ᠠᠯᠠᠱᠠ ᠠᠶᠢᠮᠠᠭ ᠪᠠᠷᠢᠮᠵᠢᠶᠠᠵᠢᠯ ᠤᠨ ᠦᠢᠯᠡᠳᠦᠯ ᠢ ᠬᠦᠢᠴᠡᠳ ᠪᠠᠳᠠᠷᠠᠭᠤᠯᠵᠤ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠣᠯᠭᠤᠪᠠ
ᠨᠡᠶᠢᠲᠡᠯᠡᠭᠰᠡᠨ ᠴᠠᠭ᠄
2024/4/8

    ᠠᠵᠤ ᠠᠬᠤᠶᠢᠯᠠᠯ ᠤᠨ ᠪᠠᠷᠢᠮᠵᠢᠶᠠᠵᠢᠯ ᠤᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠤᠬᠠᠮᠰᠠᠷ ᠢᠶᠠᠨ ᠴᠢᠩᠭᠠᠳᠬᠠᠵᠤ᠂ ᠪᠠᠷᠢᠮᠵᠢᠶᠠᠵᠢᠯ ᠤᠨ ᠠᠵᠢᠯ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ︽ᠭᠤᠷᠪᠠᠨ ᠨᠠᠩ ᠰᠢᠯᠢᠳᠡᠭ︾ ᠤᠨ ᠬᠠᠷᠠᠯᠲᠠ ᠶᠢ ᠲᠣᠭᠲᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠤᠷᠢᠳᠴᠢᠯᠠᠨ ᠦᠢᠯᠡᠴᠢᠯᠡᠵᠦ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ︽ᠴᠡᠭ ᠱᠤᠭᠤᠮ ᠪᠥᠬᠦ ᠲᠠᠯ᠎ᠠ︾ ᠲᠠᠢ ᠤᠶᠠᠯᠳᠤᠭᠤᠯᠤᠨ ᠠᠵᠤ ᠠᠬᠤᠶᠢᠯᠠᠯ ᠢ ᠬᠦᠴᠦᠷᠬᠡᠭᠵᠢᠭᠦᠯᠬᠦ ᠶᠢ ᠭᠦᠨᠵᠡᠭᠡᠶ ᠠᠬᠢᠭᠤᠯᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠪᠠᠷᠢᠮᠵᠢᠶᠠᠵᠢᠯ ᠤᠨ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠳᠤ ᠬᠦᠴᠦᠨ ᠣᠯᠭᠤᠪᠠ᠃

    ᠨᠢᠭᠡ ᠳᠤ ᠬᠢᠨᠠᠨ ᠬᠠᠮᠢᠶᠠᠷᠬᠤ ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠠᠷᠢᠮᠵᠢᠶᠠᠵᠢᠯ ᠤᠨ ᠶᠠᠰᠤ ᠴᠢᠨᠠᠷ ᠨᠡᠩ ᠰᠢᠯᠢᠳᠡᠭ ᠪᠣᠯᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠪᠠᠷ ᠬᠦᠴᠦᠯᠡᠬᠦ ᠴᠡᠭ ᠪᠣᠯᠭᠠᠵᠤ᠂ ᠥᠪᠡᠷ ᠢᠶᠠᠨ ᠢᠯᠡᠷᠬᠡᠶᠢᠯᠡᠵᠦ ᠢᠯᠡ ᠪᠣᠯᠭᠠᠬᠤ ᠲᠦᠷᠢᠮ ᠢ ᠭᠦᠨᠵᠡᠭᠡᠶ ᠠᠬᠢᠭᠤᠯᠵᠤ᠂ ᠠᠵᠤ ᠠᠬᠤᠶᠢᠯᠠᠯ ᠤᠨ ᠪᠠᠷᠢᠮᠵᠢᠶᠠᠵᠢᠯ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ ᠬᠢᠬᠦ᠂ ᠪᠣᠯᠪᠠᠰᠤᠷᠠᠯ ᠤᠬᠠᠭᠤᠯᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠪᠠᠷᠢᠮᠵᠢᠶ᠎ᠠ ᠶᠢᠨ ᠥᠪᠡᠰᠦᠪᠡᠨ ᠢᠯᠡᠷᠬᠡᠶᠢᠯᠡᠵᠦ ᠢᠯᠡ ᠪᠣᠯᠭᠠᠬᠤ ᠠᠵᠢᠯ ᠢ ᠰᠠᠶᠢᠲᠤᠷ ᠬᠢᠯᠭᠡᠪᠡ᠃ ᠣᠲᠣ ᠪᠣᠯᠲᠠᠯ᠎ᠠ᠂ ᠪᠥᠬᠦ ᠠᠶᠢᠮᠠᠭ ᠲᠤ ᠨᠡᠶᠢᠲᠡ 186 ᠠᠵᠤ ᠠᠬᠤᠶᠢᠯᠠᠯ ᠤᠨ ᠢᠯᠡ ᠪᠠᠷ ᠢᠯᠡᠷᠬᠡᠶᠢᠯᠡᠭᠰᠡᠨ ᠪᠠᠷᠢᠮᠵᠢᠶ᠎ᠠ 708 ᠵᠦᠢᠯ᠂ 23 ᠣᠨ ᠤ ᠪᠥᠬᠦ ᠣᠷᠣᠨ ᠤ ᠪᠠᠷᠢᠮᠵᠢᠶᠠᠵᠢᠯ ᠤᠨ ᠪᠠᠶᠢᠴᠠᠭᠠᠨ ᠦᠨᠡᠯᠡᠯᠲᠡ ᠳᠤᠮᠳᠠ᠂ ᠪᠥᠬᠦ ᠠᠶᠢᠮᠠᠭ ᠤᠨ ᠠᠵᠤ ᠠᠬᠤᠶᠢᠯᠠᠯ ᠤᠨ ᠪᠠᠷᠢᠮᠵᠢᠶ᠎ᠠ ᠨᠢ ᠴᠥᠮ ᠬᠠᠤᠯᠢ ᠠᠴᠠ ᠵᠥᠷᠢᠴᠡᠭᠰᠡᠨ ᠠᠰᠠᠭᠤᠳᠠᠯ ᠥᠬᠡᠶ᠂ ᠠᠵᠤ ᠠᠬᠤᠶᠢᠯᠠᠯ ᠤᠨ ᠪᠠᠷᠢᠮᠵᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠨᠢ ᠢᠯᠡᠳᠲᠡ ᠦᠷ᠎ᠡ ᠪᠦᠲᠦᠮᠵᠢ ᠤᠯᠪᠠ᠃

    ᠬᠤᠶᠠᠷ ᠲᠤ ᠪᠠᠷᠢᠮᠵᠢᠶ᠎ᠠ ᠲᠠᠢ ᠬᠠᠷᠭᠤᠭᠤᠯᠵᠤ ᠪᠠᠷᠢᠮᠵᠢᠶ᠎ᠠ ᠳᠤ ᠬᠦᠷᠦᠭᠦᠯᠬᠦ ᠶᠢ ᠭᠦᠨᠵᠡᠭᠡᠶᠢᠷᠡᠭᠦᠯᠵᠦ᠂ ᠦᠢᠯᠡᠳᠬᠦᠨ ᠤ ᠦᠢᠯᠡᠴᠢᠯᠡᠭᠡᠨ ᠤ ᠶᠠᠰᠤ ᠴᠢᠨᠠᠷ ᠨᠠᠩ ᠰᠢᠯᠢᠳᠡᠭ ᠪᠣᠯᠪᠠ᠃ ᠪᠠᠷᠢᠮᠵᠢᠶ᠎ᠠ ᠲᠠᠢ ᠬᠠᠷᠭᠤᠭᠤᠯᠵᠤ ᠪᠠᠷᠢᠮᠵᠢᠶ᠎ᠠ ᠳᠤ ᠬᠦᠷᠦᠭᠦᠯᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠪᠠᠷ ᠭᠤᠣᠯ ᠰᠢᠵᠢᠮ ᠪᠣᠯᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ᠂ ᠪᠦᠬᠦ ᠠᠶᠢᠮᠠᠭ ᠤᠨ 49 ᠠᠵᠤ ᠠᠬᠤᠶᠢᠯᠠᠯ᠂ 57 ᠵᠦᠢᠯ ᠤᠨ ᠦᠢᠯᠡᠳᠬᠦᠨ ᠤ ᠳᠡᠯᠡᠬᠡᠢ ᠶᠢᠨ ᠪᠠᠷᠢᠮᠵᠢᠶ᠎ᠠ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠪᠠᠷᠢᠮᠵᠢᠶ᠎ᠠ ᠲᠠᠢ ᠬᠠᠷᠭᠤᠭᠤᠯᠬᠤ ᠶᠢ ᠵᠢᠯᠣᠭᠤᠳᠪᠠ᠃ ᠠᠵᠦ ᠠᠬᠤᠶᠢᠯᠠᠯ ᠢ ᠬᠦᠳᠦᠯᠥᠨ ᠵᠢᠯᠥᠭᠤᠳᠴᠥ ᠪᠠᠶᠢᠭᠠᠳ ᠰᠢᠨ᠎ᠡ ᠶᠢ ᠡᠬᠦᠳᠬᠦ ᠮᠡᠷᠭᠡᠵᠢᠯ ᠤᠨ ᠦᠷ᠎ᠠ ᠪᠦᠳᠦᠭᠡᠯ ᠪᠠ ᠰᠠᠶᠢᠨ ᠃ ᠰᠠᠶᠢᠬᠠᠨ ᠦᠢᠯᠡᠳᠣᠯᠭᠡ ᠶᠢᠨ ᠲᠣᠷᠰᠢᠯᠭ᠎ᠠ ᠳᠤ ᠰᠠᠭᠤᠷᠢᠯᠡᠨ᠂ ᠳᠡᠨᠢᠯᠴᠠᠭᠤᠯᠭ᠎ᠠ ᠶᠢᠨ ᠴᠢᠨᠡᠷᠳᠡᠢ ᠪᠡᠷᠢᠮᠵᠢᠶ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠡᠯᠭ᠎ᠠ ᠠᠴᠠ ᠦᠨᠳᠣᠷ ᠠᠵᠦ ᠠᠬᠤᠶᠢᠯᠠᠯ ᠤᠨ ᠪᠡᠷᠢᠮᠵᠢᠶ᠎ᠠ ᠶᠢ ᠲᠣᠠᠠᠳᠠᠭᠠᠵᠦ᠂ ᠦᠢᠯᠡᠳᠬᠦᠨ ᠤ ᠶᠠᠰᠣ ᠴᠢᠨᠡᠷ ᠪᠠ ᠦᠢᠯᠡᠴᠢᠯᠡᠬᠡᠨ ᠤ ᠬᠢᠷᠢ ᠭᠡᠮᠵᠢᠶ᠎ᠠ ᠶᠢ ᠳᠡᠭᠡᠭᠰᠢᠯᠡᠬᠦᠯᠬᠦ ᠶᠢ ᠲᠤᠯᠭᠠᠭᠤᠷᠢᠯᠡᠨ᠂ ᠠᠵᠦ ᠠᠬᠤᠶᠢᠯᠠᠯ ᠤᠨ ᠶᠠᠰᠣ ᠴᠢᠨᠡᠷ ᠤᠨ ᠦᠷᠢᠰᠦᠯᠳᠦᠭᠡᠨ ᠤ ᠬᠢᠷᠢ ᠭᠡᠮᠵᠢᠶ᠎ᠠ ᠶᠢ ᠦᠨᠡᠨ ᠬᠦ ᠳᠡᠭᠡᠭᠰᠢᠯᠡᠭᠦᠯᠪᠡ᠃

    ᠭᠤᠷᠪᠠ ᠳᠤ ᠨᠡᠶᠢᠲᠡᠯᠢᠭ ᠵᠢᠱᠢᠶ᠎ᠡ ᠦᠵᠡᠭᠦᠯᠬᠦ ᠶᠢ ᠳᠣᠪᠤᠶᠢᠯᠭᠠᠵᠤ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠨᠠᠩ ᠰᠢᠯᠢᠳᠡᠭ ᠪᠣᠯᠪᠠ᠃ ᠬᠡᠪ ᠳᠠᠭᠤᠷᠢᠶᠠᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠪᠠᠷ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠡᠪ ᠳᠠᠭᠤᠷᠢᠶᠠᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠠᠮᠵᠢᠯᠲᠠ ᠲᠠᠢ ᠲᠤᠷᠰᠢᠯᠭ᠎ᠠ ᠬᠢᠳᠡᠯ ᠢ ᠪᠥᠬᠦ ᠲᠠᠯ᠎ᠠ ᠪᠠᠷ ᠳ᠋ᠦᠩᠨᠡᠨ ᠪᠣᠯᠪᠠᠰᠤᠷᠠᠭᠤᠯᠵᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠪᠥᠬᠦ ᠲᠠᠯ᠎ᠠ ᠶᠢᠨ᠂ ᠣᠯᠠᠨ ᠬᠡᠯᠪᠡᠷᠢ ᠶᠢᠨ ᠤᠬᠠᠭᠤᠯᠤᠨ ᠳᠡᠯᠭᠡᠷᠡᠭᠦᠯᠬᠦ ᠶᠢ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠨᠥᠯᠥᠭᠡᠯᠡᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠳᠣᠲᠣᠭᠠᠳᠤ ᠬᠥᠳᠡᠯᠭᠡᠬᠦ ᠬᠦᠴᠦᠨ ᠢ ᠳᠡᠭᠡᠭᠰᠢᠯᠡᠭᠦᠯᠵᠦ᠂ ᠪᠠᠷᠢᠮᠵᠢᠶᠠᠵᠢᠯ ᠤᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠣᠳᠣᠬᠠᠨ ᠳᠤ᠂ ᠳᠤᠮᠳᠠᠳᠤ ᠤᠯᠤᠰ ᠤᠨ ᠳᠠᠪᠤᠰᠤᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠲᠠᠶᠢᠰᠢ ᠶᠢᠨ ᠨᠡᠭᠦᠷᠡᠰᠦᠨ ᠤ ᠪᠦᠯᠦᠭᠯᠡᠯ ᠤᠨ ᠰᠢᠩ ᠲᠠᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ 2 ᠠᠵᠤ ᠠᠬᠤᠶᠢᠯᠠᠯ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠢᠮᠵᠢᠶ᠎ᠠ ᠳᠤ ᠬᠦᠷᠦᠭᠰᠡᠨ ᠬᠡᠪ ᠳᠠᠭᠤᠷᠢᠶᠠᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ︾ ᠢ ᠢᠷᠠᠭᠤ ᠠᠯᠳᠠᠷᠲᠠᠶ ᠪᠠᠷ ᠬᠦᠷᠲᠡᠪᠡ᠃

ᠲᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ ᠪᠠᠷᠢᠮᠵᠢᠶᠠᠯᠠᠯ ᠤᠨ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠪᠠᠷ ︽ᠠᠵᠤ ᠠᠬᠤᠶᠢᠯᠠᠯ ᠤᠨ ᠪᠠᠷᠢᠮᠵᠢᠶᠠᠵᠢᠯ ᠢ ᠠᠬᠢᠭᠤᠯᠬᠤ ᠠᠷᠭ᠎ᠠ︾ ᠶᠢᠨ ᠡᠯ᠎ᠡ ᠵᠦᠢᠯ ᠤᠨ ᠲᠣᠭᠲᠠᠭᠠᠯ ᠤᠨ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠪᠠᠷᠢᠮᠵᠢᠶᠠᠵᠢᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠵᠤ ᠠᠬᠤᠶᠢᠯᠠᠯ ᠤᠨ ᠪᠠᠷᠢᠮᠵᠢᠶᠠᠵᠢᠯ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠠᠷᠢᠮᠵᠢᠶᠠᠵᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃

 

ᠢᠷᠡᠯᠲᠡ᠄ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ