ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠢᠳᠡᠭᠡᠨ ᠤ ᠭᠦᠢᠯᠭᠡᠭᠡᠨ ᠤ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/4/8

    2024 ᠣᠨ ᠳᠤ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠳᠥᠷᠪᠡᠨ ᠬᠠᠮᠤᠭ ᠤᠨ ᠴᠢᠩᠭ᠎ᠠ︾ ᠪᠠᠶᠢᠬᠤ ᠶᠢ ᠪᠠᠷᠢᠮᠲᠠᠯᠠᠨ᠂ ᠥᠷᠭᠡᠨ ᠣᠯᠠᠨ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠵᠤ᠂ ᠢᠳᠡᠭᠡᠨ ᠤ ᠭᠦᠢᠯᠭᠡᠭᠡᠨ ᠤ ᠬᠦᠷᠢᠶᠡᠨ ᠳᠠᠬᠢ ᠬᠢᠨᠠᠯᠲᠠ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠦᠨ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠡᠯ᠎ᠡ ᠲᠥᠷᠥᠯ ᠤᠨ ᠲᠤᠰᠬᠠᠶ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠢᠳᠡᠭᠡᠨ ᠤ ᠭᠦᠢᠯᠭᠡᠭᠡᠨ ᠤ ᠬᠦᠷᠢᠶᠡᠨ ᠳᠠᠬᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠪᠦᠲᠦᠮᠵᠢᠲᠡᠶ ᠵᠢᠷᠤᠮᠵᠢᠭᠤᠯᠤᠨ᠂ ᠠᠰᠠᠭᠤᠳᠠᠯ ᠤᠨ ᠳᠠᠯᠳᠠ ᠬᠡᠮ ᠢ ᠯᠠᠪᠳᠠᠭᠤᠨ ᠪᠠᠲᠤᠲᠠᠶ ᠠᠷᠢᠯᠭᠠᠵᠤ᠂ ᠢᠳᠡᠭᠡᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠤᠯᠠᠮ ᠨᠢᠭᠡ ᠠᠯᠬᠤᠮ ᠪᠠᠬᠢᠵᠢᠭᠦᠯᠪᠡ᠃

    ᠨᠢᠭᠡ ᠳᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠶᠢ ᠲᠣᠳᠣᠷᠬᠠᠶᠢᠯᠠᠵᠤ᠂ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠪᠡ᠃ ᠭᠤᠤᠯᠳᠠᠯᠭ᠎ᠠ ᠲᠠᠢ ᠴᠠᠭ ᠬᠤᠭᠤᠴᠠᠭᠠᠨ ᠤ ᠲᠤᠰᠬᠠᠶ ᠴᠡᠭᠴᠡᠯᠡᠨ ᠵᠠᠰᠠᠯᠲᠠ ᠪᠠᠷ ᠳᠠᠮᠵᠢᠭᠤᠯᠤᠨ᠂ ᠪᠣᠷᠴᠠ ᠵᠢᠴᠢ ᠪᠤᠰᠤᠳ ᠮᠢᠬᠠᠨ ᠢᠳᠡᠭᠡᠨ ᠤ ᠲᠤᠰᠬᠠᠶ ᠴᠡᠭᠴᠡᠯᠡᠨ ᠵᠠᠰᠠᠯᠲᠠ᠂ ᠰᠤᠯᠠ ᠬᠠᠷ᠎ᠠ ᠠᠷᠢᠬᠢ ᠶᠢᠨ ᠲᠤᠰᠬᠠᠶ ᠴᠡᠭᠴᠡᠯᠡᠨ ᠵᠠᠰᠠᠯᠲᠠ᠂ ᠮᠠᠯ ᠵᠢᠭᠦᠷᠲᠡᠨ ᠤ ᠮᠢᠬᠠᠨ ᠤ ᠢᠳᠡᠭᠡᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠢᠳᠡᠭᠡᠨ ᠤ ᠠᠮᠤᠷ ᠲᠦᠪᠰᠢᠨ᠂ ᠰᠤᠯᠠ ᠪᠣᠭᠤᠳᠠᠯᠯᠠᠭᠰᠠᠨ ᠢᠳᠡᠭᠡᠨ ᠤ ᠱᠣᠰᠢᠭ᠎ᠠ ︵ᠦᠨ᠎ᠡ︶ ᠵᠡᠷᠭᠡ ᠡᠯ᠎ᠡ ᠲᠥᠷᠥᠯ ᠤᠨ ᠲᠤᠰᠬᠠᠶ ᠴᠡᠭᠴᠡᠯᠡᠨ ᠵᠠᠰᠠᠯᠲᠠ᠂ ᠲᠣᠮᠣ ᠳᠤᠮᠳᠠ ᠬᠡᠯᠪᠡᠷᠢ ᠶᠢᠨ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠣᠷᠣᠨ ᠨᠤᠲᠤᠭ ᠤᠨ ᠤᠨᠴᠠᠯᠢᠭᠳᠤ ᠢᠳᠡᠭᠡᠨ ᠤ ᠳᠡᠯᠭᠡᠭᠦᠷ᠂ ᠰᠤᠷᠭᠠᠭᠤᠯᠢ ᠶᠢᠨ ᠡᠷᠭᠢᠨ ᠲᠣᠭᠤᠷᠢᠨ ᠵᠡᠷᠭᠡ ᠢᠳᠡᠭᠡᠨ ᠤ ᠬᠤᠳᠠᠯᠳᠤᠭᠠᠨ ᠤ ᠡᠷᠦᠬᠡ ᠵᠡᠷᠭᠡ ᠭᠤᠤᠯᠳᠠᠯᠭ᠎ᠠ ᠲᠠᠢ ᠲᠠᠯᠠᠪᠤᠷ ᠲᠤ᠂ ᠪᠠᠶᠠᠷ ᠤᠨ ᠡᠳᠦᠷ ᠤᠨ ᠪᠣᠷᠣᠯᠠᠭᠤᠯᠭ᠎ᠠ ᠰᠠᠶᠢᠲᠠᠶ ᠦᠢᠯᠡᠳᠬᠦᠨ᠂ ᠮᠢᠬ᠎ᠠ ᠵᠢᠴᠢ ᠮᠢᠬᠠᠨ ᠢᠳᠡᠭᠡᠨ᠂ ᠠᠮᠤ ᠲᠣᠰᠣ᠂ ᠵᠢᠮᠢᠰ ᠢᠳᠡᠰᠢᠨ ᠨᠣᠭᠤᠭ᠎ᠠ᠂ ᠳᠠᠯᠠᠢ ᠶᠢᠨ ᠢᠳᠡᠭᠡᠨ ᠵᠢᠴᠢ ᠲᠡᠭᠦᠨ ᠤ ᠪᠦᠲᠦᠭᠡᠭᠳᠡᠬᠦᠨ᠂ ᠠᠷᠢᠬᠢ ᠤᠰᠤ ᠵᠢᠴᠢ ᠤᠮᠳᠠᠭᠠᠨ᠂ ᠬᠠᠭᠤᠷᠠᠭᠰᠠᠨ ᠪᠠᠷᠠᠭ᠎ᠠ ᠵᠢᠴᠢ ᠬᠠᠲᠠᠭᠠᠮᠠᠯ ᠵᠢᠮᠢᠰ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠳᠠᠯᠳᠠ ᠭᠡᠮ ᠢ ᠠᠷᠢᠯᠭᠠᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠪᠠ᠃ ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 11774 ᠬᠥᠮᠥᠨ ᠤᠳᠠᠭ᠎ᠠ᠂ ᠢᠳᠡᠭᠡᠨ ᠤ ᠵᠦᠢᠯ ᠤᠨ ᠡᠵᠡᠩᠨᠡᠯᠲᠡ ᠶᠢᠨ ᠭᠤᠤᠯ ᠴᠣᠭᠴᠠ ᠶᠢ 5932 ᠡᠷᠦᠬᠡ ᠤᠳᠠᠭ᠎ᠠ ᠪᠠᠶᠢᠴᠠᠭᠠᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠳᠠᠯᠳᠠ ᠬᠡᠮ ᠢ 158 ᠢᠯᠡᠷᠡᠭᠦᠯᠵᠦ᠂ ᠨᠢᠭᠡᠨᠲᠡ 158 ᠶᠢ ᠨᠢ ᠴᠡᠭᠴᠡᠯᠡᠨ ᠰᠠᠶᠢᠵᠢᠷᠠᠭᠤᠯᠵᠤ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 115 ᠶᠢ ᠪᠠᠭᠤᠯᠭᠠᠵᠤ᠂ 67 ᠶᠢ ᠬᠡᠷᠡᠭ ᠪᠣᠯᠭᠠᠨ ᠳᠡᠩᠰᠡᠯᠡᠪᠡ᠃

    ᠬᠤᠶᠠᠷ ᠲᠤ ᠪᠣᠯᠪᠠᠰᠤᠷᠠᠯ ᠬᠥᠮᠦᠵᠢᠯ ᠢ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠪᠠ᠃ ᠡᠯ᠎ᠡ ᠬᠤᠰᠢᠭᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶ᠎ᠠ ᠣᠷᠣᠨ ᠤ ᠪᠠᠨ ᠢᠳᠡᠭᠡᠨ ᠤ ᠭᠦᠢᠯᠭᠡᠭᠡᠨ ᠤ ᠵᠠᠩᠭᠢᠯᠠᠭ᠎ᠠ ᠶᠢᠨ ᠢᠳᠡᠭᠡᠨ ᠡᠵᠡᠩᠨᠡᠬᠦ ᠨᠢᠭᠡᠴᠢ ᠳᠤ ᠢᠳᠡᠭᠡᠨ ᠤ ᠠᠶᠤᠯ ᠦᠭᠡᠶ ᠶᠢᠨ ᠪᠣᠯᠪᠠᠰᠤᠷᠠᠯ ᠬᠢᠵᠦ᠂ ᠢᠳᠡᠭᠡᠨ ᠡᠵᠡᠩᠨᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯᠲᠠᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠷᠠᠭᠤᠯᠬᠤ ᠶᠢ ᠱᠠᠭᠠᠷᠳᠠᠪᠠ᠃ 2024 ᠣᠨ ᠳᠤ ᠢᠳᠡᠭᠡᠨ ᠤ ᠠᠮᠤᠷ ᠲᠦᠪᠰᠢᠨ ᠤ ᠪᠣᠯᠪᠠᠰᠤᠷᠠᠯ ᠢ 26 ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠢ 3681 ᠳᠡᠪᠲᠡᠷ ᠲᠠᠷᠬᠠᠭᠠᠪᠠ᠃ ︽ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ︾᠂ ︽ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾᠂ ︽ᠢᠳᠡᠭᠡᠨ ᠤ ᠵᠦᠢᠯ ᠤᠨ ᠡᠵᠡᠩᠨᠡᠯᠲᠡ ᠶᠢᠨ ᠶᠠᠪᠤᠴᠠ ᠳᠠᠬᠢ ᠡᠷᠡᠭᠦᠯ ᠬᠠᠮᠠᠭᠠᠯᠠᠯ ᠤᠨ ᠵᠢᠷᠤᠮᠵᠢᠯ︾᠂ ︽ᠠᠵᠤ ᠠᠬᠤᠶᠢᠯᠠᠯ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠵᠡᠷᠭᠡ ᠳᠤ ᠭᠤᠤᠯᠳᠠᠯᠭ᠎ᠠ ᠲᠠᠢ ᠪᠣᠯᠪᠠᠰᠤᠷᠠᠭᠤᠯᠤᠨ ᠰᠤᠷᠤᠯᠴᠠᠬᠤ ᠶᠢᠨ ᠬᠠᠮᠲᠤ᠂ ᠰᠢᠯᠭᠠᠨ ᠬᠢᠨᠠᠵᠤ᠂ ᠢᠳᠡᠭᠡᠨ ᠪᠣᠷᠣᠯᠠᠭᠤᠯᠬᠤ ᠭᠤᠭᠴᠤᠭ᠎ᠠ ᠳᠠᠬᠢ ᠠᠵᠢᠯᠲᠠᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭᠠᠲᠠᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠪᠡ᠃

    ᠭᠤᠷᠪᠠ ᠳᠤ ︽ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠴᠡᠪᠡᠷᠰᠢᠭᠦᠯᠵᠦ ᠨᠢᠯᠬ᠎ᠠ ᠬᠡᠦᠬᠡᠳ ᠢ ᠬᠠᠮᠠᠭᠠᠯᠠᠬᠤ︾ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠪᠡ᠃ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶ᠎ᠡ ᠵᠢᠴᠢ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠤ ᠠᠶᠤᠯ ᠦᠭᠡᠶ ᠶᠢᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠰᠢᠭᠤᠨ ᠤ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠤ ᠡᠵᠡᠩᠨᠡᠭᠴᠢ ᠳᠤ ᠢᠳᠡᠭᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠵᠦ᠂ ᠬᠤᠳᠠᠯ ᠬᠠᠭᠤᠷᠮᠠᠭ ᠴᠢᠨᠠᠷ ᠮᠠᠭᠤ᠂ ᠬᠤᠭᠤᠴᠠᠭ᠎ᠠ ᠨᠢ ᠥᠩᠭᠡᠷᠡᠭᠡᠳ ᠴᠢᠨᠠᠷ ᠨᠢ ᠬᠤᠪᠢᠷᠬᠠᠰᠠᠨ᠂ ︽ᠭᠤᠷᠪᠠ ᠥᠬᠡᠶ︾ ᠢᠳᠡᠭᠡᠨ᠂ ︽ᠲᠠᠪᠢᠨ ᠮᠥᠩᠭᠦ︾ ᠶᠢᠨ ᠢᠳᠡᠭᠡᠨ ᠵᠡᠷᠭᠡ ᠵᠢᠵᠢᠭ ᠢᠳᠡᠭᠡᠨ ᠢᠶᠠᠷ ᠭᠤᠤᠯ ᠲᠥᠷᠥᠯ ᠵᠦᠢᠯ ᠪᠣᠯᠭᠠᠵᠤ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠠᠷᠢᠭᠤᠨ ᠴᠡᠪᠡᠷ ᠤᠨ ᠪᠠᠶᠢᠳᠠᠯ᠂ ᠡᠵᠡᠩᠨᠡᠭᠴᠢ ᠶᠢᠨ ᠭᠤᠤᠯ ᠴᠣᠭᠴᠠ ᠶᠢᠨ ᠬᠢᠷᠢ ᠬᠡᠮ᠂ ᠥᠯᠢᠭᠡᠷ ᠶᠠᠩᠵᠤ ᠦᠯᠡᠳᠡᠭᠡᠭᠰᠡᠨ ᠪᠠᠶᠢᠳᠠᠯ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠦᠨᠡᠮᠯᠡᠯ ᠪᠠ ᠪᠠᠷᠢᠮᠲᠠ ᠠᠪᠬᠤ ᠵᠡᠷᠭᠡ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠂ ᠰᠢᠭᠤᠳ ᠢᠳᠡᠬᠦ ᠢᠳᠡᠭᠡᠨ ᠳᠤ ᠣᠶᠢᠷᠠᠲᠤᠭᠰᠠᠨ ᠢᠳᠡᠭᠡᠨ ᠡᠵᠡᠩᠨᠡᠭᠴᠢ ᠨᠢ ᠬᠦᠴᠦᠨ ᠪᠥᠬᠦᠶ ᠡᠷᠡᠭᠦᠯ ᠮᠡᠨᠳᠦ ᠶᠢᠨ ᠭᠡᠷᠡᠴᠢ ᠲᠠᠢ ᠪᠠᠶᠢᠬᠤ ᠡᠰᠡᠬᠦ᠂ ᠰᠤᠯᠠ ᠪᠣᠭᠤᠳᠠᠯ ᠲᠠᠢ ᠢᠳᠡᠭᠡᠨ ᠤ ᠱᠣᠰᠢᠭ᠎ᠠ ᠲᠡᠮᠳᠡᠭ ᠨᠢ ᠵᠢᠷᠤᠮᠵᠢᠭᠰᠠᠨ ᠡᠰᠡᠬᠦ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠡ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠡᠵᠡᠩᠨᠡᠭᠴᠢ 443 ᠶᠢ ᠪᠠᠶᠢᠴᠠᠭᠠᠵᠤ᠂ ᠳᠠᠯᠳᠠ ᠬᠡᠮ ᠢ 5 ᠢᠯᠡᠷᠡᠭᠦᠯᠵᠦ᠂ ᠨᠢᠭᠡᠨᠲᠡ 5 ᠶᠢ ᠨᠢ ᠴᠡᠭᠴᠡᠯᠡᠨ ᠰᠠᠶᠢᠵᠢᠷᠠᠭᠤᠯᠵᠤ᠂ 1 ᠶᠢ ᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠪᠠᠷ ᠪᠣᠯᠪᠠ᠃

    ᠳᠥᠷᠪᠡ ᠳᠤ ︽ᠡᠳᠦᠷ ᠲᠤᠲᠤᠮ ᠤᠨ ᠢᠳᠡᠭᠡᠨ ᠤ ᠵᠦᠢᠯ ᠢ ᠡᠳᠦᠷ ᠪᠦᠷᠢ ᠪᠠᠶᠢᠴᠠᠭᠠᠬᠤ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ᠂ ᠲᠣᠮᠣ ᠳᠤᠮᠳᠠ ᠬᠡᠯᠪᠡᠷᠢ ᠶᠢᠨ ᠬᠡᠲᠦ ᠳᠡᠯᠭᠡᠭᠦᠷ ᠨᠢ ᠲᠦᠭᠰᠢᠭᠦᠷᠢ ᠶᠡᠬᠡᠲᠡᠶ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠳᠤ ᠴᠢᠭᠯᠡᠭᠦᠯᠦᠨ ᠲᠦᠷᠭᠡᠨ ᠪᠠᠶᠢᠴᠠᠭᠠᠨ ᠰᠢᠯᠭᠠᠬᠤ ᠡᠷᠴᠢᠮ᠂ ᠪᠠᠶᠢᠴᠠᠭᠠᠨ ᠰᠢᠯᠭᠠᠬᠤ ᠪᠦᠷᠬᠦᠴᠡ ᠶᠢᠨ ᠨᠣᠷᠮ᠎ᠠ ᠪᠠ ᠪᠦᠲᠦᠮᠵᠢᠲᠦ ᠴᠢᠨᠠᠷ ᠢ ᠴᠢᠩᠭᠠᠷᠠᠭᠤᠯᠵᠤ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ︽ᠲᠠ ᠬᠦᠷᠭᠡᠵᠦ ᠪᠠᠶᠢᠴᠠᠭᠠᠯᠭᠠᠬᠤ︾ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠪᠠᠶᠢᠴᠠᠭᠠᠯᠭᠠᠬᠤ ᠪᠠᠷ ᠬᠦᠷᠭᠡᠭᠰᠡᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠪᠠᠶᠢᠴᠠᠭᠠᠨ ᠰᠢᠯᠭᠠᠪᠠ᠃ ᠣᠳᠣᠬᠠᠨ ᠪᠣᠯᠲᠠᠯ᠎ᠠ᠂ ᠢᠳᠡᠭᠡᠨ ᠤ ᠲᠦᠷᠭᠡᠨ ᠪᠠᠶᠢᠴᠠᠭᠠᠯᠲᠠ ᠶᠢ ᠨᠡᠶᠢᠲᠡ 45000 ᠤᠳᠠᠭ᠎ᠠ ᠪᠡᠶᠡᠯᠡᠭᠦᠯᠵᠦ᠂ ᠰᠢᠯᠭᠠᠨ ᠪᠠᠶᠢᠴᠠᠭᠠᠯᠲᠠ ᠪᠠᠷ ᠳᠠᠮᠵᠢᠭᠠᠳ ᠴᠥᠮ ᠬᠢᠷᠢ ᠲᠡᠩᠴᠡᠪᠡ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ