᠠᠨ ᠢ ᠦᠢᠯᠡᠳᠴᠦ ᠬᠤᠳᠠᠯᠳᠤᠬᠤ᠂ ᠪᠤᠰᠤᠳ ᠲᠥᠷᠥᠯ ᠤᠨ ᠢᠳᠡᠭᠡᠨ ᠦᠢᠯᠡᠳᠪᠦᠷᠢᠯᠡᠵᠦ ᠬᠤᠳᠠᠯᠳᠤᠬᠤ ︵ᠪᠤᠳᠠᠲᠠᠶ ᠲᠤᠳᠣᠷᠬᠠᠶᠢᠯᠠᠨ᠎ᠠ︶᠃

    ᠵᠢᠵᠢᠭ ᠢᠳᠡᠭᠡᠨ ᠤᠮᠳᠠᠭᠠᠨ ᠤ ᠳᠡᠯᠭᠡᠭᠦᠷ ᠨᠢ ᠵᠣᠬᠢᠴᠠᠩᠭᠤᠶ ᠲᠤᠰᠬᠠᠶ ᠲᠠᠰᠤᠯᠭ᠎ᠠ ᠪᠠᠶᠢᠬᠤ ᠦᠭᠡᠶ ᠪᠣᠯ ᠳᠣᠤᠷᠠᠬᠢ ᠢᠳᠡᠭᠡᠨ ᠢ ᠦᠢᠯᠡᠳᠴᠦ ᠡᠵᠡᠩᠨᠡᠵᠦ ᠪᠣᠯᠬᠤ ᠦᠭᠡᠶ᠄ ᠲᠦᠭᠦᠬᠡᠶ ᠳᠠᠯᠠᠢ ᠶᠢᠨ ᠢᠳᠡᠭᠡᠨ ᠵᠡᠷᠭᠡ ᠲᠦᠭᠦᠬᠡᠶ ᠢᠳᠡᠭᠡᠨ ᠤ ᠲᠥᠷᠥᠯ ᠤᠨ ᠢᠳᠡᠭᠡᠨ︔ ᠳ᠋ᠧᠦᠹᠦ᠋᠂ ᠬᠠᠯᠢᠰᠤᠯᠢᠭ ᠳ᠋ᠧᠦᠹᠦ᠋ ᠵᠡᠷᠭᠡ ᠢᠰᠬᠡᠯᠲᠡ ᠶᠢᠨ ᠪᠤᠰᠤ ᠪᠤᠷᠴᠠᠭ ᠤᠨ ᠪᠦᠲᠦᠭᠡᠭᠳᠡᠬᠦᠨ︔ ᠠᠮᠢᠲᠠᠨ ᠤ ᠴᠢᠨᠠᠷᠲᠠᠶ ᠬᠦᠢᠲᠡᠨ ᠢᠳᠡᠭᠡᠨ ᠤ ᠲᠥᠷᠥᠯ ᠤᠨ ᠢᠳᠡᠭᠡᠨ︔ ᠬᠥᠯᠳᠡᠭᠡᠵᠦ ᠪᠣᠯᠪᠠᠰᠤᠷᠠᠭᠤᠯᠬᠤ ᠪᠣᠭᠤᠷᠰᠤᠭ᠃

ᠲᠠᠪᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠵᠡᠩᠨᠡᠬᠦ ᠳᠠᠩᠰᠠᠯᠠᠯ ᠤᠨ ᠦᠨᠡᠮᠯᠡᠯ︾ ᠤᠨ ᠬᠠᠮᠢᠶᠠᠷᠤᠯᠲᠠ ᠳᠤ ᠶᠠᠮᠠᠷ ᠶᠠᠮᠠᠷ ᠱᠠᠭᠠᠷᠳᠠᠯᠭ᠎ᠠ ᠪᠠᠶᠢᠬᠤ ᠪᠣᠢ︖

    ︵ᠨᠢᠭᠡ︶ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠦᠯᠢᠶᠡᠨ ᠠᠪᠴᠤ ᠰᠢᠢᠳᠪᠦᠷᠢᠯᠡᠭᠰᠡᠨ ᠡᠳᠦᠷ ᠠᠴᠠ ᠡᠬᠢᠯᠡᠨ᠂ ᠨᠢᠭᠡ ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠯ ᠤᠨ ᠮᠠᠲ᠋ᠧᠷᠢᠶᠠᠯ ᠤᠨ ᠬᠢᠨᠠᠨ ᠪᠠᠶᠢᠴᠠᠭᠠᠯᠲᠠ ᠶᠢ ᠪᠡᠶᠡᠯᠡᠭᠦᠯᠵᠦ᠂ ᠭᠤᠷᠪᠠᠨ ᠠᠵᠢᠯᠯᠠᠬᠤ ᠡᠳᠦᠷ ᠤᠨ ᠳᠣᠲᠣᠷ᠎ᠠ ᠲᠤᠬᠠᠶ ᠶᠢᠨ ᠲᠠᠯᠠᠪᠠᠶ ᠳᠤ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠵᠦ᠂ ᠨᠥᠬᠦᠴᠡᠯ ᠳᠤ ᠨᠡᠶᠢᠴᠡᠬᠦ ᠳᠤᠨᠢ ᠨᠢᠭᠡ ᠠᠵᠢᠯᠯᠠᠬᠤ ᠡᠳᠦᠷ ᠤᠨ ᠳᠣᠲᠣᠷ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠳᠠᠩᠰᠠᠯᠠᠯ ᠤᠨ ᠦᠨᠡᠮᠯᠡᠯ︾ ᠣᠯᠭᠤᠬᠤ ᠬᠡᠷᠡᠭᠲᠡᠶ︔ ᠨᠥᠬᠦᠴᠡᠯ ᠳᠤ ᠨᠡᠶᠢᠴᠡᠬᠦ ᠦᠭᠡᠶ ᠶᠢ ᠨᠢ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢ ᠲᠣᠳᠣᠷᠬᠠᠶᠢᠯᠠᠬᠤ ᠬᠡᠷᠡᠭᠲᠡᠶ᠃

    ︵ᠬᠤᠶᠠᠷ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠳᠠᠩᠰᠠᠯᠠᠯ ᠤᠨ ᠦᠨᠡᠮᠯᠡᠯ︾ ᠳᠤ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠨᠡᠷᠡᠶᠢᠳᠦᠯ ︵ᠡᠵᠡᠩᠨᠡᠯᠲᠡ ᠶᠢᠨ ᠦᠨᠡᠮᠯᠡᠯ ᠤᠨ ᠨᠡᠷᠡᠶᠢᠳᠦᠯ ᠯᠦᠭᠡ ᠨᠢᠭᠡᠳᠦᠯᠲᠡᠶ ᠪᠠᠶᠢᠬᠤ ᠬᠡᠷᠡᠭᠲᠡᠶ︶᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ᠂ ᠡᠵᠡᠩᠨᠡᠯᠲᠡ ᠶᠢᠨ ᠲᠥᠷᠥᠯ ᠵᠦᠢᠯ᠂ ᠡᠵᠡᠩᠨᠡᠯᠲᠡ ᠶᠢᠨ ᠭᠠᠵᠠᠷ᠂ ᠬᠦᠴᠦᠨ ᠲᠠᠢ ᠬᠤᠭᠤᠴᠠᠭ᠎ᠠ᠂ ᠦᠨᠡᠮᠯᠡᠯ ᠣᠯᠭᠤᠭᠰᠠᠨ ᠪᠠᠶᠢᠭᠤᠯᠤᠯᠭ᠎ᠠ᠂ ᠦᠨᠡᠮᠯᠡᠯ ᠣᠯᠭᠤᠭᠰᠠᠨ ᠡᠳᠦᠷ ᠬᠤᠭᠤᠴᠠᠭ᠎ᠠ ᠶᠢ ᠲᠣᠳᠣᠷᠬᠠᠶᠢᠯᠠᠭᠰᠠᠨ ᠪᠠᠶᠢᠬᠤ ᠬᠡᠷᠡᠭᠲᠡᠢ᠃

    ︵ᠭᠤᠷᠪᠠ︶ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠢᠯᠡ ᠨᠡᠶᠢᠲᠡᠯᠡᠵᠦ᠂ ᠬᠡᠷᠡᠭᠯᠡᠭᠴᠢᠳ ᠤᠨ ᠪᠠᠶᠢᠳᠠᠯ ᠢ ᠮᠡᠳᠡᠬᠦ ᠡᠷᠬᠡ ᠶᠢ ᠪᠠᠲᠤᠯᠠᠨ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃

    ︵ᠲᠦᠷᠪᠡ︶ ᠳᠠᠩᠰᠠᠯᠠᠭᠤᠯᠤᠭᠰᠠᠨ ᠵᠦᠢᠯ ᠳᠤ ᠬᠤᠪᠢᠷᠠᠯᠲᠠ ᠭᠠᠷᠤᠭᠰᠠᠨ ᠪᠣᠯ ᠬᠤᠪᠢᠷᠠᠭᠤᠯᠤᠭᠰᠠᠨ ᠡᠳᠦᠷ ᠠᠴᠠ ᠡᠬᠢᠯᠡᠨ ᠠᠷᠪᠠᠨ ᠠᠵᠢᠯᠯᠠᠬᠤ ᠡᠳᠦᠷ ᠤᠨ ᠳᠣᠲᠣᠷ᠎ᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠪᠢᠷᠠᠭᠤᠯᠬᠤ ᠭᠤᠶᠤᠴᠢᠯᠠᠯ ᠭᠠᠷᠭᠠᠬᠤ ᠬᠡᠷᠡᠭᠲᠡᠶ᠃ ᠦᠨᠡᠨ ᠬᠦ ᠬᠤᠪᠢᠷᠠᠭᠤᠯᠬᠤ ᠴᠢᠬᠤᠯᠠᠲᠠᠶ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠪᠢᠷᠠᠭᠤᠯᠬᠤ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠤᠪᠢᠷᠠᠭᠤᠯᠬᠤ ᠭᠠᠷᠳᠠᠮ ᠢ ᠭᠦᠢᠴᠡᠳᠬᠡᠬᠦ ᠬᠡᠷᠡᠭᠲᠡᠶ᠃

    ︵ᠲᠠᠪᠤ︶ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠳᠠᠩᠰᠠᠯᠠᠭᠤᠯᠤᠭᠰᠠᠨ ᠨᠡᠷᠡᠶᠢᠳᠦᠯ᠂ ᠬᠠᠶ᠋ᠢᠭ ᠡᠭᠦᠳᠡᠨ ᠫᠠᠶᠢᠰᠠ ᠳ᠋ᠤᠭᠠᠷ ︵ᠪᠣᠳᠠᠲᠠᠶ ᠡᠵᠡᠩᠨᠡᠯᠲᠡ ᠶᠢᠨ ᠲᠠᠯᠠᠪᠤᠷ ᠢ ᠬᠤᠪᠢᠷᠠᠭᠤᠯᠤᠭᠰᠠᠨ ᠦᠭᠡᠢ︶ ᠢ ᠬᠤᠪᠢᠷᠠᠭᠤᠯᠬᠤ ᠭᠤᠶᠤᠴᠢᠯᠠᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠡᠷᠡ ᠳᠠᠷᠤᠶ ᠳᠤᠨᠢ ᠬᠤᠪᠢᠷᠠᠭᠤᠯᠬᠤ ᠬᠡᠷᠡᠭᠲᠡᠶ᠃

    ︵ᠵᠢᠷᠭᠤᠭ᠎ᠠ︶ ᠪᠤᠰᠤᠳ ᠲᠥᠷᠥᠯ ᠵᠦᠢᠯ ᠤᠨ ᠬᠤᠪᠢᠷᠠᠭᠤᠯᠬᠤ ᠭᠤᠶᠤᠴᠢᠯᠠᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠬᠤ ᠬᠡᠷᠡᠭᠲᠡᠶ᠃

    ︵ᠳᠤᠯᠤᠭ᠎ᠠ︶ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠪᠢᠷᠠᠭᠤᠯᠬᠤ ᠶᠢ ᠵᠥᠪᠰᠢᠶᠡᠷᠡᠭᠰᠡᠨ ᠪᠣᠯ᠂ ᠰᠢᠨ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠳᠠᠩᠰᠠᠯᠠᠯ ᠤᠨ ᠦᠨᠡᠮᠯᠡᠯ︾ ᠣᠯᠭᠤᠵᠤ᠂ ᠤᠤᠯ ᠤᠨ ᠳᠠᠩᠰᠠᠯᠠᠯ ᠤᠨ ᠦᠨᠡᠮᠯᠡᠯ ᠤᠨ ᠳ᠋ᠤᠭᠠᠷ ᠪᠣᠯᠤᠨ ᠬᠦᠴᠦᠨ ᠲᠠᠢ ᠬᠤᠭᠤᠴᠠᠭ᠎ᠠ ᠨᠢ ᠬᠤᠪᠢᠷᠠᠬᠤ ᠦᠭᠡᠶ᠃

    ︵ᠨᠠᠢᠮᠠ︶ ᠳᠠᠩᠰᠠᠯᠠᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠡᠳ ᠦᠷᠭᠦᠯᠵᠢᠯᠡᠨ ᠡᠵᠡᠩᠨᠡᠬᠦ ᠴᠢᠬᠤᠯᠠ ᠲᠠᠢ ᠪᠣᠯ ᠡᠵᠡᠩᠨᠡᠭᠴᠢ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 15 ᠠᠵᠢᠯᠯᠠᠬᠤ ᠡᠳᠦᠷ ᠠᠴᠠ ᠡᠮᠦᠨ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠦᠷᠭᠦᠯᠵᠢᠯᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠶ᠃

    ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠦᠷᠭᠦᠯᠵᠢᠯᠡᠭᠦᠯᠬᠦ ᠭᠤᠶᠤᠴᠢᠯᠠᠯ ᠢ ᠭᠠᠷᠳᠠᠭᠰᠠᠨ ᠤ ᠳᠠᠷᠠᠭ᠎ᠠ ᠳᠠᠩᠰᠠᠯᠠᠭᠤᠯᠤᠭᠰᠠᠨ ᠵᠦᠢᠯ ᠳᠤ ᠬᠤᠪᠢᠷᠠᠯᠲᠠ ᠦᠭᠡᠶ ᠭᠡᠵᠦ ᠠᠮᠠᠯᠠᠭᠰᠠᠨ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠡᠵᠡᠩᠨᠡᠭᠴᠢ ᠨᠢ ᠦᠨᠡᠮᠯᠡᠯ ᠢᠶᠠᠨ ᠦᠷᠭᠦᠯᠵᠢᠯᠡᠭᠦᠯᠬᠦ ᠶᠢ ᠲᠡᠷᠡ ᠳᠠᠷᠤᠶ ᠳᠤᠨᠢ ᠭᠦᠢᠴᠡᠳᠬᠡᠵᠦ ᠪᠣᠯᠤᠨ᠎ᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠦᠨᠡᠮᠯᠡᠯ ᠢ ᠨᠢ ᠦᠷᠭᠦᠯᠵᠢᠯᠡᠭᠦᠯᠦᠭᠰᠡᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠬᠢᠵᠦ᠂ ᠠᠮᠠᠯᠠᠭᠰᠠᠨ ᠨᠢ ᠡᠵᠡᠩᠨᠡᠯᠲᠡ ᠶᠢᠨ ᠣᠳᠣᠬᠢ ᠪᠠᠶᠢᠳᠠᠯ ᠯᠤᠭ᠎ᠠ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠶ᠃ ᠪᠣᠳᠠᠲᠤ ᠶᠠᠪᠤᠳᠠᠯ ᠲᠠᠢ ᠨᠡᠶᠢᠴᠡᠬᠦ ᠦᠭᠡᠶ ᠪᠣᠯ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ ᠳᠠᠬᠢᠵᠤ ᠦᠷᠭᠦᠯᠵᠢᠯᠡᠭᠦᠯᠬᠦ ᠭᠤᠶᠤᠴᠢᠯᠠᠯ ᠳᠤᠷᠠᠳᠬᠤ ᠬᠡᠷᠡᠭᠲᠡᠶ᠃

    ᠳᠠᠩᠰᠠᠯᠠᠭᠤᠯᠤᠭᠰᠠᠨ ᠵᠦᠢᠯᠡᠰ ᠲᠤ ᠬᠤᠪᠢᠷᠠᠯᠲᠠ ᠲᠠᠢ ᠪᠣᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠦᠷᠭᠦᠯᠵᠢᠯᠡᠭᠦᠯᠬᠦ ᠭᠤᠶᠤᠴᠢᠯᠠᠯ ᠢ ᠭᠠᠷᠳᠠᠭᠰᠠᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠤᠪᠢᠷᠠᠯᠲᠠ ᠲᠠᠢ ᠳᠠᠩᠰᠠᠯᠠᠭᠤᠯᠤᠭᠰᠠᠨ ᠵᠦᠢᠯᠡᠰ ᠢ ᠲᠣᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠬᠡᠷᠡᠭᠲᠡᠢ᠃ ᠲᠣᠭᠲᠠᠭᠠᠯ ᠤᠨ ᠨᠥᠬᠦᠴᠡᠯ ᠳᠤ ᠨᠡᠶᠢᠴᠡᠪᠡᠯ᠂ ᠦᠨᠡᠮᠯᠡᠯ ᠰᠣᠯᠢᠬᠤ ᠶᠢ ᠴᠠᠭ ᠲᠤᠬᠠᠶ ᠳᠤᠨᠢ ᠭᠦᠢᠴᠡᠳᠬᠡᠵᠦ᠂ ᠤᠤᠯ ᠤᠨ ᠳᠠᠩᠰᠠᠯᠠᠭᠤᠯᠤᠭᠰᠠᠨ ᠦᠨᠡᠮᠯᠡᠯ ᠤᠨ ᠳ᠋ᠤᠭᠠᠷ ᠢ ᠨᠢ ᠬᠤᠪᠢᠷᠠᠭᠤᠯᠬᠤ ᠦᠭᠡᠢ᠃

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠯᠠ ᠢᠳᠡᠭᠡᠨ ᠤ ᠳᠡᠯᠭᠡᠭᠦᠷ ᠢ ᠳᠠᠩᠰᠠᠯᠠᠬᠤ ᠪᠠ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ 

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠵᠢᠵᠢᠭ ᠢᠳᠡᠭᠡᠨ ᠤᠮᠳᠠᠭᠠᠨ ᠤ ᠳᠡᠯᠭᠡᠭᠦᠷ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯᠳᠤᠭᠠᠨ ᠠᠴᠠ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠮᠠᠨ ᠤ ᠣᠷᠣᠨ ᠤ ᠰᠤᠯᠠ ᠢᠳᠡᠭᠡᠨ ᠤ ᠳᠡᠯᠭᠡᠭᠦᠷ ᠤᠨ ᠳᠠᠩᠰᠠᠯᠠᠨ ᠬᠠᠮᠢᠶᠠᠷᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠯᠠ ᠢᠳᠡᠭᠡᠨ ᠤ ᠳᠡᠯᠭᠡᠭᠦᠷ ᠢ ᠳᠠᠩᠰᠠᠯᠠᠬᠤ ᠪᠠ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃  ︽ᠲᠦᠷᠢᠮ︾ ᠳᠤ ᠰᠤᠯᠠ ᠢᠳᠡᠭᠡᠨ ᠤ ᠳᠡᠯᠭᠡᠭᠦᠷ ᠲᠤ ᠳᠡᠩᠰᠡᠯᠡᠨ ᠬᠠᠮᠢᠶᠠᠷᠬᠤ ᠶᠢ ᠬᠡᠷᠡᠭᠵᠢᠭᠦᠯᠵᠦ᠂ ᠵᠥᠪᠬᠡᠨ  ᠤᠷᠢᠳᠴᠢᠯᠠᠨ ᠪᠣᠭᠤᠳᠠᠯᠯᠠᠭᠰᠠᠨ ᠢᠳᠡᠭᠡᠨ ᠤ ᠵᠢᠵᠢᠭ ᠳᠡᠯᠭᠡᠭᠦᠷ ᠲᠤ ᠳᠠᠩᠰᠠᠯᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ ᠬᠠᠮᠢᠶᠠᠷᠬᠤ ᠠᠵᠢᠯᠲᠠᠨ᠂ ᠰᠤᠯᠠ ᠢᠳᠡᠭᠡᠨ ᠤ ᠳᠡᠯᠭᠡᠭᠦᠷ ᠤᠨ ᠡᠵᠡᠩᠨᠡᠭᠴᠢ ᠵᠢᠴᠢ ᠨᠡᠶᠢᠭᠡᠮ ᠨᠡᠶᠢᠲᠡ ᠶᠢᠨ ︽ᠠᠷᠭ᠎ᠠ︾ ᠶᠢ ᠨᠠᠩ ᠰᠠᠶᠢᠲᠤᠷ ᠣᠶᠢᠯᠠᠭᠠᠬᠤ ᠳᠤ ᠲᠥᠬᠦᠮ ᠪᠣᠯᠭᠠᠬᠤ ᠶᠢᠨ ᠲᠥᠯᠥᠭᠡ᠂ ᠡᠳᠦᠭᠡ ︽ᠠᠷᠭ᠎ᠠ︾ ᠶᠢᠨ ᠭᠤᠤᠯ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠠ᠃

ᠨᠢᠭᠡ᠂ ︽ᠠᠷᠭ᠎ᠠ︾ ᠶᠢᠨ ᠲᠣᠬᠢᠷᠠᠬᠤ ᠬᠡᠪᠴᠢᠶ᠎ᠡ

    ᠰᠤᠯᠠ ᠢᠳᠡᠭᠡᠨ ᠤ ᠳᠡᠯᠭᠡᠭᠦᠷ ᠳᠠᠩᠰᠠᠯᠠᠬᠤ ᠳᠦᠷᠢᠮ ᠢ ᠬᠡᠷᠡᠭᠵᠢᠭᠦᠯᠵᠦ᠂ ᠵᠥᠪᠬᠡᠨ ᠵᠥᠪᠬᠡᠨ‌ᠤᠷᠢᠳᠴᠢᠯᠠᠨ ᠪᠣᠭᠤᠳᠠᠯᠯᠠᠬᠤ ᠢᠳᠡᠭᠡᠨ ᠪᠣᠷᠣᠯᠠᠭᠤᠯᠬᠤ ᠰᠤᠯᠠ ᠢᠳᠡᠭᠡᠨ ᠤ ᠳᠡᠯᠭᠡᠭᠦᠷ ᠲᠤ ᠳᠠᠩᠰᠠᠯᠠᠨ ᠲᠡᠮᠳᠡᠭᠯᠡᠬᠦ ᠳᠦᠷᠢᠮ ᠢ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠤᠯᠠ ᠢᠳᠡᠭᠡᠨ ᠤ ᠳᠡᠯᠭᠡᠭᠦᠷ ᠤᠨ ᠳᠠᠩᠰᠠᠯᠠᠨ ᠬᠠᠮᠢᠶᠠᠷᠬᠤ ᠠᠵᠢᠯ ᠵᠢᠴᠢ ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠪᠣᠷᠣᠯᠠᠭᠤᠯᠬᠤ ᠰᠤᠯᠠ ᠢᠳᠡᠭᠡᠨ ᠤ ᠳᠡᠯᠭᠡᠭᠦᠷ ᠲᠤ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠠᠵᠢᠯ ᠳᠤ ᠲᠣᠰ ᠠᠷᠭ᠎ᠠ ᠲᠣᠬᠢᠷᠠᠨ᠎ᠠ᠃ ᠰᠤᠯᠠ ᠢᠳᠡᠭᠡᠨ ᠤ ᠳᠡᠯᠭᠡᠭᠦᠷ ᠭᠡᠳᠡᠭ ᠨᠢ ᠲᠣᠭᠲᠠᠮᠠᠯ ᠡᠵᠡᠩᠨᠡᠯᠲᠡ ᠶᠢᠨ ᠲᠠᠯᠠᠪᠤᠷ ᠲᠠᠢ᠂ ᠡᠵᠡᠩᠨᠡᠯᠲᠡ ᠶᠢᠨ ᠲᠠᠯᠠᠪᠠᠶ ᠨᠢ 50 ᠲᠡᠭᠰᠢ ᠳᠥᠷᠪᠡᠯᠵᠢᠨ ᠮᠧᠲᠷ ᠠᠴᠠ ᠳᠣᠷᠣᠭᠰᠢ ︵50 ᠲᠡᠭᠰᠢ ᠳᠥᠷᠪᠡᠯᠵᠢᠨ ᠮᠧᠲᠷ ᠶᠢ ᠪᠠᠭᠲᠠᠭᠠᠨ᠎ᠠ︶᠂ ᠠᠵᠢᠯᠯᠠᠵᠤ ᠪᠠᠶᠢᠭ᠎ᠠ ᠬᠥᠮᠦᠰ ᠨᠡᠯᠢᠶᠡᠳ ᠴᠥᠭᠡᠨ ᠪᠠᠶᠢᠵᠤ᠂ ᠤᠷᠢᠳᠴᠢᠯᠠᠨ ᠪᠣᠭᠤᠳᠠᠯᠯᠠᠭᠰᠠᠨ ᠢᠳᠡᠭᠡᠨ᠂ ᠰᠤᠯᠠ ᠢᠳᠡᠭᠡᠨ᠂  ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠪᠤᠶᠤ ᠲᠤᠬᠠᠢ ᠶᠢᠨ ᠭᠠᠵᠠᠷ ᠲᠤ ᠢᠳᠡᠭᠡᠨ ᠦᠢᠯᠡᠳᠴᠦ ᠪᠣᠷᠣᠯᠠᠭᠤᠯᠵᠤ ᠪᠠᠶᠢᠭ᠎ᠠ ᠡᠵᠡᠩᠨᠡᠭᠴᠢ ᠶᠢ ᠵᠢᠭᠠᠨ᠎ᠠ᠃

ᠬᠤᠶᠠᠷ᠂ ᠰᠤᠯᠠ ᠢᠳᠡᠭᠡᠨ ᠤ ᠳᠡᠯᠭᠡᠭᠦᠷ ᠤᠨ ᠲᠤᠬᠠᠶ ᠶᠢᠨ ᠲᠠᠯᠠᠪᠠᠶ ᠳᠤ ᠦᠢᠯᠡᠳᠦᠨ ᠪᠣᠷᠣᠯᠠᠭᠤᠯᠬᠤ ᠠᠷᠭ᠎ᠠ ᠮᠠᠶ᠋ᠢᠭ

    ᠰᠤᠯᠠ ᠢᠳᠡᠭᠡᠨ ᠤ ᠳᠡᠯᠭᠡᠭᠦᠷ ᠤᠨ ᠲᠤᠬᠠᠶ ᠶᠢᠨ ᠲᠠᠯᠠᠪᠠᠢ ᠳᠤ ᠦᠢᠯᠡᠳᠴᠦ ᠪᠣᠷᠣᠯᠠᠭᠤᠯᠬᠤ ᠭᠡᠳᠡᠭ ᠨᠢ ᠭᠡᠰᠬᠡᠬᠦ᠂ ᠳᠥᠭᠦᠮ ᠬᠠᠯᠠᠭᠠᠬᠤ᠂ ᠪᠦᠷᠢᠵᠦ ᠨᠠᠶᠢᠷᠠᠭᠤᠯᠬᠤ᠂ ᠨᠡᠶᠢᠯᠡᠭᠦᠯᠬᠦ᠂ ᠫᠢᠯᠠᠨ ᠳᠤ ᠭᠠᠷᠭᠠᠬᠤ᠂ ᠬᠡᠷᠴᠢᠵᠦ ᠤᠬᠢᠶᠠᠬᠤ ᠵᠡᠷᠭᠡ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠪᠠᠷ ᠨᠡᠯᠢᠶᠡᠳ ᠳᠣᠤᠷ᠎ᠠ ᠳᠥᠭᠦᠮ ᠦᠢᠯᠡᠳᠴᠦ ᠪᠣᠷᠣᠯᠠᠭᠤᠯᠬᠤ ᠦᠢᠯᠡ ᠠᠵᠢᠯᠯᠠᠭ᠎ᠠ ᠶᠢ ᠵᠢᠭᠠᠨ᠎ᠠ᠃

ᠭᠤᠷᠪᠠ᠂ ᠰᠤᠯᠠ ᠢᠳᠡᠭᠡᠨ ᠤ ᠳᠡᠯᠭᠡᠭᠦᠷ ᠤᠨ ᠳᠠᠩᠰᠠᠯᠠᠯ ᠤᠨ ᠭᠤᠶᠤᠴᠢᠯᠠᠯ ᠬᠢᠭᠡᠳ ᠬᠦᠯᠢᠶᠡᠨ ᠠᠪᠴᠤ ᠭᠦᠢᠴᠡᠳᠬᠡᠬᠦ ᠱᠠᠭᠠᠷᠳᠠᠯᠭ᠎ᠠ

    ᠰᠤᠯᠠ ᠢᠳᠡᠭᠡᠨ ᠤ ᠳᠡᠯᠭᠡᠭᠦᠷ ᠨᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠦᠨᠳᠦᠰᠦᠨ ᠨᠥᠬᠦᠴᠡᠯ ᠳᠤ ᠨᠡᠶᠢᠴᠡᠭᠰᠡᠨ ᠪᠠᠶᠢᠵᠤ᠂ ︽ᠡᠵᠡᠩᠨᠡᠯᠲᠡ ᠶᠢᠨ ᠦᠨᠡᠮᠯᠡᠯ︾ ᠢ ᠬᠠᠤᠯᠢ ᠶᠣᠰᠣᠭᠠᠷ ᠣᠯᠵᠤ᠂ ᠡᠵᠡᠩᠨᠡᠯᠲᠡ ᠶᠢᠨ ᠦᠨᠡᠮᠯᠡᠯ ᠳᠤ ᠲᠣᠳᠣᠷᠬᠠᠶᠢᠯᠠᠭᠰᠠᠨ ᠡᠵᠡᠩᠨᠡᠯᠲᠡ ᠶᠢᠨ ᠭᠤᠤᠯ ᠴᠣᠭᠴᠠ ᠪᠠᠷ ᠭᠤᠶᠤᠴᠢᠯᠠᠭᠴᠢ ᠪᠣᠯᠭᠠᠵᠤ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ ᠳᠠᠩᠰᠠᠯᠠᠭᠤᠯᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠳᠠᠩᠰᠠᠯᠠᠯ ᠤᠨ ᠦᠨᠡᠮᠯᠡᠯ︾ ᠢ ᠣᠯᠤᠭᠰᠠᠨ ᠤ ᠳᠠᠷᠠᠭ᠎ᠠ ᠰᠠᠶ᠋ᠢ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠡᠷᠬᠢᠯᠡᠵᠦ ᠪᠣᠯᠤᠨ᠎ᠠ᠃

ᠳᠥᠷᠪᠡ᠂ ᠰᠤᠯᠠ ᠢᠳᠡᠭᠡᠨ ᠤ ᠳᠡᠯᠭᠡᠭᠦᠷ ᠢ ᠳᠠᠩᠰᠠᠯᠠᠬᠤ ᠳᠤ ᠲᠤᠰᠢᠶᠠᠬᠤ ᠴᠢᠬᠤᠯᠠᠲᠠᠶ ᠮᠠᠲ᠋ᠧᠷᠢᠶᠠᠯ

    ᠰᠤᠯᠠ ᠢᠳᠡᠭᠡᠨ ᠤ ᠳᠡᠯᠭᠡᠭᠦᠷ ᠢ ᠳᠠᠩᠰᠠᠯᠠᠭᠤᠯᠬᠤ ᠪᠠᠷ ᠭᠤᠶᠤᠴᠢᠯᠠᠬᠤ ᠳᠤ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠣᠤᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠡᠶ᠄

    ︵ᠨᠢᠭᠡ︶ ᠰᠤᠯᠠ ᠢᠳᠡᠭᠡᠨ ᠤ ᠳᠡᠯᠭᠡᠭᠦᠷ ᠤᠨ ᠡᠵᠡᠩᠨᠡᠯᠲᠡ ᠶᠢᠨ ᠳᠠᠩᠰᠠᠯᠠᠯ ᠤᠨ ᠦᠨᠡᠮᠯᠡᠯ ᠭᠤᠶᠤᠴᠢᠯᠠᠬᠤ ᠬᠦᠰᠦᠨᠦᠭᠲᠦ

    ︵ᠬᠤᠶᠠᠷ︶ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ︵ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠵᠤ ᠳᠡᠶᠢᠯᠪᠡᠯ ᠬᠠᠭᠤᠯᠪᠤᠷᠢ ᠶᠢ ᠬᠠᠩᠭᠠᠬᠤ ᠴᠢᠬᠤᠯᠠ ᠦᠭᠡᠢ︶

    ︵ᠭᠤᠷᠪᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ︔

    ︵ᠲᠦᠷᠪᠡ︶ ᠢᠳᠡᠭᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ︔

    ︵ᠲᠠᠪᠤ︶ ᠢᠳᠡᠭᠡᠨ ᠤ ᠵᠦᠢᠯ ᠢ ᠪᠣᠷᠣᠯᠠᠭᠤᠯᠬᠤ ᠳᠤ ᠬᠡᠷᠡᠭᠯᠡᠬᠦ ᠭᠤᠣᠯ ᠪᠡᠯᠡᠳᠬᠡᠮᠵᠢ ᠲᠥᠬᠦᠭᠡᠷᠦᠮᠵᠢ ᠪᠣᠯᠤᠨ ᠡᠵᠡᠩᠨᠡᠯᠲᠡ ᠶᠢᠨ ᠲᠠᠯᠠᠪᠤᠷ ᠤᠨ ᠬᠠᠪᠲᠠᠭᠠᠢ ᠵᠢᠷᠤᠭ ᠃

ᠲᠠᠪᠤ᠂ ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠪᠣᠷᠣᠯᠠᠭᠤᠯᠬᠤ ᠰᠤᠯᠠ ᠢᠳᠡᠭᠡᠨ  ᠤ ᠳᠡᠯᠭᠡᠭᠦᠷ ᠤᠨ ᠳᠠᠩᠰᠠᠯᠠᠨ ᠲᠡᠮᠳᠡᠭᠯᠡᠬᠦ ᠱᠠᠭᠠᠷᠳᠠᠯᠭ᠎ᠠ

    ︵ᠨᠢᠭᠡ︶ ᠳᠠᠩᠰᠠᠨ ᠳᠤ ᠲᠡᠮᠳᠡᠭᠯᠡᠭᠦᠯᠦᠭᠴᠢ ᠨᠢ ᠡᠵᠡᠩᠨᠡᠯᠲᠡ ᠶᠢᠨ ᠦᠨᠡᠮᠯᠡᠯ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢᠨ ᠬᠢᠷᠢ ᠭᠡᠮ ᠢ ᠣᠯᠬᠤ ᠶᠢᠨ ᠬᠠᠮᠲᠤ ᠪᠣᠷᠣᠯᠠᠭᠤᠯᠤᠨ ᠬᠤᠳᠠᠯᠳᠤᠬᠤ ᠢᠳᠡᠭᠡᠨ ᠤ ᠲᠥᠷᠥᠯ ᠵᠦᠢᠯ᠂ ᠲᠤᠭ᠎ᠠ ᠬᠡᠮᠵᠢᠶ᠎ᠡ ᠯᠦᠭᠡ ᠲᠣᠬᠢᠷᠠᠯᠴᠠᠭᠰᠠᠨ ᠡᠵᠡᠩᠨᠡᠯᠲᠡ ᠶᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ᠃

    ︵ᠬᠤᠶᠠᠷ︶ ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠪᠣᠷᠣᠯᠠᠭᠤᠯᠬᠤ ᠰᠤᠯᠠ ᠢᠳᠡᠭᠡᠨ ᠤ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢ ᠥᠷᠨᠢᠭᠦᠯᠬᠦ ᠪᠠᠷ ᠪᠠᠶᠢᠭ᠎ᠠ ᠪᠣᠯ᠂ ᠡᠵᠡᠩᠨᠡᠯᠲᠡ ᠶᠢᠨ ᠭᠤᠤᠯ ᠴᠣᠭᠴᠠ ᠶᠢᠨ ᠳᠠᠩᠰᠠᠯᠠᠯ ᠢ ᠭᠦᠢᠴᠡᠳᠬᠡᠬᠦ ᠳᠤ ᠂ ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠪᠣᠷᠣᠯᠠᠭᠤᠯᠬᠤ ᠶᠢ ᠳᠠᠩᠰᠠᠯᠠᠨ ᠲᠡᠮᠳᠡᠭᠯᠡᠬᠦ ᠶᠢ ᠬᠠᠮᠲᠤ ᠭᠦᠢᠴᠡᠳᠬᠡᠵᠦ᠂ ︽ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠪᠣᠷᠣᠯᠠᠭᠤᠯᠬᠤ ᠶᠢ ᠳᠠᠩᠰᠠᠯᠠᠨ ᠲᠡᠮᠳᠡᠭᠯᠡᠬᠦ ᠭᠤᠶᠤᠴᠢᠯᠠᠯ ᠤᠨ ᠬᠦᠰᠦᠨᠦᠭᠲᠦ︾ ᠶᠢ ᠲᠤᠰᠢᠶᠠᠵᠤ ᠪᠣᠯᠤᠨ᠎ᠠ᠃ ᠮᠠᠲ᠋ᠧᠷᠢᠶᠠᠯ ᠨᠢ ᠪᠦᠷᠢᠨ ᠪᠠᠶᠢᠪᠠᠯ ᠳᠠᠩᠰᠠᠯᠠᠨ ᠲᠡᠮᠳᠡᠭᠯᠡᠬᠦ ᠳ᠋ᠤᠭᠠᠷ ᠣᠯᠣᠨ᠎ᠠ᠃ ᠳᠠᠩᠰᠠᠨ ᠳᠤ ᠲᠡᠮᠳᠡᠭᠯᠡᠭᠦᠯᠦᠭᠴᠢ ᠨᠢ ᠬᠠᠩᠭᠠᠭᠰᠠᠨ ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠶ᠃

    ︵ᠭᠤᠷᠪᠠ︶ ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ  ᠪᠣᠷᠣᠯᠠᠭᠤᠯᠬᠤ ᠰᠤᠯᠠ ᠢᠳᠡᠭᠡᠨ ᠤ ᠳᠡᠯᠭᠡᠭᠦᠷ ᠤᠨ ᠳᠠᠩᠰᠠᠯᠠᠨ ᠲᠡᠮᠳᠡᠭᠯᠡᠬᠦ ᠬᠤᠭᠤᠴᠠᠭ᠎ᠠ ᠨᠢ ᠡᠵᠡᠩᠨᠡᠯᠲᠡ ᠶᠢᠨ ᠦᠨᠡᠮᠯᠡᠯ ᠤᠨ ᠬᠤᠭᠤᠴᠠᠭ᠎ᠠ ᠯᠤᠭ᠎ᠠ ᠨᠢᠭᠡᠳᠦᠯᠲᠡᠶ ᠪᠠᠶᠢᠬᠤ ᠬᠡᠷᠡᠭᠲᠡᠢ᠃

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠳᠡᠯᠭᠡᠭᠦᠷᠴᠢᠨ ᠤ ᠳᠡᠩᠰᠡᠯᠡᠨ ᠲᠡᠮᠳᠡᠭᠯᠡᠵᠦ ᠬᠠᠮᠢᠶᠠᠷᠬᠤ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠵᠢᠵᠢᠭ ᠢᠳᠡᠭᠡᠨ ᠤᠮᠳᠠᠭᠠᠨ ᠤ ᠳᠡᠯᠭᠡᠭᠦᠷ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯᠳᠤᠭᠠᠨ ᠠᠴᠠ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠮᠠᠨ ᠤ ᠣᠷᠣᠨ ‍ᠤ‌ᠢᠳᠡᠭᠡᠨ ᠤ ᠳᠡᠯᠭᠡᠭᠦᠷᠴᠢᠨ ᠤ ᠳᠠᠩᠰᠠᠯᠠᠨ ᠬᠠᠮᠢᠶᠠᠷᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠳᠡᠯᠭᠡᠭᠦᠷᠴᠢᠨ ᠤ ᠳᠡᠩᠰᠡᠯᠡᠨ ᠲᠡᠮᠳᠡᠭᠯᠡᠵᠦ ᠬᠠᠮᠢᠶᠠᠷᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃  ︽ᠲᠦᠷᠢᠮ︾ ᠳᠤ ᠢᠳᠡᠭᠡᠨ ᠤ ᠳᠡᠯᠭᠡᠭᠦᠷᠴᠢᠨ ᠳᠤ ᠳᠡᠩᠰᠡᠯᠡᠨ ᠬᠠᠮᠢᠶᠠᠷᠬᠤ ᠶᠢ ᠬᠡᠷᠡᠭᠵᠢᠭᠦᠯᠵᠦ᠂ ᠬᠢᠨᠠᠨ ᠬᠠᠮᠢᠶᠠᠷᠬᠤ ᠠᠵᠢᠯᠲᠠᠨ᠂ ᠢᠳᠡᠭᠡᠨ ᠤ ᠳᠡᠯᠭᠡᠭᠦᠷᠴᠢᠨ ᠵᠢᠴᠢ ᠨᠡᠶᠢᠭᠡᠮ ᠨᠡᠶᠢᠲᠡ ᠶᠢᠨ ︽ᠠᠷᠭ᠎ᠠ︾ ᠶᠢ ᠨᠠᠩ ᠰᠠᠶᠢᠲᠤᠷ ᠣᠶᠢᠯᠠᠭᠠᠬᠤ ᠳᠤ ᠲᠥᠬᠦᠮ ᠪᠣᠯᠭᠠᠬᠤ ᠶᠢᠨ ᠲᠥᠯᠥᠭᠡ᠂ ᠡᠳᠦᠭᠡ ︽ᠠᠷᠭ᠎ᠠ︾ ᠶᠢᠨ ᠭᠤᠤᠯ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠠ᠃

ᠨᠢᠭᠡ᠂ ︽ᠠᠷᠭ᠎ᠠ︾ ᠶᠢᠨ ᠲᠣᠬᠢᠷᠠᠬᠤ ᠬᠡᠪᠴᠢᠶ᠎ᠡ

    ᠢᠳᠡᠭᠡᠨ ᠤ ᠳᠡᠯᠭᠡᠭᠦᠷᠴᠢᠨ ᠢ ᠳᠠᠩᠰᠠᠯᠠᠨ ᠲᠡᠮᠳᠡᠭᠯᠡᠬᠦ ᠳᠦᠷᠢᠮ ᠢ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠢᠳᠡᠭᠡᠨ ᠤ ᠳᠡᠯᠭᠡᠭᠦᠷᠴᠢᠨ ᠢ ᠳᠠᠩᠰᠠᠯᠠᠬᠤ ᠬᠠᠮᠢᠶᠠᠷᠤᠯᠲᠠ ᠶᠢᠨ ᠠᠵᠢᠯ ᠳᠤ ᠲᠤᠰ ᠠᠷᠭ᠎ᠠ ᠲᠣᠬᠢᠷᠠᠨ᠎ᠠ᠃ ᠢᠳᠡᠭᠡᠨ ᠤ ᠳᠡᠯᠭᠡᠭᠦᠷᠴᠢᠨ ᠭᠡᠳᠡᠭ ᠨᠢ ᠲᠣᠭᠲᠠᠮᠠᠯ ᠡᠵᠡᠩᠨᠡᠯᠲᠡ ᠶᠢᠨ ᠲᠠᠯᠠᠪᠤᠷ ᠦᠭᠡᠶ᠂ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠣᠷᠣᠨ ᠪᠦᠰᠡ᠂ ᠲᠣᠭᠲᠠᠭᠰᠠᠨ ᠴᠠᠭ ᠤᠨ ᠳᠣᠲᠣᠷ᠎ᠠ᠂ ᠤᠷᠢᠳᠴᠢᠯᠠᠨ ᠪᠣᠭᠤᠳᠠᠯᠯᠠᠭᠰᠠᠨ ᠢᠳᠡᠭᠡᠨ᠂ ᠰᠤᠯᠠ ᠢᠳᠡᠭᠡᠨ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠪᠤᠶᠤ  ᠲᠤᠬᠠᠶ ᠶᠢᠨ ᠲᠠᠯᠠᠪᠠᠢ ᠳᠤ ᠢᠳᠡᠭᠡᠨ ᠦᠢᠯᠡᠳᠴᠦ ᠪᠣᠷᠣᠯᠠᠭᠤᠯᠬᠤ ᠢᠳᠡᠭᠡᠨ ᠡᠵᠡᠩᠨᠡᠭᠴᠢ ᠶᠢ ᠵᠢᠭᠠᠨ᠎ᠠ᠃  

    ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠣᠷᠣᠨ ᠪᠦᠰᠡ᠂ ᠲᠣᠭᠲᠠᠭᠰᠠᠨ ᠴᠠᠭ ᠤᠨ ᠳᠣᠲᠣᠷ᠎ᠠ ᠳᠡᠯᠭᠡᠭᠡ ᠮᠠᠶᠢᠮᠠᠶ ᠶᠢᠨ ᠰᠠᠷᠠᠪᠴᠢ ᠪᠠᠶᠢᠭᠤᠯᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠣᠭᠤᠭᠠᠯᠠᠬᠤ ᠠᠷᠭ᠎ᠠ ᠮᠠᠶ᠋ᠢᠭ ᠢᠶᠠᠷ ᠰᠢᠭᠤᠳ ᠢᠳᠡᠬᠦ ᠢᠳᠡᠭᠡᠨ ᠤ ᠵᠦᠢᠯ ᠢ ᠲᠤᠬᠠᠶ ᠶᠢᠨ ᠭᠠᠵᠠᠷ ᠲᠤᠨᠢ ᠦᠢᠯᠡᠳᠴᠦ ᠪᠣᠷᠣᠯᠠᠭᠤᠯᠵᠤ᠂ ᠬᠤᠭᠤᠯᠠᠯᠠᠬᠤ ᠲᠠᠯᠠᠪᠤᠷ ᠬᠠᠩᠭᠠᠬᠤ ᠦᠭᠡᠢ ᠪᠤᠶᠤ ᠬᠤᠭᠤᠯᠠᠯᠠᠬᠤ ᠳᠥᠭᠦᠮᠬᠡᠨ ᠲᠠᠯᠠᠪᠤᠷ ᠬᠠᠩᠭᠠᠬᠤ ᠢᠳᠡᠭᠡᠨ ᠤ ᠡᠵᠡᠩᠨᠡᠭᠴᠢ ᠳᠤ᠂ ᠵᠢᠵᠢᠭ ᠢᠳᠡᠭᠡᠨ ᠤᠮᠳᠠᠭᠠᠨ ᠤ ᠬᠠᠮᠢᠶᠠᠷᠤᠯᠲᠠ ᠪᠠᠷ ᠯᠠᠪᠯᠠᠯᠲᠠ ᠪᠣᠯᠭᠠᠵᠤ᠂ ᠢᠳᠡᠭᠡᠨ ᠤ ᠳᠡᠯᠭᠡᠭᠦᠷᠴᠢᠨ ᠤ ᠳᠠᠩᠰᠠᠯᠠᠨ ᠲᠡᠮᠳᠡᠭᠯᠡᠭᠰᠡᠨ ᠺᠠᠷᠲ ᠲᠠᠷᠬᠠᠭᠠᠨ᠎ᠠ᠃

ᠬᠤᠶᠠᠷ᠂ ᠢᠳᠡᠭᠡᠨ ᠤ ᠳᠡᠯᠭᠡᠭᠦᠷᠴᠢᠨ ᠢ ᠳᠠᠩᠰᠠᠯᠠᠨ ᠲᠡᠮᠳᠡᠭᠯᠡᠬᠦ ᠦᠨᠳᠦᠰᠦᠨ ᠱᠠᠭᠠᠷᠳᠠᠯᠭ᠎ᠠ

    ︵ᠨᠢᠭᠡ︶ ᠢᠳᠡᠭᠡᠨ ᠤ ᠳᠡᠯᠭᠡᠭᠦᠷᠴᠢᠨ ᠳᠤ ︽ᠨᠢᠭᠡ ᠭᠠᠵᠠᠷ ᠲᠤ ᠨᠢᠭᠡ ᠳᠠᠩᠰᠠᠯᠠᠨ ᠲᠡᠮᠳᠡᠭᠯᠡᠬᠦ︾ ᠵᠠᠷᠴᠢᠮ ᠢ ᠬᠡᠷᠡᠭᠵᠢᠭᠦᠯᠦᠨ᠎ᠡ᠂ ᠳᠠᠷᠤᠶ ᠢᠳᠡᠭᠡᠨ ᠤ ᠳᠡᠯᠭᠡᠭᠦᠷᠴᠢᠨ ᠠᠳᠠᠯᠢ ᠨᠢᠭᠡᠨ ᠵᠢᠭᠠᠨ ᠲᠣᠭᠲᠠᠭᠠᠭᠰᠠᠨ ᠣᠷᠣᠨ ᠤ ᠳᠣᠲᠣᠷ᠎ᠠ ᠢᠳᠡᠭᠡᠨ ᠡᠵᠡᠩᠨᠡᠬᠦ ᠠᠵᠢᠯᠯᠠᠭ᠎ᠠ ᠡᠷᠬᠢᠯᠡᠪᠡᠯ᠂ ᠢᠳᠡᠭᠡᠨ ᠤ ᠳᠡᠯᠭᠡᠭᠦᠷᠴᠢᠨ ᠨᠢ ᠳᠠᠩᠰᠠᠯᠠᠨ ᠲᠡᠮᠳᠡᠭᠯᠡᠭᠰᠡᠨ ᠺᠠᠷᠲ ᠣᠯᠤᠭᠰᠠᠨ ᠪᠠᠶᠢᠬᠤ ᠬᠡᠷᠡᠭᠲᠡᠶ᠂ ᠪᠤᠰᠤᠳ ᠵᠢᠭᠠᠨ ᠲᠣᠭᠲᠠᠭᠠᠭᠰᠠᠨ ᠣᠷᠣᠨ ᠳᠤ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠪᠡᠯ᠂ ᠠᠰ ᠲᠤᠨᠢ ᠳᠠᠩᠰᠠᠯᠠᠨ ᠲᠡᠮᠳᠡᠭᠯᠡᠬᠦ ᠬᠡᠷᠡᠭᠲᠡᠶ᠃

    ︵ᠬᠤᠶᠠᠷ︶ ᠢᠳᠡᠭᠡᠨ ᠤ ᠳᠡᠯᠭᠡᠭᠦᠷᠴᠢᠨ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ ᠡᠵᠡᠩᠨᠡᠬᠦ ᠠᠵᠢᠯᠯᠠᠭ᠎ᠠ ᠬᠢᠵᠦ᠂ ᠢᠳᠡᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃

    ︵ᠭᠤᠷᠪᠠ︶ ᠢᠳᠡᠭᠡᠨ ᠤ ᠳᠡᠯᠭᠡᠭᠦᠷᠴᠢᠨ ᠬᠠᠤᠯᠢ ᠶᠣᠰᠣᠭᠠᠷ ᠣᠨᠴᠠᠭᠠᠢ ᠢᠳᠡᠭᠡᠨ ᠪᠣᠷᠣᠯᠠᠭᠤᠯᠵᠤ ᠪᠣᠯᠬᠤ ᠦᠭᠡᠶ᠃

ᠭᠤᠷᠪᠠ᠂ ᠢᠳᠡᠭᠡᠨ ᠤ ᠳᠡᠯᠭᠡᠭᠦᠷᠴᠢᠨ ᠢ ᠳᠠᠩᠰᠠᠯᠠᠨ ᠲᠡᠮᠳᠡᠭᠯᠡᠬᠦ ᠳᠡᠰ ᠳᠠᠷᠠᠭᠠᠯᠠᠯ

    ᠢᠳᠡᠭᠡᠨ ᠤ ᠳᠡᠯᠭᠡᠭᠦᠷᠴᠢᠨ ᠢ ᠳᠠᠩᠰᠠᠯᠠᠨ ᠲᠡᠮᠳᠡᠭᠯᠡᠬᠦ ᠳᠤ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠳ ᠢᠳᠡᠭᠡᠨ ᠤ ᠳᠡᠯᠭᠡᠭᠡ ᠮᠠᠶᠢᠮᠠᠢ ᠳᠤ ᠬᠦᠷᠴᠦ ᠢᠳᠡᠭᠡᠨ ᠤ ᠳᠡᠯᠭᠡᠭᠦᠷᠴᠢᠨ ᠤ ᠪᠡᠶ᠎ᠡ ᠶᠢᠨ ᠦᠨᠡᠮᠯᠡᠯ᠂ ᠡᠷᠡᠭᠦᠯ ᠮᠡᠨᠳᠦ ᠶᠢᠨ ᠦᠨᠡᠮᠯᠡᠯ᠂ ᠢᠳᠡᠭᠡᠨ ᠵᠢᠴᠢ ᠢᠳᠡᠭᠡᠨ ᠤ ᠲᠦᠭᠦᠬᠡᠶ ᠮᠠᠲ᠋ᠧᠷᠢᠶᠠᠯ ᠤᠨ ᠢᠷᠡᠯᠲᠡ ᠵᠡᠷᠭᠡ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠤᠭᠯᠠᠭᠤᠯᠵᠤ᠂ ︽ᠢᠳᠡᠭᠡᠨ ᠤ ᠳᠡᠯᠭᠡᠭᠦᠷᠴᠢᠨ ᠤ ᠨᠠᠷᠢᠨ ᠲᠣᠳᠣᠷᠬᠠᠶ ᠮᠡᠳᠡᠭᠡ ᠵᠠᠩᠭᠢ ᠶᠢᠨ ᠪᠠᠶᠢᠳᠠᠯ ᠤᠨ ᠬᠦᠰᠦᠨᠦᠭᠲᠦ︾ ᠶᠢ ᠴᠤᠭᠯᠠᠭᠤᠯᠬᠤ ᠶᠢᠨ ᠬᠠᠮᠲᠤ ᠴᠤᠭᠯᠠᠭᠤᠯᠬᠤ ᠨᠥᠬᠦᠴᠡᠯ ᠳᠤ ᠨᠡᠶᠢᠴᠡᠬᠦ ᠢᠳᠡᠭᠡᠨ ᠤ ᠳᠡᠯᠭᠡᠭᠦᠷᠴᠢᠨ ᠳᠤ ᠳᠠᠩᠰᠠᠯᠠᠨ ᠲᠡᠮᠳᠡᠭᠯᠡᠭᠰᠡᠨ ᠺᠠᠷᠲ ᠣᠯᠭᠤᠬᠤ ᠬᠡᠷᠡᠭᠲᠡᠶ᠃ ᠳᠠᠩᠰᠠᠯᠠᠭᠤᠯᠤᠭᠴᠢ ᠨᠢ ᠬᠠᠩᠭᠠᠭᠰᠠᠨ ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠶ᠃

ᠳᠥᠷᠪᠡ᠂ ᠢᠳᠡᠭᠡᠨ ᠤ ᠳᠡᠯᠭᠡᠭᠦᠷᠴᠢᠨ ᠤ ᠳᠠᠩᠰᠠᠯᠠᠨ ᠲᠡᠮᠳᠡᠭᠯᠡᠭᠰᠡᠨ ᠺᠠᠷᠲ ᠢ ᠦᠷᠭᠦᠯᠵᠢᠯᠡᠭᠦᠯᠬᠦ ᠪᠠ ᠨᠥᠬᠦᠬᠦ

    ︵ᠨᠢᠭᠡ︶ ᠢᠳᠡᠭᠡᠨ ᠤ ᠳᠡᠯᠭᠡᠭᠦᠷᠴᠢᠨ ᠦᠷᠭᠦᠯᠵᠢᠯᠡᠨ ᠳᠠᠩᠰᠠᠯᠠᠨ ᠲᠡᠮᠳᠡᠭᠯᠡᠭᠦᠯᠬᠦ ᠴᠢᠬᠤᠯᠠᠲᠠᠢ ᠲᠠᠢ ᠪᠣᠯ ᠳᠠᠩᠰᠠᠯᠠᠨ ᠲᠡᠮᠳᠡᠭᠯᠡᠭᠰᠡᠨ ᠺᠠᠷᠲ ᠤᠨ ᠬᠦᠴᠦᠨ ᠲᠠᠢ ᠬᠤᠭᠤᠴᠠᠭ᠎ᠠ ᠳᠠᠭᠤᠰᠬᠤ ᠠᠴᠠ ᠠᠷᠪᠠᠨ ᠠᠵᠢᠯᠯᠠᠬᠤ ᠡᠳᠦᠷ ᠤᠨ ᠡᠮᠦᠨ᠎ᠡ᠂ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ ᠲᠤᠬᠠᠶ ᠶᠢᠨ ᠲᠠᠯᠠᠪᠤᠷ ᠤᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠨᠤᠲᠠᠯᠠᠬᠤ ᠶᠢᠨ ᠬᠠᠮᠲᠤ ᠳᠠᠩᠰᠠᠯᠠᠭᠤᠯᠵᠤ᠂ ᠳᠠᠩᠰᠠᠯᠠᠨ ᠲᠡᠮᠳᠡᠭᠯᠡᠭᠰᠡᠨ ᠺᠠᠷᠲ ᠤᠨ ᠳ᠋ᠤᠭᠠᠷ ᠨᠢ ᠬᠤᠪᠢᠷᠠᠬᠤ ᠥᠬᠡᠶ᠃

    ︵ᠬᠤᠶᠠᠷ︶ ᠳᠠᠩᠰᠠᠯᠠᠨ ᠲᠡᠮᠳᠡᠭᠯᠡᠭᠰᠡᠨ ᠺᠠᠷᠲ  ᠨᠢ ᠭᠡᠭᠡᠭᠰᠡᠨ᠂ ᠡᠪᠳᠡᠷᠡᠭᠰᠡᠨ ᠪᠣᠯ ᠳᠠᠩᠰᠠᠯᠠᠭᠤᠯᠬᠤ ᠰᠠᠯᠠᠭ᠎ᠠ ᠮᠥᠴᠢᠷ ᠲᠤ ᠭᠤᠶᠤᠴᠢᠯᠠᠨ ᠨᠥᠬᠦᠨ ᠭᠦᠢᠴᠡᠳᠬᠡᠯᠭᠡᠵᠦ᠂ ︽ᠳᠠᠩᠰᠠᠯᠠᠨ ᠲᠡᠮᠳᠡᠭᠯᠡᠭᠰᠡᠨ ᠺᠠᠷᠲ ᠭᠤᠶᠤᠴᠢᠯᠠᠬᠤ ᠪᠢᠴᠢᠭ︾ ᠢ ᠲᠠᠭᠯᠠᠵᠤ᠂ ᠳᠠᠩᠰᠠᠯᠠᠭᠤᠯᠬᠤ ᠰᠠᠯᠠᠭ᠎ᠠ ᠮᠥᠴᠢᠷ ᠳᠠᠩᠰᠠᠯᠠᠨ ᠲᠡᠮᠳᠡᠭᠯᠡᠭᠰᠡᠨ ᠺᠠᠷᠲ ᠺᠠᠷᠲ ᠨᠥᠬᠦᠵᠦ ᠣᠯᠭᠤᠵᠤ᠂ ᠳᠠᠩᠰᠠᠯᠠᠨ ᠲᠡᠮᠳᠡᠭᠯᠡᠭᠰᠡᠨ ᠺᠠᠷᠲ ᠤᠨ ᠳ᠋ᠤᠭᠠᠷ ᠨᠢ ᠬᠤᠪᠢᠷᠠᠬᠤ ᠦᠭᠡᠶ᠂ ᠦᠨᠡᠮᠯᠡᠯ ᠣᠯᠭᠤᠬᠤ ᠡᠳᠦᠷ ᠬᠤᠭᠤᠴᠠᠭ᠎ᠠ ᠪᠣᠯᠤᠨ ᠬᠦᠴᠦᠨ ᠲᠠᠢ ᠬᠤᠭᠤᠴᠠᠭ᠎ᠠ ᠨᠢ ᠤᠤᠯ ᠤᠨ ᠦᠨᠡᠮᠯᠡᠯ ᠯᠦᠭᠡ ᠨᠢᠭᠡᠳᠦᠯᠲᠡᠶ ᠪᠠᠶᠢᠬᠤ ᠬᠡᠷᠡᠭᠲᠡᠶ᠃

 

ᠢᠷᠡᠯᠲᠡ᠄ ᠲᠣᠪᠴᠢᠶ᠎ᠠ ᠶᠢᠨ ᠢᠳᠡᠭᠡᠨ ᠤ ᠭᠦᠢᠯᠭᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ